9 ᠰᠠᠷ᠎ᠠ ᠶ᠋ᠢᠨ 22᠎ᠤ᠋ᠨ ᠡᠳᠦᠷ᠂ ᠬᠥᠬᠡᠬᠣᠲᠠ ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠠ᠋ᠴᠠ ᠭᠣᠣᠯᠯᠠᠨ ᠡᠷᠭᠢᠯᠡᠭᠰᠡᠨ 《ᠬᠥᠳᠡᠯᠮᠦᠷᠢ ᠭᠤᠸ᠎ᠠ ᠰᠠᠢᠬᠠᠨ ᠣᠶᠤᠨ᠎ᠤ ᠡᠭᠦᠳᠦᠯᠲᠡ》 ᠪᠦᠬᠦ ᠬᠣᠲᠠ ᠶ᠋ᠢᠨ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ᠎ᠤᠨ ᠬᠥᠳᠡᠯᠮᠦᠷᠢ ᠭᠤᠸ᠎ᠠ ᠰᠠᠢᠬᠠᠨ᠎ᠤ ᠬᠥᠮᠦᠵᠢᠯ᠎ᠦᠨ ᠬᠢᠴᠢᠶᠡᠯ᠎ᠦᠨ ᠪᠠᠢᠭᠤᠯᠤᠯᠲᠠ ᠶ᠋ᠢᠨ ᠦᠷ᠎ᠡ ᠪᠦᠲᠦᠭᠡᠯ᠎ᠦᠨ ᠦᠵᠡᠭᠦᠯᠭᠡ ᠬᠥᠬᠡᠬᠣᠲᠠ ᠶ᠋ᠢᠨ ᠬᠣᠲᠣᠩ ᠦᠨᠳᠦᠰᠦᠳᠡᠨ ᠤ᠋ ᠳᠤᠮᠳᠠᠳᠤ ᠰᠤᠷᠭᠠᠭᠤᠯᠢ᠎ᠳᠤ ᠶᠠᠪᠤᠭᠳᠠᠪᠠ᠃
ᠲᠣᠰ ᠤᠳᠠᠭᠠᠨ᠎ᠤ ᠦᠵᠡᠭᠦᠯᠭᠡ᠎ᠶᠢᠨ ᠠᠭᠤᠯᠭ᠎ᠠ ᠨᠢ ᠡᠯᠪᠡᠭ ᠪᠠᠶᠠᠯᠢᠭ᠋ ᠣᠯᠠᠨ ᠶᠠᠩᠵᠤ᠎ᠶᠢᠨ ᠪᠠᠢᠵᠤ᠂ ᠬᠥᠳᠡᠯᠮᠦᠷᠢ᠎ᠶᠢᠨ ᠬᠥᠮᠦᠵᠢᠯ ᠪᠠ ᠭᠤᠸ᠎ᠠ ᠰᠠᠢᠬᠠᠨ᠎ᠤ ᠬᠥᠮᠦᠵᠢᠯ᠎ᠦᠨ ᠰᠢᠨᠵᠢᠯᠡᠭᠡᠨ᠎ᠦ ᠰᠠᠯᠠᠭ᠎ᠠ ᠠᠯᠤᠰᠯᠠᠨ ᠠᠭᠤᠰᠤᠯᠴᠠᠬᠤ ᠵᠢᠴᠢ ᠰᠢᠨ᠎ᠡ ᠮᠡᠷᠭᠡᠵᠢᠯ᠎ᠢ ᠬᠥᠳᠡᠯᠮᠦᠷᠢ᠎ᠶᠢᠨ ᠬᠥᠮᠦᠵᠢᠯ᠎ᠳᠦ ᠠᠭᠤᠰᠤᠯᠴᠠᠭᠤᠯᠬᠤ᠎ᠪᠠᠷ ᠭᠣᠣᠯ ᠬᠡᠯᠪᠡᠷᠢ ᠪᠣᠯᠭᠠᠵᠤ᠂ ᠤᠯᠠᠮᠵᠢᠯᠠᠯᠲᠤ ᠬᠥᠳᠡᠯᠮᠦᠷᠢ᠎ᠶᠢᠨ ᠬᠥᠮᠦᠵᠢᠯ᠎ᠦᠨ ᠬᠢᠴᠢᠶᠡᠯ᠎ᠦᠨ ᠪᠠᠢᠭᠤᠯᠤᠯᠲᠠ᠎ᠶᠢᠨ ᠦᠷ᠎ᠡ ᠪᠦᠲᠦᠭᠡᠯ᠂ ᠬᠥᠳᠡᠯᠮᠦᠷᠢ᠎ᠶᠢᠨ ᠬᠥᠮᠦᠵᠢᠯ ᠪᠠ ᠭᠤᠸ᠎ᠠ ᠰᠠᠢᠬᠠᠨ᠎ᠤ ᠬᠥᠮᠦᠵᠢᠯ᠎ᠦᠨ ᠰᠢᠨᠵᠢᠯᠡᠭᠡᠨ᠎ᠦ ᠰᠠᠯᠠᠭ᠎ᠠ ᠠᠯᠤᠰᠯᠠᠨ ᠠᠭᠤᠰᠤᠯᠴᠠᠭᠤᠯᠤᠭᠰᠠᠨ ᠬᠥᠳᠡᠯᠮᠦᠷᠢ᠎ᠶᠢᠨ ᠬᠥᠮᠦᠵᠢᠯ᠎ᠦᠨ ᠬᠢᠴᠢᠶᠡᠯ ᠦᠨ ᠪᠠᠢᠭᠤᠯᠤᠯᠲᠠ ᠶᠢᠨ ᠦᠷ᠎ᠡ ᠪᠦᠲᠦᠭᠡᠯ ᠵᠢᠴᠢ ᠰᠢᠨ᠎ᠡ ᠮᠡᠷᠭᠡᠵᠢᠯ ᠪᠠ ᠬᠥᠳᠡᠯᠮᠦᠷᠢ᠎ᠶᠢᠨ ᠬᠥᠮᠦᠵᠢᠯ᠎ᠢ ᠠᠭᠤᠰᠤᠯᠴᠠᠭᠤᠯᠤᠭᠰᠠᠨ ᠬᠢᠴᠢᠶᠡᠯ᠎ᠦᠨ ᠪᠠᠢᠭᠤᠯᠤᠯᠲᠠ᠎ᠶᠢᠨ ᠦᠷ᠎ᠡ ᠪᠦᠲᠦᠭᠡᠯ ᠵᠡᠷᠭᠡ᠎ᠶᠢ ᠬᠠᠮᠤᠷᠴᠠᠢ᠃ ᠠᠵᠢᠯᠯᠠᠭ᠎ᠠ ᠨᠢ 《ᠦᠢᠯᠡᠳᠦᠯᠭᠡ᠎ᠶᠢᠨ ᠠᠵᠢᠯ᠎ᠤᠨ ᠦᠷᠦᠬᠡ》 ᠵᠢᠨ ᠬᠡᠯᠪᠡᠷᠢ᠎ᠪᠡᠷ ᠲᠤᠬᠠᠢ᠎ᠶᠢᠨ ᠲᠠᠯᠠᠪᠠᠶ᠎ᠳᠤ ᠳᠡᠯᠭᠡᠨ ᠦᠵᠡᠭᠦᠯᠵᠦ᠂ ᠶᠡᠷᠦᠩᠬᠡᠢᠯᠡᠭᠰᠡᠨ ᠴᠢᠨᠠᠷ᠂ ᠦᠢᠯᠡᠳᠦᠯᠭᠡ᠎ᠶᠢᠨ ᠴᠢᠨᠠᠷ᠂ ᠪᠡᠶᠡᠴᠢᠯᠡᠨ ᠣᠢᠯᠠᠭᠠᠬᠤ ᠬᠡᠯᠪᠡᠷᠢ ᠪᠡᠷ ᠳᠡᠮᠵᠢᠨ᠂ ᠦᠰᠦᠭ ᠪᠢᠴᠢᠭ᠎ᠦᠨ ᠦᠵᠡᠭᠦᠯᠭᠡ᠎ᠶᠢᠨ ᠰᠠᠮᠪᠠᠷ᠎ᠠ ᠪᠠ ᠲᠤᠬᠠᠢ᠎ᠶᠢᠨ ᠲᠠᠯᠠᠪᠠᠶᠳ᠋ᠤ ᠳᠠᠢᠯᠪᠤᠷᠢᠯᠠᠬᠤ ᠵᠡᠷᠭᠡ ᠠᠷᠭ᠎ᠠ ᠮᠠᠶᠢᠭ᠋᠎ᠢᠶᠠᠷ ᠬᠠᠪᠰᠤᠷᠤᠮᠵᠢ ᠪᠣᠯᠭᠠᠨ᠂ ᠡᠯ᠎ᠡ ᠰᠤᠷᠭᠠᠭᠤᠯᠢ᠎ᠶᠢᠨ ᠬᠥᠳᠡᠯᠮᠦᠷᠢ᠎ᠶᠢᠨ ᠬᠥᠮᠦᠵᠢᠯ ᠪᠠ ᠭᠤᠸ᠎ᠠ ᠰᠠᠢᠬᠠᠨ᠎ᠤ ᠬᠥᠮᠦᠵᠢᠯ᠎ᠦᠨ ᠬᠢᠴᠢᠶᠡᠯ᠎ᠦᠨ ᠪᠠᠢᠭᠤᠯᠤᠯᠲᠠ᠎ᠶᠢᠨ ᠪᠠᠢᠳᠠᠯ᠎ᠢ ᠪᠥᠬᠥ ᠲᠠᠯ᠎ᠠ᠎ᠪᠠᠷ ᠳᠡᠯᠬᠡᠨ ᠦᠵᠡᠬᠦᠯᠵᠦ᠂ ᠰᠢᠯᠢᠳᠡᠭ ᠬᠢᠴᠢᠶᠡᠯ᠎ᠦᠨ ᠪᠠᠢᠭᠤᠯᠤᠯᠲᠠ᠎ᠶᠢᠨ ᠲᠤᠷᠰᠢᠯᠭ᠎ᠠ᠎ᠪᠠᠨ ᠰᠣᠯᠢᠯᠴᠠᠨ ᠳᠡᠯᠭᠡᠷᠡᠭᠦᠯᠵᠦ᠂ ᠬᠥᠬᠡᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠬᠥᠳᠡᠯᠮᠦᠷᠢ᠎ᠶᠢᠨ ᠬᠥᠮᠦᠵᠢᠯ ᠭᠤᠸ᠎ᠠ ᠰᠠᠢᠬᠠᠨ᠎ᠤ ᠬᠥᠮᠦᠵᠢᠯ᠎ᠦᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠴᠢᠨᠠᠷ ᠪᠠ ᠰᠢᠨ᠎ᠡ ᠶᠢ ᠡᠭᠦᠳᠬᠦ ᠴᠢᠳᠠᠪᠤᠷᠢ᠎ᠶᠢᠨ ᠪᠥᠬᠥ ᠲᠠᠯ᠎ᠠ᠎ᠪᠠᠷ ᠳᠡᠭᠡᠭᠰᠢᠯᠡᠬᠦᠯᠬᠦ᠎ᠶᠢ ᠠᠬᠢᠭᠤᠯᠪᠡ᠃
ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂ ᠰᠢᠨ᠎ᠡ ᠬᠤᠳᠠ ᠲᠣᠭᠣᠷᠢᠭ᠋᠎ᠤᠨ ᠭᠤᠸᠠᠩ ᠬᠤᠸᠠ ᠪᠠᠭ᠎ᠠ ᠰᠤᠷᠭᠠᠭᠤᠯᠢ᠎ᠶᠢᠨ ᠦᠵᠡᠭᠦᠯᠭᠡ ᠬᠥᠮᠥᠰ᠎ᠦᠨ ᠠᠩᠬᠠᠷᠤᠯ᠎ᠢ ᠲᠠᠲᠠᠵᠤ ᠪᠠᠢᠯ᠎ᠠ᠃ ᠲᠤᠰ ᠰᠤᠷᠭᠠᠭᠤᠯᠢ ᠨᠢ 《ᠪᠣᠯᠪᠠᠰᠤᠨ᠎ᠤ ᠤᠯᠠᠮᠵᠢᠯᠠᠯ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠤᠯᠠᠷᠢᠯ ᠬᠤᠪᠢᠰᠤᠯ》 ᠵᠢᠡᠷ ᠭᠣᠣᠯ ᠰᠢᠵᠢᠮ ᠪᠣᠯᠭᠠᠵᠤ᠂ ᠳᠤᠮᠳᠠᠳᠤ᠎ᠶᠢᠨ ᠲᠠᠪᠤᠨ ᠮᠢᠩᠭᠠᠨ ᠵᠢᠯ᠎ᠦᠨ ᠰᠣᠶᠣᠯ ᠪᠣᠯᠣᠨ ᠮᠡᠷᠭᠡᠵᠢᠯ᠎ᠦᠨ ᠤᠯᠠ ᠮᠥᠷ᠎ᠢ ᠬᠣᠯᠪᠣᠭᠰᠠᠨ ᠪᠦᠲᠦᠭᠡᠯ᠎ᠦᠨ ᠦᠵᠡᠬᠦᠯᠬᠡ ᠨᠢ ᠬᠥᠮᠥᠰ᠎ᠦᠨ ᠠᠩᠬᠠᠷᠤᠯ᠎ᠢ ᠲᠠᠲᠠᠵᠤ᠂ ᠶᠠᠰᠤᠨ ᠪᠢᠴᠢᠭ᠎ᠦᠨ ᠬᠠᠭᠤᠯᠪᠤᠷᠢ ᠰᠡᠢᠯᠦᠮᠡᠯ᠂ ᠬᠠᠨ ᠤᠯᠤᠰ᠎ᠤᠨ ᠦᠶ᠎ᠡ ᠶ᠋ᠢᠨ ᠭᠠᠷ ᠤᠷᠠᠯᠠᠯ᠎ᠤᠨ ᠳᠠᠭᠤᠷᠢᠶᠠᠮᠠᠯ ᠪᠦᠲᠦᠭᠡᠭᠳᠡᠬᠦᠨ ᠵᠡᠷᠭᠡ ᠶ᠋ᠢ ᠲᠣᠰ ᠰᠤᠷᠭᠠᠭᠤᠯᠢ ᠶ᠋ᠢᠨ ᠪᠠᠭ᠍ᠰᠢ ᠰᠤᠷᠤᠭ᠍ᠴᠢᠳ ᠬᠠᠮᠲᠤ᠎ᠪᠠᠷ ᠪᠡᠶᠡᠯᠡᠭᠦᠯᠵᠦ᠂ ᠤᠯᠠᠮᠵᠢᠯᠠᠯᠲᠤ ᠰᠣᠶᠣᠯ᠎ᠤᠨ ᠭᠦᠨ ᠠᠭᠤᠯᠬᠤᠨ ᠢ᠋ ᠤᠯᠠᠮᠵᠢᠯᠠᠭᠰᠠᠨ᠎ᠢᠶᠠᠷ ᠪᠠᠷᠠᠬᠤ ᠦᠭᠡᠢ ᠪᠠᠰᠠ ᠰᠢᠨ᠎ᠡ ᠶ᠋ᠢ ᠡᠭᠦᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠠᠭ ᠦᠶ᠎ᠡ ᠶ᠋ᠢᠨ ᠠᠮᠢᠵᠢᠷᠠᠯ᠎ᠤᠨ ᠬᠦᠴᠦᠨ ᠢ᠋ ᠢᠯᠡᠷᠡᠭᠦᠯᠵᠦ᠂ ᠬᠥᠳᠡᠯᠮᠦᠷᠢ ᠶ᠋ᠢᠨ ᠬᠥᠮᠦᠵᠢᠯ ᠪᠠ ᠭᠤᠸ᠎ᠠ ᠰᠠᠢᠬᠠᠨ᠎ᠤ ᠬᠥᠮᠦᠵᠢᠯ᠎ᠦᠨ ᠭᠦᠨᠵᠡᠭᠡᠢ ᠠᠭᠤᠰᠤᠯᠴᠠᠯ ᠢ᠋ ᠪᠦᠷᠢᠨ ᠲᠡᠭᠦᠯᠳᠡᠷ ᠲᠠᠢᠯᠪᠤᠷᠢᠯᠠᠭᠰᠠᠨ ᠪᠠᠢᠨ᠎ᠠ᠃