ᠬᠠᠤᠯᠢ ᠴᠠᠭᠠᠵᠠ ᠵᠢᠨ ᠬᠤᠷᠢᠭ᠎ᠠ ᠱᠤᠭᠤᠮ ᠵᠢᠡᠷ ᠦᠢᠯᠡ ᠠᠵᠢᠯᠯᠠᠭ᠎ᠠ ᠪᠠᠨ ᠵᠢᠯᠤᠭᠤᠳᠤᠭᠤᠯᠬᠤ ᠭᠡᠷᠡᠭᠳᠡᠢ
《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠵᠢ ᠠᠷᠪᠢᠯᠠᠨ ᠬᠡᠷᠡᠭᠯᠡᠬᠦ ᠳᠦᠷᠢᠮ》 (《ᠲᠦᠷᠢᠮ》 ᠭᠡᠵᠤ ᠲᠦᠬᠦᠮᠴᠢᠯᠡᠨ᠎ᠠ) ᠢ᠋ ᠰᠢᠨ᠎ᠡ ᠪᠡᠷ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠶᠠᠪᠤᠳᠠᠯ ᠪᠣᠯ ᠤᠰᠤᠨ ᠤ᠋ ᠡᠬᠢ ᠪᠠᠶᠠᠯᠢᠭ ᠬᠣᠪᠣᠷ ᠴᠤᠬᠠᠭ ᠪᠠᠢᠭ᠎ᠠ ᠭᠠᠵᠠᠷ ᠣᠷᠣᠨ ᠤ᠋ ᠠᠮᠢ ᠠᠬᠤᠢ ᠵᠢᠨ ᠥᠷᠢᠰᠦᠯᠳᠦᠭᠡᠨ ᠢ᠋ ᠠᠷᠭᠠᠴᠠᠭᠠᠬᠤ ᠬᠠᠤᠯᠢᠵᠢᠯ ᠤ᠋ᠨ ᠰᠦᠪᠡᠭᠴᠢᠯᠡᠯᠲᠡ᠂ ᠰᠢᠨ᠎ᠡ ᠴᠠᠭ ᠦᠶ᠎ᠡ ᠵᠢᠨ ᠬᠦᠭᠵᠢᠯᠳᠡ ᠵᠢᠨ ᠱᠠᠭᠠᠷᠳᠠᠯᠭ᠎ᠠ ᠪᠤᠯᠬᠤ ᠶᠤᠮ᠃
ᠬᠠᠤᠯᠢ ᠵᠢ ᠴᠡᠭᠡᠵᠢᠨ ᠳ᠋ᠡᠭᠡᠨ᠂ ᠭᠠᠤᠯᠢ ᠵᠢ ᠴᠡᠭᠡᠷ ᠳᠡᠭᠡᠨ ᠭᠡᠳᠡᠭ᠃ 《ᠳᠦᠷᠢᠮ》 ᠳ᠋ᠤ 《ᠤᠰᠤᠨ ᠤ᠋ ᠬᠡᠮᠵᠢᠶ᠎ᠡ ᠪᠠᠷ ᠦᠢᠯᠡᠳᠪᠦᠷᠢᠯᠡᠯ ᠢ᠋ ᠲᠣᠭᠲᠠᠭᠠᠬᠤ》 ᠪᠠᠷ ᠭᠣᠣᠯ ᠪᠣᠯᠭᠠᠵᠤ᠂ ᠤᠰᠤᠨ ᠤ᠋ ᠡᠬᠢ ᠪᠠᠶᠠᠯᠢᠭ ᠤ᠋ᠨ ᠳᠠᠭᠠᠭᠠᠬᠤ ᠴᠢᠳᠠᠪᠤᠷᠢ ᠵᠢ ᠬᠥᠭᠵᠢᠯᠲᠡ ᠵᠢᠨ ᠤᠯᠠᠭᠠᠨ ᠱᠤᠭᠤᠮ ᠪᠣᠯᠭᠠᠨ᠂ ᠪᠦᠳᠦᠭᠦᠯᠢᠭ ᠵᠢᠡᠷ ᠤᠰᠤ ᠬᠡᠷᠡᠭᠯᠡᠬᠦ ᠵᠢ ᠨᠠᠷᠢᠯᠢᠭ ᠣᠨᠣᠴᠠᠲᠠᠢ ᠳᠠᠢᠰᠢ ᠬᠤᠪᠢᠷᠠᠭᠤᠯᠬᠤ ᠳᠤᠬᠠᠢ ᠴᠢᠩᠭ᠎ᠠ ᠬᠦᠯᠢᠶᠡᠰᠦᠯᠡᠯ ᠨᠠᠷᠢᠯᠢᠭ ᠬᠠᠮᠢᠶᠠᠷᠤᠯᠳᠠ ᠲᠤᠭᠳᠠᠭᠠᠪᠠ᠃ ᠡᠬᠦᠨᠵᠢᠡᠷ ᠪᠠᠷᠠᠬᠤ ᠦᠭᠡᠢ ᠮᠠᠨᠤ ᠤᠷᠤᠨ ᠪᠦᠬᠦ ᠠᠵᠤ ᠦᠢᠯᠡᠰ ᠤ᠋ᠨ ᠬᠡᠯᠬᠢᠶ᠎ᠡ ᠵᠢᠨ ᠤᠰᠤ ᠠᠷᠪᠢᠯᠠᠬᠤ ᠲᠠᠯ᠎ᠠ ᠪᠠᠷ ᠰᠢᠨ᠎ᠡ ᠵᠢ ᠡᠭᠦᠳᠴᠦ᠂ ᠵᠦᠷᠢᠶᠡᠴᠢᠯᠡᠭᠰᠡᠨ ᠤᠰᠤ ᠠᠷᠪᠢᠯᠠᠬᠤ ᠰᠢᠰᠲ᠋ᠧᠮ ᠢ᠋ ᠪᠠᠢᠭᠤᠯᠵᠤ᠂ ᠤᠰᠤ ᠠᠷᠪᠢᠯᠠᠬᠤ ᠦᠨᠡᠨᠴᠢ ᠢᠳᠡᠭᠡᠮᠵᠢ ᠠᠯᠳᠠᠭᠰᠠᠨ ᠠᠵᠢᠯᠯᠠᠭ᠎ᠠ ᠵᠢ ᠠᠩᠬ᠎ᠠ ᠤᠳᠠᠭ᠎ᠠ ᠦᠨᠡᠨᠴᠢ ᠢᠲᠡᠭᠡᠮᠵᠢ ᠵᠢᠨ ᠦᠨᠡᠯᠡᠯᠲᠡ ᠵᠢᠨ ᠰᠢᠰᠲᠧᠮ ᠳ᠋ᠤ ᠣᠷᠣᠭᠤᠯᠵᠤ᠂ ᠳᠦᠷᠢᠮ ᠲᠣᠭᠲᠠᠭᠠᠯ ᠵᠢᠠᠷ ᠤᠰᠤ ᠠᠷᠪᠢᠯᠠᠬᠤ ᠬᠠᠷᠢᠭᠤᠴᠠᠯᠭ᠎ᠠ ᠵᠢ ᠨᠠᠢᠳᠠᠪᠤᠷᠢᠵᠢᠭᠤᠯᠵᠠᠢ ᠃
《ᠳᠦᠷᠢᠮ》 ᠳ᠋ᠤ ᠲᠣᠭᠲᠠᠭᠠᠭᠰᠠᠨ ᠵᠤᠷᠰᠢᠯᠳᠤ ᠪᠤᠰᠤ ᠤᠰᠤᠨ ᠤ᠋ ᠡᠬᠢ ᠪᠠᠶᠠᠯᠢᠭᠤᠨ ᠠᠰᠢᠭᠯᠠᠯᠲᠠ ᠨᠢ ᠢᠷᠡᠭᠡᠳᠦᠢᠴᠢ ᠴᠢᠨᠠᠷ ᠲᠠᠢ ᠶᠤᠮ᠂ ᠲᠠᠬᠢᠯᠲᠠ ᠤᠰᠤ᠂ ᠠᠭᠤᠷᠬᠠᠢ ᠵᠢᠨ ᠬᠤᠳᠳᠤᠭ ᠲᠦ᠍ ᠬᠤᠷᠠᠭᠰᠠᠨ ᠤᠰᠤ ᠵᠢ ᠨᠢᠭᠡᠳᠦᠯᠲᠡᠢ ᠪᠠᠢᠷᠢᠯᠠᠭᠤᠯᠬᠤ ᠵᠢᠨ ᠬᠠᠮᠲᠤ 《ᠬᠤᠷ᠎ᠠ ᠳᠤᠨᠳᠠᠰᠤ (ᠴᠠᠰᠤ ᠬᠤᠷᠠᠬᠤ) ᠵᠢ ᠴᠤᠭᠯᠠᠭᠤᠯᠬᠤ ᠲᠥᠬᠥᠭᠡᠷᠦᠮᠵᠢ ᠵᠢᠨ ᠪᠦᠲᠦᠭᠡᠨ ᠪᠠᠢᠭᠤᠯᠤᠯᠲᠠ》 ᠵᠢ ᠰᠢᠨ᠎ᠡ ᠡᠭᠦᠳᠦᠯᠳᠡ ᠵᠢᠨ ᠴᠢᠨᠠᠷᠲᠠᠢ ᠳᠤᠷᠠᠳᠤᠨ ᠭᠠᠷᠭᠠᠪᠠ᠃ ᠡᠢᠮᠦᠷᠬᠦᠦ ᠡᠬᠢ ᠪᠠᠶᠠᠯᠢᠭ ᠢ᠋ ᠲᠣᠬᠢᠷᠠᠭᠤᠯᠬᠤ ᠠᠷᠭ᠎ᠠ ᠪᠣᠳᠣᠯᠭ᠎ᠠ ᠨᠢ ᠭᠠᠩ ᠬᠠᠭᠤᠷᠠᠢ ᠭᠠᠵᠠᠷ ᠣᠷᠣᠨ ᠤ᠋ ᠤᠰᠤ ᠪᠠ ᠠᠵᠤ ᠠᠬᠤᠢ ᠶ᠋ᠢᠨ ᠵᠥᠷᠢᠴᠡᠯ ᠢ᠋ ᠰᠢᠢᠳᠪᠦᠷᠢᠯᠡᠬᠦ ᠳ᠋ᠦ᠍ ᠰᠢᠨ᠎ᠡ ᠵᠠᠭᠪᠤᠷ ᠢ᠋ ᠬᠠᠩᠭᠠᠭᠰᠠᠨ ᠨᠢ ᠢᠯᠡᠭᠡᠨ᠃
ᠬᠠᠤᠯᠢ ᠲᠦᠷᠢᠮ ᠢ᠋ ᠴᠢᠩᠳᠠᠯᠠᠨ᠂ ᠬᠠᠤᠯᠢ ᠴᠠᠭᠠᠵᠠ ᠵᠢᠨ ᠬᠤᠷᠢᠭ᠎ᠠ ᠱᠤᠭᠤᠮ ᠵᠢᠡᠷ ᠦᠢᠯᠡ ᠠᠵᠢᠯᠯᠠᠭ᠎ᠠ ᠪᠠᠨ ᠵᠢᠯᠤᠭᠤᠳᠤᠭᠤᠯᠬᠤ ᠭᠡᠷᠡᠭᠳᠡᠢ᠃ ᠤᠳᠤ ᠪᠦᠬᠦ ᠪᠥᠮᠪᠥᠷᠴᠡᠭ ᠤ᠋ᠨ 40% ᠵᠢᠨ ᠬᠥᠮᠦᠨ ᠠᠮᠠ ᠤᠰᠤᠨ ᠤ᠋ ᠡᠬᠢ ᠪᠠᠶᠠᠯᠢᠭ ᠳᠤᠲᠠᠭᠳᠠᠬᠤ ᠠᠶᠤᠯ ᠳ᠋ᠤ᠌ ᠲᠤᠯᠭᠠᠷᠠᠵᠤ ᠪᠠᠢᠨ᠎ᠠ᠂ ᠥᠪᠥᠷ ᠮᠣᠩᠭᠣᠯ ᠤ᠋ᠨ ᠬᠠᠤᠯᠢ ᠲᠣᠭᠲᠠᠭᠠᠬᠤ ᠦᠢᠯᠡᠳᠦᠯᠭᠡ ᠭᠡᠷᠡᠴᠢᠯᠡᠭᠰᠡᠨ ᠨᠢ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠨᠢ ᠨᠢᠭᠡᠨᠲᠡ ᠮᠡᠷᠭᠡᠵᠢᠯ ᠤ᠋ᠨ ᠳᠡᠰ ᠳᠠᠪᠬᠤᠷᠭ᠎ᠠ ᠡᠴᠡ ᠰᠢᠰᠲ᠋ᠧᠮᠲᠦ ᠴᠢᠨᠠᠷᠲᠠᠢ ᠳᠦᠷᠢᠮ ᠤ᠋ᠨ ᠬᠤᠪᠢᠰᠤᠯᠳᠠ ᠪᠣᠯᠵᠤ ᠳᠡᠰ ᠲᠠᠪᠰᠢᠭᠰᠠᠨ ᠪᠠᠢᠨ᠎ᠠ᠃
ᠬᠤᠷᠢᠭ᠎ᠠ ᠱᠤᠭᠤᠮ ᠢ᠋ ᠰᠠᠬᠢᠬᠤ ᠵᠢᠨ ᠦᠨᠳᠤᠰᠤ ᠨᠢ ᠬᠠᠷᠢᠭᠤᠴᠠᠯᠭ᠎ᠠ ᠡᠭᠦᠷᠭᠡᠯᠡᠯ ᠵᠢᠡᠨ ᠴᠢᠩᠭᠠᠳᠬᠠᠬᠤ ᠳ᠋ᠤ ᠪᠤᠢ᠃ ᠠᠮᠢ ᠠᠮᠢᠳᠤᠷᠠᠯ ᠤ᠋ᠨ ᠮᠢᠨᠢ ᠠᠮᠢᠨ ᠰᠠᠬᠢᠶ᠎ᠠ ᠪᠤᠯᠬᠤ ᠤᠰᠤ ᠠᠷᠪᠢᠯᠠᠬᠤ ᠵᠢ ᠦᠵᠡᠯ ᠪᠤᠳᠤᠯ ᠤ᠋ᠨ ᠵᠢᠡᠨ ᠤᠷᠤᠢ ᠵᠢᠨ ᠴᠢᠮᠡᠭ ᠪᠤᠯᠭᠠᠵᠤ᠂ ᠦᠢᠯᠡ ᠠᠵᠢᠯᠯᠠᠭ᠎ᠠ ᠨᠢᠭᠡᠪᠦᠷᠢ ᠳ᠋ᠡᠭᠡᠨ ᠳᠤᠭᠤᠰᠢᠳᠠᠢ ᠨᠠᠢᠳᠠᠪᠤᠷᠢᠵᠢᠭᠤᠯᠪᠠᠯ ᠰᠠᠶᠢ ᠡᠭᠡ ᠪᠠᠢᠭᠠᠯᠢ ᠵᠢᠨ ᠪᠤᠶᠠᠨ ᠬᠡᠰᠢᠭ ᠢ᠋ ᠦᠨᠡᠨ ᠬᠦ᠌ ᠡᠳ᠋ᠯᠠᠵᠤ ᠴᠢᠳᠠᠬᠤ ᠶᠤᠮ᠃