ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠠᠵᠢᠯᠯᠠᠭ᠎ᠠ ᠦᠷᠨᠢᠭᠦᠯᠪᠡ
2025-09-25 09:50:13
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 15 ᠡᠴᠡ 21᠎ᠤ᠋ ᠡᠳᠦᠷ ᠪᠣᠯᠲᠠᠯ᠎ᠠ᠂ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠠᠵᠢᠯᠯᠠᠭ᠎ᠠ ᠪᠥᠬᠥ ᠤᠯᠤᠰ᠎ᠤᠨ ᠬᠡᠪᠴᠢᠶᠡᠨ᠎ᠳᠦ ᠨᠢᠭᠡᠳᠦᠯᠲᠡᠢ ᠶᠠᠪᠤᠬᠲᠠᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ 《ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠤ ᠲᠦᠯᠦᠭᠡ᠂ ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠳᠦ ᠲᠦᠰᠢᠭᠯᠡᠨ᠎ᠡ — ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠡᠷ ᠴᠢᠨᠠᠷ ᠰᠠᠢᠲᠠᠢ ᠬᠥᠭᠵᠢᠯᠲᠡ᠎ᠶᠢ ᠰᠠᠬᠢᠨ ᠬᠠᠮᠠᠭᠠᠯᠠᠶ᠎ᠠ》 ᠭᠡᠬᠦ ᠭᠣᠣᠯ ᠰᠡᠳᠦᠪ᠎ᠦᠨ ᠲᠣᠭᠣᠷᠢᠨ᠎ᠳᠤ᠂ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠠᠵᠢᠯᠯᠠᠭ᠎ᠠ ᠵᠢ ᠢᠲᠡᠪᠬᠢᠲᠡᠢ ᠦᠷᠨᠢᠭᠦᠯᠪᠡ᠃

ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠤᠬᠠᠭᠤᠯᠭ᠎ᠠ᠎ᠶᠢᠨ ᠵᠠᠷᠯᠠᠯ ᠨᠠᠭᠠᠬᠤ᠂ ᠪᠠᠢᠭᠤᠯᠭ᠎ᠠ᠎ᠶᠢᠨ ᠠᠵᠢᠯᠲᠠᠳ᠎ᠲᠤ ᠰᠦᠯᠵᠢᠶᠡᠨ᠎ᠦ ᠠᠮᠤᠷ ᠲᠦᠪᠰᠢᠨ᠎ᠦ ᠲᠤᠬᠠᠢ ᠵᠠᠬᠢᠶᠠᠯᠠᠨ ᠦᠢᠯᠡᠳᠦᠭᠰᠡᠨ ᠪᠦᠳᠦᠭᠡᠭᠳᠡᠭᠦᠨ ᠲᠠᠷᠬᠠᠭᠠᠬᠤ᠂ ᠤᠬᠠᠭᠤᠯᠭ᠎ᠠ᠎ᠶᠢᠨ ᠹᠢᠯᠢᠮ ᠎ᠢ ᠲᠣᠮᠣ᠌ ᠳᠡᠯᠭᠡᠴᠡ᠎ᠪᠡᠷ ᠨᠡᠪᠲᠡᠷᠡᠭᠦᠯᠬᠦ᠂ ᠵᠢᠷᠭᠢᠶ᠎ᠡ᠎ᠶᠢᠨ ᠤᠯᠠᠨ ᠨᠡᠶ᠋ᠢᠲᠡ᠎ᠶᠢᠨ ᠲᠠᠪᠴᠠᠩ ᠢ᠋ᠢᠡᠷ ᠰᠦᠯᠵᠢᠶᠡᠨ᠎ᠦ ᠠᠮᠤᠷ ᠲᠦᠪᠰᠢᠨ᠎ᠦ ᠮᠡᠳᠡᠯᠭᠡ᠎ᠶᠢ ᠤᠬᠠᠭᠤᠯᠬᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠵᠦ᠂ ᠪᠣᠳᠠᠲᠤ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ ᠰᠦᠯᠵᠢᠶᠡᠨ᠎ᠦ ᠠᠮᠤᠷ ᠲᠦᠪᠰᠢᠨ ᠢ᠋ ᠬᠠᠮᠠᠭᠠᠯᠠᠬᠤ᠂ ᠬᠤᠪᠢ ᠬᠥᠮᠥᠨ᠎ᠦ ᠮᠡᠳᠡᠭᠡ ᠵᠠᠩᠭᠢ ᠵᠢ ᠬᠠᠮᠠᠭᠠᠯᠠᠬᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ᠂ ᠨᠢᠭᠤᠴᠠ᠎ᠶᠢ ᠵᠠᠳᠠᠷᠠᠭᠤᠯᠬᠤ᠎ᠶᠢ ᠰᠡᠷᠭᠡᠢᠯᠡᠬᠦ ᠵᠡᠷᠭᠡ ᠰᠦᠯᠵᠢᠶᠡᠨ᠎ᠦ ᠠᠮᠤᠷ ᠲᠦᠪᠰᠢᠨ᠎ᠦ ᠮᠡᠳᠡᠯᠭᠡ᠎ᠶᠢ ᠤᠬᠠᠭᠤᠯᠤᠨ ᠲᠦᠭᠡᠮᠡᠯᠵᠢᠭᠦᠯᠵᠦ᠂ ᠺᠠᠳ᠋ᠷ ᠠᠵᠢᠯᠲᠠᠨ ᠠᠵᠢᠯᠴᠢᠨ᠎ᠤ ᠰᠦᠯᠵᠢᠶᠡᠨ᠎ᠦ ᠠᠮᠤᠷ ᠲᠦᠪᠰᠢᠨ᠎ᠦ ᠤᠬᠠᠮᠰᠠᠷ ᠪᠠ ᠤᠷᠢᠳᠴᠢᠯᠠᠨ ᠰᠡᠷᠭᠡᠢᠯᠡᠬᠦ ᠤᠷ᠎ᠠ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠵᠦ᠂ ᠤᠯᠠᠨ ᠢ᠋ᠢᠡᠷ ᠢ᠋ᠢᠡᠨ 《ᠰᠦᠯᠵᠢᠶᠡᠨ᠎ᠦ ᠠᠮᠤᠷ ᠲᠦᠪᠰᠢᠨ ᠪᠠᠢᠬᠤ ᠦᠭᠡᠢ ᠪᠣᠯ ᠤᠯᠤᠰ᠎ᠤᠨ ᠠᠮᠤᠷ ᠲᠦᠪᠰᠢᠨ ᠪᠠᠢᠵᠤ ᠴᠢᠳᠠᠬᠤ ᠦᠭᠡᠢ》 ᠭᠡᠬᠦ ᠣᠢᠯᠠᠭᠠᠭᠳᠠᠬᠤᠨ᠎ᠢ ᠰᠡᠳᠬᠢᠯ᠎ᠳᠡᠭᠡᠨ ᠭᠦᠨ ᠬᠠᠳᠠᠩᠰᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠲᠤᠰ ᠤᠳᠠᠭ᠎ᠠ᠎ᠶᠢᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠢᠶᠠᠷ ᠠᠵᠠ ᠲᠣᠬᠢᠶᠠᠯ ᠪᠣᠯᠭᠠᠵᠤ᠂ 《ᠣᠶᠤᠨᠴᠢ ᠬᠠᠤᠯᠢ ᠪᠡᠷ ᠵᠠᠰᠠᠬᠤ》 ᠮᠡᠳᠡᠭᠡ ᠵᠠᠩᠭᠢᠴᠢᠯᠠᠯᠲᠠ᠎ᠶᠢᠨ ᠳᠠᠪᠠᠭᠤᠯᠢᠭ᠋᠎ᠢ ᠢᠳᠡᠪᠬᠢᠲᠡᠢ ᠠᠰᠢᠭ᠍ᠯᠠᠵᠤ᠂ ᠰᠦᠯᠵᠢᠶᠡᠨ᠎ᠦ ᠠᠮᠤᠷ ᠲᠦᠪᠰᠢᠨ᠎ᠦ ᠣᠢᠯᠠᠭᠠᠭᠳᠠᠬᠤᠨ ᠪᠣᠯᠣᠨ ᠮᠡᠳᠡᠯᠭᠡ᠎ᠶᠢ ᠪᠠᠢᠩᠭᠤᠵᠢᠭᠤᠯᠤᠨ ᠤᠬᠠᠭᠤᠯᠤᠨ ᠲᠦᠭᠡᠮᠡᠯᠵᠢᠭᠦᠯᠵᠦ᠂ ᠰᠦᠯᠵᠢᠶᠡᠨ᠎ᠦ ᠠᠮᠤᠷ ᠲᠦᠪᠰᠢᠨ᠎ᠦ ᠪᠠᠢᠭᠤᠯᠤᠯ ᠲᠣᠭᠲᠠᠴᠠ᠎ᠶᠢ ᠴᠢᠨᠠᠭᠰᠢᠳᠠ ᠲᠡᠭᠦᠯᠳᠡᠷᠵᠢᠭᠦᠯᠵᠦ᠂ ᠪᠦᠬᠦ ᠲᠠᠯ᠎ᠠ᠎ᠶᠢᠨ᠂ ᠤᠯᠠᠨ ᠲᠡᠰ ᠳᠠᠪᠬᠤᠷᠭ᠎ᠠ᠎ᠶᠢᠨ᠂ ᠪᠣᠰᠣᠭ᠎ᠠ ᠴᠣᠭᠴᠠᠲᠤ ᠰᠦᠯᠵᠢᠶᠡᠨ᠎ᠦ ᠠᠮᠤᠷ ᠲᠦᠪᠰᠢᠨ᠎ᠦ ᠪᠠᠲᠤᠯᠠᠭ᠎ᠠ ᠢ᠋ᠢᠨ ᠰᠢᠰᠲ᠋ᠸᠮ᠎ᠢ ᠦᠷᠭᠦᠯᠵᠢᠯᠡᠨ ᠪᠠᠢᠭᠤᠯᠵᠤ᠂ ᠰᠦᠯᠵᠢᠶᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠦᠨᠡᠨ᠎ᠬᠦ ᠪᠡᠬᠢᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号