ᠪᠠᠷᠠᠭᠤᠨ ᠯᠢᠶᠣᠤ ᠾᠧ ᠭᠣᠣᠯ ᠤ᠋ᠨ ᠭᠣᠣᠯ ᠤᠷᠤᠰᠭᠠᠯ ᠳᠠᠬᠢᠨᠲᠠ ᠪᠦᠬᠦ᠌ ᠱᠤᠭᠤᠮ ᠢ᠋ᠢᠡᠷ ᠤᠷᠤᠰᠪᠠ
2025-09-26 16:22:02
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ 9 ᠰᠠᠷ᠎ᠠ ᠢ᠋ᠢᠨ 13 ᠤ᠋ ᠡᠳᠦᠷ ᠤ᠋ᠨ 23 ᠴᠠᠭ᠎ᠲᠤ᠂  ᠪᠠᠷᠠᠭᠤᠨ ᠯᠢᠶᠣᠤ ᠾᠧ ᠭᠣᠣᠯ ᠤ᠋ᠨ ᠭᠣᠣᠯ ᠤᠷᠤᠰᠭᠠᠯ ᠳᠠᠬᠢᠨᠲᠠ ᠪᠦᠬᠦ᠌ ᠱᠤᠭᠤᠮ ᠢ᠋ᠢᠡᠷ ᠤᠷᠤᠰᠴᠤ᠂ ᠪᠠᠷᠠᠭᠤᠨ ᠯᠢᠶᠣᠤ ᠾᠧ ᠭᠣᠣᠯ ᠤ᠋ᠨ ᠠᠮᠢ ᠠᠬᠤᠶ ᠴᠢᠨᠠᠭᠰᠢᠳᠠ ᠰᠡᠷᠭᠦᠪᠠ᠃

ᠡᠨᠡ ᠵᠢᠯ ᠤ᠋ᠨ ᠦᠶᠡᠷ ᠤ᠋ᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠤᠷᠢᠳᠴᠢᠯᠠᠨ ᠪᠠᠢᠷᠢᠯᠠᠭᠤᠯᠵᠤ ᠤᠷᠢᠳᠴᠢᠯᠠᠨ ᠵᠢᠯᠣᠭᠣᠳᠴᠤ᠂ ᠳᠡᠭᠡᠳᠦ ᠤᠷᠤᠰᠭᠠᠯ ᠤ᠋ᠨ ᠤᠰᠤᠨ ᠤ᠋ ᠬᠡᠮᠵᠢᠶ᠎ᠡ ᠨᠡᠯᠢᠶᠡᠳ ᠶᠡᠬᠡ ᠪᠠᠢᠬᠤ ᠠᠱᠢᠭ᠍ᠲᠠᠶ ᠲᠣᠬᠢᠶᠠᠯ ᠢ᠋ ᠠᠳᠭᠤᠵᠤ᠂ ᠦᠶᠡᠷ ᠢ᠋ ᠰᠡᠷᠭᠡᠢᠯᠡᠬᠦ᠌ ᠠᠮᠤᠷ ᠲᠦᠪᠱᠢᠨ ᠢ᠋ ᠦᠨᠡᠨ ᠬᠦ᠌ ᠪᠠᠲᠤᠯᠠᠭ᠍ᠰᠠᠨ ᠤᠷᠢᠲᠠᠯ ᠳᠤᠤᠷ᠎ᠠ ᠲᠦᠩᠯᠢᠶᠣᠤ ᠬᠣᠲᠠ᠂ ᠤᠯᠠᠭᠠᠨᠬᠠᠳᠠ ᠬᠣᠲᠠ ᠢ᠋ᠢᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠣᠯᠤᠨ ᠨᠢᠭᠡᠴᠢ ᠢ᠋ᠢ ᠵᠢᠯᠣᠭᠣᠳᠤᠨ ᠪᠠᠷᠠᠭᠤᠨ ᠯᠢᠶᠣᠤ ᠾᠧ ᠭᠤᠤᠯ ᠤ᠋ᠨ ᠭᠤᠤᠯ ᠤᠷᠤᠰᠭᠠᠯ ᠤ᠋ᠨ ᠳᠠᠬᠢᠨᠲᠠ ᠪᠥᠬᠥ᠌ ᠱᠤᠭᠤᠮ ᠢ᠋ᠢᠡᠷ ᠥᠩᠭᠡᠷᠡᠬᠦ᠌ ᠢ᠋ᠢ ᠬᠦᠴᠦᠲᠠᠢ ᠠᠬᠢᠭᠤᠯᠪᠠ᠃ ᠮᠠᠨ ᠤ᠋ ᠤᠷᠤᠨ 8 ᠰᠠᠷ᠎ᠠ ᠢ᠋ᠢᠨ 15 ᠤ᠋ ᠡᠳᠦᠷ ᠡᠴᠡ ᠡᠬᠢᠯᠡᠨ ᠦᠶᠡᠷ ᠤ᠋ᠨ ᠬᠤᠭᠤᠴᠠᠭᠠᠨ ᠤ᠋ ᠲᠣᠬᠢᠷᠠᠭᠤᠯᠤᠯᠲᠠ ᠢ᠋ᠢ ᠵᠢᠩᠬᠢᠨᠢ ᠪᠡᠷ ᠡᠬᠢᠯᠡᠭᠦᠯᠵᠦ᠍ ᠂ ᠨᠡᠢᠲᠡ 1.84 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠠᠮᠢ ᠠᠬᠤᠶ ᠢ᠋ᠢᠨ ᠤᠰᠤ ᠢ᠋ᠢ ᠳᠣᠷᠣᠭ᠍ᠰᠢ ᠪᠠᠭᠤᠯᠭᠠᠭ᠍ᠰᠠᠨ ᠪᠥᠭᠡᠳ ᠴᠤᠤᠯ ᠭᠤᠤᠯ ᠤ᠋ᠨ ᠤᠰᠤ ᠢ᠋ᠢ ᠲᠠᠲᠠᠵᠤ ᠯᠢᠶᠣᠤ ᠾᠧ ᠭᠤᠤᠯ ᠳ᠋ᠤ ᠨᠡᠮᠡᠷᠢᠯᠡᠬᠦ᠌ ᠢᠨᠵᠧᠨᠧᠷᠢᠩ ᠢ᠋ᠢᠡᠷ ᠳᠠᠮᠵᠢᠨ ᠪᠠᠷᠠᠭᠤᠨ ᠯᠢᠶᠣᠤ ᠾᠧ ᠭᠤᠤᠯ ᠤ᠋ᠨ ᠭᠤᠤᠯ ᠤᠷᠤᠰᠭᠠᠯ ᠳ᠋ᠤ 933.2 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠠ; ᠭᠤᠤᠯ ᠤ᠋ᠨ ᠭᠤᠯᠳᠤᠷᠢᠯ ᠢ᠋ ᠨᠡᠪᠲᠡᠷᠡᠭᠦᠯᠬᠦ᠌ ᠢ᠋ᠢ ᠴᠢᠩᠭᠠᠳᠬᠠᠵᠤ᠂ ᠲᠤᠰᠭᠠᠶ ᠬᠦᠴᠦᠨ᠎ᠲᠣᠬᠢᠷᠠᠭᠤᠯᠤᠨ ᠭᠤᠤᠯ ᠤ᠋ᠨ ᠭᠤᠯᠳᠤᠷᠢᠯ ᠤ᠋ᠨ ᠬᠠᠢᠨ ᠪᠠᠢᠴᠠᠭᠠᠯᠲᠠ ᠥᠷᠨᠢᠭᠦᠯᠵᠦ᠍᠂ ᠪᠠᠷᠠᠭᠤᠨ ᠯᠢᠶᠣᠤ ᠾᠧ ᠭᠤᠤᠯ ᠤ᠋ᠨ ᠭᠤᠤᠯ ᠤᠷᠤᠰᠭᠠᠯ᠂ ᠱᠢᠶᠤᠤ ᠵᠤᠸᠠᠩ ᠾᠧ ᠭᠤᠤᠯ ᠵᠡᠷᠭᠡ ᠭᠤᠤᠯᠳᠠᠯᠭ᠎ᠠ ᠲᠠᠢ ᠭᠤᠤᠯ ᠤ᠋ᠨ ᠭᠤᠯᠳᠤᠷᠢᠯ ᠤ᠋ᠨ ᠤᠰᠤ ᠬᠣᠷᠢᠭ᠍ᠯᠠᠬᠤ ᠴᠡᠭ ᠢ᠋ ᠨᠡᠢᠲᠡ 60 ᠭᠠᠷᠤᠶ ᠤᠳᠠᠭ᠎ᠠ ᠴᠡᠪᠡᠷᠯᠠᠪᠠ;ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠵᠦ᠍᠂ ᠠᠮᠤᠷ ᠲᠦᠪᠱᠢᠨ ᠤ᠋ ᠬᠠᠮᠢᠶᠠᠷᠤᠯᠲᠠ ᠡᠵᠡᠮᠳᠡᠯ ᠢ᠋ ᠦᠨᠡᠨ ᠬᠦ᠌ ᠰᠠᠢᠲᠤᠷ ᠬᠢᠵᠤ᠂ ᠡᠯ᠎ᠡ ᠱᠠᠲᠤᠨ ᠤ᠋ ᠭᠤᠤᠯ ᠮᠥᠷᠡᠨ ᠤ᠋ ᠳᠠᠷᠤᠭ᠎ᠠ ᠢ᠋ᠢᠨ ᠬᠠᠷᠢᠭᠤᠴᠠᠯᠭ᠎ᠠ ᠢ᠋ᠢ ᠪᠣᠳᠠᠲᠠᠢᠵᠢᠭᠤᠯᠤᠨ᠂ ᠭᠤᠤᠯ ᠲᠣᠭᠣᠷᠢᠨ ᠪᠠᠢᠴᠠᠭᠠᠬᠤ ᠢ᠋ᠢ ᠴᠢᠩᠭᠠᠳᠭᠠᠵᠤ᠂ ᠭᠤᠤᠯ ᠮᠥᠷᠡᠨ ᠤ᠋ ᠤᠰᠤᠨ ᠤ᠋ ᠠᠮᠤᠷ ᠲᠦᠪᠱᠢᠨ ᠢ᠋ ᠪᠠᠲᠤᠯᠠᠬᠤ ᠢ᠋ᠢᠨ ᠬᠠᠮᠲᠤ ᠰᠡᠷᠡᠮᠵᠢᠯᠡᠭᠦᠯᠬᠦ᠌ ᠮᠡᠳᠡᠭᠡ ᠵᠠᠩᠭᠢ ᠢ᠋ᠢ ᠨᠡᠢᠲᠡ 41.2 ᠲᠦᠮᠡᠨ ᠵᠤᠷᠪᠤᠰ ᠨᠡᠢᠲᠡᠯᠡᠵᠦ᠍ ᠂ ᠵᠠᠮ ᠳᠠᠭᠠᠤ ᠢ᠋ᠢᠨ ᠰᠠᠭᠤᠭᠠᠯᠢ ᠠᠷᠠᠳ ᠤ᠋ᠨ ᠠᠮᠢ ᠨᠠᠰᠤ ᠡᠳ᠋ ᠬᠥᠷᠥᠩᠭᠡ ᠢ᠋ᠢᠨ ᠠᠮᠤᠷ ᠲᠦᠪᠱᠢᠨ ᠢ᠋ ᠬᠦᠴᠦᠲᠡᠶ ᠪᠠᠲᠤᠯᠠᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号