ᠯᠢ ᠢᠦᠢ ᠭᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
9 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ《ᠤᠳᠤᠷᠢᠳᠭᠤ ᠬᠥᠮᠦᠰ᠎ᠦᠨ ᠦᠢᠯᠡᠳᠦᠯᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠭᠤᠷᠪᠠᠨ ᠵᠢᠯ᠎ᠦᠨ ᠢᠨᠵᠧᠨᠧᠷᠢᠩ》᠎ᠤ᠋ᠨ ᠡᠬᠢᠯᠡᠯᠲᠡ᠎ᠶ᠋ᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ᠎ᠤ ᠪᠣᠯᠪᠠᠰᠤᠷᠠᠯ᠎ᠤᠨ ᠠᠩᠬᠢ᠎ᠶ᠋ᠢᠨ ᠬᠢᠴᠢᠶᠡᠯ ᠡᠬᠢᠯᠡᠬᠦ᠌ ᠶᠣᠰᠣᠯᠠᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭ᠍ᠳᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠢᠦᠶ ᠭᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃ ᠲᠡᠷᠡ᠂ 《ᠭᠤᠷᠪᠠᠨ ᠵᠢᠯ ᠤ᠋ᠨ ᠢᠨᠵᠧᠨᠧᠷᠢᠩ》 ᠤ᠋ᠨ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ ᠬᠥᠭ᠌ᠵᠢᠯᠲᠡ᠂ ᠶᠡᠬᠡ ᠳᠡᠭᠡᠳᠦ ᠰᠤᠷᠭᠠᠭᠤᠯᠢ᠎ᠶ᠋ᠢᠨ ᠲᠠᠰ ᠳᠡᠪᠱᠢᠭᠦᠯᠦᠨ ᠳᠡᠭᠡᠭ᠌ᠰᠢᠯᠡᠭᠦᠯᠬᠦ᠌ ᠲᠤᠯᠭᠠᠮ ᠰᠡᠳᠭᠢᠯᠭᠡ ᠪᠣᠯᠤᠨ ᠬᠠᠷᠢᠭᠤᠴᠠᠯᠭᠠᠲᠤ ᠤᠪᠤᠷ ᠵᠢᠡᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠶ᠋ᠢ ᠠᠬᠢᠭᠤᠯᠬᠤ᠂ ᠱᠢᠨ᠎ᠡ ᠵᠠᠮ᠎ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠰᠠᠢᠲᠤᠷ ᠦᠶ᠋ᠯᠡᠴᠢᠯᠡᠬᠦ᠌ ᠬᠡᠷᠡᠭ᠌ᠲᠡᠶ᠃ 《ᠭᠤᠷᠪᠠᠨ ᠵᠢᠯ᠎ᠤ᠋ᠨ ᠢᠨᠵᠧᠨᠧᠷᠢᠩ》᠎ᠤ᠋ᠨ ᠡᠭᠦᠷᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠠᠬᠢᠭᠤᠯᠤᠨ ᠪᠣᠳᠠᠲᠠᠢᠵᠢᠭᠤᠯᠵᠤ᠂ ᠨᠡᠷᠡᠳᠤ ᠪᠠᠭ᠍ᠰᠢ ᠨᠢᠭᠤᠷᠳᠠᠨ ᠪᠣᠯᠪᠠᠰᠤᠷᠠᠯ ᠬᠦᠷᠲᠡᠭᠡᠬᠦ᠌᠂ ᠬᠠᠨᠳᠤᠯᠭ᠎ᠠ᠎ᠲᠠᠶ ᠴᠡᠭ ᠲᠣᠭ᠍ᠲᠠᠭᠠᠨ ᠲᠤᠬᠠᠢ᠎ᠶ᠋ᠢᠨ ᠭᠠᠵᠠᠷ᠎ᠲᠤᠨᠢ ᠰᠤᠳᠤᠯᠤᠨ ᠰᠤᠷᠤᠯᠴᠠᠬᠤ᠂ ᠠᠵᠢᠯ᠎ᠤᠨ ᠪᠠᠢᠷᠢ᠎ᠵᠢ ᠳᠠᠭᠠᠨ ᠲᠤᠱᠢᠶᠠᠯ ᠡᠭᠦᠷᠭᠡᠯᠡᠬᠦ᠌ ᠦᠢᠯᠡᠳᠦᠯᠭᠡ᠎ᠶ᠋ᠢᠨ ᠪᠣᠯᠪᠠᠰᠤᠷᠠᠯ᠂ ᠰᠤᠷᠭᠠᠭᠤᠯᠢ ᠣᠷᠣᠨ ᠨᠤᠲᠤᠭ ᠰᠤᠷᠭᠠᠭᠤᠯᠢ ᠠᠵᠤ ᠠᠬᠤᠢᠯᠠᠯ ᠬᠣᠯᠪᠣᠭᠠᠯᠠᠨ ᠪᠣᠯᠪᠠᠰᠤᠷᠠᠯ ᠬᠦᠷᠲᠡᠭᠡᠬᠦ᠌ ᠵᠡᠷᠭᠡ ᠠᠵᠢᠯ᠎ᠢ ᠰᠠᠢᠲᠤᠷ ᠠᠳᠭᠤᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠬᠥᠭ᠌ᠵᠢᠯᠲᠡ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠵᠡᠷᠭᠡ᠎ᠪᠡᠷ ᠠᠬᠢᠭᠤᠯᠬᠤ ᠬᠡᠷᠡᠭ᠌ᠲᠡᠢ᠃ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢ ᠬᠦᠴᠦᠯᠡᠨ ᠴᠢᠩᠭᠠᠳᠭᠠᠵᠤ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ ᠪᠦᠬᠦᠨᠨᠠᠮᠤᠨ ᠰᠤᠷᠭᠠᠭᠤᠯᠢ ᠪᠠᠢᠭᠤᠯᠬᠤ ᠠᠱᠢᠭ᠍ᠲᠠᠶ ᠠᠵᠠ ᠲᠣᠬᠢᠶᠠᠯ᠎ᠲᠠᠶ ᠤᠶᠠᠯᠳᠤᠭᠤᠯᠤᠨ᠂ ᠲᠠᠰ ᠳᠠᠪᠬᠤᠷᠭ᠎ᠠ ᠲᠥᠷᠥᠯ ᠬᠤᠪᠢᠶᠠᠨ ᠪᠣᠯᠪᠠᠰᠤᠷᠠᠯ ᠥᠷᠨᠢᠭᠦᠯᠵᠦ᠍᠂ ᠨᠡᠪᠲᠡᠷᠡᠯᠴᠡᠭ᠌ᠰᠡᠨ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠲᠤᠰ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠠᠵᠢᠯ᠎ᠤᠨ ᠵᠥᠪᠯᠡᠯ᠎ᠦᠨ ᠨᠠᠮ᠎ᠤᠨ ᠰᠤᠷᠭᠠᠭᠤᠯᠢ ᠫᠠᠢᠰᠠ ᠪᠠᠨ ᠰᠡᠬᠦᠪᠡ᠃