ᠡᠨᠡ ᠵᠢᠯ ᠬᠥᠬᠡᠬᠣᠲᠠ ᠵᠢᠨ ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠬᠤ ᠲᠥᠪ ᠤ᠋ᠨ ᠬᠢᠨ ᠬᠡᠭᠡᠷ᠎ᠡ ᠵᠢᠨ ᠠᠮᠢᠲᠠᠨ ᠢ᠋ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠡᠨ ᠭᠦᠨᠵᠡᠭᠡᠶ ᠦᠶ᠋ᠯᠡᠳᠦᠯᠭᠡᠵᠢᠭᠦᠯᠵᠦ᠍᠂ 《ᠠᠪᠤᠷᠠᠨ ᠲᠤᠰᠠᠯᠠᠬᠤ ᠲᠥᠪ — ᠬᠠᠤᠯᠢ ᠬᠡᠷᠡᠭᠵᠢᠬᠦᠯᠬᠦ ᠪᠠᠢᠭᠤᠯᠭ᠎ᠠ — ᠬᠤᠲᠠ ᠵᠢᠨ ᠠᠷᠠᠳ ᠤᠯᠠᠨ》 ᠭᠤᠷᠪᠠᠨ ᠱᠠᠲᠤᠨ ᠤ᠋ ᠬᠣᠯᠪᠣᠭᠠᠯᠠᠨ ᠠᠪᠤᠷᠠᠨ ᠲᠤᠰᠠᠯᠠᠬᠤ ᠳᠤᠤᠷ ᠲᠦ᠍ ᠲᠦᠱᠢᠭ᠌ᠯᠡᠨ᠂ ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠬᠤ ᠠᠵᠢᠯ ᠢ᠋ ᠥᠨᠳᠥᠷ ᠪᠦᠲᠦᠮᠵᠢᠲᠡᠶ ᠥᠷᠨᠢᠭᠦᠯᠵᠤ ᠪᠤᠢ᠃
8 ᠰᠠᠷ᠎ᠠ ᠵᠢᠨ ᠰᠡᠭᠦᠯᠴᠢ ᠪᠤᠯᠲᠠᠯ᠎ᠠ᠂ ᠬᠦᠬᠡᠬᠤᠲᠠ ᠵᠢᠨ ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠬᠤ ᠲᠥᠪᠤᠨ ᠬᠢᠨ ᠨᠡᠢᠲᠡ 64 ᠤᠳᠠᠭ᠎ᠠ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠵᠦ᠍᠂ 100 ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠪᠠ ᠃ ᠡᠭᠦᠨ ᠳ᠋ᠤ 80 ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠳᠠ ᠵᠢᠨ ᠠᠮᠢᠲᠠᠨ ᠢ᠋ ᠠᠪᠤᠷᠠᠨ ᠲᠤᠰᠠᠯᠠᠵᠤ᠂ ᠠᠪᠤᠷᠠᠨ ᠲᠤᠰᠠᠯᠠᠬᠰᠠᠨ ᠶᠡᠷᠦᠩᠬᠡᠶ ᠬᠡᠮᠵᠢᠶ᠎ᠡ ᠵᠢᠨ 80%ᠶ᠋ᠢ ᠡᠵᠡᠯᠡᠪᠡ; ᠠᠮᠢ ᠠᠬᠤᠶ᠂ ᠱᠢᠨᠵᠢᠯᠡᠬᠦ᠌ ᠤᠬᠠᠭᠠᠨ ᠪᠠ ᠨᠡᠢᠭᠡᠮ ᠤ᠋ᠨ ᠦᠨ᠎ᠡ ᠥᠷᠲᠡᠭᠪᠦᠬᠦᠢ 20 ᠬᠠᠮᠠᠭᠠᠯᠠᠯᠲᠠ ᠵᠢᠨ ᠠᠮᠢᠲᠠᠨ ᠢ᠋ ᠠᠪᠤᠷᠠᠨ ᠲᠤᠰᠠᠯᠠᠵᠤ᠂ ᠭᠠᠵᠠᠷ ᠣᠷᠣᠨ ᠤ᠋ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠨ᠂ ᠠᠮᠢ ᠠᠬᠤᠶ ᠵᠢᠨ ᠬᠡᠯᠬᠢᠶ᠎ᠡ ᠵᠢᠨ ᠪᠦᠷᠢᠨ ᠪᠦᠲᠦᠨ ᠴᠢᠨᠠᠷ ᠢ᠋ ᠪᠠᠲᠤᠯᠠᠵᠤ᠂ ᠲᠠᠷᠠᠴᠢᠯᠠᠨ ᠠᠮᠢ ᠠᠬᠤᠶ ᠵᠢᠨ ᠠᠮᠤᠷ ᠲᠦᠪᠱᠢᠨ ᠢ᠋ ᠪᠠᠲᠤᠯᠠᠬᠤ ᠳ᠋ᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号