ᠰᠦᠨ ᠱᠤᠤ ᠴᠧᠩ ᠬᠤᠷᠠᠯ᠎ᠢ ᠡᠷᠭᠢᠯᠡᠵᠡᠢ
9 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠵᠡᠢ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠤᠷᠳᠤ ᠬᠤᠭᠤᠴᠠᠭ᠎ᠠ᠎ᠪᠠᠷ ᠰᠠᠢᠲᠤᠷ ᠬᠠᠮᠠᠭᠠᠯᠠᠬᠤ ᠬᠡᠷᠡᠭ᠌ᠲᠡᠢ᠃ ᠱᠢᠨ᠎ᠡ ᠡᠨᠧᠷᠭᠢ᠎ᠶ᠋ᠢᠨ ᠬᠦᠷᠢᠶᠡᠨ᠎ᠳᠤ ᠱᠠᠯᠠᠪᠳᠠᠨ ᠠᠳᠬᠤᠵᠤ ᠲᠦᠷᠭᠡᠨ ᠠᠵᠢᠯᠯᠠᠬᠤ ᠪᠤᠯᠤᠨ ᠱᠢᠨ᠎ᠡ ᠳᠠᠢᠨ᠎ᠦ ᠲᠠᠯᠠᠪᠤᠷ᠎ᠢ ᠨᠡᠭᠡᠭᠡᠨ ᠬᠦᠭᠵᠢᠭᠦᠯᠬᠦ᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠤᠬᠠᠢ᠎ᠶ᠋ᠢᠨ ᠭᠠᠵᠠᠷ᠎ᠲᠤᠨᠢ ᠲᠣᠬᠢᠷᠠᠭᠤᠯᠤᠨ ᠪᠣᠢᠵᠢᠭᠤᠯᠤᠨ ᠬᠥᠭ᠌ᠵᠢᠭᠦᠯᠬᠦ᠌ ᠬᠡᠷᠡᠭ᠌ᠲᠡᠢ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌᠎ᠪᠡᠷ ᠵᠢᠯᠣᠭᠣᠳᠤᠮᠵᠢ ᠪᠣᠯᠭᠠᠵᠤ᠂ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠴᠢᠩᠭᠠᠳᠭᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠬᠤ ᠬᠡᠷᠡᠭ᠌ᠲᠡᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠠᠯᠢᠪᠠ ᠠᠵᠢᠯ᠎ᠤᠨ ᠵᠣᠷᠢᠯᠲᠠ ᠪᠠ ᠬᠦᠴᠦᠯᠡᠬᠦ᠌ ᠴᠡᠭ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ ᠪᠠ ᠵᠢᠷᠭᠠᠯᠲᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ ᠨᠠᠮ᠎ᠤᠨ ᠤᠳᠤᠷᠢᠳᠤᠯᠭ᠎ᠠ᠎ᠶ᠋ᠢ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠳᠤ ᠢᠮᠠᠭ᠍ᠲᠠ ᠲᠤᠭᠤᠱᠢᠯᠠᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ᠂ ᠰᠤᠷᠲᠠᠯ᠎ᠤᠨ ᠠᠰᠠᠭᠤᠳᠠᠯ᠎ᠢ ᠪᠠᠢᠩᠭᠤᠵᠢᠭᠤᠯᠤᠨ ᠢᠯᠡᠷᠡᠭᠦᠯᠬᠦ᠌ ᠪᠠ ᠴᠡᠭ᠌ᠴᠡᠯᠡᠨ ᠵᠠᠰᠠᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠵᠤ᠂ ᠴᠢᠩᠭ᠎ᠠ ᠪᠠᠢᠬᠤ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠢ᠎ᠡ᠂ ᠴᠢᠩᠭ᠎ᠠ ᠪᠠᠢᠬᠤ ᠠᠭᠤᠷ ᠠᠮᠢᠰᠭᠤᠯ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᡁᠢᠬᠦ᠋ᠩᠳᠠᠩ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠎ᠳᠤ ᠢᠯᠡᠭᠡᠭ᠌ᠰᠡᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠪᠥᠬᠥ᠌ ᠣᠷᠣᠨ᠎ᠤ ᠡᠯ᠎ᠡ ᠠᠷᠠᠳᠴᠢᠯᠠᠭ᠍ᠰᠠᠨ ᠨᠠᠮ ᠪᠦᠯᠦᠭ ᠪᠣᠯᠤᠨ ᠨᠠᠮ ᠪᠦᠯᠦᠭ᠎ᠦᠨ ᠪᠤᠰᠤ ᠬᠥᠮᠦᠰ᠎ᠢ ᠦᠵᠡᠯ ᠰᠠᠨᠠᠭ᠎ᠠ ᠤᠯᠤᠰ ᠲᠥᠷᠥ᠎ᠶ᠋ᠢᠨ ᠲᠠᠯ᠎ᠠ ᠪᠡᠷ ᠬᠦᠳᠦᠯᠦᠨ ᠲᠠᠭᠠᠭᠤᠯᠬᠤ᠎ᠶ᠋ᠢ ᠴᠢᠩᠭᠠᠳᠭᠠᠵᠤ᠂ ᠲᠡᠳᠡᠨ᠎ᠢ ᠬᠥᠲᠥᠯᠥᠨ ᠵᠢᠯᠣᠭᠣᠳᠴᠤ᠌ ᠬᠠᠮᠲᠤᠷᠠᠯᠴᠠᠭᠠᠨ᠎ᠤ ᠣᠭ ᠰᠠᠨᠠᠭ᠎ᠠ᠎ᠪᠠᠨ ᠥᠯᠥ᠍ ᠮᠠᠷᠲᠠᠵᠤ᠂ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠭᠦᠯᠵᠦ᠍᠂ ᠲᠣᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠲᠦᠪᠱᠢᠨ ᠪᠣᠯᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠥᠷᠭᠡᠨ ᠣᠯᠠᠨ ᠲᠠᠷᠢᠶᠠᠴᠢᠨ ᠪᠣᠯᠤᠨ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠹᠷᠣᠨᠲ ᠲᠤ᠌ ᠠᠵᠢᠯᠯᠠᠵᠤ ᠪᠠᠢᠭ᠎ᠠ ᠨᠥᠬᠥᠳ᠎ᠲᠦ ᠬᠦᠷᠭᠡᠭᠰᠡᠨ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠴᠢᠩ ᠰᠡᠳᠭᠢᠯ᠎ᠦᠨ ᠲᠤᠬᠤᠨᠢᠭᠤᠯᠤᠯᠢ ᠤᠯᠠᠮᠵᠢᠯᠠᠨ ᠰᠤᠷᠤᠯᠴᠠᠵᠤ᠂ ᠪᠥᠬᠥ᠌ ᠣᠷᠣᠨ᠎ᠤ ᠠᠮᠤ ᠪᠤᠳᠠᠭᠠᠨ᠎ᠤ ᠠᠮᠤᠷ ᠲᠦᠪᠱᠢᠨ ᠪᠣᠯᠤᠨ ᠲᠠᠷᠢᠶᠠᠯᠠᠩ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠎ᠦᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠲᠠᠷᠢᠶᠠᠯᠠᠩ ᠮᠠᠯ ᠠᠵᠤ ᠠᠬᠤᠶ ᠪᠣᠯ ᠮᠠᠨ᠎ᠤ ᠣᠷᠣᠨ᠎ᠤ ᠬᠥᠭ᠌ᠵᠢᠯᠲᠡ᠎ᠶ᠋ᠢᠨ 《ᠲᠣᠭ᠍ᠲᠠᠪᠤᠷᠢᠵᠢᠭᠤᠯᠤᠭ᠍ᠴᠢ》 ᠮᠥᠨ᠂ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠠᠮᠤ ᠪᠤᠳᠠᠭ᠎ᠠ ᠳᠠᠷᠢᠬᠤ ᠲᠠᠯᠠᠪᠠᠶ᠎ᠶ᠋ᠢ ᠲᠣᠭ᠍ᠲᠠᠪᠤᠷᠢᠵᠢᠭᠤᠯᠤᠬᠰᠠᠨ ᠤᠷᠢᠲᠠᠯ ᠳᠤᠤᠷ᠎ᠠ᠂ ᠠᠷᠭ᠎ᠠ ᠪᠦᠬᠦᠨ᠎ᠢ ᠰᠦᠪᠡᠭ᠌ᠴᠢᠯᠡᠨ ᠠᠮᠤ ᠪᠤᠳᠠᠭᠠᠨ᠎ᠤ ᠮᠣ᠌ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠦᠶ᠋ᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠲᠥᠷᠥᠯ ᠵᠦᠶ᠋ᠯ ᠪᠠ ᠪᠠᠯᠠ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠨ᠂ ᠪᠠᠷᠢᠯᠭ᠎ᠠ᠎ᠶ᠋ᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ᠃ ᠤᠯᠤᠰ᠎ᠤᠨ ᠥᠮᠴᠢᠯᠡᠯ᠎ᠤᠨ ᠲᠠᠷᠢᠶᠠᠯᠠᠩ᠎ᠤᠨ ᠲᠠᠯᠠᠪᠠᠶ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠡᠵᠡᠩᠨᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ ᠬᠡᠷᠡᠭᠲᠡᠢ᠃ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠷᠠᠭᠤᠯᠵᠤ᠂ ᠦᠬᠡᠷ ᠬᠣᠨᠢ ᠪᠣᠷᠳᠣᠨ ᠲᠠᠷᠭᠤᠯᠠᠭᠤᠯᠬᠤ ᠬᠡᠪᠴᠢᠶ᠎ᠡ᠎ᠶ᠋ᠢ ᠥᠷᠭᠡᠳᠭᠡᠬᠦ ᠬᠡᠷᠡᠭᠲᠡᠢ᠃ ᠳᠠᠭᠠᠭᠤᠯᠤᠭ᠍ᠴᠢ ᠠᠵᠤ ᠠᠬᠤᠢᠯᠠᠯ᠎ᠤᠨ 《ᠪᠠᠢᠳᠠᠯ᠎ᠢ ᠰᠦᠷᠦᠨ ᠬᠦᠭᠵᠢᠭᠰᠡᠨ》 ᠲᠤᠷᠱᠢᠯᠭ᠎ᠠ᠎ᠶ᠋ᠢ ᠳ᠋ᠥᠩᠨᠡᠨ ᠳᠡᠯᠭᠡᠷᠡᠭᠦᠯᠵᠦ᠍᠂ ᠢᠳᠡᠭᠡᠨ᠎ᠤ ᠵᠦᠢᠯ ᠡᠳ᠋ᠱᠢᠭᠦᠯᠬᠦ᠌ ᠦᠢᠯᠡᠰ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠲᠠᠶ ᠤᠶᠠᠯᠳᠤᠭᠤᠯᠤᠨ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠢ ᠱᠢᠰᠲᠧᠮ ᠲᠠᠢ ᠰᠤᠳᠤᠯᠬᠤ᠎ᠵᠢ ᠴᠢᠩᠭᠠᠳᠭᠠᠵᠤ᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢ ᠤᠷᠲᠤᠳᠭᠠᠬᠤ ᠠᠵᠢᠯ᠎ᠳᠤ ᠲᠤᠯᠭᠠᠷᠠᠵᠤ ᠪᠠᠢᠭ᠎ᠠ ᠠᠰᠠᠭᠤᠳᠠᠯ᠎ᠢ ᠴᠢᠬᠤᠯᠠᠴᠢᠯᠠᠨ ᠱᠢᠶ᠋ᠳᠪᠦᠷᠢᠯᠡᠵᠦ᠍᠂ ᠬᠥᠮᠦᠨ ᠠᠮᠠ᠎ᠶ᠋ᠢᠨ ᠬᠥᠭ᠌ᠵᠢᠯᠲᠡ ᠬᠤᠪᠢᠷᠠᠯᠲᠠ᠎ᠶ᠋ᠢᠨ ᠬᠠᠨᠳᠤᠰᠢ᠎ᠳᠤ ᠵᠣᠬᠢᠴᠠᠭᠤᠯᠤᠨ ᠬᠣᠲᠠ ᠬᠥᠳᠡᠭᠡ᠎ᠶ᠋ᠢᠨ ᠨᠡᠢᠭᠡᠮ᠎ᠦᠨ ᠠᠵᠢᠯ ᠦᠢᠯᠡᠰ᠎ᠢ ᠰᠠᠢᠲᠤᠷ ᠤᠬᠠᠭᠠᠯᠠᠨ ᠲᠥᠯᠥᠪᠯᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃