ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠤᠯᠤᠰ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤ᠋ᠨ ᠬᠢᠨ ᠮᠠᠨ ᠤ᠋ ᠣᠷᠣᠨ ᠳ᠋ᠤ᠌ ᠢᠷᠡᠵᠤ᠂ ᠡᠪᠡᠳᠴᠢᠨ ᠡᠭᠦᠰᠬᠡᠭᠴᠢ ᠮᠢᠺᠷᠣᠪ ᠤ᠋ᠨ ᠲᠤᠷᠰᠢᠯᠲᠠ ᠵᠢᠨ ᠲᠠᠰᠤᠭ ᠲᠤ᠌ ᠠᠮᠢᠳᠤ ᠪᠣᠳᠠᠰ ᠤ᠋ᠨ ᠠᠮᠤᠷ ᠲᠦᠪᠰᠢᠨᠢ ᠰᠤᠭᠤᠴᠢᠨ ᠪᠠᠢᠴᠠᠭᠠᠯᠳᠠ ᠬᠢᠪᠡ᠃
ᠰᠤᠭᠤᠴᠢᠨ ᠪᠠᠢᠴᠠᠭᠠᠬᠤ ᠳᠤᠭᠤᠢᠯᠠᠩ ᠤ᠋ᠨ ᠬᠢᠨ ᠥᠪᠡᠷᠲᠡᠭᠡᠨ ᠵᠠᠰᠠᠬᠤ ᠣᠷᠣᠨ ᠤ᠋ ᠡᠪᠡᠳᠴᠢᠨ ᠬᠢᠵᠢᠭ ᠢ᠋ ᠰᠡᠷᠬᠡᠢᠯᠡᠨ ᠡᠵᠡᠮᠳᠡᠬᠦ ᠲᠥᠪ ᠤ᠋ᠨ ᠠᠮᠢᠳᠤ ᠪᠣᠳᠠᠰ ᠤ᠋ᠨ ᠠᠮᠤᠷ ᠲᠦᠪᠰᠢᠨᠦ ᠭᠤᠷᠪᠠᠳᠤᠭᠠᠷ ᠳᠡᠰ ᠤ᠋ᠨ ᠲᠤᠷᠰᠢᠯᠲᠠ ᠵᠢᠨ ᠲᠠᠰᠤᠭ ᠵᠢᠴᠢ ᠬᠥᠬᠡᠬᠣᠲᠠ ᠪᠤᠭᠤᠲᠤ ᠬᠣᠲᠠ ᠵᠢᠨ ᠠᠮᠢᠳᠤ ᠪᠣᠳᠠᠰ ᠤ᠋ᠨ ᠠᠮᠤᠷ ᠲᠦᠪᠰᠢᠨᠦ ᠬᠣᠶᠠᠳᠤᠭᠠᠷ ᠳᠡᠰ ᠤ᠋ᠨ 8 ᠲᠤᠷᠰᠢᠯᠲᠠ ᠵᠢᠨ ᠲᠠᠰᠤᠭ ᠢ᠋ ᠬᠢᠨᠠᠨ ᠪᠠᠢᠴᠠᠭᠠᠵᠤ᠂ ᠲᠤᠷᠰᠢᠯᠲᠠ ᠵᠢᠨ ᠲᠠᠰᠤᠭ ᠤ᠋ᠨ ᠵᠣᠬᠢᠶᠠᠨ ᠪᠠᠢᠭᠤᠯᠤᠯᠲᠠ ᠵᠢᠨ ᠪᠠᠢᠭᠤᠯᠤᠮᠵᠢ ᠵᠢᠨ ᠬᠠᠮᠢᠶᠠᠷᠤᠯᠲᠠ᠂ ᠠᠮᠤᠷ ᠲᠦᠪᠰᠢᠨ ᠤ᠋ ᠬᠠᠮᠢᠶᠠᠷᠤᠯᠲᠠ ᠵᠢᠨ ᠰᠢᠰᠲ᠋ᠧᠮ ᠬᠢᠭᠡᠳ ᠠᠵᠢᠯᠯᠠᠭᠠᠨ᠂ ᠣᠷᠴᠢᠨ ᠲᠣᠭᠣᠷᠢᠨ ᠤ᠋ ᠲᠦᠬᠦᠭᠡᠷᠦᠮᠵᠢ ᠵᠡᠷᠭᠡ ᠵᠢᠨ ᠪᠠᠢᠳᠠᠯ ᠢ᠋ ᠣᠢᠯᠠᠭᠠᠬᠤ ᠵᠢᠨ ᠬᠠᠮᠲᠤ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠪᠣᠯᠤᠨ ᠥᠪᠥᠷ ᠮᠣᠩᠭᠣᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠵᠢᠨ ᠪᠤᠭᠤᠲᠤ ᠵᠢᠨ ᠡᠮᠨᠡᠯᠭᠡ ᠵᠢᠨ ᠳᠡᠭᠡᠳᠦ ᠰᠤᠷᠭᠠᠭᠤᠯᠢ ᠵᠢᠨ ᠡᠪᠡᠳᠴᠢᠨ ᠡᠭᠦᠰᠬᠡᠭᠴᠢ ᠮᠢᠺᠷᠣᠪ ᠤ᠋ᠨ ᠲᠤᠷᠰᠢᠯᠲᠠ ᠵᠢᠨ ᠲᠠᠰᠤᠭ ᠲᠤ᠌ ᠪᠠᠢᠴᠠᠭᠠᠨ ᠰᠤᠳᠤᠯᠤᠯᠲᠠ ᠬᠢᠪᠡ᠃
ᠰᠤᠭᠤᠴᠢᠨ ᠪᠠᠢᠴᠠᠭᠠᠬᠤ ᠳᠤᠭᠤᠢᠯᠠᠩ ᠤ᠋ᠨ ᠬᠢᠨ ᠮᠠᠨ ᠤ᠋ ᠣᠷᠣᠨ ᠤ᠋ ᠡᠪᠡᠳᠴᠢᠨ ᠡᠭᠦᠰᠬᠡᠭᠴᠢ ᠮᠢᠺᠷᠣᠪ ᠤ᠋ᠨ ᠲᠤᠷᠰᠢᠯᠲᠠ ᠵᠢᠨ ᠲᠠᠰᠤᠭ ᠤ᠋ᠨ ᠠᠵᠢᠯ ᠢ᠋ ᠨᠤᠲᠠᠯᠠᠬᠤ ᠵᠢᠨ ᠬᠠᠮᠲᠤ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠦᠭᠴᠠᠢ᠃ ᠦᠪᠤᠷ ᠮᠤᠡᠭᠭᠤᠯ ᠰᠤᠭᠤᠴᠢᠨ ᠪᠠᠢᠴᠠᠭᠠᠬᠤ ᠳᠤᠭᠤᠢᠯᠠᠩ ᠤ᠋ᠨ ᠲᠤᠰᠬᠠᠭᠰᠠᠨ ᠰᠠᠨᠠᠯ ᠰᠠᠨᠠᠭᠤᠯᠭ᠎ᠠ ᠵᠢ ᠦᠨᠳᠦᠰᠦᠯᠡᠨ ᠴᠡᠭᠴᠡᠯᠡᠨ ᠰᠠᠢᠵᠢᠷᠠᠭᠤᠯᠬᠤ ᠠᠵᠢᠯ ᠵᠢᠡᠨ ᠡᠷᠴᠢᠮᠳᠠᠢ ᠠᠬᠢᠭᠤᠯᠵᠤ ᠪᠠᠢᠨ᠎ᠠ᠃ ᠴᠡᠭᠴᠡᠯᠡᠨ ᠥᠭᠡᠷᠡᠴᠢᠯᠡᠬᠦ ᠨᠠᠷᠢᠨ ᠡᠬᠡ ᠳᠠᠩᠰᠠ ᠲᠣᠭᠲᠠᠭᠠᠨ᠂ ᠳᠠᠷᠤᠢᠬᠠᠨ ᠴᠡᠭᠴᠡᠯᠡᠨ ᠰᠠᠢᠵᠢᠷᠠᠭᠤᠯᠵᠤ ᠳᠡᠢᠯᠬᠦ ᠠᠰᠠᠭᠤᠳᠠᠯ ᠢ᠋ ᠲᠤᠬᠠᠢ ᠵᠢᠨ ᠡᠳᠦᠷ ᠲᠤ ᠨᠢ ᠪᠠᠢᠷᠢᠯᠠᠭᠤᠯᠤᠨ ᠲᠣᠬᠢᠷᠠᠭᠤᠯᠵᠤ᠂ ᠨᠢᠭᠡ ᠭᠠᠷᠠᠭ ᠤ᠋ᠨ ᠳᠣᠲᠣᠷ᠎ᠠ ᠴᠡᠭᠴᠡᠯᠡᠨ ᠰᠠᠢᠵᠢᠷᠠᠭᠤᠯᠬᠤ ᠪᠠᠷ ᠬᠦᠴᠤᠯᠠᠵᠤ ᠪᠠᠢᠨ᠎ᠠ᠃ ᠤᠷᠲᠤ ᠬᠤᠭᠤᠴᠠᠭ᠎ᠠ ᠪᠠᠷ ᠠᠬᠢᠭᠤᠯᠬᠤ ᠴᠢᠬᠤᠯᠠᠲᠠᠢ ᠠᠰᠠᠭᠤᠳᠠᠯ ᠢ᠋ ᠱᠠᠲᠤᠴᠢ ᠴᠢᠨᠠᠷᠲᠠᠢ ᠬᠠᠷᠠᠯᠲᠠ ᠲᠣᠭᠲᠠᠭᠠᠵᠤ᠂ ᠦᠷᠭᠦᠯᠵᠢᠯᠡᠨ ᠮᠥᠷᠳᠡᠨ ᠠᠬᠢᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠤᠭᠰᠠᠨ ᠠᠬᠢᠴᠠ ᠵᠢ ᠬᠠᠷᠢᠭᠤ ᠮᠡᠳᠡᠭᠦᠯᠵᠤ᠂ ᠦᠨᠳᠦᠰᠤ ᠰᠢᠯᠳᠠᠭᠠᠨ ᠢ᠋ ᠨᠢ ᠡᠷᠢᠵᠤ᠂ ᠳᠤᠲᠠᠭᠳᠠᠯ ᠵᠢᠠᠨ ᠨᠥᠬᠥᠪᠥᠷᠢᠯᠡᠨ᠂ ᠠᠰᠠᠭᠤᠳᠠᠯ ᠢ᠋ ᠭᠦᠨᠵᠡᠭᠡᠢ ᠵᠠᠳᠠᠯᠵᠤ᠂ ᠳᠦᠷᠢᠮ ᠤ᠋ᠨ ᠲᠤᠬᠳᠠᠭᠠᠯᠳᠠ᠂ ᠠᠭᠤᠯᠭ᠎ᠠ ᠵᠢ ᠳᠡᠭᠦᠯᠳᠡᠷᠵᠢᠭᠦᠯᠬᠦ᠂ ᠠᠵᠢᠯᠲᠠᠨ ᠤ᠋ ᠪᠣᠯᠪᠠᠰᠣᠷᠠᠯ ᠵᠡᠷᠭᠡ ᠲᠠᠯ᠎ᠠ ᠡᠴᠡ ᠭᠠᠷᠳᠠᠵᠤ᠂ ᠬᠠᠮᠢᠶᠠᠷᠤᠯᠲᠠ ᠵᠢᠨ ᠳᠤᠳᠠᠭᠤᠳᠠᠯ ᠢ᠋ ᠰᠠᠢᠵᠢᠷᠠᠭᠤᠯᠬᠤ ᠪᠠ ᠴᠢᠳᠠᠪᠤᠷᠢ ᠵᠢᠨ ᠪᠠᠢᠭᠤᠯᠤᠯᠲᠠ ᠵᠢ ᠴᠢᠩᠭᠠᠳᠬᠠᠵᠤ ᠪᠠᠢᠨ᠎ᠠ᠃ ᠲᠤᠰ ᠤᠳᠠᠭᠠᠨ ᠤ᠋ ᠰᠤᠭᠤᠴᠢᠨ ᠪᠠᠢᠴᠠᠭᠠᠯᠳᠠ ᠪᠡᠷ ᠲᠣᠬᠢᠶᠠᠯ ᠪᠣᠯᠭᠠᠵᠤ᠂ ᠰᠤᠭᠤᠴᠢᠨ ᠪᠠᠢᠴᠠᠭᠠᠬᠤ ᠶᠠᠪᠤᠴᠠ ᠳ᠋ᠤ ᠢᠯᠡᠷᠡᠭᠦᠯᠦᠭᠰᠡᠨ ᠪᠠᠷᠢᠮᠵᠢᠶ᠎ᠠ ᠳ᠋ᠤ᠌ ᠨᠡᠢᠴᠡᠬᠦ ᠥᠬᠡᠢ ᠠᠰᠠᠭᠤᠳᠠᠯ ᠳ᠋ᠤ᠌ ᠴᠢᠭᠯᠡᠭᠦᠯᠦᠨ᠂ ᠪᠦᠬᠦ ᠣᠷᠣᠨ ᠤ᠋ ᠡᠯ᠎ᠡ ᠱᠠᠲᠤᠨ ᠤ᠋ ᠡᠯ᠎ᠡ ᠲᠥᠷᠥᠯ ᠤ᠋ᠨ ᠲᠤᠷᠰᠢᠯᠲᠠ ᠵᠢᠨ ᠲᠠᠰᠤᠭ ᠤ᠋ᠨ ᠬᠢᠨᠳᠤ ᠲᠤᠰ ᠪᠡᠶ᠎ᠡ ᠵᠢᠨ ᠪᠠᠢᠴᠠᠭᠠᠯᠳᠠ ᠬᠢᠯᠭᠡᠵᠤ᠂ ᠰᠤᠭᠤᠴᠢᠨ ᠪᠠᠢᠴᠠᠭᠠᠭᠳᠠᠭᠰᠠᠨ ᠲᠤᠷᠰᠢᠯᠲᠠ ᠵᠢᠨ ᠲᠠᠰᠤᠭ ᠲᠤ᠌ 《ᠡᠷᠭᠢᠨ ᠬᠠᠷᠠᠬᠤ》 ᠲᠣᠭᠲᠠᠴᠠ ᠵᠢ ᠪᠠᠢᠭᠤᠯᠵᠤ ᠂ ᠠᠰᠠᠭᠤᠳᠠᠯ ᠳᠠᠬᠢᠨᠳᠠ ᠢᠯᠡᠷᠡᠬᠦ ᠵᠢ ᠰᠡᠷᠭᠡᠢᠯᠠᠵᠤ ᠪᠠᠢᠨ᠎ᠠ᠂ ᠡᠭᠦᠨ ᠤ᠋ ᠬᠠᠮᠲᠤ᠂ ᠰᠤᠭᠤᠴᠢᠨ ᠪᠠᠢᠴᠠᠭᠠᠬᠤ ᠳᠤᠮᠳᠠ ᠢᠯᠡᠷᠡᠭᠦᠯᠦᠭᠰᠡᠨ ᠰᠠᠢᠨ ᠲᠤᠷᠰᠢᠯᠭ᠎ᠠ᠂ ᠰᠠᠢᠨ ᠠᠷᠭ᠎ᠠ ᠵᠢ ᠪᠠᠢᠩᠭᠤᠵᠢᠭᠤᠯᠤᠭᠰᠠᠨ ᠠᠵᠢᠯ ᠤ᠋ᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠤᠷᠰᠢᠯᠲᠠ ᠵᠢᠨ ᠲᠠᠰᠤᠭ ᠤ᠋ᠨ ᠠᠵᠢᠯ ᠤ᠋ᠨ ᠵᠢᠷᠤᠮᠵᠢᠯ᠂ ᠲᠤᠰᠬᠠᠢᠵᠢᠯᠲᠠ ᠵᠢᠨ ᠲᠦᠪᠰᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠤ ᠪᠠᠢᠨ᠎ᠠ᠃