ᠰᠤᠷᠪᠤᠯᠵᠢᠯᠠᠭᠴᠢ ᠦᠪᠡᠷᠲᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 9 ᠰᠠᠷ᠎ᠠ᠎ᠶ᠋ᠢᠨ 22 ᠤ᠋ᠨ ᠡᠳᠦᠷ᠂ ᠪᠥᠬᠥ᠌ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠭᠤᠷᠠᠶ ᠭᠠᠵᠠᠷ᠎ᠤᠨ ᠮᠥᠰᠥᠨ ᠳᠡᠪᠦᠷ᠎ᠡ᠎ᠶ᠋ᠢᠨ ᠲᠥᠷᠥᠯ ᠵᠦᠶ᠋ᠯ᠎ᠤᠨ ᠤᠷᠤᠯᠳᠤᠭᠠᠨ ᠭᠤᠸᠠᠩᠵᠧᠦ ᠬᠣᠲᠠ᠎ᠶ᠋ᠢᠨ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠲᠥᠪ᠎ᠲᠦ ᠦᠨᠳᠦᠷᠯᠡᠵᠦ᠂ ᠮᠠᠨ᠎ᠤ ᠤᠷᠤᠨ᠎ᠤ ᠬᠠᠭᠤᠷᠠᠢ ᠭᠠᠵᠠᠷ᠎ᠤᠨ ᠮᠥᠰᠥᠨ ᠳᠡᠪᠦᠷ᠎ᠡ᠎ᠶ᠋ᠢᠨ ᠲᠥᠯᠥᠭᠡᠯᠡᠭ᠌ᠴᠢᠳ᠎ᠦᠨ ᠠᠩᠭᠢ ᠬᠦᠷᠲᠦᠲᠦ ᠰᠠᠨᠳᠠᠯᠢ᠎ᠶᠢᠨ ᠢᠯᠠ ᠳᠤᠭᠤᠢᠯᠠᠩ᠎ᠤᠨ ᠲᠦᠷᠦᠬᠦᠦ ᠨᠡᠷᠡᠰ ᠲᠸ᠋ ᠳᠤᠳᠤᠷᠠᠪᠠ᠃
ᠣᠢᠯᠠᠭᠠᠭ᠍ᠰᠠᠨ᠎ᠢᠶᠠᠷ᠂ ᠪᠥᠬᠥ᠌ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠭᠤᠷᠠᠶ ᠭᠠᠵᠠᠷ᠎ᠤᠨ ᠮᠥᠰᠥᠨ ᠳᠡᠪᠦᠷ᠎ᠡ᠎ᠶ᠋ᠢᠨ ᠤᠷᠤᠯᠳᠤᠭᠠᠨ ᠨᠢ 5 ᠡᠳᠦᠷ ᠶᠠᠪᠤᠭ᠍ᠳᠠᠵᠤ᠂ ᠪᠥᠬᠥ᠌ ᠤᠯᠤᠰ᠎ᠤᠨ 26 ᠲᠥᠯᠥᠭᠡᠯᠡᠭ᠌ᠴᠢᠳ᠎ᠦᠨ ᠠᠩᠭᠢ᠎ᠶ᠋ᠢᠨ 283 ᠲᠠᠮᠢᠷᠴᠢᠨ ᠱᠢᠷᠦᠭᠦᠨ ᠥᠷᠢᠰᠥᠯᠳᠦᠭᠡᠨ ᠶᠠᠪᠤᠭᠤᠯᠪᠠ᠃ ᠡᠬᠦᠨ᠎ᠳᠤ᠂ ᠬᠦᠷᠳᠦᠲᠦ ᠰᠠᠨᠳᠠᠯᠢ᠎ᠶ᠋ᠢᠨ ᠢᠯᠡ ᠳᠤᠭᠤᠢᠯᠠᠩ᠎ᠤᠨ ᠱᠢᠶ᠋ᠳᠪᠦᠷᠢᠲᠦ ᠤᠷᠤᠯᠳᠤᠭᠠᠨ᠎ᠳᠤ᠂ ᠮᠠᠨ᠎ᠤ ᠤᠷᠤᠨ᠎ᠤ ᠲᠥᠯᠥᠭᠡᠯᠡᠭ᠌ᠴᠢᠳ᠎ᠦᠨ ᠠᠩᠭᠢ ᠪᠣᠯᠤᠨ ᠾᠧᠨᠠᠨ ᠮᠤᠵᠢ᠎ᠶ᠋ᠢᠨ ᠲᠥᠯᠥᠭᠡᠯᠡᠭ᠌ᠴᠢᠳ᠎ᠦᠨ ᠠᠩᠭᠢ ᠵᠢᠷᠭᠤᠳᠤᠭᠠᠷ ᠨᠤᠭᠤᠯᠤᠭ᠎ᠠ᠎ᠳᠤ 3᠄ 3 ᠪᠣᠯᠲᠠᠯ᠎ᠠ ᠦᠷᠢᠰᠦᠯᠳᠦᠵᠦ᠂ ᠡᠴᠦᠰ᠎ᠲᠡᠬᠡᠨ ᠮᠠᠨ᠎ᠤ ᠤᠷᠤᠨ᠎ᠤ ᠲᠥᠯᠥᠭᠡᠯᠡᠭ᠌ᠴᠢᠳ᠎ᠦᠨ ᠠᠩᠭᠢ 5᠄ 3 ᠵᠢᠨ ᠶᠡᠷᠦᠩᠬᠡᠶ ᠬᠠᠷᠢᠴᠠᠯ᠎ᠢᠶᠠᠷ ᠲᠤᠰ ᠳᠤᠭᠤᠢᠯᠠᠩ᠎ᠳᠤ ᠮᠠᠩᠯᠠᠢᠯᠠᠪᠠ᠃ ᠥᠪᠥᠷ ᠮᠣᠩᠭᠣᠯ᠎ᠤᠨ ᠬᠠᠭᠤᠷᠠᠶ ᠭᠠᠵᠠᠷ᠎ᠤᠨ ᠮᠥᠰᠥᠨ ᠳᠡᠪᠦᠷ᠎ᠡ᠎ᠶ᠋ᠢᠨ ᠠᠩᠭᠢ 2023 ᠣᠨ᠎ᠳᠤ ᠪᠠᠢᠭᠤᠯᠤᠭ᠍ᠳᠠᠵᠤ᠂ 2023 ᠣᠨ ᠳ᠋ᠤ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠪᠡᠢ᠎ᠡ᠎ᠶᠢᠨ ᠲᠠᠮᠢᠷ᠎ᠤᠨ ᠴᠤᠭ᠍ᠯᠠᠭᠠᠨ᠎ᠳᠤ ᠮᠠᠩᠯᠠᠢᠯᠠᠵᠤ ᠥᠩᠭᠡᠷᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号