ᠤᠯᠤᠰ ᠤ᠋ᠨ ᠪᠠᠶᠠᠷ ᠵᠢᠴᠢ ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠳ᠋ᠦ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠬᠢᠨ ᠬᠦᠬᠡᠬᠤᠲᠠ ᠶ᠋ᠢᠨ ᠰᠢᠨ᠎ᠠ ᠬᠤᠲᠠ ᠲᠤᠭᠤᠷᠢᠭ ᠲᠦ᠍ ᠬᠦᠷᠴᠦ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠶᠠᠰᠤ ᠴᠢᠨᠠᠷ ᠲᠦ᠍ ᠲᠤᠰᠬᠠᠢ ᠪᠠᠢᠴᠠᠭᠠᠯᠲᠠ ᠬᠢᠵᠤ᠂ 《ᠬᠤᠤᠰ ᠪᠠᠶᠠᠷ》 ᠤ᠋ᠨ ᠬᠤᠭᠤᠴᠠᠭᠠᠨ ᠳ᠋ᠡᠬᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠢ᠋ ᠦᠨᠡᠨ ᠬᠦ᠌ ᠪᠠᠲᠤᠯᠠᠬᠤ ᠵᠢ ᠠᠬᠢᠭᠤᠯᠪᠠ ᠃
ᠪᠠᠢᠴᠠᠭᠠᠬᠤ ᠳᠤᠭᠤᠢᠯᠠᠩ ᠤ᠋ᠨ ᠬᠢᠨ ᠬᠥᠬᠡᠬᠣᠲᠠ ᠶ᠋ᠢᠨ ᠱᠢᠨ᠎ᠡ ᠬᠣᠲᠠ ᠲᠣᠭᠣᠷᠢᠭ ᠤ᠋ᠨ ᠥᠪᠥᠷ ᠮᠣᠩᠭᠣᠯ ᠤ᠋ᠨ ᠹᠦ᠋ ᠬᠠᠶ ᠱᠢᠩ ᠲᠠᠷᠢᠶᠠᠯᠠᠩ ᠤ᠋ᠨ ᠪᠦᠲᠦᠭᠡᠭᠳᠡᠭᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ᠂ ᠥᠪᠥᠷ ᠮᠣᠩᠭᠣᠯ ᠤ᠋ᠨ ᠱᠢᠩ ᠱᠧᠩ ᠶᠤᠸᠠᠨ ᠲᠠᠷᠢᠶᠠᠯᠠᠩ ᠤ᠋ᠨ ᠬᠢᠵᠠᠭᠠᠷᠲᠤ ᠺᠣᠮᠫᠠᠨᠢ᠂ ᠬᠦ᠍ᠶ᠋ᠬᠡᠬᠣᠳᠠ ᠶ᠋ᠢᠨ ᠮᠸᠢ ᠬᠤᠤ ᠲᠠᠷᠢᠶᠠᠯᠠᠩ ᠤ᠋ᠨ ᠬᠥᠭ᠌ᠵᠢᠭᠦᠯᠦᠯᠲᠡ ᠶ᠋ᠢᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠣᠯ ᠤ᠋ᠨ ᠵᠢᠩ ᠯᠦᠨ ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠳ᠋ᠦ ᠬᠦᠷᠴᠦ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠵᠠᠬ᠎ᠠ ᠳᠡᠯᠭᠡᠭᠦᠷ ᠤ᠋ᠨ ᠬᠠᠩᠭᠠᠯᠭ᠎ᠠ ᠶ᠋ᠢ ᠪᠠᠲᠤᠯᠠᠬᠤ ᠠᠷᠭ᠎ᠠ ᠬᠡᠮᠵᠢᠶ᠎ᠡ ᠶ᠋ᠢ ᠨᠢ ᠨᠠᠷᠢᠨ ᠣᠢᠯᠠᠭᠠᠪᠠ᠃ ᠡᠭᠦᠨ ᠳ᠋ᠦ ᠦᠶ᠋ᠯᠡᠳᠪᠦᠷᠢᠯᠡᠯ ᠤ᠋ᠨ ᠲᠡᠮᠳᠡᠭ᠌ᠯᠡᠯ ᠢ᠋ ᠪᠠᠢᠴᠠᠭᠠᠨ ᠦᠵᠡᠬᠦ᠌᠂ ᠬᠠᠮᠢᠶ᠎ᠠ ᠪᠦᠬᠦᠢ ᠬᠥᠮᠦᠰ ᠡᠴᠡ ᠯᠠᠪᠯᠠᠨ ᠠᠰᠠᠭᠤᠬᠤ᠂ ᠲᠤᠬᠠᠶ ᠶ᠋ᠢᠨ ᠭᠠᠵᠠᠷ ᠲᠤᠨᠢ ᠲᠦᠷᠭᠡᠨ ᠪᠠᠢᠴᠠᠭᠠᠨ ᠬᠡᠮᠵᠢᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠨ ᠬᠢᠮᠢ ᠵᠢᠨ ᠪᠤᠷᠳᠤᠭᠤᠷ᠂ ᠲᠠᠷᠢᠶᠠᠨ ᠡᠮ ᠤ᠋ᠨ ᠬᠡᠷᠡᠭᠯᠡᠯᠳᠡ ᠵᠢᠨ ᠪᠠᠢᠳᠠᠯ ᠵᠢᠴᠢ ᠪᠠᠷᠢᠮᠵᠢᠶ᠎ᠠ ᠳ᠋ᠤ ᠬᠦᠷᠴᠦ ᠬᠢᠷᠢ ᠲᠡᠩᠴᠡᠭ᠌ᠰᠡᠨ ᠦᠨᠡᠮᠯᠡᠯ ᠭᠠᠷᠭᠠᠵᠤ ᠦᠭᠭᠦᠭᠰᠡᠨ ᠡᠰᠡᠬᠦ ᠵᠡᠷᠭᠡ ᠪᠠᠢᠳᠠᠯ ᠢ᠋ ᠭᠤᠤᠯᠳᠠᠯᠭ᠎ᠠ ᠲᠠᠢ ᠪᠠᠢᠴᠠᠭᠠᠵᠤ᠂ ᠦᠢᠯᠡᠳᠪᠦᠷᠢᠯᠡᠯ ᠡᠵᠡᠡᠭᠨᠡᠯᠲᠡ ᠶ᠋ᠢᠨ ᠡᠲᠡᠭᠡᠳ ᠤ᠋ᠨ ᠢᠳᠡᠭᠡᠨ ᠤ᠋ ᠠᠮᠤᠷ ᠲᠦᠪᠱᠢᠨ ᠤ᠋ ᠭᠣᠣᠯ ᠴᠣᠭ᠍ᠴᠠ ᠶ᠋ᠢᠨ ᠬᠠᠷᠢᠭᠤᠴᠠᠯᠭ᠎ᠠ ᠶ᠋ᠢ ᠬᠠᠤᠯᠢ ᠶᠣᠰᠣᠭᠠᠷ ᠭᠦᠢᠴᠡᠳᠭᠡᠵᠦ᠂ ᠶᠠᠰᠤ ᠴᠢᠨᠠᠷ ᠢ᠋ ᠡᠵᠡᠮᠳᠡᠬᠦ᠌ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠬᠤ ᠵᠢ ᠭᠦᠲᠦᠯᠦᠨ ᠵᠢᠯᠤᠭᠤᠳᠴᠤ᠂ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠭᠠᠷᠤᠯᠲᠠ ᠶ᠋ᠢᠨ ᠣᠷᠣᠨ ᠡᠴᠡ ᠵᠥᠪᠱᠢᠶᠡᠷᠡᠨ ᠭᠠᠷᠭᠠᠬᠤ ᠪᠠ ᠵᠠᠬ᠎ᠠ ᠳᠡᠯᠭᠡᠭᠦᠷ ᠲᠦ᠍ ᠵᠥᠪᠱᠢᠶᠡᠷᠡᠨ ᠣᠷᠣᠭᠤᠯᠬᠤ ᠶ᠋ᠢ ᠪᠦᠲᠦᠮᠵᠢᠲᠡᠶ ᠵᠣᠯᠭᠠᠭᠤᠯᠬᠤ ᠶ᠋ᠢ ᠠᠬᠢᠭᠤᠯᠪᠠ᠃
ᠪᠠᠢᠴᠠᠭᠠᠬᠤ ᠲᠤᠭᠤᠢᠯᠠᠡᠭ ᠤ᠋ᠨ ᠬᠢᠨ᠂ ᠤᠯᠤᠰ ᠤ᠋ᠨ ᠪᠠᠶᠠᠷ ᠤ᠋ᠨ ᠬᠤᠭᠤᠴᠠᠭ᠎ᠠ ᠪᠤᠯ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠬᠡᠷᠡᠭᠯᠡᠭᠡᠨ ᠤ᠋ ᠬᠦᠭᠵᠢᠶᠡᠨᠲᠡᠢ ᠤᠯᠠᠷᠢᠯ ᠪᠠᠢᠵᠤ᠂ ᠲᠠᠷᠢᠶᠠᠯᠠᠡᠭ ᠮᠠᠯ ᠠᠵᠤ ᠠᠬᠤᠢ ᠶ᠋ᠢᠨ ᠰᠠᠯᠠᠭ᠎ᠠ ᠮᠦᠴᠢᠷ ᠤ᠋ᠨ ᠬᠢᠨ ᠠᠵᠢᠯ ᠤ᠋ᠨ ᠳᠦᠷᠢᠮ ᠶ᠋ᠢᠡᠨ ᠪᠦᠷᠢᠨᠰᠢᠭᠦᠯᠤᠨ᠂ ᠬᠦᠴᠦᠲᠡᠢ ᠠᠷᠭ᠎ᠠ ᠬᠡᠮᠵᠢᠶ᠎ᠡ ᠠᠪᠴᠦ ᠬᠢᠨᠠᠯᠲᠠ ᠬᠠᠮᠢᠶᠠᠷᠤᠯᠲᠠ ᠶ᠋ᠢᠨ ᠡᠷᠴᠢᠮ ᠶ᠋ᠢᠡᠨ ᠴᠢᠡᠭᠭᠠᠷᠠᠭᠤᠯᠵᠤ᠂ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠬᠤᠷᠢᠭ᠎ᠠ ᠱᠤᠭᠤᠮ ᠢ᠋ ᠪᠠᠲᠤ ᠰᠠᠬᠢᠵᠤ᠂ ᠤᠯᠠᠨ ᠲᠦᠮᠡᠨ ᠤ᠋ ᠠᠮᠤᠷ ᠮᠠᠨᠳᠤ ᠪᠠᠶᠠᠷ ᠪᠠᠶᠠᠰᠤᠯ ᠲᠠᠢ ᠪᠡᠷ 《ᠬᠤᠤᠰ ᠪᠠᠶᠠᠷ》 ᠤ᠋ᠨ ᠠᠮᠠᠷᠠᠯᠲᠠ ᠪᠠᠨ ᠦᠡᠭᠭᠡᠷᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃