ᠰᠤᠷᠪᠤᠯᠵᠢᠯᠠᠭ᠍ᠴᠢ ᠤᠯᠠᠭᠠᠨᠴᠠᠪ ᠬᠤᠲᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ ᠠᠷᠠᠳ ᠤᠨ ᠵᠠᠰᠠᠭ ᠤᠨ ᠣᠷᠳᠣᠨ᠎ᠠᠴᠠ ᠣᠢᠯᠠᠭᠠᠭ᠍ᠰᠠᠨ᠎ᠢᠶᠠᠷ᠂ ᠪᠥᠬᠥ᠌ ᠬᠣᠱᠢᠭᠤᠨ ᠤ ᠰᠠᠭᠤᠭᠠᠯᠢ ᠠᠷᠠᠳ᠎ᠤᠨ ᠲᠤᠯᠠᠭᠠᠨ ᠡᠪᠤᠯᠵᠢᠬᠦ ᠵᠢ ᠪᠠᠲᠤᠯᠠᠬᠤ᠎ᠶ᠋ᠢᠨ ᠲᠥᠯᠥᠭᠡ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠢᠯᠴᠢ ᠬᠠᠩᠭᠠᠬᠤ ᠢᠨᠵᠧᠨᠧᠷᠢᠩ ᠤ᠋ᠨ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ ᠠᠬᠢᠭᠤᠯᠵᠤ ᠪᠤᠢ᠃
ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠣᠲᠠ ᠪᠠᠯᠭᠠᠰᠤᠨ᠎ᠤ ᠢᠯᠴᠢ ᠬᠠᠡᠭᠭᠠᠬᠤ ᠬᠣᠭᠣᠯᠠᠶ᠎ᠶ᠋ᠢᠨ ᠲᠤᠤᠷ᠎ᠢ ᠵᠠᠰᠠᠨ ᠰᠢᠨᠡᠳᠭᠡᠬᠦ ᠵᠢᠴᠢ ᠢᠯᠴᠢ ᠰᠣᠯᠢᠬᠤ ᠥᠷᠲᠡᠭᠡ᠎ᠶ᠋ᠢ ᠰᠠᠢᠵᠢᠷᠠᠭᠤᠯᠬᠤ ᠲᠥᠷᠥᠯ ᠵᠦᠶ᠋ᠯ ᠤᠨ ᠲᠦᠷᠦᠬᠦᠦ ᠬᠤᠭᠤᠴᠠᠭᠠᠨ ᠤ᠋ ᠢᠨᠵᠧᠨᠧᠷᠢᠩ ᠣᠢᠷ᠎ᠠ᠎ᠳᠤ ᠠᠵᠢᠯ ᠵᠢᠡᠨ ᠡᠬᠢᠯᠡᠭᠦᠯᠪᠡ᠂ ᠲᠤᠰ ᠢᠨᠵᠧᠨᠧᠷᠢᠩ ᠵᠢᠱ᠌ᠢᠯᠲᠡ᠎ᠪᠡᠷ 9 ᠰᠠᠷ᠎ᠠ᠎ᠶ᠋ᠢᠨ ᠰᠡᠭᠦᠯᠴᠢ᠎ᠪᠡᠷ ᠪᠠᠷᠢᠯᠭ᠎ᠠ ᠳᠠᠭᠤᠰᠴᠤ᠌᠂ ᠲᠤᠭ ᠤ᠋ᠨ ᠠᠭᠤᠯᠠ ᠪᠠᠯᠭᠠᠰᠤ᠂ ᠬᠢᠬᠢᠷᠢ ᠵᠢᠨ ᠨᠠᠭᠤᠷ ᠪᠠᠯᠭᠠᠰᠤ᠂ ᠫᠢᠩ ᠳ᠋ᠢ ᠴᠢᠤᠸᠠᠨ ᠪᠠᠯᠭᠠᠰᠤ ᠵᠡᠷᠭᠡ ᠭᠤᠷᠪᠠᠨ ᠭᠠᠵᠠᠷ᠎ᠤᠨ ᠰᠠᠭᠤᠭᠠᠯᠢ ᠠᠷᠠᠳ᠎ᠲᠤ ᠠᠱᠢᠭ ᠬᠦᠷᠲᠡᠭᠡᠬᠦ᠌ ᠪᠤᠯᠤᠨ᠎ᠠ᠃
ᠣᠢᠯᠠᠭᠠᠭ᠍ᠰᠠᠨ᠎ᠢᠶᠠᠷ᠂ ᠲᠣᠰ ᠲᠥᠷᠥᠯ ᠵᠦᠶ᠋ᠯ᠎ᠢ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠲᠦᠷᠦᠭᠦᠯᠡᠨ ᠬᠡᠷᠡᠭ᠌ᠵᠢᠭᠦᠯᠵᠦ᠍᠂ ᠶᠡᠷᠦᠩᠬᠡᠶ ᠪᠠᠷᠢᠯᠭ᠎ᠠ᠎ᠶ᠋ᠢᠨ ᠬᠤᠭᠤᠴᠠᠭ᠎ᠠ᠎ᠨᠢ 2025 ᠣᠨ᠎ᠤ 7 ᠰᠠᠷ᠎ᠠ᠎ᠠᠴᠠ 2026 ᠣᠨ᠎ᠤ 9 ᠰᠠᠷ᠎ᠠ ᠪᠣᠯᠲᠠᠯ᠎ᠠ ᠦᠷᠭᠦᠯᠵᠢᠯᠠᠵᠤ᠂ ᠬᠣᠶᠠᠷ ᠬᠤᠭᠤᠴᠠᠭ᠎ᠠ ᠬᠤᠪᠢᠶᠠᠨ ᠶᠠᠪᠤᠭᠳᠠᠵᠦ᠂ 3830 ᠲᠦᠮᠡᠨ ᠲᠥᠭᠥᠷᠢᠭ᠎ᠤᠨ ᠪᠡᠯᠡ ᠤᠷᠤᠭᠤᠯᠬᠤ ᠪᠣᠯᠤᠨ᠎ᠠ᠃ ᠡᠭᠦᠨ᠎ᠳᠦ 5 ᠢᠯᠴᠢ ᠰᠣᠯᠢᠬᠤ ᠥᠷᠲᠡᠭᠡ᠂ 23.21 ᠺᠢᠯᠣᠮᠧᠲ᠋ᠷ᠎ᠤᠨ ᠢᠯᠴᠢ ᠬᠠᠩᠭᠠᠬᠤ ᠬᠣᠭᠣᠯᠠᠶ᠎ᠶ᠋ᠢᠨ ᠲᠤᠤᠷ ᠢ᠋ ᠵᠠᠰᠠᠨ ᠰᠢᠨᠡᠳᠭᠡᠬᠦ ᠵᠢ ᠪᠠᠭᠳᠠᠭᠠᠨ᠎ᠠ᠃
ᠣᠳᠣᠬᠠᠨ᠎ᠳᠤ᠂ ᠲᠥᠷᠥᠯ ᠵᠦᠶ᠋ᠯ ᠦᠨ ᠡᠮᠦᠨᠡᠬᠢ ᠬᠤᠭᠤᠴᠠᠭᠠᠨ᠎ᠤ ᠪᠠᠢᠳᠠᠯ ᠢ ᠣᠢᠯᠠᠭᠠᠬᠤ᠂ ᠪᠣᠯᠤᠮᠵᠢ ᠵᠢᠨ ᠰᠤᠳᠤᠯᠭᠠᠨ ᠤ ᠮᠡᠳᠡᠭᠦᠯᠦᠯᠲᠡ ᠵᠢ ᠨᠠᠢᠷᠠᠭᠤᠯᠤᠨ ᠵᠤᠬᠢᠶᠠᠬᠤ ᠵᠡᠷᠭᠡ ᠠᠵᠢᠯ᠎ᠢ ᠨᠢᠭᠡᠨᠲᠡ ᠪᠡᠶᠡᠯᠡᠭᠦᠯᠵᠦ᠍᠂ ᠲᠦᠷᠦᠬᠦᠦ ᠬᠤᠭᠤᠴᠠᠭᠠᠨ᠎ᠳᠤ 8.18 ᠺᠢᠯᠣᠮᠧᠲ᠋ᠷ᠎ᠤᠨ ᠬᠣᠭᠣᠯᠠᠶ᠎ᠶ᠋ᠢᠨ ᠲᠤᠤᠷ᠎ᠢ ᠵᠠᠰᠠᠨ ᠰᠢᠨᠡᠳᠭᠡᠬᠦ᠂ 5 ᠢᠯᠴᠢ ᠰᠣᠯᠢᠬᠤ ᠥᠷᠲᠡᠭᠡ᠎ᠶ᠋ᠢ ᠰᠠᠢᠵᠢᠷᠠᠭᠤᠯᠬᠤ ᠵᠢᠴᠢ 500 ᠡᠷᠦᠬᠡ ᠶ᠋ᠢᠨ ᠬᠡᠷ ᠦᠨ ᠳᠤᠯᠠᠭᠠᠨ ᠬᠤᠷᠠᠮᠳᠤᠭᠤᠯᠬᠤ ᠲᠥᠬᠥᠭᠡᠷᠦᠮᠵᠢ᠎ᠶ᠋ᠢ ᠤᠭ᠍ᠰᠠᠷᠠᠬᠤ ᠠᠵᠢᠯ ᠢ᠋ ᠠᠬᠢᠭᠤᠯᠵᠤ ᠪᠠᠢᠨ᠎ᠠ᠃ ᠬᠣᠶᠠᠳᠤᠭᠠᠷ ᠬᠤᠭᠤᠴᠠᠭᠠᠨ ᠳ᠋ᠤ ᠢᠯᠴᠢ ᠬᠠᠩᠭᠠᠬᠤ ᠬᠣᠭᠣᠯᠠᠶ᠎ᠶ᠋ᠢᠨ ᠲᠤᠤᠷ ᠢ᠋ 15.03 ᠺᠢᠯᠣᠮᠧᠲ᠋ᠷ ᠵᠠᠰᠠᠨ ᠰᠢᠨᠡᠳᠭᠡᠬᠦ ᠪᠡᠷ ᠲᠥᠯᠥᠪᠯᠡᠵᠦ᠍ ᠪᠠᠢᠨ᠎ᠠ᠃