ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶ᠎ᠠ ᠲᠡᠯᠡᠬᠡᠢ᠎ᠳᠦ ᠬᠣᠪᠣᠷ ᠲᠣᠬᠢᠶᠠᠯᠳᠤᠬᠤ EGPA ᠡᠪᠡᠳᠴᠢᠨ᠎ᠳᠦ ᠦᠷᠳᠦᠭᠰᠡᠨ ᠮᠣᠩᠭᠣᠯ ᠤᠯᠤᠰ᠎ᠤᠨ ᠡᠪᠡᠳᠴᠢᠲᠡᠨ᠎ᠢ ᠠᠮᠵᠢᠯᠲᠠ᠎ᠲᠠᠢ ᠤᠨᠤᠰᠢᠯᠠᠨ ᠡᠮᠴᠢᠯᠡᠭᠰᠡᠨ ᠨᠢ 《ᠨᠢᠭᠡ ᠪᠦᠰᠡ ᠨᠢᠭᠡ ᠵᠠᠮ》᠎ᠤᠨ ᠠᠷᠠᠳ ᠢᠷᠭᠡᠳ᠎ᠦᠨ ᠰᠡᠳᠬᠢᠯ᠎ᠢ ᠬᠤᠯᠪᠤᠬ᠍ᠰᠠᠨ ᠠᠭᠤᠤ ᠦᠢᠯᠡᠳᠦᠯᠭᠡ᠂ ᠠᠮᠢᠳᠤᠯᠢᠭ᠋ ᠵᠢᠱ᠌ᠢᠶ᠎ᠡ ᠪᠤᠯᠵᠠᠢ᠃17 ᠡᠳᠦᠷ᠎ᠦᠨ ᠳᠣᠲᠣᠷ᠎ᠠ᠂ ᠮᠣᠩᠭᠣᠯ ᠡᠸᠦ᠋ᠷᠦᠫᠡ ᠡᠮᠨᠡᠯᠭᠡ᠎ᠶᠢ ᠤᠶᠠᠯᠳᠤᠭᠤᠯᠤᠨ ᠵᠠᠰᠠᠵᠤ᠂ ᠡᠪᠡᠳᠴᠢᠳᠡᠨ᠎ᠢ ᠦᠬᠦᠯ᠎ᠦᠨ ᠲᠠᠪᠠᠭᠠᠨ᠎ᠠᠴᠠ ᠠᠪᠤᠷᠠᠵᠤ᠂ ᠬᠣᠪᠣᠷ ᠲᠣᠬᠢᠶᠠᠯᠳᠤᠬᠤ ᠡᠪᠡᠳᠴᠢᠨ᠎ᠢ ᠣᠨᠣᠰᠢᠯᠠᠨ ᠡᠮᠴᠢᠯᠡᠬᠦ ᠬᠦᠴᠢᠷ ᠠᠰᠠᠭᠤᠳᠠᠯ᠎ᠢ ᠰᠢᠢᠳᠪᠦᠷᠢᠯᠡᠭᠰᠡᠨ ᠪᠥᠭᠡᠳ ᠤᠯᠤᠰ᠎ᠤᠨ ᠵᠠᠭᠠᠭ᠎ᠠᠴᠠ ᠲᠠᠪᠠᠭᠰᠠᠨ ᠠᠤᠭ᠎ᠠ ᠬᠠᠢᠷ᠎ᠠ᠎ᠪᠠᠷ ᠡᠮ ᠡᠮᠨᠡᠯᠭᠡ᠎ᠶᠢᠨ ᠭᠠᠳᠠᠭᠠᠳᠤ ᠬᠠᠷᠢᠯᠴᠠᠭᠠᠨ᠎ᠤ ᠰᠢᠨ᠎ᠡ ᠬᠠᠭᠤᠳᠠᠰᠤ᠎ᠶᠢ ᠪᠢᠴᠢᠭᠯᠡᠪᠡ᠃
ᠲᠣᠰ ᠤᠳᠠᠭ᠎ᠠ ᠵᠢᠨ ᠤᠯᠤᠰ ᠠᠯᠤᠰᠯᠠᠭᠰᠠᠨ ᠠᠪᠤᠷᠠᠨ ᠲᠤᠰᠠᠯᠠᠯᠲᠠ ᠨᠢ ᠭᠠᠬ᠍ᠴᠠ ᠤᠳᠠᠭ᠎ᠠ᠎ᠶᠢᠨ ᠡᠮᠴᠢᠯᠡᠭᠡᠨ᠎ᠦ ᠶᠠᠪᠤᠳᠠᠯ ᠲᠡᠳᠦᠢ ᠪᠢᠰᠢ᠂ ᠬᠠᠷᠢᠨ ᠠᠯᠤᠰ ᠬᠡᠲᠦ᠎ᠶᠢᠨ ᠠᠴᠢ ᠬᠣᠯᠪᠣᠭᠳᠠᠯ᠎ᠲᠠᠢ ᠶᠤᠮ᠃ ᠲᠡᠷᠡ ᠨᠢ ᠬᠣᠶᠠᠷ ᠤᠯᠤᠰ᠎ᠤᠨ ᠡᠮ ᠡᠮᠨᠡᠯᠭᠡ ᠡᠷᠡᠬᠦᠯ ᠬᠠᠮᠠᠭᠠᠯᠠᠯ᠎ᠤᠨ ᠬᠠᠮᠲᠤᠷᠠᠯᠴᠠᠭ᠎ᠠ ᠰᠢᠨ᠎ᠡ ᠱᠠᠲᠤᠨ᠎ᠳᠤ ᠲᠠᠪᠰᠢᠬᠤ᠎ᠶᠢ ᠠᠬᠢᠭᠤᠯᠵᠤ᠂ ᠬᠣᠪᠣᠷ ᠲᠣᠬᠢᠶᠠᠯᠳᠤᠬᠤ ᠡᠪᠡᠳᠴᠢᠨ᠎ᠢ ᠬᠢᠯᠢ ᠠᠯᠤᠰᠯᠠᠨ ᠣᠨᠣᠰᠢᠯᠠᠨ ᠡᠮᠴᠢᠯᠡᠬᠦ ᠳᠦ 《ᠥᠯᠢᠭᠡᠷ ᠬᠡᠪ》 ᠢ᠋ ᠪᠣᠶ ᠪᠣᠯᠭᠠᠪᠠ; ᠠᠮᠢ ᠨᠠᠰᠤ᠎ᠶᠢ ᠬᠠᠮᠠᠭᠠᠯᠠᠬᠤ᠎ᠪᠠᠷ ᠬᠣᠯᠪᠣᠭᠠᠰᠤ ᠪᠣᠯᠭᠠᠵᠤ᠂ ᠨᠥᠬᠥᠷᠯᠡᠯ᠎ᠢ ᠠᠷᠠᠳ᠎ᠤᠨ ᠳᠤᠮᠳᠠ ᠦᠨᠳᠦᠰᠦᠯᠡᠭᠦᠯᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠰᠢᠨ᠎ᠡ ᠥᠨᠳᠥᠷᠴᠡ᠎ᠳᠤ ᠬᠦᠷᠭᠡᠬᠦ᠎ᠶᠢ ᠠᠬᠢᠭᠤᠯᠪᠠ; 《ᠳᠣᠲᠣᠨᠣ᠌ ᠦᠨᠡᠨᠴᠢ ᠠᠰᠢᠭ᠍ᠲᠠᠢ ᠪᠠᠭᠲᠠᠭᠠᠮᠵᠢᠲᠠᠢ》ᠣᠢᠯᠠᠭᠠᠭᠳᠠᠬᠤᠨ᠎ᠢ ᠨᠡᠩ ᠴᠢᠨᠠᠬ᠍ᠰᠢᠳᠠ ᠦᠢᠯᠡᠳᠦᠯᠭᠡᠵᠢᠭᠦᠯᠵᠦ᠂ ᠳᠤᠮᠳᠠᠳᠤ ᠮᠣᠩᠭᠣᠯ᠎ᠤᠨ ᠬᠠᠷᠢᠯᠴᠠᠭ᠎ᠠ᠎ᠶᠢ ᠤᠯᠤᠰ ᠲᠦᠷᠦ ᠠᠵᠤ ᠠᠬᠤᠢ᠎ᠶᠢᠨ ᠬᠠᠮᠲᠤᠷᠠᠯᠴᠠᠭ᠎ᠠ᠎ᠠᠴᠠ ᠡᠷᠡᠭᠦᠯ ᠡᠩᠬᠡ ᠶᠢᠨ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠦᠨᠳᠦᠷᠴᠡ᠎ᠳᠤ ᠬᠦᠷᠲᠡᠯ᠎ᠡ ᠬᠦᠨᠵᠡᠭᠡᠢᠷᠡᠭᠦᠯᠪᠡ᠃ ᠡᠨᠡ ᠬᠦ᠌ ᠤᠯᠤᠰ ᠠᠯᠤᠰᠯᠠᠭᠰᠠᠨ ᠠᠪᠤᠷᠠᠨ ᠲᠤᠰᠠᠯᠠᠯᠳᠡ ᠨᠢ 《ᠠᠷᠠᠳ ᠢᠷᠭᠡᠳ᠎ᠤᠨ ᠰᠡᠳᠬᠢᠯ᠎ᠤᠨ ᠬᠤᠯᠪᠤᠭ᠎ᠠ》 ᠵᠢ ᠵᠦᠪᠬᠡᠨ ᠲᠤᠷᠠᠳᠤᠯᠭ᠎ᠠ ᠲᠡᠳᠤᠢ ᠪᠢᠰᠢ᠂ ᠬᠠᠷᠢᠨ ᠬᠥᠮᠥᠰ᠎ᠦᠨ ᠰᠡᠳᠬᠢᠯ᠎ᠢ ᠳᠤᠯᠠᠭᠠᠴᠠᠭᠤᠯᠬᠤ ᠪᠤᠳᠠᠳᠤ ᠦᠢᠯᠡᠳᠦᠯᠭᠡ ᠪᠣᠯᠭᠠᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠡᠮ ᠡᠮᠨᠡᠯᠭᠡ᠎ᠶᠢᠨ ᠬᠦᠴᠦᠨ ᠨᠡᠮᠡᠷᠢᠯᠡᠭᠰᠡᠨ ᠪᠠᠢᠨ᠎ᠠ᠃
ᠠᠤᠭ᠎ᠠ ᠬᠠᠢᠷᠠᠳᠤ ᠤᠯᠤᠰ᠎ᠤᠨ ᠵᠠᠭᠠᠭ ᠭᠡᠵᠦ ᠪᠠᠢᠳᠠᠭ ᠦᠭᠡᠢ᠃ ᠲᠤᠮᠤ ᠭᠦᠷᠦᠨᠦ ᠲᠦᠷᠢ ᠳᠦᠷᠬᠦ᠎ᠶᠢ ᠨᠢᠭᠡᠨ ᠬᠡᠮᠵᠢᠶᠡᠨ᠎ᠡ ᠲᠤᠳᠤᠷᠬᠠᠢ ᠬᠠᠷᠠᠭᠤᠯᠤᠬ᠍ᠰᠠᠨ ᠡᠨᠡ ᠬᠦ᠌ ᠤᠳᠠᠭ᠎ᠠ᠎ᠶᠢᠨ ᠲᠦᠷᠭᠡᠨ ᠠᠪᠤᠷᠠᠯᠳᠠ ᠰᠢᠭᠤᠷᠬᠠᠢ ᠡᠮᠴᠢᠯᠡᠭᠡ ᠨᠢ ᠲᠤᠮᠳᠠᠳᠤ ᠮᠤᠩᠭᠤᠯ ᠬᠤᠶᠠᠷ ᠤᠯᠤᠰ᠎ᠤᠨ ᠨᠦᠬᠦᠷᠰᠡᠭ ᠬᠠᠷᠢᠯᠴᠠᠭᠠᠨ᠎ᠤ ᠲᠤᠮᠳᠠᠬᠢ ᠦᠪᠦᠷ ᠮᠤᠩᠭᠤᠯ᠎ᠤᠨ ᠤᠯᠠᠨ ᠤᠯᠤᠰ᠎ᠤᠨ ᠮᠤᠩᠭᠤᠯ ᠡᠮᠨᠡᠯᠭᠡ᠎ᠶᠢᠨ ᠬᠤᠷᠢᠶ᠎ᠡ ᠵᠢᠨ 《ᠡᠷᠡᠭᠦᠯ ᠡᠩᠬᠡ᠎ᠶᠢᠨ ᠡᠯᠴᠢ》 ᠵᠢᠨ ᠳᠦᠷᠢ ᠳᠦᠷᠬᠦ᠎ᠶᠢ ᠤᠯᠠᠮ ᠲᠤᠳᠤᠷᠠᠭᠤᠯᠤᠨ ᠱᠤᠭᠤᠵᠦ᠂ ᠲᠤᠮᠳᠠᠳᠤ ᠮᠤᠩᠭᠤᠯ ᠬᠤᠶᠠᠷ ᠤᠯᠤᠰ᠎ᠤᠨ ᠨᠦᠬᠦᠷᠰᠡᠭ ᠬᠠᠷᠢᠯᠴᠠᠭᠠᠨ᠎ᠳᠤ ᠨᠡᠩ ᠪᠠᠳᠦ ᠪᠡᠬᠢ᠂ ᠨᠡᠩ ᠤᠷᠳᠤ ᠤᠳᠠᠭᠠᠨ᠎ᠤ 《ᠡᠷᠡᠭᠦᠯ ᠡᠩᠬᠡ᠎ᠶᠢᠨ ᠬᠦᠭᠦᠷᠭᠡ》 ᠵᠢ ᠴᠤᠬ᠍ᠴᠠᠯᠠᠬᠤ ᠨᠢ ᠯᠠᠪᠳᠠᠢ!