ᠮᠠᠨ ᠤ᠋ ᠤᠷᠤᠨ ᠲᠠᠪᠤᠨ ᠲᠠᠯ᠎ᠠ ᠪᠠᠷ ᠬᠦᠴᠤᠯᠠᠵᠤ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠢ᠋ᠢ ᠴᠢᠡᠭᠭᠠᠳᠬᠠᠵᠤ ᠪᠣᠶ
2025-09-26 16:22:54
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠡᠨᠡ ᠵᠢᠯ ᠮᠠᠨ ᠤ᠋ ᠤᠷᠤᠨ ᠤᠰᠤᠨ ᠤ᠋ ᠡᠬᠢ ᠪᠠᠶᠠᠯᠢᠭ ᠤ᠋ᠨ ᠬᠠᠲᠠᠭᠤ ᠬᠦᠯᠢᠶᠡᠰᠦᠯᠡᠯ ᠢ᠋ ᠴᠢᠩᠭᠠᠳᠭᠠᠬᠤ᠂ ᠬᠣᠲᠠ ᠪᠠᠯᠭᠠᠰᠤᠨ ᠤ᠋ ᠪᠠᠢᠷᠢᠱᠢᠭᠤᠯᠤᠯᠲᠠ ᠢ᠋ᠢ ᠱᠢᠯᠢᠳᠡᠭ᠌ᠵᠢᠭᠦᠯᠬᠦ᠌᠂ ᠤᠰᠤ ᠱᠢᠷᠣᠶ ᠢ᠋ᠢᠨ ᠡᠬᠢ ᠪᠠᠶᠠᠯᠢᠭ ᠤ᠋ᠨ ᠵᠣᠬᠢᠴᠠᠭᠤᠯᠭ᠎ᠠ ᠢ᠋ᠢ ᠠᠬᠢᠭᠤᠯᠬᠤ᠂ ᠠᠵᠤ ᠦᠶ᠋ᠯᠡᠰ ᠤ᠋ᠨ ᠤᠰᠤᠨ ᠤ᠋ ᠲᠤᠬᠢᠷᠠᠭᠤᠯᠤᠯᠲᠠ ᠢ᠋ᠢ ᠠᠬᠢᠭᠤᠯᠬᠤ ᠵᠡᠷᠭᠡ 5 ᠵᠦᠢᠯ ᠤ᠋ᠨ ᠬᠡᠷᠡᠭ᠌ᠵᠢᠭᠦᠯᠬᠦ᠌ ᠠᠷᠭ᠎ᠠ ᠵᠠᠮ ᠢ᠋ ᠲᠣᠳᠣᠷᠬᠠᠢᠯᠠᠵᠤ᠂ 16 ᠵᠤᠷᠪᠤᠰ ᠴᠢᠡᠭᠭ᠎ᠠ ᠬᠦᠴᠦᠲᠠᠢ ᠬᠦᠯᠢᠶᠡᠰᠦᠯᠡᠭᠦ ᠠᠷᠭ᠎ᠠ ᠬᠡᠮᠵᠢᠶ᠎ᠡ ᠳᠤᠷᠠᠳᠴᠤ᠌᠂ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠢ᠋ᠢᠨ ᠦᠷ᠎ᠡ ᠪᠦᠲᠦᠮᠵᠢ ᠢ᠋ᠢ ᠴᠢᠨᠠᠭᠰᠢᠳᠠ ᠳᠡᠭᠡᠭᠰᠢᠯᠡᠭᠦᠯᠵᠤ ᠪᠠᠢᠨ᠎ᠠ᠃

ᠡᠨᠡ ᠵᠢᠯ ᠮᠠᠨ ᠤ᠋ ᠤᠷᠤᠨ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠵᠢ ᠠᠷᠪᠢᠯᠠᠨ ᠬᠡᠷᠡᠭ᠌ᠯᠡᠬᠦ᠌ ᠲᠦᠷᠢᠮ》 ᠪᠠ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠬᠡᠷᠡᠭ᠌ᠯᠡᠬᠦ᠌ ᠡᠷᠬᠡ ᠢ᠋ᠢᠨ ᠥᠭᠡᠷᠡᠴᠢᠯᠡᠯᠲᠡ ᠢ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠨᠡᠢᠲᠡᠯᠡᠵᠤ᠂ ᠤᠰᠤᠨ ᠤ᠋ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠬᠡᠪᠴᠢᠶ᠎ᠡ ᠢ᠋ᠢ ᠴᠢᠩᠭ᠎ᠠ ᠡᠵᠡᠮᠳᠡᠵᠦ᠍᠂ ᠤᠰᠤᠨ ᠤ᠋ ᠡᠬᠢ ᠪᠠᠶᠠᠯᠢᠭ ᠤ᠋ᠨ《ᠶᠡᠷᠦᠩᠬᠡᠶ ᠬᠡᠮᠵᠢᠶ᠎ᠡ ᠢ᠋ᠢᠨ ᠤᠯᠠᠭᠠᠨ ᠱᠤᠭᠤᠮ 》 ᠢ᠋ ᠪᠠᠲᠤ ᠰᠠᠬᠢᠪᠠ; ᠬᠣᠲᠠ ᠪᠠᠯᠭᠠᠰᠤ ᠬᠢᠭᠡᠳ ᠬᠥᠮᠦᠰ ᠤ᠋ᠨ ᠣᠷᠣᠱᠢᠨ ᠰᠠᠭᠤᠷᠢᠰᠢᠬᠤ ᠪᠠᠢᠷᠢᠱᠢᠯ ᠢ᠋ ᠱᠢᠯᠢᠳᠡᠭ᠌ᠵᠢᠭᠦᠯᠦᠨ᠂ ᠤᠰᠤ ᠱᠢᠷᠣᠢ ᠢ᠋ᠢᠨ ᠵᠣᠬᠢᠴᠠᠭᠤᠯᠭ᠎ᠠ ᠢ᠋ᠢ ᠠᠬᠢᠭᠤᠯᠵᠤ᠂ ᠲᠠᠷᠢᠶᠠᠯᠠᠩ ᠤ᠋ᠨ ᠤᠰᠤᠯᠠᠯᠲᠠ ᠢ᠋ᠢᠨ ᠬᠡᠪᠴᠢᠢ᠎ᠡ ᠢ᠋ᠢ ᠱᠢᠯᠢᠳᠡᠭ᠌ᠵᠢᠭᠦᠯᠵᠦ᠍ ᠂ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠢ᠋ ᠳᠡᠯᠭᠡᠷᠡᠭᠦᠯᠵᠦ᠍᠂ ᠲᠠᠷᠢᠶᠠᠯᠠᠡᠭ ᠤ᠋ᠨ ᠤᠰᠤᠯᠠᠯᠲᠠ ᠳ᠋ᠤ ᠤᠰᠤ ᠢ᠋ᠢ ᠬᠡᠲᠦᠷᠡᠲᠡᠯ᠎ᠡ ᠬᠡᠷᠡᠭ᠌ᠯᠡᠬᠦ᠌ ᠢ᠋ᠢ ᠪᠠᠭᠠᠰᠭᠠᠵᠤ᠂ ᠲᠠᠷᠢᠶᠠᠯᠠᠩ ᠳ᠋ᠤ ᠬᠡᠷᠡᠭ᠌ᠯᠡᠬᠦ᠌ ᠤᠰᠤ ᠪᠠ ᠭᠠᠵᠠᠷ ᠱᠢᠷᠣᠢ ᠢ᠋ᠢᠨ ᠡᠬᠢ ᠪᠠᠶᠠᠯᠢᠭ ᠢ᠋ ᠵᠣᠬᠢᠰᠲᠠᠢ ᠲᠤᠬᠢᠷᠠᠭᠤᠯᠬᠤ ᠢ᠋ᠢ ᠠᠬᠢᠭᠤᠯᠵᠤ ᠪᠤᠢ; ᠠᠵᠤ ᠦᠶ᠋ᠯᠡᠰ ᠤ᠋ᠨ ᠪᠠᠢᠷᠢᠱᠢᠭᠤᠯᠤᠯᠲᠠ ᠢ᠋ᠢ ᠳᠣᠭᠢᠷᠠᠭᠤᠯᠤᠨ᠂ ᠠᠵᠤ ᠦᠶ᠋ᠯᠡᠳᠪᠦᠷᠢ ᠢ᠋ᠢᠨ ᠤᠰᠤ ᠠᠷᠪᠢᠯᠠᠵᠤ ᠭᠠᠳᠠᠭ᠍ᠰᠢᠯᠠᠭᠤᠯᠬᠤ ᠢ᠋ᠢ ᠪᠠᠭᠠᠰᠬᠠᠵᠤ᠂ ᠦᠶ᠋ᠯᠡᠴᠢᠯᠡᠭᠡᠨ᠎ᠦ ᠦᠶ᠋ᠯᠡᠰ ᠤ᠋ᠨ ᠤᠰᠤᠨ ᠤ᠋ ᠬᠡᠷᠡᠭᠯᠡᠯᠲᠡ ᠢ᠋ᠢ ᠬᠠᠮᠢᠶᠠᠷᠤᠨ ᠡᠵᠡᠮᠳᠡᠬᠦ᠌ ᠢ᠋ᠢ ᠴᠢᠩᠭᠠᠳᠭᠠᠨ᠂ ᠤᠰᠤ ᠶᠡᠬᠡ ᠬᠣᠷᠣᠭ᠍ᠳᠠᠭᠤᠯᠬᠤ ᠠᠵᠤ ᠦᠶ᠋ᠯᠡᠰ ᠤ᠋ᠨ ᠲᠠᠰ ᠳᠡᠪᠱᠢᠬᠦ᠌ ᠢ᠋ᠢ ᠠᠬᠢᠭᠤᠯᠵᠤ᠂  ᠬᠣᠲᠠ ᠢ᠋ᠢᠨ ᠨᠣᠭᠣᠭᠠᠷᠠᠭᠤᠯᠤᠯᠲᠠ ᠳ᠋ᠤ ᠬᠡᠷᠡᠭ᠌ᠯᠡᠬᠦ᠌ ᠤᠰᠤ ᠢ᠋ᠢ ᠱᠢᠨᠵᠢᠯᠡᠬᠦ᠌ ᠤᠬᠠᠭᠠᠨᠴᠢ᠎ᠪᠠᠷ ᠵᠢᠷᠤᠮᠵᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号