— ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠦᠬᠡᠷᠡᠴᠢᠯᠡᠯᠳᠡ ᠬᠢᠭᠡᠳ ᠰᠢᠨᠡᠴᠢᠯᠡᠯᠳᠡ
8 ᠶᠡᠬᠡ ᠠᠭᠤᠯᠭ᠎ᠠ ᠪᠡᠷ ᠭᠣᠢᠳᠠ ᠰᠠᠢᠬᠠᠨ ᠶᠠᠪᠤᠭᠳᠠᠵᠦ᠂ 75 ᠭᠣᠣᠯᠳᠠᠯᠭ᠎ᠠ ᠲᠠᠶ ᠠᠵᠢᠯᠯᠠᠭ᠎ᠠ ᠳ᠋ᠤ ᠬᠢᠯᠠᠰ ᠴᠡᠭ ᠤᠯᠠᠨ ᠢᠯᠡᠷᠡᠵᠦ᠍᠂ 300 ᠭᠠᠷᠤᠢ ᠵᠦᠢᠯ ᠤ᠋ᠨ ᠰᠣᠶᠣᠯ ᠵᠢᠭᠤᠯᠴᠢᠯᠠᠯ ᠤ᠋ᠨ ᠪᠡᠶᠡᠴᠢᠯᠡᠨ ᠣᠢᠯᠠᠭᠠᠬᠤ ᠠᠵᠢᠯᠯᠠᠭ᠎ᠠ ᠬᠥᠮᠦᠰ ᠤ᠋ᠨ ᠠᠩᠬᠠᠷᠤᠯ ᠢ᠋ ᠲᠠᠲᠠᠪᠠ᠃ ᠳᠡᠯᠭᠡᠷ ᠵᠤᠨ ᠡᠴᠡ ᠠᠯᠳᠠᠨ ᠨᠠᠮᠤᠷ ᠪᠤᠯᠳᠠᠯ᠎ᠠ ᠦᠷᠬᠦᠯᠵᠢᠯᠡᠭᠰᠡᠨ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠨᠢ ᠰᠣᠶᠣᠯ ᠤ᠋ᠨ ᠦᠪᠡᠳᠡᠭ᠌ᠰᠢ ᠨᠠᠢᠷ ᠪᠤᠯᠵᠤ᠂ ᠤᠯᠠᠨ ᠲᠦᠮᠡᠨ ᠤ᠋ ᠤᠷᠮ᠎ᠠ ᠵᠣᠷᠢᠭ ᠢ᠋ ᠬᠥᠭ᠌ᠵᠢᠭᠡᠨ᠂ ᠤᠮᠠᠷᠠᠲᠤ ᠬᠢᠯᠢ ᠶ᠋ᠢᠨ ᠰᠣᠶᠣᠯ ᠤ᠋ᠨ ᠬᠠᠮᠤᠭ ᠤ᠋ᠨ ᠬᠦᠴᠦᠷᠬᠡᠭ ᠳᠠᠭᠤᠨ ᠢ᠋ ᠬᠠᠩᠭᠢᠨᠠᠭᠤᠯᠪᠠ᠃
ᠰᠣᠶᠣᠯ ᠤ᠋ᠨ ᠠᠵᠢᠯᠯᠠᠭ᠎ᠠ ᠶ᠋ᠢᠨ ᠲᠤᠭᠯᠠᠯᠳᠠ ᠳ᠋ᠤ ᠬᠡᠬᠡᠨᠴᠢᠷ ᠭᠠᠩᠭᠠᠩ ᠨᠠᠷᠢᠨ ᠪᠤᠳᠤᠯᠢᠶᠠᠨᠲᠠᠶ ᠲᠠᠢᠰᠠᠨ ᠤ᠋ ᠦᠵᠡᠮᠵᠢ ᠲᠤᠬᠢᠷᠠᠭᠤᠯᠭ᠎ᠠ ᠦᠬᠡᠢ᠂ ᠬᠠᠷᠢᠨ ᠳᠡᠭᠰᠢ ᠲᠠᠯ᠎ᠠ ᠪᠡᠷ ᠬᠦᠰᠢᠭᠡ ᠪᠤᠯᠭᠠᠵᠦ᠂ ᠭᠣᠣᠯ ᠴᠣᠭ᠍ᠴᠠ ᠶ᠋ᠢᠨ ᠲᠠᠩ ᠴᠤᠯᠭᠤᠢ ᠪᠠᠢᠬᠤ ᠬᠢᠵᠠᠭᠠᠷᠯᠠᠯ ᠢ᠋ ᠡᠪᠳᠡᠨ᠂ 《ᠵᠠᠰᠠᠭ ᠤ᠋ᠨ ᠣᠷᠳᠣᠨ ᠡᠴᠡ ᠬᠦᠳᠦᠯᠥᠨ ᠵᠢᠯᠣᠭᠣᠳᠭᠤ + ᠵᠠᠬ᠎ᠠ ᠳᠡᠯᠭᠡᠭᠦᠷ ᠤ᠋ᠨ ᠠᠵᠢᠯᠯᠠᠭ᠎ᠠ》 ᠵᠢᠨ ᠵᠠᠭ᠍ᠪᠤᠷ ᠨᠢ ᠤᠯᠠᠨ ᠳᠠᠯ᠎ᠠ ᠪᠡᠷ ᠬᠠᠮᠵᠢᠯᠴᠠᠵᠦ ᠦᠷ᠎ᠠ ᠠᠰᠢᠭ ᠢ᠋ ᠲᠠᠬᠢᠨ ᠢ᠋ᠶ᠋ᠠᠷ ᠨᠡᠮᠡᠭ᠌ᠳᠡᠭᠦᠯᠬᠦ ᠦᠢᠯᠡᠳᠦᠯ ᠢ᠋ ᠪᠠᠳᠠᠷᠠᠭᠤᠯᠪᠠ᠃ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠦ 《ᠠᠷᠪᠢᠴᠢ ᠭᠠᠮᠲᠠᠢ ᠪᠠᠷ ᠠᠵᠢᠯᠯᠠᠭ᠎ᠠ ᠡᠷᠬᠢᠯᠡᠬᠦ᠌》᠂ 《ᠡᠭᠦᠳᠡ ᠪᠡᠨ ᠨᠡᠭᠡᠭᠡᠵᠦ᠍ ᠠᠵᠢᠯᠯᠠᠭ᠎ᠠ ᠡᠷᠬᠢᠯᠡᠬᠦ᠌》 ᠤᠢ᠍ᠢᠯᠠᠭᠠᠭ᠍ᠳᠠᠬᠤᠨ ᠢ᠋ ᠪᠠᠷᠢᠮᠲᠠᠯᠠᠵᠤ᠂ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠤᠬ ᠰᠠᠨᠠᠭ᠎ᠠ ᠵᠢ ᠪᠠᠷᠢᠮᠲᠠᠯᠠᠭ᠍ᠰᠠᠨ ᠢ᠋ᠶ᠋ᠠᠷ ᠪᠠᠷᠠᠬᠤ ᠦᠭᠡᠢ ᠨᠡᠩ ᠴᠤ᠌ ᠰᠣᠶᠣᠯ ᠤ᠋ᠨ ᠠᠵᠢᠯᠯᠠᠭ᠎ᠠ ᠶ᠋ᠢᠨ ᠱᠢᠨ᠎ᠡ ᠵᠢ ᠡᠭᠦᠳᠬᠦ᠌ ᠬᠠᠮᠢᠶᠠᠷᠤᠯᠲᠠ ᠶ᠋ᠢᠨ ᠱᠢᠨ᠎ᠡ ᠠᠷᠭ᠎ᠠ ᠵᠠᠮ ᠢ᠋ ᠨᠡᠬᠡᠬᠡᠭᠰᠡᠨ ᠪᠠᠢᠨ᠎ᠠ᠃
ᠬᠡᠪᠰᠢᠯ ᠢ᠋ ᠦᠬᠡᠷᠡᠴᠢᠯᠡᠵᠦ ᠲᠦᠬᠦᠮ ᠠᠪᠰᠠᠷ ᠪᠦᠬᠡᠳ ᠭᠤᠢᠳᠠ ᠰᠠᠢᠬᠠᠨ ᠠᠵᠢᠯᠯᠠᠭ᠎ᠠ ᠵᠢ ᠡᠷᠬᠢᠯᠡᠪᠡ
ᠵᠣᠨ ᠤ᠋ ᠢᠳᠡ ᠤᠯᠠᠷᠢᠯ ᠲᠠᠯ᠎ᠠ ᠨᠤᠲᠤᠭ ᠤ᠋ᠨ ᠬᠠᠮᠤᠭ ᠤ᠋ᠨ ᠰᠠᠢᠬᠠᠨ ᠴᠠᠭ ᠲᠦ᠍ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠡᠬᠢᠯᠡᠪᠡ᠃ ᠡᠨᠡ ᠬᠦ᠌ ᠠᠵᠢᠯᠯᠠᠭ᠎ᠠ ᠶ᠋ᠢᠨ ᠤᠯᠠᠷᠢᠯ ᠳ᠋ᠦ ᠬᠡᠪᠰᠢᠯ ᠢ᠋ ᠦᠭᠡᠷᠡᠴᠢᠯᠡᠨ ᠤᠯᠠᠮᠵᠢᠯᠠᠯᠲᠤ ᠡᠬᠢᠯᠡᠯᠲᠡ ᠶ᠋ᠢᠨ ᠶᠣᠰᠣᠯᠠᠯ ᠲᠣᠬᠢᠷᠠᠭᠤᠯᠤᠭ᠍ᠰᠠᠨ ᠥᠬᠡᠶ᠂ ᠬᠠᠷᠢᠨ 2 ᠤᠳᠠᠭ᠎ᠠ ᠵᠢᠨ ᠠᠷᠠᠳ ᠲᠦ᠍ ᠠᠱᠢᠭ ᠬᠦᠷᠲᠡᠭᠡᠬᠦ᠌ ᠠᠷᠠᠳ ᠲᠦ᠍ ᠲᠥᠬᠥᠮ ᠦᠵᠡᠭᠦᠯᠬᠦ᠌ ᠭᠤᠤᠯ ᠰᠡᠳᠦᠪᠲᠦ ᠲᠣᠭ᠍ᠯᠠᠯᠲᠠ ᠪᠠᠷ ᠪᠥᠬᠥ᠌ ᠠᠷᠠᠳ ᠤ᠋ᠨ ᠣᠷᠭᠢᠯᠤᠮ᠎ᠠ ᠰᠡᠳᠭᠢᠯᠭᠡ ᠵᠢ ᠬᠥᠭ᠌ᠵᠢᠭᠡᠵᠡᠶ᠃
ᠴᠢᠬᠢᠨ ᠳ᠋ᠦ ᠬᠠᠳᠠᠩᠱᠢᠭ᠍ᠰᠠᠨ ᠰᠣᠩᠭᠣᠳᠠᠭ ᠳᠠᠭᠤᠤ ᠨᠤᠭᠤᠳ ᠦᠵᠡᠭᠴᠢᠳ ᠢ᠋ ᠪᠠᠶᠠᠰᠬᠠᠨ ᠦᠳᠡᠰᠢᠯᠡᠬᠡ ᠵᠢ ᠬᠦᠭᠵᠢᠭᠡᠵᠦ ᠬᠠᠮᠳᠤ ᠪᠡᠷ ᠳᠠᠭᠤᠯᠠᠨ᠎ᠠ᠃ ᠲᠦᠬᠦᠮ ᠠᠪᠰᠠᠷ ᠪᠦᠬᠡᠳ ᠭᠤᠢᠳᠠ ᠰᠠᠢᠬᠠᠨ ᠲᠣᠭ᠍ᠯᠠᠯᠲᠠ ᠨᠢ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠬᠠᠢᠷ᠎ᠠ ᠬᠠᠯᠠᠮᠵᠢ ᠵᠢ ᠬᠥᠮᠦᠰ ᠤ᠋ᠨ ᠰᠡᠳᠭᠢᠯ ᠳ᠋ᠦ ᠬᠦᠷᠭᠡᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠦ ᠨᠢᠵᠢᠬᠢᠷ ᠰᠠᠢᠬᠠᠨ ᠡᠬᠢᠯᠡᠯᠲᠡ ᠵᠢ ᠪᠢᠴᠢᠭ᠌ᠯᠡᠪᠡ᠃
ᠲᠣᠰ ᠤᠳᠠᠭ᠎ᠠ ᠵᠢᠨ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠦ 《ᠠᠷᠪᠢᠴᠢ ᠭᠠᠮᠲᠠᠶ ᠪᠠᠷ ᠠᠵᠢᠯᠯᠠᠭ᠎ᠠ ᠡᠷᠭᠢᠯᠡᠬᠦ᠌》 ᠶ᠋ᠢ ᠪᠠᠷᠢᠮᠲᠠᠯᠠᠨ᠂ ᠲᠤᠨᠤᠭ ᠲᠦᠬᠦᠬᠡᠷᠦᠮᠵᠢ ᠶ᠋ᠢᠨ ᠥᠷᠲᠡᠭ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠤᠷᠠᠭᠤᠯᠵᠤ᠂ ᠡᠳ᠋ ᠤ᠋ᠨ ᠵᠠᠰᠠᠭ ᠤ᠋ᠨ ᠴᠢᠨᠠᠷᠲᠠᠶ ᠪᠠᠯᠠ ᠮᠥᠩᠭᠥ ᠶ᠋ᠢᠨ ᠬᠥᠲᠥᠯᠦᠨ ᠵᠢᠯᠣᠭᠣᠳᠭᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠪᠠᠭ᠎ᠠ ᠣᠷᠣᠭᠤᠯᠤᠯᠲᠠ ᠪᠠᠷ ᠶᠡᠬᠡ ᠦᠷ᠎ᠡ ᠠᠱᠢᠭ ᠢ᠋ ᠬᠥᠭ᠌ᠵᠢᠭᠡᠵᠦ᠍᠂ ᠪᠣᠳᠠᠲᠠᠶ ᠵᠢ ᠡᠷᠬᠢᠮᠯᠡᠬᠦ᠌ ᠰᠤᠷᠲᠠᠯ ᠢ᠋ ᠭᠠᠵᠠᠷ ᠪᠣᠯᠭᠠᠨ ᠤ᠋ ᠨᠠᠷᠢᠨ ᠵᠦᠶ᠋ᠯᠡᠰ ᠲᠦ᠍ ᠠᠭᠤᠰᠭᠠᠨ ᠣᠷᠣᠭᠤᠯᠵᠠᠢ᠃
ᠲᠠᠢᠰᠠᠨ ᠤ᠋ ᠲᠥᠯᠥᠪᠯᠡᠭᠡ ᠳ᠋ᠤ ᠬᠡᠳᠦ ᠬᠡᠬᠡᠨᠴᠢᠷ ᠨᠠᠷᠢᠨ ᠴᠢᠮᠡᠭ᠌ᠯᠡᠯ ᠢ᠋ ᠲᠠᠶᠠᠭᠳᠠᠨ᠂ ᠲᠣᠪᠴᠢ ᠠᠪᠰᠠᠷᠬᠠᠨ ᠳᠦᠷᠢ ᠲᠥᠷᠬᠦ᠌ ᠪᠡᠷ ᠰᠣᠶᠣᠯ ᠤ᠋ᠨ ᠴᠥᠮ᠎ᠡ ᠵᠢ ᠠᠴᠢᠶᠠᠯᠠᠵᠤ᠂ ᠥᠷᠲᠡᠭ ᠢ᠋ ᠠᠷᠪᠢᠯᠠᠭᠰᠠᠨ ᠢ᠋ᠶ᠋ᠡᠷ ᠪᠠᠷᠠᠬᠤ ᠥᠬᠡᠶ ᠨᠠᠩ ᠴᠤ᠌ ᠦᠵᠡᠭ᠌ᠴᠢᠳ ᠤ᠋ᠨ ᠠᠩᠬᠠᠷᠤᠯ ᠢ᠋ ᠦᠳᠡᠰᠢᠯᠡᠬᠡ ᠶ᠋ᠢᠨ ᠤᠳᠬ᠎ᠠ ᠠᠭᠤᠯᠭ᠎ᠠ ᠳ᠋ᠤᠨᠢ ᠲᠥᠪᠯᠡᠷᠡᠭᠦᠯᠵᠦ᠍᠂ ᠤᠷᠠᠯᠢᠭ ᠤ᠋ᠨ ᠷᠢᠳᠢ ᠱᠢᠳᠢ ᠵᠢ ᠱᠢᠭᠤᠳ ᠮᠡᠳᠡᠷᠡᠭᠦᠯᠵᠠᠢ᠃
ᠰᠦᠯᠵᠢᠶᠡᠨ ᠲᠠᠪᠴᠠᠩ ᠤ᠋ᠨ ᠦᠷᠭᠡᠨ ᠨᠡᠪᠳᠡᠷᠡᠯᠴᠡᠬᠦ ᠴᠢᠨᠠᠷ ᠪᠠ ᠦᠶ᠋ᠯᠡᠳᠦᠯᠴᠡᠬᠦ᠌ ᠴᠢᠨᠠᠷ ᠢ᠋ ᠬᠦᠢᠴᠡᠳ ᠠᠰᠢᠭᠯᠠᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠤ ᠨᠠᠩ ᠪᠠᠭ᠎ᠠ ᠥᠷᠲᠡᠭ ᠢ᠋ᠶ᠋ᠡᠷ ᠮᠡᠳᠡᠭᠡ ᠵᠠᠩᠭᠢ ᠶ᠋ᠢ ᠠᠯᠢ ᠲᠦᠷᠭᠡᠨ ᠵᠢᠡᠷ ᠲᠠᠷᠬᠠᠭᠠᠵᠤ᠂ 《ᠠᠷᠪᠢᠴᠢ ᠭᠠᠮᠲᠠᠶ ᠪᠠᠷ ᠠᠵᠢᠯᠯᠠᠭ᠎ᠠ ᠡᠷᠭᠢᠯᠡᠬᠦ᠌》 ᠣᠢᠯᠠᠭᠠᠭ᠍ᠳᠠᠬᠤᠨᠢ ᠦᠢᠯᠡᠳᠦᠯᠭᠡᠵᠢᠬᠦᠯᠦᠭᠰᠡᠨ ᠢ᠋ᠶ᠋ᠡᠷ ᠪᠠᠷᠠᠬᠤ ᠥᠬᠡᠶ ᠨᠠᠩ ᠴᠤ᠌ ᠤᠮᠠᠷᠠᠲᠤ ᠬᠢᠯᠢ ᠶ᠋ᠢᠨ ᠰᠣᠶᠣᠯ ᠤ᠋ᠨ ᠨᠥᠯᠥᠭᠡᠯᠡᠬᠦ᠌ ᠬᠦᠴᠦᠨ ᠢ᠋ ᠲᠣᠭᠠᠴᠢᠯᠠᠭ᠍ᠰᠠᠨ ᠴᠠᠭ ᠦᠶ᠎ᠡ ᠳ᠋ᠦ ᠲᠠᠰ ᠳᠡᠪᠰᠢᠬᠦ ᠵᠢ ᠪᠡᠶᠡᠯᠡᠭᠦᠯᠪᠡ᠃
ᠲᠦᠬᠦᠮ ᠠᠪᠰᠠᠷ ᠪᠦᠬᠡᠳ ᠭᠤᠢᠳᠠ ᠰᠠᠢᠬᠠᠨ ᠠᠵᠢᠯᠯᠠᠭ᠎ᠠ ᠨᠤᠭᠤᠳ ᠨᠢ ᠪᠠᠭ᠎ᠠ ᠪᠡᠯᠡ ᠣᠷᠣᠭᠤᠯᠤᠯᠲᠠ ᠪᠠᠷ ᠶᠡᠬᠡ ᠦᠷ᠎ᠡ ᠠᠱᠢᠭ ᠢ᠋ ᠤᠯᠵᠦ᠂ ᠤᠮᠠᠷᠠᠲᠤ ᠬᠢᠯᠢ ᠶ᠋ᠢᠨ ᠰᠣᠶᠣᠯ ᠤ᠋ᠨ ᠷᠢᠳᠢ ᠱᠢᠳᠢ ᠵᠢ ᠳᠠᠮᠵᠢᠭᠤᠯᠬᠤ ᠶ᠋ᠢᠨ ᠬᠠᠮᠲᠤ ᠰᠣᠶᠣᠯ ᠤ᠋ᠨ ᠠᠵᠢᠯᠯᠠᠭ᠎ᠠ ᠶ᠋ᠢᠨ ᠱᠢᠨ᠎ᠡ ᠵᠢ ᠡᠭᠦᠳᠬᠦ᠌ ᠬᠠᠮᠢᠶᠠᠷᠤᠯᠲᠠ ᠶ᠋ᠢᠨ ᠠᠷᠭ᠎ᠠ ᠵᠠᠮ ᠢ᠋ ᠬᠠᠢᠨ ᠰᠦᠪᠡᠭ᠌ᠴᠢᠯᠡᠵᠦ᠍ ᠭᠠᠷᠭᠠᠭ᠍ᠰᠠᠨ ᠪᠠᠢᠨ᠎ᠠ᠃
ᠨᠡᠭᠡᠭᠡᠯᠲᠡᠳᠡᠢ ᠡᠷᠬᠢᠯᠡᠵᠦ ᠤᠯᠠᠨ ᠰᠠᠢᠬᠠᠨ ᠠᠵᠢᠯᠯᠠᠭ᠎ᠠ ᠶᠠᠪᠤᠭᠳᠠᠭᠤᠯᠪᠠ
ᠡᠨᠡ ᠵᠤᠨ ᠥᠪᠥᠷ ᠮᠣᠩᠭᠣᠯ ᠤ᠋ᠨ ᠮᠦᠽᠧᠢ ᠶ᠋ᠢᠨ ᠱᠢᠨ᠎ᠡ ᠣᠷᠳᠣᠨ ᠠᠱᠢᠭ᠍ᠯᠠᠯᠲᠠ ᠳ᠋ᠦ ᠣᠷᠣᠪᠠ᠃ ᠲᠡᠷᠡ ᠨᠢ ᠨᠠᠩ ᠥᠷᠭᠡᠨ ᠠᠭᠤᠳᠠᠮ ᠣᠷᠣᠨ ᠵᠠᠶ᠂ ᠨᠠᠩ ᠭᠣᠢᠳᠠ ᠰᠠᠢᠬᠠᠨ ᠦᠵᠡᠰᠭᠦᠯᠡᠩ᠂ ᠨᠠᠩ ᠡᠯᠪᠡᠭ ᠪᠠᠶᠠᠯᠢᠭ ᠠᠵᠢᠯᠯᠠᠭ᠎ᠠ᠂ ᠨᠠᠩ ᠣᠶᠤᠨᠯᠢᠭ ᠴᠢᠳᠠᠮᠵᠢ ᠪᠡᠷ ᠢ᠋ᠶ᠋ᠡᠨ ᠣᠯᠠᠨ ᠨᠡᠢᠲᠡ ᠳ᠋ᠦ ᠥᠪᠥᠷ ᠮᠣᠩᠭᠣᠯ ᠢ᠋ ᠣᠢᠯᠠᠭᠠᠬᠤ᠂ ᠤᠮᠠᠷᠠᠲᠤ ᠬᠢᠯᠢ ᠶ᠋ᠢᠨ ᠰᠣᠶᠣᠯ ᠢ᠋ ᠣᠢᠯᠠᠭᠠᠬᠤ ᠴᠣ ᠱᠢᠨ᠎ᠡ ᠴᠣᠩᠬᠣ ᠪᠤᠯᠵᠤ᠂ 《ᠪᠢᠯᠧᠲ ᠤᠯᠬᠤ ᠳ᠋ᠦ ᠪᠡᠷᠬᠡ》 ᠵᠢᠭᠤᠯᠴᠢᠯᠠᠯ ᠤ᠋ᠨ ᠬᠠᠯᠠᠮᠱᠢᠯ ᠭᠠᠵᠠᠷ ᠪᠣᠯᠤᠭ᠍ᠰᠠᠨ ᠪᠠᠢᠨ᠎ᠠ᠃
ᠥᠷᠭᠡᠨ ᠤᠯᠠᠨ ᠦᠵᠡᠭ᠌ᠴᠢᠳ ᠲᠦ᠍ ᠠᠳᠠᠯᠢ ᠪᠤᠰᠤ ᠰᠣᠶᠣᠯ᠂ ᠠᠳᠠᠯᠢ ᠪᠤᠰᠤ ᠪᠣᠯᠪᠠᠰᠤᠨ ᠤ᠋ ᠷᠢᠳᠢ ᠱᠢᠳᠢ ᠵᠢ ᠤᠢ᠍ᠢᠯᠠᠭᠠᠭᠤᠯᠬᠤ ᠵᠢᠨ ᠲᠥᠯᠥᠭᠡ ᠥᠪᠥᠷ ᠮᠣᠩᠭᠣᠯ ᠤ᠋ᠨ ᠮᠦᠽᠧᠢ ᠲᠤᠰ ᠲᠤᠰ ᠱᠠᠩᠬᠠᠢ ᠶ᠋ᠢᠨ ᠮᠦᠽᠧᠢ᠂ ᠢᠲ᠋ᠠᠯᠢ ᠶ᠋ᠢᠨ ᠨᠠᠫᠯᠸᠰ ᠤᠯᠤᠰ ᠤ᠋ᠨ ᠬᠠᠭᠤᠴᠢ ᠰᠤᠳᠤᠯᠤᠯ ᠤ᠋ᠨ ᠮᠦᠽᠧᠢ ᠲᠡᠶ ᠬᠠᠮᠲᠤᠷᠠᠯᠴᠠᠵᠤ᠂ 《ᠮᠢᠩ ᠤᠯᠤᠰ ᠴᠢᠩ ᠤᠯᠤᠰ ᠤ᠋ᠨ ᠪᠤᠳᠤᠭᠳᠦ ᠱᠠᠭᠠᠵᠠᠩ ᠰᠠᠪᠠ ᠶ᠋ᠢᠨ ᠦᠵᠡᠭᠦᠯᠭᠡ》᠂ 《ᠨᠠᠫᠯᠸᠰ ᠤᠯᠤᠰ ᠤ᠋ᠨ ᠬᠠᠭᠤᠴᠢ ᠰᠤᠳᠤᠯᠤᠯ ᠤ᠋ᠨ ᠮᠦᠽᠧᠢ ᠳ᠋ᠤ ᠬᠠᠳᠠᠭᠠᠯᠠᠵᠤ ᠪᠠᠢᠭ᠎ᠠ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠰᠣᠳᠣᠨ ᠪᠦᠲᠦᠭᠡᠯ ᠤ᠋ᠨ ᠦᠵᠡᠭᠦᠯᠭᠡ》 ᠵᠡᠷᠭᠡ 2 ᠶᠡᠬᠡ ᠦᠵᠡᠭᠦᠯᠭᠡ ᠵᠢ ᠣᠷᠣᠭᠤᠯᠤᠨ ᠠᠪᠴᠢᠷᠠᠵᠤ᠂ ᠲᠤᠰ ᠤᠳᠠᠭ᠎ᠠ ᠶ᠋ᠢᠨ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠦ ᠥᠪᠡᠷᠮᠢᠴᠡ ᠬᠡᠪ ᠨᠠᠮᠪᠠ ᠨᠡᠮᠡᠷᠢᠯᠡᠪᠡ᠃
《ᠬᠤᠳᠠ ᠡᠴᠡ ᠪᠠᠨ ᠭᠠᠷᠬᠤ ᠦᠬᠡᠢ ᠪᠡᠷ ᠡᠢᠮᠦ᠍ ᠰᠠᠢᠬᠠᠨ ᠦᠵᠡᠰᠭᠦᠯᠡᠩ ᠢ᠋ ᠦᠨ᠎ᠡ ᠲᠥᠯᠥᠪᠦᠷᠢ ᠥᠬᠡᠶ ᠪᠡᠷ ᠰᠤᠨᠢᠷᠬᠠᠴᠢᠬᠠᠨᠠ ᠭᠡᠵᠦ᠍ ᠪᠤᠳᠤᠵᠤ ᠤᠯᠤᠭᠰᠠᠨ ᠥᠬᠡᠶ᠂ ᠡᠷᠲᠡᠨ ᠤ᠋ ᠭᠷᠧᠭ ᠤ᠋ᠨ ᠪᠣᠯᠪᠠᠰᠤᠨ ᠤ᠋ ᠥᠪᠡᠷᠮᠢᠴᠡ ᠷᠢᠳᠢ ᠱᠢᠳᠢ ᠵᠢ ᠮᠡᠳᠡᠷᠡᠭᠰᠡᠨ ᠮᠥᠷᠲᠡᠭᠡᠨ ᠳᠤᠮᠳᠠᠳᠤ ᠤᠯᠤᠰ ᠤ᠋ᠨ ᠡᠷᠲᠡᠨ ᠤ᠋ ᠱᠠᠭᠠᠵᠠᠩ ᠤᠷᠠᠯᠠᠯ ᠤ᠋ᠨ ᠡᠳᠡᠭᠡᠳ ᠰᠠᠢᠬᠠᠨ ᠢ᠋ ᠴᠤ᠌ ᠣᠢᠯᠠᠭᠠᠯ᠎ᠠ᠂ ᠦᠨᠡᠬᠡᠷ ᠰᠠᠢᠨ!》 ᠭᠡᠵᠦ ᠦᠵᠡᠰᠭᠦᠯᠡᠩ ᠢ᠋ ᠲᠣᠭᠣᠷᠢᠨ ᠦᠵᠡᠭ᠌ᠰᠡᠨ ᠬᠥᠬᠡᠬᠣᠲᠠ ᠶ᠋ᠢᠨ ᠵᠧᠦ ᠠᠪᠠᠬᠠᠢ ᠰᠡᠳᠭᠢᠯ ᠳᠣᠭ᠍ᠳᠣᠯᠤᠨ ᠬᠡᠯᠡᠨ᠎ᠠ᠃
ᠥᠪᠥᠷ ᠮᠣᠩᠭᠣᠯ ᠤ᠋ᠨ ᠮᠦᠽᠧᠶ ᠶ᠋ᠢᠨ ᠢᠳᠡᠪᠬᠢᠲᠡᠶ ᠪᠡᠷ ᠬᠠᠢᠨ ᠰᠦᠪᠡᠭ᠌ᠴᠢᠯᠡᠭ᠌ᠰᠡᠨ ᠨᠡᠬᠡᠬᠡᠯᠳᠡ ᠵᠢᠨ ᠠᠷᠭ᠎ᠠ ᠵᠠᠮ ᠪᠣᠯ ᠲᠣᠰ ᠤᠳᠠᠭ᠎ᠠ ᠵᠢᠨ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ 《ᠡᠭᠦᠳᠡ ᠪᠡᠨ ᠨᠡᠭᠡᠭᠡᠵᠦ᠍ ᠠᠵᠢᠯᠯᠠᠭ᠎ᠠ ᠡᠷᠭᠢᠯᠡᠬᠦ᠌》 ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃
ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠳ᠋ᠦ 《ᠡᠭᠦᠳᠡ ᠪᠡᠨ ᠨᠡᠭᠡᠭᠡᠵᠦ᠍ ᠠᠵᠢᠯᠯᠠᠭ᠎ᠠ ᠡᠷᠭᠢᠯᠡᠬᠦ᠌》 ᠶ᠋ᠢ ᠪᠠᠷᠢᠮᠲᠠᠯᠠᠨ᠂ ᠱᠢᠯᠢᠳᠡᠭ ᠵᠦᠴᠦᠭᠡ (ᠲᠤᠭᠯᠠᠯᠳᠠ)᠂ ᠮᠣᠷᠢᠨ ᠬᠤᠭᠤᠷ ᠤ᠋ᠨ ᠲᠤᠰᠭᠠᠶ ᠲᠠᠯᠠᠪᠠᠢ ᠬᠤᠳᠠᠯᠳᠤᠭᠠᠨ ᠤ᠋ ᠲᠣᠭ᠍ᠯᠠᠯᠲᠠ᠂ ᠤᠯᠠᠭᠠᠨᠮᠥ᠋ᠴᠢᠷ ᠤ᠋ᠨ ᠥᠭᠡᠷᠡᠴᠢᠯᠡᠯᠲᠡ ᠶ᠋ᠢᠨ ᠲᠤᠷᠱᠢᠯᠲᠠ ᠶ᠋ᠢᠨ ᠴᠡᠭ ᠤ᠋ᠨ ᠬᠦᠷᠢᠶᠡᠯᠡᠩ ᠪᠦᠯᠬᠦᠮ ᠤ᠋ᠨ ᠲᠣᠭ᠍ᠯᠠᠯᠲᠠ᠂ ᠬᠤᠳᠠᠯᠳᠤᠭᠠᠨ ᠤ᠋ ᠳᠠᠭᠤᠤᠬᠦᠭᠵᠢᠮ ᠤ᠋ᠨ ᠴᠤᠭ᠍ᠯᠠᠭᠠᠨ ᠪᠠ ᠪᠦᠲᠦᠭᠡᠯᠴᠢ ᠰᠣᠶᠣᠯ ᠤ᠋ᠨ ᠠᠵᠤ ᠦᠶ᠋ᠯᠡᠰ ᠤ᠋ᠨ ᠴᠤᠭ᠍ᠯᠠᠭᠠ ᠵᠡᠷᠭᠡ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠶᠠᠪᠤᠭᠳᠠᠭᠤᠯᠵᠤ᠂ ᠲᠣᠭ᠍ᠯᠠᠯᠲᠠ᠂ ᠪᠦᠲᠦᠭᠡᠯᠴᠢ ᠰᠡᠳᠭᠢᠮᠵᠢ᠂ ᠪᠡᠶᠡᠴᠢᠯᠡᠨ ᠣᠢᠯᠠᠭᠠᠬᠤ ᠵᠡᠷᠭᠡ ᠣᠯᠠᠨ ᠲᠥᠷᠥᠯ ᠬᠡᠯᠪᠡᠷᠢ ᠵᠢ ᠬᠠᠮᠤᠷᠤᠨ᠂ ᠰᠣᠶᠣᠯ ᠤ᠋ᠨ ᠬᠡᠷᠡᠭ᠌ᠯᠡᠭᠡᠨ ᠤ᠋ ᠪᠦᠲᠦᠭᠡᠭ᠌ᠳᠡᠬᠦᠨ ᠤ᠋ ᠬᠠᠩᠭᠠᠯᠭ᠎ᠠ ᠶ᠋ᠢᠨ ᠪᠦᠲᠦᠴᠡ ᠵᠢ ᠭᠦᠶ᠋ᠴᠡᠳ ᠰᠠᠢᠵᠢᠷᠠᠭᠤᠯᠵᠤ᠂ ᠰᠣᠶᠣᠯ ᠤ᠋ᠨ ᠬᠡᠷᠡᠭ᠌ᠯᠡᠭᠡᠨ ᠤ᠋ ᠬᠡᠯᠬᠢᠶ᠎ᠡ ᠵᠢ ᠬᠠᠮᠤᠭ ᠤ᠋ᠨ ᠶᠡᠬᠡ ᠬᠡᠮᠵᠢᠶ᠎ᠡ ᠪᠡᠷ ᠱᠢᠯᠢᠳᠡᠭ᠌ᠵᠢᠭᠦᠯᠦᠭᠰᠡᠨ ᠪᠠᠢᠨ᠎ᠠ᠃
ᠪᠠᠷᠠᠭᠤᠨ ᠯᠢᠶᠣᠤᠾᠧ ᠭᠤᠤᠯ ᠤ᠋ᠨ ᠰᠣᠶᠣᠯ ᠤ᠋ᠨ ᠨᠠᠢᠷ ᠲᠡᠬᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠶᠣᠯ ᠤ᠋ᠨ ᠡᠭᠦᠳᠦᠯᠲᠡ ᠶ᠋ᠢᠨ ᠪᠦᠳᠦᠭᠡᠭᠳᠡᠬᠦᠨ ᠤ᠋ ᠵᠠᠬ᠎ᠠ ᠲᠠᠯᠬᠡᠬᠦᠷ ᠲᠦ᠍ 28 ᠵᠦᠢᠯ ᠤ᠋ᠨ ᠤᠷ᠎ᠠ ᠮᠡᠷᠭᠡᠵᠢᠯ᠂ 120 ᠭᠠᠷᠤᠢ ᠵᠦᠢᠯ ᠤ᠋ᠨ ᠰᠣᠶᠣᠯ ᠤ᠋ᠨ ᠪᠦᠳᠦᠬᠡᠯᠴᠢ ᠦᠢᠯᠡᠳᠬᠦᠨ ᠢ᠋ ᠳᠡᠯᠭᠡᠨ ᠪᠤᠷᠤᠯᠠᠭᠤᠯᠪᠠ; ᠦᠬᠡᠷ ᠤ᠋ᠨ ᠪᠣᠷᠴᠠ ᠶ᠋ᠢ ᠠᠮᠳᠠᠯᠠᠬᠤ ᠴᠤᠭᠯᠠᠭᠠᠨ ᠳ᠋ᠤ 32 ᠠᠵᠤ ᠠᠬᠤᠢᠯᠠᠯ ᠤᠷᠤᠯᠴᠠᠵᠦ᠂ 40 ᠭᠠᠷᠤᠶ ᠵᠦᠶ᠋ᠯ ᠤ᠋ᠨ ᠪᠣᠷᠴᠠ ᠵᠢ ᠳᠡᠯᠭᠡᠨ ᠪᠤᠷᠤᠯᠠᠭᠤᠯᠵᠠᠢ; ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 35 ᠳ᠋ᠤᠭᠠᠷ ᠬᠤᠭᠤᠴᠠᠭᠠᠨ ᠤ᠋ ᠲᠠᠯ᠎ᠠ ᠨᠤᠲᠤᠭ ᠤ᠋ᠨ ᠨᠠᠭᠠᠳᠤᠮ ᠤ᠋ᠨ ᠬᠤᠷᠠᠯ ᠤ᠋ᠨ ᠬᠤᠭᠤᠴᠠᠭᠠᠨ ᠳ᠋ᠦ ᠱᠢᠯᠢ ᠶ᠋ᠢᠨ ᠭᠤᠤᠯ ᠠᠢᠮᠠᠭ 5 ᠡᠳᠦᠷ ᠲᠦ᠍ 150 ᠲᠦᠮᠡᠨ ᠬᠥᠮᠦᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠤ᠌᠂ 10.8 ᠳ᠋ᠦᠩᠱᠢᠭᠤᠷ ᠲᠥᠭᠥᠷᠢᠭ ᠤ᠋ᠨ ᠵᠢᠭᠤᠯᠴᠢᠯᠠᠯ ᠤ᠋ᠨ ᠣᠷᠣᠯᠭ᠎ᠠ ᠵᠢ ᠳᠠᠢᠴᠢᠯᠠᠪᠠ ᠁
ᠤᠷᠠᠨ ᠭᠣᠢᠳᠠ ᠰᠣᠶᠣᠯ ᠤ᠋ᠨ ᠠᠵᠢᠯᠯᠠᠭ᠎ᠠ ᠨᠤᠭᠤᠳ ᠨᠢ ᠤᠮᠠᠷᠠᠲᠤ ᠬᠢᠯᠢ ᠶ᠋ᠢᠨ ᠰᠣᠶᠣᠯ ᠤ᠋ᠨ ᠷᠢᠳᠢ ᠱᠢᠳᠢ ᠵᠢ ᠳᠡᠯᠭᠡᠨ ᠦᠵᠡᠭᠦᠯᠬᠦ᠌ ᠲᠠᠪᠴᠠᠩ ᠪᠣᠯᠤᠭᠰᠠᠨ ᠢ᠋ᠶ᠋ᠡᠷ ᠪᠠᠷᠠᠬᠤ ᠦᠭᠡᠶ ᠨᠡᠩ ᠴᠤ᠌ ᠬᠡᠷᠡᠭ᠌ᠯᠡᠭᠡ ᠵᠢ ᠳᠠᠢᠴᠢᠯᠠᠬᠤ᠂ ᠠᠵᠤ ᠦᠢᠯᠡᠰ ᠢ᠋ ᠳᠡᠯᠭᠡᠨ ᠦᠵᠡᠭᠦᠯᠬᠦ᠌᠂ ᠠᠵᠤ ᠠᠬᠤᠶ ᠳ᠋ᠦ ᠡᠨᠧᠷᠭᠢ ᠨᠡᠮᠡᠷᠢᠯᠡᠬᠦ᠌ ᠴᠢᠬᠤᠯᠠ ᠬᠥᠳᠡᠯᠭᠡᠭᠦᠷ ᠪᠣᠯᠤᠭ᠍ᠰᠠᠨ ᠶᠤᠮ᠃
ᠠᠷᠪᠢᠴᠢ ᠭᠠᠮᠳᠠᠢ ᠪᠡᠷ ᠠᠵᠢᠯᠯᠠᠭ᠎ᠠ ᠡᠷᠬᠢᠯᠡᠵᠤ᠂ ᠤᠮᠠᠷᠠᠳᠦ ᠬᠢᠯᠢ ᠶ᠋ᠢᠨ ᠰᠤᠶᠤᠯ ᠤ᠋ᠨ ᠤᠷᠠᠨ ᠭᠠᠢᠠᠬᠠᠮᠰᠢᠭ ᠢ᠋ ᠪᠦᠷᠢᠨ ᠬᠠᠷᠠᠭᠤᠯᠵᠦ ᠴᠢᠳᠠᠯ᠎ᠠ; ᠨᠡᠭᠡᠭᠡᠯᠲᠡᠳᠠᠢ ᠪᠡᠷ ᠠᠵᠢᠯᠯᠠᠭ᠎ᠠ ᠡᠷᠬᠢᠯᠡᠵᠦ᠂ ᠨᠡᠩ ᠥᠷᠭᠡᠨ ᠲᠠᠪᠴᠠᠩ ᠢ᠋ ᠤᠭ᠍ᠲᠤᠨ ᠠᠪᠤᠯ᠎ᠠ᠃ ᠠᠶᠠᠯᠭᠤᠳᠦ ᠵᠢᠭᠤᠯᠴᠢᠯᠠᠯ ᠥᠪᠥᠷ ᠮᠣᠩᠭᠣᠯ ᠤ᠋ᠨ ᠠᠯᠬᠤᠭ᠎ᠠ ᠦᠷᠬᠦᠯᠵᠢᠯᠡᠨ᠂ ᠤᠮᠠᠷᠠᠲᠤ ᠬᠢᠯᠢ ᠶ᠋ᠢᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠭᠣᠢᠳᠠ ᠰᠠᠢᠬᠠᠨ ᠪᠠᠢᠳᠠᠯ ᠮᠥᠨ ᠬᠦ᠌ ᠦᠷᠭᠦᠯᠵᠢᠯᠡᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠷᠢᠳᠢ ᠱᠢᠳᠢ ᠭᠠᠵᠠᠷ ᠰᠠᠢ ᠦᠭᠡᠢ ᠤᠯᠠᠮᠵᠢᠯᠠᠭ᠍ᠳᠠᠨ᠂ ᠭᠡᠷᠡᠯ ᠭᠢᠯᠪᠠᠭ᠎ᠠ ᠪᠠᠨ ᠤᠯᠠᠮ ᠰᠠᠴᠤᠷᠠᠭᠤᠯᠵᠤ ᠪᠠᠢᠨ᠎ᠠ᠃