9 ᠰᠠᠷ᠎ᠠ ᠵᠢᠨ 23᠎ᠤ ᠡᠳᠦᠷ᠎ᠤᠨ ᠦᠳᠡ ᠵᠢᠨ ᠬᠤᠢᠨ᠎ᠠ᠂ ᠪᠤᠭᠤᠳᠤ ᠬᠤᠳᠠ ᠵᠢᠨ ᠨᠢᠭᠡᠳᠦᠭᠡᠷ ᠠᠵᠢᠯᠴᠢᠨ ᠤ ᠰᠤᠶᠤᠯ ᠤᠨ ᠤᠷᠳᠤᠨ ᠳ᠋ᠤ ᠦᠩᠬᠡᠳᠤ ᠳ᠋ᠧᠩ ᠲᠤᠸᠠᠯᠠᠵᠦ ᠦᠵᠡᠮᠦᠷᠢᠳᠠᠢ ᠲᠤᠬᠯᠠᠯᠳᠠ ᠶᠠᠪᠤᠬᠳᠠᠨ᠂ ᠠᠷᠪᠠᠨ ᠨᠢᠭᠡᠳᠦᠭᠡᠷ ᠬᠤᠭᠤᠴᠠᠭᠠᠨ᠎ᠤ ᠲᠤᠮᠳᠠᠳᠤ ᠤᠷᠤᠰ ᠮᠤᠩᠭᠤᠯ᠎ᠤᠨ ᠤᠯᠠᠨ ᠤᠯᠤᠰ᠎ᠤᠨ ᠵᠠᠯᠠᠭᠤᠴᠤᠳ ᠪᠠᠭᠠᠴᠤᠳ᠎ᠤᠨ ᠪᠡᠶ᠎ᠠ ᠵᠢᠨ ᠲᠠᠮᠢᠷ᠎ᠤᠨ ᠴᠤᠬᠯᠠᠭᠠᠨ ᠡᠨᠳᠡ ᠦᠪᠡᠳᠡᠭᠰᠢ ᠶᠡᠬᠡ ᠪᠡᠷ ᠡᠬᠢᠯᠡᠪᠡ᠃
ᠲᠤᠮᠳᠠᠳᠤ ᠤᠷᠤᠰ ᠮᠤᠩᠭᠤᠯ ᠤᠯᠠᠨ ᠤᠯᠤᠰ᠎ᠤᠨ ᠵᠠᠯᠠᠭᠤᠴᠤᠳ ᠪᠠᠭᠠᠴᠤᠳ᠎ᠤᠨ ᠲᠠᠮᠢᠷ᠎ᠤᠨ ᠰᠤᠯᠢᠯᠴᠠᠭᠠᠨ᠎ᠤ ᠵᠠᠩᠬᠢᠯᠠᠭ᠎ᠠ ᠵᠢᠨ ᠬᠡᠯᠬᠢᠶ᠎ᠠ ᠬᠤᠯᠪᠤᠭᠠᠰᠤ ᠪᠤᠯᠤᠬᠰᠠᠨ᠎ᠤ ᠬᠤᠪᠢ ᠳ᠋ᠤ᠂ ᠲᠤᠰ ᠬᠤᠭᠤᠴᠠᠭᠠᠨ᠎ᠤ ᠪᠡᠶ᠎ᠠ ᠵᠢᠨ ᠲᠠᠮᠢᠷ᠎ᠤᠨ ᠴᠤᠬᠯᠠᠭᠠᠨ ᠨᠢ 9 ᠰᠠᠷ᠎ᠠ ᠵᠢᠨ 22᠎ᠤᠨ ᠡᠳᠦᠷ ᠡᠴᠡ 28᠎ᠤ ᠡᠳᠦᠷ᠎ᠤᠨ ᠬᠤᠭᠤᠷᠤᠨᠳᠤ ᠪᠤᠭᠤᠳᠤ ᠬᠤᠳᠠ ᠳ᠋ᠤ ᠶᠠᠪᠤᠬᠳᠠᠬᠤ ᠪᠤᠯᠤᠨ᠎ᠠ᠃ ᠲᠤᠮᠳᠠᠳᠤ᠂ ᠤᠷᠤᠰ᠂ ᠮᠤᠩᠭᠤᠯ ᠭᠤᠷᠪᠠᠨ ᠤᠯᠤᠰ᠎ᠤᠨ ᠲᠠᠮᠢᠷᠴᠢᠨ ᠵᠢᠴᠢ ᠬᠢᠨᠠᠬᠴᠢ 826 ᠬᠦᠮᠦᠨ ᠤᠷᠤᠯᠴᠠᠵᠦ᠂ ᠤᠷᠤᠯᠳᠤᠭᠠᠨ ᠨᠢ ᠬᠦᠨᠳᠤ ᠬᠦᠩᠬᠡᠨ ᠰᠫᠤᠷᠲ᠂ ᠪᠦᠬᠡ ᠪᠠᠷᠢᠯᠳᠤᠬᠤ᠂ ᠨᠢᠳᠤᠷᠭᠠᠨ ᠲᠡᠮᠡᠴᠡᠭᠡᠨ᠂ ᠰᠤᠷ ᠬᠠᠷᠪᠤᠯᠳᠠ᠂ ᠬᠦᠯ ᠪᠦᠮᠪᠦᠭᠡ᠂ ᠰᠠᠬᠰᠤᠨ ᠪᠦᠮᠪᠦᠭᠡ᠂ ᠠᠯᠠᠭᠠᠳᠠᠬᠤ ᠪᠦᠮᠪᠦᠭᠡ᠂ ᠫᠢᠩᠫᠤᠩ ᠪᠦᠮᠪᠦᠭᠡ᠂ ᠵᠢᠤᠳᠤᠤ ᠪᠦᠭᠡ᠂ ᠲᠢᠶᠧᠺᠤᠨᠳᠤ᠋ ᠵᠡᠷᠭᠡ 10 ᠤᠷᠤᠯᠳᠤᠭᠠᠨ ᠤ ᠲᠦᠷᠤᠯ ᠲᠤᠬᠢᠷᠠᠭᠤᠯᠵᠦ᠂ ᠤᠯᠠᠨ ᠲᠠᠮᠢᠷ᠎ᠤᠨ ᠬᠦᠳᠡᠯᠭᠡᠭᠡᠨ᠎ᠤ ᠲᠦᠷᠤᠯ ᠵᠦᠢᠯ᠎ᠢ ᠬᠠᠮᠤᠷᠤᠬᠰᠠᠨ ᠪᠠᠢᠨ᠎ᠠ᠃
ᠡᠬᠢᠯᠡᠯᠳᠡ ᠵᠢᠨ ᠶᠤᠰᠤᠯᠠᠯ ᠲᠡᠭᠡᠷ᠎ᠠ᠂ ᠤᠷᠤᠰ᠎ᠤᠨ ᠬᠤᠯᠪᠤᠭᠠᠨ᠎ᠤ ᠪᠦᠬᠦᠳᠡ ᠨᠠᠢᠷᠠᠮᠳᠠᠬᠤ ᠪᠤᠷᠢᠶᠠᠳ ᠤᠯᠤᠰ᠎ᠤᠨ ᠲᠦᠯᠦᠭᠡᠯᠡᠭᠴᠢᠳ᠎ᠤᠨ ᠪᠦᠯᠬᠦᠮ᠂ ᠤᠷᠤᠰ᠎ᠤᠨ ᠠᠷᠤ ᠪᠠᠢᠭᠠᠯ᠎ᠤᠨ ᠬᠢᠯᠢ ᠬᠢᠵᠠᠭᠠᠷ ᠤᠷᠤᠨ ᠤ ᠲᠦᠯᠦᠭᠡᠯᠡᠭᠴᠢᠳ᠎ᠤᠨ ᠪᠦᠯᠬᠦᠮ᠎ᠤᠨ ᠲᠠᠷᠤᠭ᠎ᠠ ᠪᠤᠯᠤᠨ ᠮᠤᠩᠭᠤᠯ ᠤᠯᠤᠰ᠎ᠤᠨ ᠲᠠᠯ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠦᠯᠦᠭᠡᠯᠡᠭᠴᠢᠳ᠎ᠤᠨ ᠪᠦᠯᠬᠦᠮ᠎ᠤᠨ ᠲᠠᠷᠤᠭ᠎ᠠ ᠡᠴᠡ ᠲᠤᠰᠪᠤᠷᠢ ᠦᠭᠡ ᠬᠡᠯᠡᠵᠠᠢ᠃ ᠪᠤᠭᠤᠳᠤ ᠬᠤᠳᠠ ᠵᠢᠨ ᠤᠷᠠᠯᠢᠬᠴᠢᠳ ᠪᠠᠰᠠ ᠭᠤᠷᠪᠠᠨ ᠤᠯᠤᠰ᠎ᠤᠨ ᠰᠤᠶᠤᠯ᠎ᠤᠨ ᠤᠨᠴᠠᠯᠢᠭ᠎ᠢ ᠬᠠᠷᠠᠭᠤᠯᠤᠬᠰᠠᠨ ᠤᠷᠠᠨ ᠰᠠᠢᠬᠠᠨ᠎ᠤ ᠲᠤᠬᠯᠠᠯᠳᠠ ᠭᠠᠷᠭᠠᠵᠦ᠂ ᠮᠤᠷᠢᠯᠠᠨ ᠰᠠᠭᠠᠳᠠᠬᠰᠠᠠ ᠪᠦᠬᠦ ᠵᠤᠴᠢᠨ ᠪᠤᠯᠤᠨ ᠭᠤᠷᠪᠠᠨ ᠤᠯᠤᠰ᠎ᠤᠨ ᠵᠠᠯᠠᠭᠤᠴᠤᠳ ᠪᠠᠭᠠᠴᠤᠳ ᠳ᠋ᠤ ᠰᠤᠨᠢᠷᠬᠠᠭᠤᠯᠪᠠ᠃
ᠤᠢᠯᠠᠭᠠᠬᠰᠠᠨ ᠵᠢᠡᠷ᠂ ᠠᠷᠪᠠᠨ ᠨᠢᠭᠡᠳᠦᠭᠡᠷ ᠬᠤᠭᠤᠴᠠᠭᠠᠨ᠎ᠤ ᠲᠤᠮᠳᠠᠳᠤ ᠤᠷᠤᠰ ᠮᠤᠩᠭᠤᠯ᠎ᠤᠨ ᠤᠯᠠᠨ ᠤᠯᠤᠰ᠎ᠤᠨ ᠵᠠᠯᠠᠭᠤᠴᠤᠳ ᠪᠠᠭᠠᠴᠤᠳ᠎ᠤᠨ ᠪᠡᠶ᠎ᠠ ᠵᠢᠨ ᠲᠠᠮᠢᠷ᠎ᠤᠨ ᠴᠤᠬᠯᠠᠭᠠᠨ᠎ᠤ ᠬᠤᠭᠤᠴᠠᠭᠠᠨ ᠳ᠋ᠤ᠂ ᠲᠠᠷᠤᠢ 9 ᠰᠠᠷ᠎ᠠ ᠵᠢᠨ 27 ᠤ ᠡᠳᠦᠷ ᠰᠤᠶᠤᠯ᠎ᠤᠨ ᠰᠤᠯᠢᠯᠴᠠᠭᠠᠨ᠎ᠤ ᠲᠤᠭᠤᠷᠢᠨ ᠦᠵᠡᠬᠦ ᠠᠵᠢᠯᠯᠠᠭ᠎ᠠ ᠦᠷᠨᠢᠬᠦᠯᠬᠦ ᠪᠤᠯᠤᠨ᠎ᠠ᠃ ᠲᠠᠮᠢᠷ᠎ᠤᠨ ᠴᠤᠬᠯᠠᠭᠠᠨ ᠨᠢ ᠪᠤᠭᠤᠳᠤ ᠬᠤᠳᠠ ᠵᠢᠨ ᠤᠯᠢᠮᠫᠢᠺ ᠪᠠᠶ᠎ᠠ ᠵᠢᠨ ᠲᠠᠮᠢᠷ᠎ᠤᠨ ᠲᠦᠪ᠂ ᠲᠠᠮᠢᠷ᠎ᠤᠨ ᠲᠦᠪ᠂ ᠪᠤᠭᠤᠳᠤ ᠵᠢᠨ ᠪᠠᠬᠰᠢ ᠵᠢᠨ ᠲᠡᠭᠡᠳᠤ ᠰᠤᠷᠭᠠᠭᠤᠯᠢ ᠵᠡᠷᠭᠡ 6 ᠬᠤᠳᠠ ᠵᠢᠨ ᠲᠤᠳᠤᠷᠠᠬᠢ ᠲᠠᠮᠢᠷ᠎ᠤᠨ ᠤᠷᠳᠤᠨ ᠲᠠᠯᠠᠪᠤᠷ ᠲᠤ᠌ ᠶᠠᠪᠤᠬᠳᠠᠬᠤ ᠡᠴᠡ ᠭᠠᠳᠠᠨ᠎ᠠ᠂ ᠪᠠᠶᠠᠠᠨᠠᠭᠤᠷ ᠬᠤᠳᠠ ᠵᠢᠨ ᠤᠷᠠᠳ᠎ᠤᠨ ᠡᠮᠦᠨᠡᠳᠤ ᠬᠤᠰᠢᠭᠤᠨ᠎ᠤ ᠲᠠᠮᠢᠷ ᠰᠤᠶᠤᠯ᠎ᠤᠨ ᠠᠵᠤ ᠦᠢᠯᠡᠰ᠎ᠤᠨ ᠬᠦᠷᠢᠶᠡᠯᠡᠩ ᠵᠡᠷᠭᠡ ᠪᠤᠭᠤᠲᠤ ᠬᠤᠳᠠ ᠵᠢᠨ ᠭᠠᠳᠠᠨᠠᠬᠢ ᠤᠷᠳᠤᠨ ᠲᠠᠯᠠᠪᠤᠷ ᠲᠤ᠌ ᠶᠠᠪᠤᠬᠳᠠᠬᠤ ᠪᠤᠯᠤᠨ᠎ᠠ᠃