ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠱᠢᠨᠵᠢᠶᠠᠩ ᠢ᠋ ᠪᠥᠲᠥᠭᠡᠨ ᠪᠠᠢᠭᠤᠯᠰᠤᠭᠠᠢ
2025-09-25 11:12:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠱᠢᠨᠵᠢᠶᠠᠩ ᠎ᠤᠨ ᠤᠢᠭᠤᠷ ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ ᠳᠠᠯᠠᠨ ᠵᠢᠯ᠎ᠦᠨ ᠣᠶ᠎ᠶ᠋ᠢ ᠪᠠᠶᠠᠷᠯᠠᠨ ᠪᠡᠯᠭᠡᠯᠡᠶ᠎ᠡ


ᠥᠨᠳᠥᠷ ᠰᠦᠷᠯᠢᠭ ᠲᠩᠷᠢ ᠠᠭᠤᠯᠠ ᠡᠴᠡ ᠠᠯᠲᠠᠨ ᠱᠢᠷᠭᠠᠯ ᠥᠩᠭᠡ ᠰᠠᠴᠤᠷᠠᠵᠤ᠂ ᠲᠡᠨᠢᠭᠡᠷ ᠠᠭᠤᠳᠠᠮ ᠺᠦᠨ ᠯᠦᠨ ᠠᠭᠤᠯᠠ ᠡᠴᠡ ᠪᠠᠶᠠᠷ ᠤ᠋ᠨ ᠳᠠᠭᠤᠯᠠᠯ ᠴᠤᠤᠷᠢᠶᠠᠳᠤᠨ᠎ᠠ᠃ 9 ᠰᠠᠷ᠎ᠠ᠎ᠶ᠋ᠢᠨ 25 ᠤ᠋ ᠡᠳᠦᠷ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ ᠎ᠦᠨ ᠣᠶ ᠎ᠶ᠋ᠢ ᠪᠡᠯᠭᠡᠯᠡᠬᠦ᠌ ᠶᠡᠬᠡ ᠬᠤᠷᠠᠯ ᠦᠷᠦᠮᠴᠢ ᠎ᠳᠦ ᠦᠪᠡᠳᠡᠭ᠌ᠰᠢ ᠶᠡᠬᠡ ᠎ᠪᠡᠷ ᠶᠠᠪᠤᠭ᠍ᠳᠠᠨ᠎ᠠ᠃ ᠪᠢᠳᠡ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠠᠯᠠᠭᠤᠨ ᠪᠠᠶᠠᠷ ᠬᠦᠷᠭᠡᠵᠦ᠍᠂ ᠱᠢᠨᠵᠢᠶᠠᠩ᠎ᠤᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠳᠤ ᠬᠤᠪᠢ ᠨᠡᠮᠡᠷᠢ ᠦᠵᠡᠭᠦᠯᠦᠭ᠌ᠰᠡᠨ ᠪᠤᠢ ᠪᠦᠬᠦᠢ ᠬᠥᠮᠦᠰ᠎ᠲᠦ ᠰᠠᠢ᠌ᠨ ᠰᠠᠢᠬᠠᠨ ᠵᠥᠩᠨᠡᠯ ᠳᠡᠪᠱᠢᠭᠦᠯᠦᠶ᠎ᠠ!

1955 ᠣᠨ᠎ᠤ 10 ᠰᠠᠷ᠎ᠠ᠎ᠶ᠋ᠢᠨ 1 ᠤ᠋ ᠡᠳᠦᠷ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠵᠤ᠂ ᠱᠢᠨᠵᠢᠶᠠᠩ᠎ᠤᠨ ᠬᠥᠭ᠌ᠵᠢᠯ ᠴᠡᠴᠡᠭ᠌ᠯᠡᠯ᠎ᠦᠨ ᠴᠣ ᠱᠢᠨ᠎ᠡ ᠬᠠᠭᠤᠳᠠᠰᠤ᠎ᠶ᠋ᠢ ᠰᠡᠬᠦᠪᠡ᠃ 70 ᠵᠢᠯ᠎ᠦᠨ ᠲᠤᠷᠰᠢ᠂ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠡᠵᠡᠨ ᠰᠠᠭᠤᠵᠤ ᠡᠷᠬᠡ ᠮᠡᠳᠡᠵᠤ᠂ ᠪᠥᠬᠥ᠌ ᠤᠯᠤᠰ᠎ᠤᠨ ᠠᠷᠠᠳ ᠲᠦᠮᠡᠨ᠎ᠲᠡᠶ ᠬᠠᠮᠲᠤ᠎ᠪᠠᠷ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ ᠡᠴᠡ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠤ᠌᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠭᠤᠤ ᠶᠡᠬᠡ ᠠᠮᠵᠢᠯᠲᠠ ᠤᠯᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠱᠢᠨᠵᠢᠶᠠᠩ᠎ᠤᠨ ᠠᠵᠢᠯ᠎ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠤᠷᠢᠳ ᠬᠣᠵᠢᠳ ᠱᠢᠨᠵᠢᠶᠠᠩ᠎ᠳᠤ ᠭᠤᠷᠪᠠ ᠤᠳᠠᠭ᠎ᠠ ᠬᠦᠷᠴᠦ᠍ ᠱᠢᠨᠵᠢᠯᠡᠨ ᠪᠠᠢᠴᠠᠭᠠᠵᠤ᠂ ᠲᠥᠪ᠎ᠦᠨ ᠱᠢᠨᠵᠢᠶᠠᠩ᠎ᠤᠨ ᠠᠵᠢᠯ᠎ᠤᠨ ᠶᠠᠷᠢᠯᠴᠠᠬᠤ ᠬᠤᠷᠠᠯ᠎ᠳᠤ ᠬᠣᠶᠠᠷ ᠤᠳᠠᠭ᠎ᠠ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠱᠢᠨᠵᠢᠶᠠᠩ᠎ᠢ ᠵᠠᠰᠠᠬᠤ ᠵᠢᠮ᠎ᠡ ᠶᠣᠰᠣᠨ᠎ᠤ ᠲᠤᠬᠠᠶ ᠲᠠᠨᠢᠯᠲᠠ ᠪᠠ ᠡᠵᠡᠮᠳᠡᠯ᠎ᠢᠶᠡᠨ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠣᠶ ᠪᠣᠯᠭᠠᠵᠤ᠂ ᠱᠢᠨᠵᠢᠶᠠᠩ᠎ᠢ ᠬᠥᠲᠥᠯᠦᠨ ᠳᠠᠭᠠᠭᠤᠯᠵᠤ ᠲᠡᠦᠬᠡᠨ ᠳᠡᠭᠡᠷᠡᠬᠢ ᠬᠠᠮᠤᠭ᠎ᠤᠨ ᠰᠠᠢᠨ ᠬᠥᠭ᠌ᠵᠢᠯᠲᠡ᠎ᠶ᠋ᠢᠨ ᠴᠠᠭ ᠦᠶ᠎ᠡ᠎ᠳᠦ ᠣᠷᠣᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠶ᠋ᠴᠡᠳ ᠢᠯᠡᠷᠡᠭᠦᠯᠪᠡ᠃ 2024 ᠣᠨ᠎ᠳᠤ᠂ ᠱᠢᠨᠵᠢᠶᠠᠩ᠎ᠤᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠠᠩᠬ᠎ᠠ ᠤᠳᠠᠭ᠎ᠠ 2 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ 1955 ᠣᠨ᠎ᠤ 204.3 ᠲᠠᠬᠢᠨ ᠪᠣᠯᠪᠠ᠃ ᠥᠨᠥᠳᠦᠷ᠎ᠦᠨ ᠱᠢᠨᠵᠢᠶᠠᠩ᠎ᠳᠤ ᠨᠡᠢᠭᠡᠮ᠎ᠦᠨ ᠶᠡᠬᠡ ᠲᠠᠯ᠎ᠠ ᠦᠷᠭᠦᠯᠵᠢᠯᠡᠨ ᠲᠣᠭ᠍ᠲᠠᠭᠤᠨ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠲᠠᠰᠤᠷᠠᠯᠲᠠ ᠦᠭᠡᠢ ᠪᠡᠬᠢᠵᠢᠵᠦ᠍᠂ ᠶᠡᠷᠦᠩᠬᠡᠢᠯᠡᠭ᠌ᠰᠡᠨ ᠪᠣᠳᠠᠲᠤ ᠬᠦᠴᠦᠨ ᠮᠡᠳᠡᠭ᠌ᠳᠡᠮ᠎ᠡ ᠴᠢᠩᠭᠠᠷᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠶᠡᠬᠡ᠎ᠪᠡᠷ ᠳᠡᠭᠡᠭ᠌ᠰᠢᠯᠡᠵᠦ᠍᠂ ᠠᠮᠢ ᠠᠬᠤᠢ ᠣᠷᠴᠢᠨ ᠲᠣᠭᠣᠷᠢᠨ ᠮᠡᠳᠡᠭ᠌ᠳᠡᠮ᠎ᠡ ᠰᠠᠢᠵᠢᠷᠠᠵᠤ᠂ ᠨᠠᠮ᠎ᠤᠨ ᠲᠦᠷᠦ᠍ ᠪᠠᠷᠢᠬᠤ ᠰᠠᠭᠤᠷᠢ ᠨᠡᠩ ᠪᠡᠬᠢᠵᠢᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠶᠡᠬᠡ᠎ᠪᠡᠷ ᠨᠡᠮᠡᠭ᠌ᠳᠡᠵᠦ᠍᠂ ᠶᠠᠭ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠲᠡᠢᠰᠢ ᠤᠷᠤᠭ᠍ᠰᠢᠯᠠᠵᠤ ᠪᠠᠢᠨ᠎ᠠ᠃

ᠬᠠᠮᠢᠭ᠎ᠠ ᠡᠴᠡ ᠢᠷᠡᠭ᠌ᠰᠡᠨ᠎ᠢᠶᠡᠨ ᠮᠡᠳᠡᠪᠡᠯ ᠰᠠᠶᠢ ᠬᠠᠮᠢᠭᠠᠰᠢ ᠪᠠᠨ ᠶᠠᠪᠤᠬᠤ ᠪᠠᠨ ᠮᠡᠳᠡᠵᠦ᠍ ᠴᠢᠳᠠᠨ᠎ᠠ᠃ ᠱᠢᠨᠵᠢᠶᠠᠩ᠎ᠤᠨ 70 ᠵᠢᠯ᠎ᠦᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠠᠴᠢ᠎ᠶ᠋ᠢ ᠬᠠᠷᠢᠭᠤᠯᠤᠨ ᠡᠷᠡᠮᠡᠭᠡᠢᠯᠡᠨ ᠤᠷᠤᠭ᠍ᠰᠢᠯᠠᠭ᠍ᠰᠠᠨ᠎ᠤ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠲᠡᠮᠡᠴᠡᠵᠦ᠍᠂ ᠶᠡᠬᠡ᠎ᠪᠡᠷ ᠲᠤᠰᠠᠯᠠᠭ᠍ᠰᠠᠨ᠎ᠤ ᠦᠷ᠎ᠡ ᠳ᠋ᠦᠩ ᠮᠥᠨ᠂ ᠡᠨᠡ ᠨᠢ ᠨᠡᠢᠭᠡᠮ ᠵᠢᠷᠤᠮᠲᠤ ᠪᠠᠢᠭᠤᠯᠤᠯ᠎ᠤᠨ ᠯᠤᠲᠤ ᠶᠡᠬᠡ ᠳᠠᠪᠠᠭᠤᠯᠢᠭ ᠴᠢᠨᠠᠷ᠎ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠤᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢᠨ ᠪᠦᠷᠢᠮᠦᠰᠦᠨ ᠵᠥᠪ ᠪᠣᠯᠬᠤ᠎ᠶ᠋ᠢ ᠭᠦᠢᠴᠡᠳ ᠭᠡᠷᠡᠴᠢᠯᠡᠭᠰᠡᠨ ᠵᠢᠡᠷ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠲᠡᠦᠬᠡᠨ ᠬᠠᠭᠤᠳᠠᠰᠤᠨ᠎ᠠ ᠲᠡᠮᠳᠡᠭ᠌ᠯᠡᠭ᠌ᠳᠡᠬᠦ᠌ ᠨᠢ ᠯᠠᠪᠲᠠᠢ! ᠱᠢᠨᠵᠢᠶᠠᠩ᠎ᠤᠨ 70 ᠵᠢᠯ᠎ᠦᠨ ᠬᠥᠭ᠌ᠵᠢᠯᠲᠡ᠎ᠶ᠋ᠢᠨ ᠶᠠᠪᠤᠴᠠ ᠨᠢ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠢ ᠪᠠᠷᠢᠮᠲᠠᠯᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠪᠠᠯ ᠰᠠᠶᠢ ᠱᠢᠨᠵᠢᠶᠠᠩ᠎ᠤᠨ ᠥᠨᠢ ᠤᠳᠠᠭᠠᠨ ᠠᠮᠤᠷ ᠲᠦᠪᠱᠢᠨ ᠪᠠᠢᠬᠤ᠂ ᠴᠡᠴᠡᠭ᠌ᠯᠡᠨ ᠬᠥᠭ᠌ᠵᠢᠬᠦ᠌᠎ᠶ᠋ᠢ ᠪᠡᠶᠡᠯᠡᠭᠦᠯᠵᠦ᠍ ᠴᠢᠳᠠᠨ᠎ᠠ ᠭᠡᠳᠡᠭ ᠢ᠋ ᠪᠢᠳᠠᠨ ᠳ᠋ᠤ ᠰᠡᠨᠭᠭᠡᠷᠡᠬᠦᠯᠪᠡ᠃

ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠨᠢ ᠳᠤᠮᠳᠠᠳᠤ᠎ᠶ᠋ᠢᠨ ᠦᠨᠳᠦᠰᠦᠲᠡᠨ᠎ᠦ ᠤᠤᠭᠠᠯ ᠬᠦᠰᠡᠯ ᠪᠠ ᠬᠦᠰᠡᠯ ᠡᠷᠡᠮᠡᠯᠵᠡᠯ᠎ᠢ᠋ ᠠᠴᠢᠶᠠᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠮᠡᠴᠡᠯ ᠪᠠ ᠬᠦᠴᠦ᠍ ᠬᠥᠯᠥᠰᠥ᠍ ᠱᠢᠩᠭᠡᠵᠦ᠍ ᠪᠠᠢᠭ᠎ᠠ ᠪᠣᠯᠬᠣᠷ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠲᠠᠢ᠌ᠴᠢᠯᠠᠨ ᠬᠠᠮᠲᠤ᠎ᠪᠠᠷ ᠪᠣᠳᠣᠯᠬᠢᠯᠠᠵᠤ᠂ ᠬᠠᠮᠲᠤ᠎ᠪᠠᠷ ᠬᠢᠬᠦ᠌ ᠴᠢᠬᠤᠯᠠᠲᠠᠢ ᠶᠤᠮ᠃ ᠥᠨᠥᠳᠦᠷ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠬ᠍ᠯᠠᠭ᠍ᠳᠠᠰᠢ ᠦᠭᠡᠢ ᠰᠦᠷ ᠬᠦᠴᠦᠨ᠎ᠲᠡᠶ ᠪᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠤᠯᠵᠤ᠂ ᠱᠢᠨᠵᠢᠶᠠᠩ᠎ᠤᠨ ᠬᠥᠭ᠌ᠵᠢᠯᠲᠡ ᠱᠢᠨ᠎ᠡ ᠭᠠᠷᠤᠭ᠎ᠠ ᠳᠡᠭᠡᠷ᠎ᠡ ᠵᠣᠭ᠍ᠰᠣᠪᠠ᠃ ᠱᠢᠨᠵᠢᠶᠠᠩ᠎ᠤᠨ ᠤᠯᠤᠰ᠎ᠤᠨ ᠪᠥᠬᠥ᠌ ᠲᠠᠯ᠎ᠠ᠎ᠳᠠᠬᠢ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠬᠠᠤᠯᠢ ᠶᠣᠰᠣᠭᠠᠷ ᠱᠢᠨᠵᠢᠶᠠᠩ ᠎ᠢ ᠵᠠᠰᠠᠬᠤ᠂ ᠪᠦᠯᠬᠦᠮᠳᠡᠨ ᠱᠢᠨᠵᠢᠶᠠᠩ᠎ᠢ ᠲᠣᠭ᠍ᠲᠠᠪᠤᠷᠢᠵᠢᠭᠤᠯᠬᠤ᠂ ᠰᠣᠶᠣᠯ᠎ᠢᠶᠠᠷ ᠱᠢᠨᠵᠢᠶᠠᠩ᠎ᠢ ᠤᠮᠳᠠᠯᠠᠬᠤ᠂ ᠠᠷᠠᠳ᠎ᠢ ᠪᠠᠶᠠᠵᠢᠭᠤᠯᠤᠨ ᠱᠢᠨᠵᠢᠶᠠᠩ ᠎ᠢ ᠬᠥᠭ᠌ᠵᠢᠭᠦᠯᠬᠦ᠌᠂ ᠣᠷᠳᠣ ᠬᠤᠭᠤᠴᠠᠭ᠎ᠠ᠎ᠪᠠᠷ ᠱᠢᠨᠵᠢᠶᠠᠩ ᠎ᠢ ᠪᠥᠲᠥᠭᠡᠨ ᠪᠠᠢᠭᠤᠯᠬᠤ ᠡᠯ᠎ᠡ ᠵᠦᠶ᠋ᠯ᠎ᠦᠨ ᠠᠵᠢᠯ᠎ᠢ ᠭᠦᠨᠵᠡᠭᠡᠶ ᠨᠠᠷᠢᠯᠢᠭ ᠪᠣᠳᠠᠲᠠᠶ ᠬᠢᠵᠦ᠍᠂ ᠪᠢᠳᠡ ᠦᠨᠭᠭᠡᠷᠡᠭᠰᠡᠨ ᠤ᠋ ᠠᠯᠢ ᠦᠶ᠎ᠠ ᠡᠴᠡ ᠴᠤ᠌ ᠢᠯᠡᠬᠦᠤ ᠨᠠᠩ ᠪᠦᠯᠬᠦᠮᠳᠡᠯ᠎ᠲᠡᠶ ᠰᠠᠢᠨ ᠰᠠᠢᠬᠠᠨ ᠨᠡᠢᠭᠡᠮ ᠵᠢᠷᠤᠮᠲᠤ ᠱᠢᠨᠵᠢᠶᠠᠩ᠎ᠢ ᠪᠥᠲᠥᠭᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠦᠴᠤᠷᠭᠡᠭ ᠤᠯᠤᠰ ᠤ᠋ᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠢᠷᠠᠭᠤ ᠠᠯᠳᠠᠷ ᠎ᠢ ᠬᠠᠮᠲᠤ᠎ᠪᠠᠷ ᠡᠳ᠋ᠯᠡᠭᠦᠯᠬᠦ ᠴᠢᠳᠠᠪᠤᠷᠢ ᠪᠠ ᠵᠣᠷᠢᠭ᠎ᠲᠠᠶ ᠶᠤᠮ᠃

ᠶᠡᠷᠦᠩᠬᠡᠢ ᠱᠦᠵᠢ ᠰᠢ ᠵᠢᠨ ᠫᠢᠩ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠱᠢᠵᠢᠮ ᠮᠥᠨ》᠂ 《ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠱᠢᠨᠵᠢᠶᠠᠩ᠎ᠳᠤ ᠱᠢᠨ᠎ᠡ ᠠᠵᠠ ᠲᠣᠬᠢᠶᠠᠯ ᠲᠤᠯᠭᠠᠷᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ》ᠭᠡᠵᠦ᠍ ᠴᠢᠬᠤᠯᠠᠴᠢᠯᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠳᠤ ᠦᠵᠡᠰᠭᠦᠯᠡᠩᠲᠦ ᠰᠠᠢᠬᠠᠨ ᠱᠢᠨᠵᠢᠶᠠᠩ᠎ᠢ ᠨᠡᠩ ᠰᠠᠢᠲᠤᠷ ᠪᠦᠳᠦᠭᠡᠨ ᠪᠠᠢᠭᠤᠯᠬᠤ᠎ᠳᠤ ᠡᠷᠬᠡᠪᠰᠢ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠰᠢᠵᠢᠮ᠎ᠢ ᠴᠢᠩᠭ᠎ᠠ ᠡᠵᠡᠮᠳᠡᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠱᠢᠨᠵᠢᠶᠠᠩ᠎ᠤᠨ ᠠᠵᠢᠯ᠎ᠤᠨ ᠢᠮᠠᠭ᠍ᠲᠠ ᠵᠥᠪ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠨᠡᠢᠭᠡᠮ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠶ᠋ᠢ ᠡᠷᠡᠰ ᠭᠤᠢᠪᠢᠰᠢ ᠦᠭᠡᠢ ᠪᠡᠷ ᠲᠡᠷᠢᠭᠦᠨ ᠪᠠᠢᠷᠢᠨ᠎ᠳᠤ ᠲᠠᠯᠪᠢᠵᠤ᠂ ᠬᠠᠤᠯᠢ ᠶᠣᠰᠣᠭᠠᠷ ᠱᠢᠨᠵᠢᠶᠠᠩ᠎ᠢ ᠵᠠᠰᠠᠬᠤ᠎ᠶ᠋ᠢ ᠪᠠᠷᠢᠮᠲᠠᠯᠠᠨ᠂ ᠨᠡᠢᠭᠡᠮ᠎ᠦᠨ ᠲᠣᠭ᠍ᠲᠠᠭᠤᠨ ᠪᠠᠢᠳᠠᠯ᠎ᠤᠨ ᠦᠨᠳᠦᠰᠦᠨ ᠱᠠᠲᠤᠨ᠎ᠤ ᠰᠠᠭᠤᠷᠢ᠎ᠶ᠋ᠢ ᠪᠡᠬᠢᠵᠢᠭᠦᠯᠵᠦ᠍᠂ ᠨᠡᠢᠭᠡᠮ᠎ᠦᠨ ᠶᠡᠬᠡ ᠲᠠᠯ᠎ᠠ᠎ᠶ᠋ᠢᠨ ᠦᠷᠭᠦᠯᠵᠢᠯᠡᠨ ᠲᠣᠭ᠍ᠲᠠᠭᠤᠨ ᠪᠠᠢᠬᠤ᠂ ᠤᠷᠳᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ᠎ᠶ᠋ᠢ ᠪᠡᠶᠡᠯᠡᠭᠦᠯᠬᠦ᠌᠎ᠶ᠋ᠢ  ᠠᠬᠢᠭᠤᠯᠬᠤ ᠬᠡᠷᠡᠭ᠌ᠲᠡᠢ; ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠡᠷᠡᠰ ᠭᠤᠢᠪᠢᠰᠢ ᠦᠭᠡᠢ ᠪᠡᠬᠢᠵᠢᠭᠦᠯᠦᠨ ᠬᠥᠭ᠌ᠵᠢᠭᠦᠯᠵᠦ᠍᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠠᠭᠤᠰᠤᠯᠴᠠᠯ ᠤ᠋ᠨ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠨᠥᠬᠥᠴᠡᠯ᠎ᠢ ᠪᠠᠢᠭᠤᠯᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠠᠤᠯᠢ ᠶᠣᠰᠣᠭᠠᠷ ᠴᠢᠩᠭᠠᠳᠭᠠᠬᠤ ᠬᠡᠷᠡᠭᠳᠡᠢ; ᠠᠷᠠᠳ᠎ᠤᠨ ᠠᠮᠢᠳᠤᠷᠠᠯ᠎ᠲᠠᠶ ᠡᠷᠡᠰ ᠭᠤᠢᠪᠢᠰᠢ ᠦᠭᠡᠢ᠎ᠪᠡᠷ ᠨᠢᠭ᠍ᠲᠠ ᠤᠶᠠᠯᠳᠤᠭᠤᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢᠶᠡᠷ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ; ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠬᠦ᠌᠎ᠶ᠋ᠢ ᠭᠤᠢᠪᠢᠰᠢ ᠦᠭᠡᠶ ᠪᠠᠷᠢᠮᠲᠠᠯᠠᠵᠤ᠂ ᠳᠡᠯᠡᠬᠡᠶ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠢᠯ᠎ᠦᠨ ᠡᠬᠢ ᠪᠠᠶᠠᠯᠢᠭ᠎ᠢ ᠨᠡᠩ ᠰᠠᠢᠲᠤᠷ ᠠᠱᠢᠭ᠍ᠯᠠᠨ ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ᠎ᠶ᠋ᠢᠨ ᠭᠣᠣᠯ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ  ᠠᠬᠢᠭᠤᠯᠵᠤ ᠂ ᠠᠽᠢᠶ᠎ᠠ ᠧᠦ᠋ᠷᠣᠫᠠ᠎ᠶ᠋ᠢᠨ ᠱᠢᠵᠢᠷ ᠠᠯᠲᠠᠨ ᠵᠠᠮ ᠪᠠ ᠪᠠᠷᠠᠭᠤᠨᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢ ᠪᠤᠶ ᠪᠣᠯᠭᠠᠬᠤ  ᠬᠡᠷᠡᠭᠳᠡᠢ᠃

ᠰᠡᠳᠭᠢᠯ ᠬᠦᠴᠦᠨ᠎ᠢ ᠨᠢᠭᠳᠠᠷᠠᠭᠤᠯᠤᠨ ᠬᠥᠭ᠌ᠵᠢᠯᠲᠡ᠎ᠶ᠋ᠢ ᠡᠷᠢᠯᠬᠢᠯᠡᠵᠦ᠍᠂ ᠰᠡᠳᠭᠢᠯ ᠨᠢᠬᠡᠲᠥᠨ ᠬᠦᠴᠦ ᠪᠠᠨ ᠬᠠᠮᠳᠤᠳᠬᠠᠵᠤ ᠢᠷᠡᠭᠡᠳᠦᠶ᠎ᠪᠡᠨ ᠴᠣᠭ᠍ᠴᠠᠯᠠᠶ᠎ᠠ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠤᠳᠠᠭᠠᠨ ᠲᠠᠭᠠᠭᠠᠮᠠᠭᠠᠢ ᠵᠢᠳᠭᠦᠨ ᠴᠢᠷᠮᠠᠢᠵᠤ᠂ ᠪᠦᠯᠬᠦᠮᠳᠡᠯ᠎ᠲᠡᠶ ᠡᠶ᠎ᠡ ᠵᠣᠬᠢᠴᠠᠩᠭᠤᠢ᠂ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ᠂ ᠪᠣᠯᠪᠠᠰᠤᠨ ᠲᠠᠪᠱᠢᠯᠳᠠ᠎ᠲᠠᠶ᠂ ᠠᠮᠤᠷ ᠠᠮᠤᠭᠤᠯᠠᠩ ᠠᠵᠤ ᠲᠦᠷᠦᠭᠦ᠌᠂ ᠠᠮᠢ ᠠᠬᠤᠢ ᠰᠠᠢ᠌ᠨ ᠰᠠᠢᠬᠠᠨ ᠦᠵᠡᠰᠭᠦᠯᠡᠩᠲᠦ ᠰᠠᠢᠬᠠᠨ ᠱᠢᠨᠵᠢᠶᠠᠩ᠎ᠢ ᠬᠦᠴᠦᠯᠡᠨ ᠪᠦᠳᠦᠭᠡᠨ ᠪᠠᠢᠭᠤᠯᠤᠶ᠎ᠠ᠃ ᠱᠢᠨᠵᠢᠶᠠᠩ᠎ᠤᠨ ᠢᠷᠡᠭᠡᠳᠦᠢ ᠯᠠᠪᠲᠠᠢ ᠨᠡᠩ ᠬᠥᠭ᠌ᠵᠢᠨ ᠮᠠᠨᠳᠤᠵᠤ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠳᠤᠷᠠᠯ ᠯᠠᠪᠲᠠᠢ ᠨᠡᠩ ᠵᠣᠯ ᠵᠢᠷᠭᠠᠯ᠎ᠲᠠᠶ ᠰᠠᠢ᠌ᠨ ᠰᠠᠢᠬᠠᠨ ᠪᠣᠯᠬᠤ᠎ᠶ᠋ᠢ ᠪᠢᠳᠡ ᠪᠠᠲᠤ ᠢᠲᠡᠭᠡᠵᠦ᠍ ᠪᠠᠢᠨ᠎ᠠ!

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号