ᠬᠤᠸᠠᠩ ᡁᠢ ᠴᠢᠶᠠᠩ ᠮᠦᠬᠠᠨᠮᠦ᠋ᠳ᠋·ᠠᠪᠦᠨᠠᠶᠠᠩ ᠲᠠᠢ ᠠᠭᠤᠯᠵᠠᠪᠠ
9 ᠰᠠᠷ᠎ᠠ᠎ᠶ᠋ᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠬᠥᠬᠡᠬᠣᠲᠠ᠎ᠳᠤ ᠰᠡᠦ᠋ᠳᠢ ᠠᠷᠠᠪ᠎ᠤᠨ ᠤᠯᠠᠨ ᠤᠯᠤᠰ᠎ᠤᠨ ᠴᠠᠬᠢᠯᠭᠠᠨ ᠬᠦᠴᠦᠨ ᠪᠠ ᠤᠰᠤᠨ᠎ᠤ ᠶᠠᠪᠤᠳᠠᠯ᠎ᠤᠨ ᠺᠣᠮᠫᠠᠨᠢ᠎ᠶ᠋ᠢᠨ ᠡᠭᠦᠰᠭᠡᠨ ᠪᠠᠢᠭᠤᠯᠤᠭ᠍ᠴᠢ᠂ ᠬᠡᠷᠡᠭ ᠮᠡᠳᠡᠭ᠌ᠴᠢᠳ᠎ᠦᠨ ᠬᠤᠷᠠᠯ᠎ᠤᠨ ᠲᠡᠷᠢᠭᠦᠯᠡᠭ᠌ᠴᠢ ᠮᠦᠬᠠᠨᠮᠦ᠋ᠳ᠋·ᠠᠪᠦᠨᠠᠶᠠᠩ ᠲᠠᠢ ᠠᠭᠤᠯᠵᠠᠪᠠ᠃
ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠮᠦᠬᠠᠨᠮᠦ᠋ᠳ᠋·ᠠᠪᠦᠨᠠᠶᠠᠩ ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ᠂ ᠣᠷᠣᠨ ᠪᠠᠢᠷᠢ ᠥᠪᠡᠷᠮᠢᠴᠡ᠂ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠵᠠᠬ᠎ᠠ ᠳᠡᠯᠭᠡᠭᠦᠷᠴᠢᠯᠡᠭ᠌ᠰᠡᠨ ᠲᠦᠪᠱᠢᠨ ᠥᠨᠳᠥᠷ᠂ ᠪᠡᠯᠡ ᠣᠷᠣᠭᠤᠯᠵᠤ ᠦᠢᠯᠡᠰ ᠪᠤᠰᠭᠠᠬᠤ ᠬᠦᠰᠡᠯᠡᠩᠳᠦ ᠣᠷᠣᠨ ᠪᠣᠯᠤᠨ᠎ᠠ᠃ ᠰᠡᠦ᠋ᠳ᠋ᠢ ᠠᠷᠠᠪ᠎ᠤᠨ ᠤᠯᠠᠨ ᠤᠯᠤᠰ᠎ᠤᠨ ᠴᠠᠬᠢᠯᠭᠠᠨ ᠬᠦᠴᠦᠨ ᠪᠠ ᠤᠰᠤᠨ᠎ᠤ ᠶᠠᠪᠤᠳᠠᠯ᠎ᠤᠨ ᠺᠣᠮᠫᠠᠨᠢ ᠥᠪᠥᠷ ᠮᠣᠩᠭᠣᠯ᠎ᠳᠤ ᠪᠡᠯᠡ ᠣᠷᠣᠭᠤᠯᠬᠤ ᠣᠷᠣᠨ ᠵᠠᠢ ᠯᠤᠲᠤ ᠶᠡᠬᠡ ᠪᠠᠢᠨ᠎ᠠ᠂ ᠡᠨᠡ ᠤᠳᠠᠭ᠎ᠠ᠎ᠶ᠋ᠢᠨ ᠵᠥᠪᠳᠡᠯᠴᠡᠭᠡᠷ ᠵᠢᠡᠷ ᠳᠠᠮᠵᠢᠨ ᠤᠰᠤᠲᠥ᠋ᠷᠥᠭ᠌ᠴᠢ ᠡᠨᠧᠷᠭᠢ᠂ ᠡᠨᠧᠷᠭᠢ ᠨᠥᠭᠡᠴᠡᠯᠡᠬᠦ᠌ ᠵᠡᠷᠭᠡ ᠬᠦᠷᠢᠶᠡᠨ᠎ᠳᠦ ᠨᠢᠭᠡ ᠪᠦᠯᠦᠭ ᠵᠢᠱ᠌ᠢᠢ᠎ᠡ ᠦᠵᠡᠭᠦᠯᠵᠦ ᠬᠦᠳᠦᠯᠦᠨ ᠲᠠᠭᠠᠭᠤᠯᠬᠤ ᠲᠦᠷᠦᠯ ᠵᠦᠢᠯ᠎ᠢ ᠪᠤᠳᠠᠳᠠᠢ ᠳ᠋ᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃
ᠮᠦᠬᠠᠨᠮᠦ᠋ᠳ᠋·ᠠᠪᠦᠨᠠᠶᠠᠩ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠶ᠋ᠢ ᠶᠡᠭᠡᠳᠡ ᠮᠠᠭ᠍ᠲᠠᠨ ᠰᠠᠢᠱᠢᠶᠠᠵᠤ᠂ ᠥᠪᠥᠷ ᠮᠣᠩᠭᠣᠯ᠎ᠳᠤ ᠪᠡᠯᠡ ᠣᠷᠣᠭᠤᠯᠬᠤ᠎ᠳᠤ ᠢᠲᠡᠭᠡᠯ ᠲᠡᠭᠦᠯᠳᠡᠷ ᠪᠠᠢᠨ᠎ᠠ᠂ ᠱᠢᠨ᠎ᠡ ᠡᠨᠧᠷᠭᠢ᠎ᠶ᠋ᠢᠨ ᠬᠦᠷᠢᠶᠡᠨ᠎ᠦ ᠠᠵᠤ ᠦᠢᠯᠡᠰ᠎ᠦᠨ ᠲᠦᠷᠦᠯ ᠵᠦᠢᠯ᠎ᠦᠨ ᠪᠠᠢᠷᠢᠱᠢᠭᠤᠯᠤᠯᠲᠠ᠎ᠶ᠋ᠢᠨ ᠠᠬᠢᠴᠠ ᠪᠠᠨ ᠲᠦᠷᠭᠡᠳᠭᠡᠵᠦ᠍᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢᠨ ᠠᠯᠢ ᠲᠦᠷᠭᠡᠨ᠎ᠢᠶᠡᠷ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠰᠡᠦ᠋ᠳᠢ ᠠᠷᠠᠪ᠎ᠤᠨ ᠤᠯᠠᠨ ᠤᠯᠤᠰ᠎ᠤᠨ ᠴᠠᠬᠢᠯᠭᠠᠨ ᠬᠦᠴᠦᠨ ᠪᠠ ᠤᠰᠤᠨ᠎ᠤ ᠶᠠᠪᠤᠳᠠᠯ᠎ᠤᠨ ᠺᠣᠮᠫᠠᠨᠢ᠎ᠶ᠋ᠢᠨ ᠳᠤᠮᠳᠠᠳᠤ ᠤᠯᠤᠰ᠎ᠤᠨ ᠣᠷᠣᠨ᠎ᠤ ᠲᠡᠷᠢᠭᠦᠯᠡᠭ᠌ᠴᠢ ᠰᠠᠢᠯᠸ·ᠬᠠᠪᠤᠲ ᠠᠭᠤᠯᠵᠠᠯᠲᠠ᠎ᠳᠤ ᠣᠷᠣᠯᠴᠠᠪᠠ᠃