ᠡᠨᠧᠷᠭᠢ᠎ᠶ᠋ᠢᠨ ᠬᠦᠭᠵᠢᠯᠳᠠ ᠵᠢᠨ ᠰᠠᠭᠤᠷᠢ ᠨᠠᠩ ᠪᠠᠲᠤ ᠪᠤᠯᠵᠤ ᠪᠤᠬᠢᠷᠳᠤᠯ ᠦᠭᠡᠢ ᠵᠢᠨ ᠬᠡᠮᠵᠢᠶ᠎ᠡ ᠲᠠᠰᠤᠷᠠᠯᠲᠠ ᠥᠬᠡᠶ ᠳᠡᠭᠡᠭ᠌ᠰᠢᠯᠡᠪᠠ
2025-09-28 10:47:47
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ᠌ ᠦᠭᠡ

ᠴᠠᠭ ᠮᠦᠴᠡ ᠬᠥᠭ᠌ᠵᠢᠯᠲᠡ᠎ᠶ᠋ᠢ ᠭᠡᠷᠡᠴᠢᠯᠡᠵᠦ᠍᠂ ᠢᠷᠠᠭᠤ ᠠᠯᠳᠠᠷ ᠲᠡᠦᠬᠡᠨ᠎ᠡ ᠲᠡᠮᠳᠡᠭᠯᠡᠭᠳᠡᠨ᠎ᠡ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠂ ᠮᠦᠨ ᠴᠦ᠍ 《 ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢ ᠲᠥᠯᠥᠪᠵᠢᠭᠦᠯᠦᠨ ᠪᠠᠢᠷᠢᠯᠠᠭᠤᠯᠬᠤ ᠤᠨ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ 》ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠳᠤᠮᠳᠠ ᠳᠠᠪᠠᠭᠤᠯᠢᠭ᠎ᠢᠶᠠᠨ ᠵᠤᠵᠠᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠯᠠᠪᠳᠠᠭᠤᠨ ᠪᠠᠲᠤᠲᠠᠢ ᠤᠷᠤᠭ᠍ᠰᠢᠯᠠᠵᠤ᠂ ᠡᠯ᠎ᠡ ᠵᠦᠢᠯ᠎ᠦᠨ ᠠᠵᠢᠯ ᠦᠢᠯᠡᠰ ᠯᠠᠪᠳᠠᠭᠤᠨ ᠪᠠᠲᠤᠲᠠᠢ ᠠᠯᠬᠤᠮ ᠎ᠢ ᠠᠯᠬᠤᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠢᠯᠡᠳᠲᠡ ᠳᠡᠭᠡᠭ᠌ᠰᠢᠯᠡᠪᠡ᠃

ᠴᠠᠭ ᠎ᠤᠨ ᠬᠦᠷᠳᠤ ᠡᠷᠬᠢᠵᠦ᠂ ᠢᠷᠠᠭᠤ ᠬᠠᠭᠤᠳᠠᠰᠤ ᠲᠠᠰᠤᠷᠠᠯᠳᠠ ᠦᠬᠡᠢ  ᠪᠢᠴᠢᠭᠯᠡᠭᠳᠡᠨ᠎ᠡ᠃ ᠦᠨᠦᠳᠦᠷ᠎ᠡᠴᠡ ᠡᠬᠢᠯᠡᠨ᠂ ᠲᠤᠰ ᠰᠣᠨᠢᠨ  《〈 ᠠᠷᠪᠠᠨ ᠳᠥᠷᠪᠡᠳᠦᠭᠡᠷ ᠲᠠᠪᠤᠨ ᠵᠢᠯ 〉 ᠤ᠋ᠨ ᠤᠮᠠᠷᠠᠲᠤ ᠬᠢᠯᠢ᠎ᠶ᠋ᠢᠨ ᠬᠠᠷᠢᠭᠤᠯᠲᠠ᠎ᠶ᠋ᠢᠨ ᠬᠠᠭᠤᠳᠠᠰᠤ 》 ᠭᠡᠬᠦ ᠲᠤᠰᠭᠠᠶ ᠪᠤᠯᠤᠩ ᠨᠡᠬᠡᠬᠡᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠡᠴᠡ ᠨᠠᠭᠠᠱᠢᠬᠢ ᠥᠪᠥᠷ ᠮᠣᠩᠭᠣᠯ ᠎ᠤᠨ ᠡᠯ᠎ᠡ ᠵᠦᠶ᠋ᠯ᠎ᠦᠨ ᠠᠵᠢᠯ ᠦᠶ᠋ᠯᠡᠰ ᠎ᠦᠨ ᠣᠯᠤᠭ᠍ᠰᠠᠨ ᠲᠤᠪᠤᠢᠮ᠎ᠠ ᠠᠮᠵᠢᠯᠲᠠ ᠪᠦᠲᠦᠮᠵᠢ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠳᠠᠶᠠᠭᠠᠷ ᠎ᠤᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠳᠤᠮᠳᠠᠳᠤ ᠤᠯᠤᠰ᠎ᠤᠨ ᠮᠠᠶᠢᠭ ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ ᠪᠠᠢᠭ᠎ᠠ ᠠᠸ᠋ᠭ᠎ᠠ ᠶᠡᠬᠡ ᠦᠶ᠋ᠯᠡᠳᠦᠯᠭᠡ᠎ᠶ᠋ᠢ ᠢᠯᠡᠷᠡᠭᠦᠯᠬᠦ ᠪᠤᠯᠤᠨ᠎ᠠ᠃ ᠪᠢᠳᠡ ᠲᠡᠮᠡᠴᠡᠯ ᠴᠢᠷᠮᠠᠢᠯᠭ᠎ᠠ ᠳ᠋ᠤ ᠬᠦᠨᠳᠦᠳᠭᠡᠯ ᠳᠡᠪᠱᠢᠭᠦᠯᠵᠦ᠍᠂ ᠣᠷᠣᠨ ᠳᠠᠶᠠᠭᠠᠷ᠎ᠤᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠰᠠᠨ ᠶᠡᠷᠦ᠍ ᠪᠤᠰᠤ᠎ᠶ᠋ᠢᠨ ᠲᠠᠪᠤᠨ ᠵᠢᠯ᠎ᠢ ᠪᠦᠬᠦ᠌ ᠲᠠᠯ᠎ᠠ᠎ᠪᠠᠷ ᠢᠯᠡᠷᠡᠭᠦᠯᠦᠨ᠎ᠡ; ᠪᠢᠳᠡ ᠠᠮᠵᠢᠯᠲᠠ᠎ᠪᠦᠲᠦᠮᠵᠢ ᠵᠢ ᠳᠡᠯᠭᠡᠨ ᠦᠵᠡᠭᠦᠯᠵᠦ᠍᠂ ᠠᠵᠤ ᠠᠬᠤᠢ ᠨᠡᠢᠭᠡᠮ᠎ᠦᠨ ᠡᠯ᠎ᠡ ᠬᠦᠷᠢᠶᠡᠨ᠎ᠳᠡᠬᠢ ᠭᠦᠨᠵᠡᠭᠡᠢ ᠬᠤᠪᠢᠰᠤᠯᠲᠠ᠎ᠶ᠋ᠢ ᠭᠦᠨᠵᠡᠭᠡᠢ ᠲᠠᠢᠯᠪᠤᠷᠢᠯᠠᠨ᠎ᠠ; ᠪᠢᠳᠡ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠤᠮᠠᠷᠠᠲᠤ ᠬᠢᠯᠢ᠎ᠶ᠋ᠢᠨ ᠱᠢᠨ᠎ᠡ ᠳᠦᠷᠰᠦ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠺᠠᠳ᠋ᠷ ᠤᠯᠠᠨ ᠲᠦᠮᠡᠨ᠎ᠦ ᠢᠲᠡᠭᠡᠯ ᠵᠣᠷᠢᠭ᠎ᠢᠶᠠᠨ ᠪᠠᠲᠤᠳᠭᠠᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠰᠢᠨ᠎ᠡ ᠰᠢᠯᠭᠠᠯᠲᠠ ᠵᠢᠨ ᠵᠠᠮ᠎ᠲᠡᠭᠡᠷ᠎ᠡ ᠢᠷᠠᠭᠤ ᠬᠠᠭᠤᠳᠠᠰᠤ᠎ᠶ᠋ᠢ ᠲᠠᠬᠢᠨ ᠪᠢᠴᠢᠭ᠌ᠯᠡᠬᠦ᠌᠎ᠶ᠋ᠢ ᠵᠣᠷᠢᠭ᠍ᠵᠢᠭᠤᠯᠤᠨ᠎ᠠ᠃


ᠡᠨᠧᠷᠭᠢ᠎ᠪᠣᠯ ᠠᠵᠤ ᠦᠢᠯᠡᠳᠪᠦᠷᠢ᠎ᠶ᠋ᠢᠨ ᠠᠮᠤ ᠬᠦᠨᠡᠰᠦ ᠂ ᠤᠯᠤᠰ ᠠᠷᠠᠳ᠎ᠤᠨ ᠠᠵᠤ ᠠᠬᠤᠢ᠎ᠶ᠋ᠢᠨ ᠠᠮᠢᠨ ᠰᠤᠳᠠᠰᠤ ᠮᠥᠨ᠂ ᠬᠡᠵᠢᠶ᠎ᠡ ᠴᠤ᠌ ᠬᠡᠰᠡᠨ ᠣᠮᠲᠣᠭᠠᠢᠯᠠᠵᠤ ᠪᠣᠯᠤᠰᠢ ᠦᠭᠡᠢ 《ᠤᠯᠤᠰ ᠎ᠤᠨ ᠶᠡᠬᠡ ᠶᠠᠪᠤᠳᠠᠯ》ᠮᠥᠨ᠃ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠡᠨᠧᠷᠭᠢ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠬᠡᠮᠵᠢᠢ᠎ᠡ ᠪᠠᠷᠤᠭ ᠪᠦᠬᠦ᠌ ᠤᠯᠤᠰ᠎ᠤᠨ ᠵᠢᠷᠭᠤᠭᠠᠨ᠎ᠤ ᠨᠢᠭᠡ ᠬᠤᠪᠢ᠎ᠶ᠋ᠢ ᠡᠵᠡᠯᠡᠵᠦ᠍᠂ ᠭᠠᠳᠠᠭ᠍ᠰᠢ ᠬᠦᠷᠭᠡᠬᠦ ᠡᠨᠧᠷᠭᠢ ᠨᠢ ᠪᠦᠬᠦ᠌ ᠤᠯᠤᠰ᠎ᠤᠨ ᠭᠠᠵᠠᠷ ᠣᠷᠣᠨ ᠠᠯᠤᠰᠯᠠᠭ᠍ᠰᠠᠨ ᠡᠨᠧᠷᠭᠢ ᠬᠦᠷᠭᠡᠬᠦ᠌ ᠶᠡᠷᠦᠩᠬᠡᠢ ᠬᠡᠮᠵᠢᠶᠡᠨ᠎ᠦ ᠭᠤᠷᠪᠠᠨ᠎ᠤ ᠨᠢᠭᠡ ᠬᠤᠪᠢ᠎ᠶ᠋ᠢ ᠡᠵᠡᠯᠡᠵᠦ᠍᠂ ᠪᠦᠬᠦ᠌ ᠤᠯᠤᠰ᠎ᠤᠨ ᠡᠨᠧᠷᠭᠢ᠎ᠶ᠋ᠢᠨ ᠬᠠᠩᠭᠠᠯᠭ᠎ᠠ ᠵᠢ ᠪᠠᠲᠤᠯᠠᠬᠤ ᠪᠠ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠲᠤᠮᠳᠠ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠲᠠᠶ ᠶᠤᠮ᠃

《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠥᠪᠥᠷ ᠮᠣᠩᠭᠣᠯ᠎ᠤᠨ ᠬᠢᠨ《ᠳᠥᠷᠪᠡᠨ ᠬᠤᠪᠢᠰᠭᠠᠯ᠂ ᠨᠢᠭᠡ ᠬᠠᠮᠲᠤᠷᠠᠯᠴᠠᠭ᠎ᠠ》ᠶ᠋ᠢᠨ ᠡᠨᠧᠷᠭᠢ᠎ᠶ᠋ᠢᠨ ᠠᠮᠤᠷ ᠲᠦᠪᠱᠢᠨ᠎ᠦ ᠱᠢᠨ᠎ᠡ ᠪᠠᠢᠯᠳᠤᠬᠤ ᠪᠣᠳᠣᠯᠭ᠎ᠠ᠎ᠶ᠋ᠢᠨ ᠵᠢᠯᠣᠭᠣᠳᠣᠯᠭ᠎ᠠ ᠳᠤᠤᠷ᠎ᠠ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠤᠯᠤᠰ ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠡᠨᠧᠷᠭᠢ᠎ᠶ᠋ᠢᠨ ᠦᠶ᠋ᠯᠡᠰ ᠱᠢᠪᠲᠤᠯᠤᠯᠲᠠ᠎ᠶ᠋ᠢᠨ ᠴᠢᠨᠠᠷᠲᠠᠶ ᠠᠬᠢᠴᠠ ᠪᠠ ᠲᠡᠦᠬᠡᠲᠦ ᠴᠢᠨᠠᠷᠲᠠᠶ ᠠᠮᠵᠢᠯᠲᠠ ᠣᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠎ᠳᠤ ᠴᠢᠩᠭ᠎ᠠ ᠬᠦᠴᠦᠲᠡᠶ ᠲᠤᠯᠭᠠᠭᠤᠷᠢᠯᠠᠯ ᠬᠠᠩᠭᠠᠪᠠ᠃


ᠡᠨᠧᠷᠭᠢ᠎ᠶ᠋ᠢᠨ ᠪᠠᠲᠤᠯᠠᠭ᠎ᠠ ᠴᠢᠩᠭ᠎ᠠ ᠬᠦᠴᠦᠲᠡᠶ ᠪᠤᠯᠪᠠ


《ᠠᠷᠪᠠᠨ ᠳᠥᠷᠪᠡᠳᠦᠭᠡᠷ ᠲᠠᠪᠤᠨ ᠵᠢᠯ》 ᠪᠣᠯ ᠥᠪᠥᠷ ᠮᠣᠩᠭᠣᠯ᠎ᠤᠨ ᠡᠨᠧᠷᠭᠢ᠎ᠶᠢᠨ ᠬᠠᠩᠭᠠᠯᠭ᠎ᠠ ᠨᠡᠩ ᠭᠦᠢᠴᠡᠳ᠂ ᠤᠶᠠᠨ ᠬᠠᠳᠠᠨ ᠴᠢᠨᠠᠷ ᠨᠡᠩ ᠴᠢᠩᠭ᠎ᠠ ᠪᠤᠯᠤᠬᠰᠠᠨ ᠲᠠᠪᠤᠨ ᠵᠢᠯ ᠪᠣᠯᠣᠨ᠎ᠠ᠃

ᠤᠯᠤᠰ᠎ᠤᠨ ᠴᠢᠬᠤᠯᠠ ᠡᠨᠧᠷᠭᠢ᠎ᠶᠢᠨ ᠰᠠᠭᠤᠷᠢᠨ ᠪᠣᠯᠤᠭᠰᠠᠨ᠎ᠤ ᠬᠤᠪᠢ᠎ᠳᠤ᠂《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠦᠨᠳᠦ ᠡᠭᠦᠷᠭᠡ᠎ᠶᠢ ᠡᠷᠡᠰ ᠡᠭᠦᠷᠭᠡᠯᠡᠵᠦ᠂ ᠨᠡᠭᠦᠷᠡᠰᠦ ᠪᠡᠷ ᠦᠨᠳᠦᠰᠦᠨ ᠵᠦᠢᠯ᠎ᠢ ᠪᠠᠲᠤᠯᠠᠬᠤ ᠰᠠᠭᠤᠷᠢ᠎ᠶᠢ ᠴᠢᠩᠭᠠᠳᠬᠠᠨ᠂ ᠴᠢᠯᠠᠭᠤᠨ ᠲᠣᠰᠣ᠌ ᠰᠢᠲᠠᠮᠠᠬᠠᠢ ᠬᠡᠢ᠎ᠶᠢᠨ ᠨᠥᠭᠡᠴᠡ᠎ᠶᠢ ᠨᠡᠮᠡᠭᠳᠡᠭᠦᠯᠦᠨ ᠦᠢᠯᠡᠳᠪᠦᠷᠢᠯᠡᠯ᠎ᠢ ᠶᠡᠬᠡᠰᠭᠡᠬᠦ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠳᠠᠬᠢᠨ ᠡᠭᠦᠰᠴᠦ ᠪᠣᠯᠬᠤ ᠡᠨᠧᠷᠭᠢ᠎ᠪᠡᠷ ᠣᠷᠣᠯᠠᠭᠤᠯᠬᠤ᠎ᠶᠢ ᠲᠦᠷᠭᠡᠳᠬᠡᠨ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠡᠨᠧᠷᠭᠢ᠎ᠶᠢᠨ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠪᠤᠷᠢᠳᠤ ᠴᠢᠨᠠᠷ ᠪᠠ ᠠᠮᠤᠷ ᠲᠦᠪᠰᠢᠨ ᠴᠢᠨᠠᠷ᠎ᠢ ᠴᠢᠩᠭᠠᠳᠬᠠᠪᠠ᠃ 2024 ᠣᠨ᠎ᠳᠤ᠂ ᠥᠪᠥᠷ ᠮᠣᠩᠭᠣᠯ᠎ᠤᠨ ᠡᠨᠧᠷᠭᠢ᠎ᠶᠢᠨ ᠬᠦᠷᠢᠶᠡᠨ᠎ᠦ ᠨᠡᠭᠦᠷᠡᠰᠦᠨ᠎ᠦ ᠭᠠᠷᠤᠯᠲᠠ᠂ ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠬᠡᠮᠵᠢᠶ᠎ᠡ᠂ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ᠎ᠪᠡᠷ ᠴᠠᠬᠢᠯᠭᠠᠨ ᠭᠠᠷᠭᠠᠬᠤ ᠬᠡᠮᠵᠢᠶ᠎ᠡ᠂ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ᠂ ᠪᠤᠬᠢᠷᠳᠤᠯ ᠦᠬᠡᠢ ᠤᠰᠤᠲᠥ᠋ᠷᠥᠭᠴᠢ᠎ᠶᠢᠨ ᠦᠢᠯᠡᠳᠪᠦᠷᠢᠯᠡᠯ᠎ᠦᠨ ᠴᠢᠳᠠᠪᠤᠷᠢ ᠵᠡᠷᠭᠡ 15 ᠵᠦᠢᠯ᠎ᠦᠨ ᠬᠥᠭᠵᠢᠯᠲᠡ᠎ᠶᠢᠨ ᠵᠢᠭᠠᠯᠲᠠ ᠲᠣᠭ᠎ᠠ ᠪᠦᠬᠦ ᠤᠯᠤᠰ ᠲᠤ᠌ ᠲᠦᠷᠦᠬᠦᠯᠡᠵᠤ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠳᠤᠮᠳᠠ ᠡᠭᠦᠷᠭᠡ ᠬᠠᠷᠢᠭᠤᠴᠠᠯᠭ᠎ᠠ᠎ᠪᠠᠨ ᠭᠦᠢᠴᠡᠳ ᠡᠭᠦᠷᠭᠡᠯᠡᠪᠡ᠃

ᠪᠥᠬᠥ ᠬᠦᠴᠦᠨ᠎ᠢᠶᠡᠷ᠎ᠢᠶᠡᠨ ᠨᠡᠭᠦᠷᠡᠰᠦ᠎ᠶᠢ ᠪᠠᠲᠤᠯᠠᠵᠤ᠂ ᠭᠠᠳᠠᠭ᠍ᠰᠢ ᠬᠦᠷᠭᠡᠬᠦ᠎ᠶᠢ ᠲᠣᠭᠲᠠᠭᠤᠨ ᠪᠠᠢᠯᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠨᠡᠭᠦᠷᠡᠰᠦ ᠵᠢ ᠨᠡᠭᠡᠭᠡᠨ ᠬᠥᠭᠵᠢᠭᠦᠯᠬᠦ ᠪᠠᠢᠷᠢᠰᠢᠭᠤᠯᠤᠯᠲᠠ᠎ᠶᠢ ᠬᠦᠴᠦᠯᠡᠨ ᠰᠢᠯᠢᠳᠡᠭᠵᠢᠭᠦᠯᠵᠦ᠂ ᠴᠢᠨᠠᠷ ᠰᠠᠢᠲᠠᠢ ᠦᠢᠯᠡᠳᠪᠦᠷᠢᠯᠡᠯ᠎ᠤᠨ ᠴᠢᠳᠠᠪᠤᠷᠢ᠎ᠶᠢ ᠲᠦᠷᠭᠡᠳᠬᠡᠨ ᠪᠠᠳᠠᠷᠠᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠤᠯᠤᠰ᠎ᠤᠨ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠰᠠᠭᠤᠷᠢᠨ᠎ᠢ ᠲᠦᠷᠭᠡᠳᠬᠡᠨ ᠪᠠᠢᠭᠤᠯᠵᠤ᠂ ᠨᠡᠭᠦᠷᠡᠰᠦᠨ᠎ᠦ ᠦᠢᠯᠡᠳᠪᠦᠷᠢᠯᠡᠯ᠎ᠤᠨ ᠴᠢᠳᠠᠪᠤᠷᠢ ᠂ ᠭᠠᠷᠤᠯᠲᠠ᠎ᠶᠢ ᠵᠢᠯ ᠳ᠋ᠤ 12 ᠳ᠋ᠦᠩᠰᠢᠭᠤᠷ ᠲᠣᠨ ᠡᠴᠡ ᠳᠡᠭᠡᠭᠰᠢ᠎ᠳᠦ ᠲᠣᠭᠲᠠᠪᠤᠷᠢᠵᠢᠭᠤᠯᠵᠤ᠂ ᠭᠠᠳᠠᠭ᠍ᠰᠢ ᠲᠡᠭᠡᠭᠡᠪᠦᠷᠢᠯᠡᠬᠦ ᠬᠡᠮᠵᠢᠶ᠎ᠡ᠎ᠶᠢᠨ ᠡᠵᠡᠯᠡᠬᠦ ᠬᠠᠷᠢᠴᠠᠯ᠎ᠢ 60% ᠡᠴᠡ ᠳᠡᠭᠡᠭᠰᠢ᠎ᠳᠦ ᠲᠣᠭᠲᠠᠪᠤᠷᠢᠵᠢᠭᠤᠯᠵᠤ ᠂ ᠬᠠᠩᠭᠠᠯᠭ᠎ᠠ᠎ᠶᠢ ᠪᠠᠲᠤᠯᠠᠬᠤ ᠡᠭᠦᠷᠭᠡ᠎ᠶᠢ ᠨᠠᠢᠳᠠᠪᠤᠷᠢᠵᠢᠭᠤᠯᠤᠭᠰᠠᠨ ᠬᠡᠮᠵᠢᠶ᠎ᠡ᠎ᠨᠢ ᠪᠥᠬᠥ ᠤᠯᠤᠰ᠎ᠤᠨ 1/3 ᠡᠴᠡ ᠳᠡᠭᠡᠭᠰᠢ᠎ᠶᠢ ᠡᠵᠡᠯᠡᠪᠡ᠃

ᠴᠠᠬᠢᠯᠭᠠᠨ ᠬᠠᠩᠭᠠᠬᠤ᠎ᠶᠢ ᠪᠦᠬᠦ ᠬᠦᠴᠦᠨ᠎ᠢᠶᠡᠷ᠎ᠢᠶᠡᠨ ᠪᠠᠲᠤᠯᠠᠵᠤ᠂ ᠪᠤᠬᠢᠷᠳᠤᠯ ᠦᠭᠡᠢ ᠡᠨᠧᠷᠭᠢ᠎ᠶᠢ ᠨᠡᠮᠡᠭᠳᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠨᠦᠬᠡᠴᠡ ᠴᠠᠬᠢᠯᠭᠠᠨ ᠡᠭᠦᠰᠬᠡᠭᠴᠢ᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠲᠥᠯᠥᠪᠯᠡᠭᠡ᠎ᠶᠢᠨ ᠪᠤᠰᠤ ᠪᠠᠢᠴᠠᠭᠠᠨ ᠵᠠᠰᠠᠵᠤ ᠲᠡᠬᠡᠬᠡᠪᠦᠷᠢᠯᠡᠬᠦ ᠵᠢ ᠵᠣᠭᠰᠤᠭᠠᠬᠤ ᠪᠠ ᠬᠦᠴᠦ ᠭᠠᠷᠭᠠᠬᠤ᠎ᠳᠤ ᠰᠠᠭᠠᠳ ᠤᠴᠠᠷᠠᠭᠤᠯᠬᠤ᠎ᠶᠢ ᠴᠢᠩᠭ᠎ᠠ ᠬᠢᠵᠠᠭᠠᠷᠯᠠᠵᠤ᠂ ᠠᠵᠢᠯᠯᠠᠵᠤ ᠪᠠᠢᠭ᠎ᠠ ᠮᠠᠰᠢᠨ ᠴᠣᠭᠴᠠᠯᠠᠪᠤᠷᠢ᠎ᠶᠢᠨ ᠴᠠᠬᠢᠯᠭᠠᠨ ᠭᠠᠷᠭᠠᠵᠤ ᠲᠡᠢᠯᠬᠦ ᠨᠢ ᠦᠢᠯᠡᠳᠪᠦᠷᠢᠯᠡᠯ᠎ᠤᠨ ᠬᠠᠮᠤᠭ᠎ᠤᠨ ᠶᠡᠬᠡ ᠬᠡᠮᠵᠢᠶ᠎ᠡ ᠪᠡᠷ ᠴᠠᠬᠢᠯᠭᠠᠨ ᠭᠠᠷᠭᠠᠬᠤ᠂ ᠪᠦᠬᠦ  ᠴᠢᠳᠠᠯ᠎ᠢᠶᠡᠷ᠎ᠢᠶᠡᠨ ᠴᠠᠬᠢᠯᠭᠠᠨ ᠭᠠᠷᠭᠠᠬᠤ᠂ ᠭᠠᠳᠠᠭ᠍ᠰᠢ ᠬᠦᠷᠭᠡᠬᠦ ᠵᠢ ᠪᠠᠲᠤᠯᠠᠬᠤ ᠵᠢ ᠠᠬᠢᠭᠤᠯᠵᠤ᠂ ᠭᠠᠳᠠᠭ᠍ᠰᠢ ᠬᠦᠷᠭᠡᠬᠦ ᠴᠠᠬᠢᠯᠭᠠᠨ᠎ᠤ ᠬᠡᠮᠵᠢᠶ᠎ᠡ ᠣᠯᠠᠨ ᠵᠢᠯ ᠳᠠᠷᠠᠭᠠᠯᠠᠨ ᠪᠥᠬᠥ ᠤᠯᠤᠰ ᠲᠤ᠌ ᠲᠦᠷᠦᠬᠦᠯᠡᠪᠡ᠃

ᠴᠢᠯᠠᠭᠤᠨ ᠲᠣᠰᠣ᠌ ᠰᠢᠲᠠᠮᠠᠬᠠᠢ ᠬᠡᠢ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ᠂ ᠠᠷᠠᠳ᠎ᠤᠨ ᠠᠮᠢᠳᠤᠷᠠᠯ᠎ᠢ ᠲᠣᠭᠲᠠᠪᠤᠷᠢᠵᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠬᠣᠯᠪᠣᠭᠳᠠᠯ ᠪᠦᠬᠦᠢ ᠲᠥᠪ ᠎ᠦᠨ ᠠᠵᠤ ᠠᠬᠤᠢᠯᠠᠯ᠎ᠢ ᠰᠠᠨᠠᠭᠠᠴᠢᠯᠠᠭ᠎ᠠ᠎ᠡᠴᠡ᠎ᠪᠠᠨ ᠵᠣᠬᠢᠴᠠᠭᠤᠯᠵᠤ ᠴᠢᠯᠠᠭᠤᠨ ᠲᠣᠰᠣ᠌ ᠰᠢᠲᠠᠮᠠᠬᠠᠢ ᠬᠡᠢ᠎ᠶᠢ ᠬᠠᠢᠨ ᠰᠢᠨᠵᠢᠯᠡᠵᠦ ᠨᠡᠭᠡᠭᠡᠨ ᠬᠥᠭᠵᠢᠭᠦᠯᠬᠦ ᠡᠷᠴᠢᠮ᠎ᠢᠶᠡᠨ ᠴᠢᠩᠭᠠᠷᠠᠭᠤᠯᠵᠤ᠂ ᠱᠦᠷᠭᠡᠢ ᠪᠣᠯᠣᠨ ᠳᠠ ᠨᠢᠦ ᠳᠢ ᠰᠢᠲᠠᠮᠠᠬᠠᠢ ᠬᠡᠢ᠎ᠶᠢᠨ ᠠᠭᠤᠷᠬᠠᠢ᠎ᠶᠢᠨ ᠲᠣᠭᠲᠠᠭᠤᠨ ᠭᠠᠷᠤᠯᠲᠠ᠎ᠶᠢ ᠠᠬᠢᠭᠤᠯᠵᠤ᠂  ᠪᠠᠶᠠᠨ ᠴᠢᠯᠠᠭᠤᠨ ᠲᠣᠰᠣᠨ᠎ᠤ ᠠᠭᠤᠷᠬᠠᠢ᠎ᠶᠢᠨ ᠭᠠᠷᠤᠯᠲᠠ 300 ᠲᠦᠮᠡᠨ ᠲᠣᠨ᠎ᠡᠴᠡ ᠳᠡᠭᠡᠭᠰᠢ᠎ᠳᠦ ᠲᠣᠭᠲᠠᠪᠤᠷᠢᠵᠢᠵᠤ᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠭᠠᠷᠤᠯᠲᠠ 310 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠡᠭᠡᠭᠰᠢ᠎ᠳᠦ ᠲᠣᠭᠲᠠᠪᠤᠷᠢᠵᠢᠵᠤ᠂ ᠪᠠᠷᠤᠭ ᠪᠥᠬᠥ ᠤᠯᠤᠰ᠎ᠤᠨ 1/7 ᠵᠢ ᠡᠵᠡᠯᠡᠵᠦ᠂ ᠭᠠᠳᠠᠭ᠍ᠰᠢ ᠬᠦᠷᠭᠡᠬᠦ ᠬᠡᠮᠵᠢᠶ᠎ᠡ᠎ᠶᠢᠨ ᠡᠵᠡᠯᠡᠬᠦ ᠬᠠᠷᠢᠴᠠᠯ ᠨᠢ 60% ᠎ᠡᠴᠡ ᠳᠡᠭᠡᠭᠰᠢ᠎ᠳᠦ ᠲᠣᠭᠲᠠᠪᠤᠷᠢᠵᠢᠪᠠ᠃


ᠡᠨᠧᠷᠭᠢ᠎ᠶᠢᠨ ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠲᠦᠷᠭᠡᠨ ᠪᠤᠯᠪᠠ


《ᠠᠷᠪᠠᠨ ᠳᠥᠷᠪᠡᠳᠦᠭᠡᠷ ᠲᠠᠪᠤᠨ ᠵᠢᠯ》 ᠪᠣᠯ ᠥᠪᠥᠷ ᠮᠣᠩᠭᠣᠯ᠎ᠤᠨ ᠡᠨᠧᠷᠭᠢ᠎ᠶᠢᠨ ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠨᠠᠩ ᠲᠦᠷᠭᠡᠨ᠂ ᠪᠦᠲᠦᠴᠡ ᠨᠠᠩ ᠰᠢᠯᠢᠳᠡᠭ ᠪᠣᠯᠤᠭᠰᠠᠨ ᠲᠠᠪᠤᠨ ᠵᠢᠯ ᠪᠣᠯᠣᠨ᠎ᠠ᠃

ᠡᠯᠪᠡᠭ ᠪᠠᠶᠠᠯᠢᠭ᠋ ᠨᠠᠷᠠᠠ ᠎ᠤ ᠡᠨ᠋ᠸᠷᠬᠢ ᠰᠠᠯᠬᠢᠨ ᠬᠦᠴᠦᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠨ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠰᠠᠯᠬᠢᠨ᠎ᠤ ᠬᠦᠴᠦ᠎ᠪᠡᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ᠎ᠪᠠᠷ ᠭᠣᠣᠯ ᠴᠣᠭᠴᠠ ᠪᠣᠯᠭᠠᠭᠰᠠᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠰᠢᠰᠲᠧᠮ᠎ᠢ ᠶᠡᠬᠡ᠎ᠪᠡᠷ ᠬᠥᠭᠵᠢᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ ᠎ᠦ ᠰᠢᠰᠲᠧᠮ᠎ᠢ ᠴᠢᠷᠮᠠᠢᠨ ᠪᠠᠢᠭᠤᠯᠵᠤ᠂ ᠡᠨᠧᠷᠭᠢ᠎ᠶᠢᠨ ᠬᠦᠷᠢᠶᠡᠨ᠎ᠦ ᠪᠥᠬᠥ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭᠵᠢᠭᠦ ᠳ᠋ᠤ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠲᠠᠢ ᠪᠣᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠮᠦᠨ᠎ᠡ ᠳᠥᠷᠪᠡᠨ ᠵᠢᠯ᠎ᠳᠦ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 2021 ᠤᠨ᠎ᠳᠦ 5291 ᠲᠦᠮᠡᠨ ᠺᠢᠯᠦᠸᠠᠲ ᠪᠠᠢᠭᠰᠠᠨ ᠡᠴᠡ ᠪᠠᠨ 2024 ᠣᠨ᠎ᠳᠤ 1.35 ᠳ᠋ᠦᠩᠱᠢᠭᠤᠷ ᠺᠢᠯᠦᠸᠠᠲ ᠪᠣᠯᠤᠨ ᠨᠡᠮᠡᠭ᠌ᠳᠡᠵᠦ᠍᠂ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠲᠠᠪᠠᠯᠳᠠᠳᠤ ᠨᠡᠮᠡᠭ᠌ᠳᠡᠯ᠎ᠢ ᠪᠡᠶᠡᠯᠡᠭᠦᠯᠪᠡ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠬᠠᠩᠭᠠᠯᠭ᠎ᠠ᠎ᠶ᠋ᠢ ᠥᠷᠭᠡᠳᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢᠨ ᠲᠦᠷᠦᠯ ᠵᠦᠢᠯ᠎ᠢ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠳᠥᠭᠥᠮᠴᠢᠯᠡᠵᠦ᠍᠂ 《ᠡᠯᠡᠰᠦᠨ ᠴᠦᠯ ᠭᠤᠪᠢ》 ᠶ᠋ᠢᠨ ᠲᠤᠮᠤ ᠰᠠᠭᠤᠷᠢᠨ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠵᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ ᠵᠡᠷᠭᠡ ᠭᠣᠣᠯᠳᠠᠯᠭ᠎ᠠ᠎ᠲᠠᠶ ᠲᠦᠷᠦᠯ ᠵᠦᠢᠯ᠎ᠢ ᠡᠷᠲᠡᠬᠡᠨ ᠠᠵᠢᠯ ᠡᠬᠢᠯᠡᠭᠦᠯᠵᠦ᠍᠂ ᠡᠷᠲᠡᠬᠡᠨ ᠪᠠᠢᠭᠤᠯᠵᠤ ᠳᠠᠭᠤᠰᠭᠠᠪᠠ᠃ ᠡᠨᠡ ᠵᠢᠯ᠎ᠦᠨ 8 ᠰᠠᠷ᠎ᠠ᠎ᠶ᠋ᠢᠨ ᠡᠴᠦᠰ ᠪᠣᠯᠲᠠᠯ᠎ᠠ᠂ ᠪᠥᠬᠥ᠌ ᠣᠷᠣᠨ᠎ᠤ ᠱᠢᠨ᠎ᠡ᠎ᠪᠡᠷ ᠨᠡᠮᠡᠭ᠌ᠳᠡᠭ᠌ᠰᠡᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1182 ᠲᠦᠮᠡᠨ ᠺᠢᠯᠦᠸᠠᠲ᠎ᠲᠤ ᠬᠦᠷᠴᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1.47 ᠳ᠋ᠦᠩᠱᠢᠭᠤᠷ ᠺᠢᠯᠦᠸᠠᠲ᠎ᠲᠤ ᠬᠦᠷᠴᠦ᠍᠂ ᠦᠷᠭᠦᠯᠵᠢᠯᠡᠨ ᠪᠥᠬᠥ᠌ ᠤᠯᠤᠰ ᠎ᠲᠤ᠌ ᠲᠦᠷᠦᠬᠦᠯᠡᠪᠡ᠃

ᠱᠢᠨ᠎ᠡ ᠡᠨᠧᠷᠭᠢ ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠦᠷᠭᠦᠯᠵᠢᠯᠡᠨ ᠨᠡᠮᠡᠭ᠌ᠳᠡᠬᠦ᠌᠎ᠶ᠋ᠢᠨ ᠬᠠᠮᠲᠤ᠂ ᠡᠨᠧᠷᠭᠢ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠳ᠋ᠡᠬᠢ ᠪᠠᠯᠠ ᠣᠷᠣᠭᠤᠯᠤᠯᠲᠠ ᠦᠷᠭᠦᠯᠵᠢᠯᠡᠨ ᠰᠠᠢᠵᠢᠷᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠦᠨ ᠵᠠᠬ᠎ᠠ ᠳᠡᠯᠭᠡᠭᠦᠷᠴᠢᠯᠡᠭ᠌ᠰᠡᠨ᠂ ᠬᠡᠪᠴᠢᠶᠡᠵᠢᠭ᠌ᠰᠡᠨ ᠬᠥᠭ᠌ᠵᠢᠯᠲᠡ᠎ᠶ᠋ᠢᠨ ᠴᠤᠩᠬᠤᠪᠴᠢ᠎ᠶ᠋ᠢᠨ ᠬᠤᠭᠤᠴᠠᠭ᠎ᠠ᠎ᠶ᠋ᠢ ᠵᠠᠪᠳᠤᠨ ᠠᠳᠭᠤᠵᠤ᠂ ᠪᠥᠬᠥ᠌ ᠬᠡᠯᠬᠢᠶ᠎ᠡ᠎ᠪᠡᠷ ᠱᠢᠪᠲᠤᠯᠤᠯᠲᠠ ᠬᠢᠵᠦ᠍ ᠪᠥᠬᠥ᠌ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠬᠤᠱᠢᠭᠤᠴᠢ ᠵᠢᠱ᠌ᠢᠶ᠎ᠡ ᠦᠵᠡᠭᠦᠯᠬᠦ᠌ ᠣᠷᠣᠨ᠎ᠢ ᠡᠬᠦᠳᠪᠡ᠃ 2024 ᠣᠨ᠎ᠳᠤ᠂ ᠥᠪᠥᠷ ᠮᠣᠩᠭᠣᠯ᠎ᠤᠨ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠦᠶ᠋ᠯᠡᠳᠪᠦᠷᠢᠯᠡᠯ᠎ᠤᠨ ᠴᠢᠳᠠᠪᠤᠷᠢ ᠪᠥᠬᠥ᠌ ᠤᠯᠤᠰ᠎ᠲᠤ ᠲᠦᠷᠦᠭᠦᠯᠡᠪᠡ᠃ ᠡᠨᠡ ᠵᠢᠯ᠎ᠦᠨ 1—8 ᠰᠠᠷ᠎ᠠ᠎ᠳᠤ᠂ ᠪᠥᠬᠥ᠌ ᠣᠷᠣᠨ᠎ᠤ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠦᠢᠯᠡᠳᠪᠦᠷᠢᠯᠡᠯ᠎ᠤᠨ ᠬᠡᠮᠵᠢᠶ᠎ᠡ 5104 ᠲᠣᠨ ᠪᠠᠢᠵᠤ᠂ ᠨᠢᠳᠤᠨᠤᠨ᠎ᠤ ᠪᠥᠬᠥ᠌ ᠵᠢᠯ᠎ᠦᠨ ᠦᠢᠯᠡᠳᠪᠦᠷᠢᠯᠡᠯ᠎ᠤᠨ ᠬᠡᠮᠵᠢᠶ᠎ᠡ ᠡᠴᠡ ᠳᠠᠪᠠᠪᠠ᠃ ᠡᠭᠦᠨ᠎ᠦ ᠬᠠᠮᠲᠤ᠂ ᠥᠪᠥᠷ ᠮᠣᠩᠭᠣᠯ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠲᠤᠰᠭᠠᠶ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠡᠨᠡ ᠵᠢᠯ᠎ᠦᠨ 8 ᠰᠠᠷ᠎ᠠ᠎ᠶ᠋ᠢᠨ ᠡᠴᠦᠰ ᠪᠣᠯᠲᠠᠯ᠎ᠠ᠂ ᠪᠥᠬᠥ᠌ ᠣᠷᠣᠨ᠎ᠤ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠲᠦᠷᠦᠯ ᠵᠦᠢᠯ ᠨᠢᠭᠡᠨᠳᠡ ᠵᠦᠪᠰᠢᠶᠡᠷᠡᠵᠤ ᠪᠠᠢᠭᠤᠯᠵᠤ ᠪᠠᠢᠭ᠎ᠠ᠂ ᠪᠠᠢᠭᠤᠯᠬᠤ᠎ᠪᠠᠷ ᠪᠠᠢᠭ᠎ᠠ ᠬᠡᠪᠴᠢᠶ᠎ᠡ 2815 ᠲᠦᠮᠡᠨ ᠺᠢᠯᠦᠸᠠᠲ᠎ᠲᠤ ᠬᠦᠷᠴᠦ᠍᠂ ᠪᠠᠢᠭᠤᠯᠵᠤ ᠳᠠᠭᠤᠰᠤᠭ᠍ᠰᠠᠨ ᠬᠡᠪᠴᠢᠶ᠎ᠡ ᠨᠢᠭᠡᠨᠲᠡ 1134.09 ᠲᠦᠮᠡᠨ ᠺᠢᠯᠦᠸᠠᠲ᠎ᠢ ᠳᠠᠪᠠᠪᠠ᠃

ᠲᠠᠪᠤᠨ ᠵᠢᠯ᠎ᠦᠨ ᠬᠤᠭᠤᠴᠠᠭᠠᠨ᠎ᠳᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠪᠡᠷ ᠱᠢᠪᠲᠤᠯᠤᠯᠲᠠ ᠪᠣᠯᠭᠠᠵᠤ᠂ ᠥᠪᠥᠷ ᠮᠣᠩᠭᠣᠯ᠎ᠤᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠪᠦᠲᠦᠴᠡ ᠲᠦᠷᠭᠡᠨ ᠱᠢᠯᠢᠳᠡᠭ᠌ᠵᠢᠪᠡ᠃ 2024 ᠣᠨ᠎ᠳᠤ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠨᠢ ᠢᠯᠴᠢ᠎ᠶᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠡᠴᠡ ᠳᠠᠪᠠᠵᠤ᠂ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ᠎ᠳᠦ ᠡᠵᠡᠯᠡᠬᠦ᠌ ᠬᠤᠪᠢ᠎ᠶ᠋ᠢᠨ ᠵᠢᠩ᠎ᠨᠢ 52% ᠎ᠢ᠋ ᠳᠠᠪᠠᠪᠠ᠃ ᠡᠨᠡ ᠵᠢᠯ᠎ᠦᠨ 1— 8 ᠰᠠᠷ᠎ᠠ᠎ᠳᠤ᠂ ᠪᠥᠬᠥ᠌ ᠣᠷᠣᠨ᠎ᠤ ᠱᠢᠨ᠎ᠡ ᠡᠨᠧᠷᠭᠢ᠎ᠪᠡᠷ ᠴᠠᠬᠢᠯᠭᠠᠨ ᠭᠠᠷᠭᠠᠬᠰᠠᠨ ᠬᠡᠮᠵᠢᠶ᠎ᠡ 1810 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠪᠥᠬᠥ᠌ ᠣᠷᠣᠨ᠎ᠤ ᠴᠠᠬᠢᠯᠭᠠᠨ ᠡᠭᠦᠰᠭᠡᠭ᠌ᠴᠢ᠎ᠶ᠋ᠢᠨ ᠴᠠᠬᠢᠯᠭᠠᠨ ᠭᠠᠷᠭᠠᠬᠰᠠᠨ ᠬᠡᠮᠵᠢᠶ᠎ᠡ᠎ᠶ᠋ᠢᠨ 31.6% ᠎ᠶ᠋ᠢ ᠡᠵᠡᠯᠡᠵᠦ᠍᠂ ᠪᠣᠬᠢᠷᠲᠤᠯ ᠥᠬᠡᠶ ᠴᠠᠬᠢᠯᠭᠠᠨ ᠬᠦᠴᠦᠨ᠎ᠦ ᠪᠦᠬᠦ ᠴᠠᠬᠢᠯᠭᠠᠨ ᠬᠦᠴᠦᠨ᠎ᠦ ᠬᠠᠩᠭᠠᠯᠭ᠎ᠠ᠎ᠳᠠᠬᠢ ᠡᠵᠡᠯᠡᠬᠦ  ᠬᠤᠪᠢ᠎ᠶ᠋ᠢᠨ ᠵᠢᠩ ᠦᠷᠭᠦᠯᠵᠢᠯᠡᠨ ᠳᠡᠭᠡᠭ᠌ᠰᠢᠯᠡᠪᠡ᠃

ᠣᠳᠣᠬᠠᠨ᠎ᠳᠤ᠂ ᠥᠪᠥᠷ ᠮᠣᠩᠭᠣᠯ ᠨᠢᠭᠡᠨᠲᠡ ᠱᠢᠨ᠎ᠡ ᠡᠨᠧᠷᠭᠢ᠎ᠪᠡᠷ ᠭᠤᠤᠯ ᠴᠣᠭ᠍ᠴᠠ ᠪᠣᠯᠭᠠᠭ᠍ᠰᠠᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ ᠪᠠ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠵᠤ᠂ 8 ᠮᠤᠵᠢ ᠣᠷᠣᠨ᠎ᠲᠠᠶ ᠪᠣᠬᠢᠷᠲᠤᠯ ᠥᠬᠡᠶ ᠴᠠᠬᠢᠯᠭᠠᠨ᠎ᠢ ᠭᠠᠳᠠᠭ᠍ᠰᠢ ᠬᠦᠷᠭᠡᠬᠦ᠌ ᠠᠷᠠᠯᠵᠢᠶᠠᠨ᠎ᠤ ᠬᠠᠮᠲᠤᠷᠠᠯᠴᠠᠭ᠎ᠠ ᠪᠠᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠭᠠᠳᠠᠭ᠍ᠰᠢ ᠬᠦᠷᠭᠡᠭ᠌ᠰᠡᠨ ᠪᠣᠬᠢᠷᠲᠤᠯ ᠥᠬᠡᠶ ᠴᠠᠬᠢᠯᠭᠠᠨ᠎ᠤ ᠬᠡᠪᠴᠢᠶ᠎ᠡ ᠨᠡᠢᠲᠡ 2700 ᠳ᠋ᠦᠩᠱᠢᠭᠤᠷ ᠭᠷᠠᠳᠦ᠋ᠰ᠎ᠢ ᠳᠠᠪᠠᠪᠠ᠃


ᠡᠨᠧᠷᠭᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠪᠠ


《ᠠᠷᠪᠠᠨ ᠳᠥᠷᠪᠡᠳᠦᠭᠡᠷ ᠲᠠᠪᠤᠨ ᠵᠢᠯ》 ᠪᠣᠯ ᠥᠪᠥᠷ ᠮᠣᠩᠭᠣᠯ᠎ᠤᠨ ᠡᠨᠧᠷᠭᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠦᠷᠭᠦᠯᠵᠢᠯᠡᠨ ᠴᠢᠩᠭᠠᠷᠠᠭ᠍ᠰᠠᠨ ᠲᠠᠪᠤᠨ ᠵᠢᠯ ᠪᠣᠯᠤᠨ᠎ᠠ᠃

ᠲᠠᠪᠤᠨ ᠵᠢᠯ᠎ᠦᠨ ᠬᠤᠭᠤᠴᠠᠭᠠᠨ᠎ᠳᠤ᠂ ᠥᠪᠥᠷ ᠮᠣᠩᠭᠣᠯ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠨᠧᠷᠭᠢ ᠎ᠶ᠋ᠢᠨ ᠬᠦᠷᠢᠶᠡᠨ ᠎ᠦ ᠥᠭᠡᠷᠡᠴᠢᠯᠡᠯᠲᠡ᠎ᠶ᠋ᠢᠨ ᠡᠭᠦᠷᠭᠡ ᠎ᠶ᠋ᠢ ᠪᠦᠲᠦᠮᠵᠢᠲᠡᠢ ᠨᠠᠢᠳᠠᠪᠤᠷᠢᠵᠢᠭᠤᠯᠤᠨ ᠪᠤᠳᠠᠳᠠᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠪᠠ᠃

ᠰᠢᠨ᠎ᠡ ᠡᠨᠧᠷᠭᠢ᠎ᠶᠢ ᠬᠦᠭᠵᠢᠬᠦᠯᠬᠦ ᠵᠢ ᠴᠢᠨᠭᠭ᠎ᠠ ᠠᠳᠬᠤᠵᠤ ᠱᠠᠯᠠᠪᠳᠠᠨ ᠠᠵᠢᠯᠯᠠᠬᠤ᠎ᠲᠠᠯ᠎ᠠ ᠪᠠᠷ᠂ ᠥᠪᠥᠷ ᠮᠣᠩᠭᠣᠯ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ ᠰᠢᠨ᠎ᠡ ᠲᠣᠭᠲᠡᠴᠡ᠎ᠶᠢ ᠪᠠᠶ᠋ᠢᠭᠤᠯᠬᠤ᠂ ᠰᠢᠨ᠎ᠡ ᠡᠨᠧᠷᠭᠢ᠎ᠶᠢᠨ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠲᠣᠭᠲᠡᠴᠡ᠎ᠶᠢᠨ ᠰᠢᠨ᠎ᠡ᠎ᠶᠢ ᠡᠭᠦᠳᠬᠦ᠂ ᠪᠣᠬᠢᠷᠲᠤᠯ ᠦᠭᠡᠢ ᠴᠠᠬᠢᠯᠭᠠᠨ᠎ᠢ ᠣᠶ᠋ᠢᠷ᠎ᠠ ᠬᠠᠪᠢ ᠳ᠋ᠤᠨᠢ ᠠᠰᠢᠬᠯᠠᠨ ᠰᠢᠨᠭᠭᠡᠭᠡᠬᠦ ᠲᠣᠭᠲᠡᠴᠡ᠎ᠶᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠪᠡᠷ ᠳᠠᠮᠵᠢᠨ᠂ ᠰᠢᠨ᠎ᠡ ᠡᠨᠧᠷᠭᠢ᠎ᠶᠢᠨ ᠬᠥᠭᠵᠢᠯᠲᠡ᠎ᠶᠢᠨ ᠬᠤᠷᠳᠤᠴᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠪᠠ᠃ ᠰᠢᠨ᠎ᠡ ᠡᠨᠧᠷᠭᠢ ᠪᠠ ᠴᠠᠬᠢᠯᠭᠠᠨ ᠲᠣᠣᠷ᠎ᠤᠨ ᠢᠨᠵᠧᠨᠧᠷᠢᠩ᠎ᠢ ᠬᠢᠨᠠᠨ ᠵᠥᠪᠰᠢᠶᠡᠷᠡᠬᠦ ᠪᠦᠲᠦᠭᠡᠨ ᠪᠠᠢᠭᠤᠯᠤᠯᠲᠠ᠎ᠶᠢ ᠲᠦᠷᠭᠡᠳᠬᠡᠬᠦ 13 ᠵᠦᠢᠯ᠎ᠦᠨ ᠠᠷᠭ᠎ᠠ ᠬᠡᠮᠵᠢᠶ᠎ᠡ᠎ᠶᠢ ᠨᠡᠢᠲᠡᠯᠡᠵᠦ᠂ ᠰᠢᠨ᠎ᠡ ᠡᠨᠧᠷᠭᠢ᠎ᠶᠢᠨ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠭᠠᠷᠳᠠᠮ᠎ᠢ ᠭᠦᠢᠴᠡᠳᠬᠡᠬᠦ ᠴᠠᠭ᠎ᠢ 50% ᠪᠡᠷ ᠪᠤᠭᠤᠨᠢᠰᠬᠠᠪᠠ;  ᠲᠥᠪᠯᠡᠷᠡᠩᠭᠦᠢ ᠬᠡᠯᠪᠡᠷᠢ᠎ᠶᠢᠨ ᠬᠡᠷᠡᠯᠴᠢ ᠴᠡᠨᠡᠭ᠎ᠦᠨ ᠲᠥᠷᠥᠯ ᠵᠦᠢᠯ᠎ᠳᠦ ᠲᠥᠪᠯᠡᠷᠡᠭᠦᠯᠦᠨ ᠨᠡᠢᠯᠡᠭᠦᠯᠵᠦ ᠬᠣᠯᠪᠣᠬᠤ᠂ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠬᠡᠷᠡᠭᠵᠢᠭᠦᠯᠪᠡ; ᠵᠠᠬ᠎ᠠ ᠳᠡᠯᠭᠡᠭᠦᠷᠴᠢᠯᠡᠨ ᠰᠢᠨ᠎ᠡ ᠡᠨᠧᠷᠭᠢ᠎ᠵᠢ ᠰᠢᠩᠭᠡᠬᠡᠨ ᠠᠪᠬᠤ ᠲᠦᠷᠦᠯ ᠵᠦᠢᠯ᠎ᠳᠤ 《ᠲᠡᠷᠡ ᠳᠠᠷᠤᠢ ᠳ᠋ᠤᠨᠢ ᠮᠡᠳᠡᠭᠦᠯᠦᠨ ᠵᠥᠪᠰᠢᠶᠡᠷᠡᠭᠦᠯᠵᠦ᠂ ᠵᠥᠪᠰᠢᠶᠡᠷᠡᠬᠦ ᠶᠣᠰᠣᠲᠠᠢ᠎ᠶᠢ ᠨᠢ ᠪᠦᠬᠦᠨ᠎ᠢ ᠵᠥᠪᠰᠢᠶᠡᠷᠡᠪᠡ》᠃《ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠣᠯᠠᠨ ᠲᠠᠯᠠᠲᠤ ᠠᠷᠠᠯᠵᠢᠶ᠎ᠠ᠎ᠶᠢᠨ ᠵᠠᠬ᠎ᠠ ᠳᠡᠯᠭᠡᠭᠦᠷ᠎ᠦᠨ ᠳᠦᠷᠢᠮ᠎ᠦᠨ ᠰᠢᠰᠲᠧᠮ》 ᠵᠡᠷᠭᠡ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠵᠦ᠂ ᠣᠷᠣᠨ᠎ᠤ ᠳᠣᠲᠣᠷ᠎ᠠ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢᠨ ᠲᠤᠷᠰᠢᠯᠲᠠ᠎ᠶᠢᠨ ᠴᠡᠭ᠎ᠢ ᠥᠷᠨᠢᠭᠦᠯᠵᠦ᠂ ᠪᠥᠬᠥ ᠤᠯᠤᠰ᠎ᠲᠤ ᠮᠤᠵᠢ ᠠᠯᠤᠰᠯᠠᠭᠰᠠᠨ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢ ᠲᠦᠷᠦᠭᠦᠯᠡᠨ ᠥᠷᠨᠢᠭᠦᠯᠪᠡ᠃ 2024 ᠣᠨ᠎ᠳᠤ ᠥᠪᠥᠷ ᠮᠣᠩᠭᠣᠯ᠎ᠤᠨ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢᠨ ᠲᠠᠰᠤᠯᠤᠨ ᠪᠤᠳᠤᠭᠰᠠᠨ ᠴᠠᠬᠢᠯᠭᠠᠨ᠎ᠤ ᠬᠡᠮᠵᠢᠶ᠎ᠡ 762 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠥᠬᠥ ᠤᠯᠤᠰ᠎ᠲᠤ ᠲᠦᠷᠦᠭᠦᠯᠡᠪᠡ᠃

ᠤᠯᠠᠮᠵᠢᠯᠠᠯᠲᠤ ᠡᠨᠧᠷᠭᠢ ᠎ᠶᠢᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ᠎ᠪᠠᠷ᠂ ᠨᠡᠭᠦᠷᠡᠰᠦ᠎ᠶᠢ ᠴᠡᠪᠡᠷᠰᠢᠬᠦᠯᠵᠤ ᠥᠨᠳᠥᠷ ᠪᠦᠲᠦᠮᠵᠢᠲᠡᠶ ᠠᠰᠢᠭ᠍ᠯᠠᠬᠤ ᠲᠣᠭᠲᠡᠴᠡ᠎ᠶᠢ ᠲᠡᠭᠦᠯᠳᠡᠷᠵᠢᠭᠦᠯᠵᠤ᠂ ᠨᠡᠭᠦᠷᠡᠰᠦ᠎ᠪᠡᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ᠎ᠢ ᠶᠡᠬᠡ᠎ᠪᠡᠷ ᠬᠥᠭᠵᠢᠭᠦᠯᠵᠦ᠂ ᠨᠡᠭᠦᠷᠡᠰᠦᠨ ᠴᠢᠯᠠᠭᠤ ᠵᠡᠷᠭᠡ ᠨᠡᠭᠦᠷᠡᠰᠦᠨ ᠠᠭᠤᠷᠬᠠᠢ᠎ᠶᠢᠨ ᠬᠠᠶᠠᠭᠳᠠᠮᠠᠯ ᠪᠣᠳᠠᠰ᠎ᠢ ᠡᠷᠭᠢᠯᠳᠦᠭᠦᠯᠦᠨ ᠠᠰᠢᠭ᠍ᠯᠠᠬᠤ᠎ᠶᠢ ᠴᠢᠩᠭᠠᠳᠬᠠᠵᠤ᠂ ᠨᠡᠭᠦᠷᠡᠰᠦᠨ᠎ᠦ ᠦᠷᠭᠦᠯᠵᠢᠯᠡᠭᠰᠡᠨ ᠬᠡᠯᠬᠢᠶ᠎ᠡ᠎ᠶᠢᠨ ᠦᠷᠳᠡᠭ᠎ᠢ ᠨᠡᠮᠡᠭᠳᠡᠬᠦᠯᠬᠦ ᠲᠦᠪᠰᠢᠨ᠎ᠢ ᠳᠡᠭᠡᠭᠰᠢᠯᠡᠭᠦᠯᠪᠡ᠃ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠲᠣᠭᠲᠡᠴᠡ᠎ᠶᠢ ᠰᠢᠯᠢᠳᠡᠭᠵᠢᠭᠦᠯᠵᠦ᠂ ᠴᠠᠬᠢᠯᠭᠠᠨ ᠬᠦᠴᠦᠨ᠎ᠦ ᠳᠤᠮᠳᠠ ᠣᠷᠳᠣ᠌ ᠬᠤᠭᠤᠴᠠᠭᠠᠨ᠎ᠤ ᠠᠷᠠᠯᠵᠢᠶ᠎ᠠ᠎ᠳᠤ ᠴᠠᠭ ᠲᠤᠬᠠᠢ ᠳ᠋ᠤᠨᠢ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ᠂ ᠴᠠᠬᠢᠯᠭᠠᠨ ᠬᠦᠴᠦᠨ᠎ᠦ ᠪᠡᠯᠡᠨ ᠪᠠᠷᠠᠭᠠᠨ᠎ᠤ ᠵᠠᠬ᠎ᠠ ᠳᠡᠯᠭᠡᠭᠦᠷ᠎ᠦᠨ ᠲᠠᠰᠤᠯᠤᠨ ᠪᠣᠳᠣᠯᠲᠠ᠎ᠶᠢᠨ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠢ ᠵᠢᠩᠬᠢᠨᠢ᠎ᠪᠡᠷ ᠠᠵᠢᠯᠯᠠᠭᠤᠯᠬᠤ᠂ ᠥᠪᠥᠷ ᠮᠣᠩᠭᠣᠯ ᠎ᠤᠨ ᠵᠡᠭᠦᠨ ᠬᠡᠰᠡᠭ᠎ᠦᠨ ᠭᠠᠵᠠᠷ ᠣᠷᠣᠨ᠎ᠢ ᠲᠤᠷᠰᠢᠨ ᠠᠵᠢᠯᠯᠠᠭᠤᠯᠬᠤ᠎ᠶᠢ ᠠᠬᠢᠭᠤᠯᠵᠤ᠂ ᠪᠥᠬᠥ ᠤᠯᠤᠰ᠎ᠲᠤ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠂ ᠬᠠᠢᠯᠤᠰᠢ᠎ᠶᠢᠨ ᠰᠢᠨ᠎ᠡ ᠮᠠᠲᠧᠷᠢᠶᠠᠯ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠵᠡᠷᠭᠡ ᠠᠵᠢᠯ ᠲᠥᠷᠥᠯ᠎ᠦᠨ ᠴᠠᠬᠢᠯᠭᠠᠨ᠎ᠤ ᠦᠨ᠎ᠡ ᠵᠢᠨ ᠳᠠᠪᠠᠭᠤᠯᠢᠭ᠎ᠢ ᠦᠷᠭᠦᠯᠵᠢᠯᠡᠨ ᠪᠠᠲᠤᠯᠠᠪᠠ᠃ ᠡᠨᠧᠷᠭᠢ᠎ᠶᠢᠨ ᠬᠠᠩᠭᠠᠯᠭ᠎ᠠ ᠎ᠶᠢ ᠪᠠᠲᠤᠯᠠᠬᠤ ᠲᠣᠭᠲᠡᠴᠡ᠎ᠶᠢ ᠲᠡᠭᠦᠯᠳᠡᠷᠵᠢᠭᠦᠯᠵᠦ᠂ ᠴᠠᠬᠢᠯᠭᠠᠨ ᠭᠠᠷᠭᠠᠬᠤ ᠨᠡᠭᠦᠷᠡᠰᠦ᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠳᠤᠮᠳᠠ ᠣᠷᠳᠣ᠌ ᠬᠤᠭᠤᠴᠠᠭᠠᠨ᠎ᠤ ᠭᠡᠷ᠎ᠡ᠎ᠶᠢ ᠴᠢᠩᠭ᠎ᠠ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠨᠡᠭᠦᠷᠡᠰᠦᠨ᠎ᠦ ᠠᠷᠠᠯᠵᠢᠶ᠎ᠠ᠎ᠶᠢᠨ ᠲᠥᠪ᠎ᠢ ᠪᠠᠶ᠋ᠢᠭᠤᠯᠬᠤ᠎ᠶᠢ ᠠᠬᠢᠭᠤᠯᠵᠤ᠂ ᠴᠠᠬᠢᠯᠭᠠᠨ ᠬᠦᠴᠦᠨ᠎ᠦ ᠬᠡᠷᠡᠭᠴᠡᠭᠡ᠎ᠶᠢᠨ ᠲᠠᠯ᠎ᠠ᠎ᠶᠢᠨ ᠵᠠᠬ᠎ᠠ ᠳᠡᠯᠭᠡᠭᠦᠷᠴᠢᠯᠡᠯᠳᠠ ᠳ᠋ᠤ ᠵᠤᠬᠢᠴᠠᠬᠰᠠᠨ ᠨᠥᠬᠥᠪᠦᠷᠢ ᠦᠭᠬᠦ ᠲᠣᠭᠲᠡᠴᠡ᠎ᠶᠢ ᠲᠡᠭᠦᠯᠳᠡᠷᠵᠢᠭᠦᠯᠵᠦ᠂ ᠴᠠᠬᠢᠯᠭᠠᠨ ᠬᠡᠷᠡᠭᠯᠡᠬᠦ ᠠᠵᠤ ᠠᠬᠤᠢᠯᠠᠯ᠎ᠤᠨ ᠰᠠᠨᠠᠭᠠᠴᠢᠯᠠᠭ᠎ᠠ᠎ᠡᠴᠡ᠎ᠪᠠᠨ ᠰᠢᠰᠲᠧᠮ᠎ᠦᠨ ᠲᠣᠬᠢᠷᠠᠭᠤᠯᠤᠯᠲᠠ᠎ᠳᠤ ᠤᠷᠤᠯᠴᠠᠬᠤ ᠵᠢ ᠵᠤᠷᠢᠭᠵᠢᠭᠤᠯᠪᠠ᠃

ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠬᠦ᠎ᠪᠡᠷ ᠳᠠᠮᠵᠢᠨ᠂ ᠤᠯᠠᠮ ᠨᠢᠭᠡ ᠠᠯᠬᠤᠮ ᠠᠮᠢᠵᠢᠷᠠᠯ᠎ᠤᠨ ᠬᠦᠴᠦᠨ ᠎ᠢ ᠬᠥᠭᠵᠢᠭᠡᠵᠦ᠂ ᠬᠥᠳᠡᠯᠭᠡᠬᠦ ᠬᠦᠴᠦᠨ ᠎ᠢ ᠴᠢᠩᠭᠠᠷᠠᠭᠤᠯᠤᠨ᠂ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠥᠪᠥᠷ ᠮᠣᠩᠭᠣᠯ ᠎ᠤᠨ ᠡᠨᠧᠷᠭᠢ ᠢᠯᠠᠩᠭᠤᠶ᠎ᠠ ᠰᠢᠨ᠎ᠡ ᠡᠨᠧᠷᠭᠢ᠎ᠶᠢᠨ ᠦᠷᠭᠦᠯᠵᠢᠯᠡᠨ ᠲᠦᠷᠭᠡᠨ᠂ ᠴᠢᠨᠠᠷ ᠰᠠᠢᠲᠠᠢ ᠬᠥᠭᠵᠢᠬᠦ ᠎ᠶᠢ ᠬᠦᠴᠦᠲᠡᠢ ᠠᠬᠢᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ᠎ᠤᠨ ᠡᠨᠧᠷᠭᠢ᠎ᠶᠢᠨ ᠠᠵᠢᠯ ᠲᠥᠷᠥᠯ᠎ᠦᠨ ᠬᠢᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠢᠭᠡᠨ ᠬᠤᠪᠢ ᠬᠢᠯᠠᠯᠵᠠᠭᠰᠠᠨ ᠬᠢᠷᠢ ᠪᠦᠲᠦᠮᠵᠢ᠎ᠶᠢᠨ ᠬᠠᠭᠤᠳᠠᠰᠤ ᠵᠢ ᠲᠤᠰᠢᠶᠠᠵᠠᠢ᠃ 《ᠠᠷᠪᠠᠨ ᠲᠠᠪᠤᠳᠤᠭᠠᠷ ᠲᠠᠪᠤᠨ ᠵᠢᠯ》᠎ᠢ᠋ ᠪᠠᠷᠠᠯᠠᠬᠤᠶ᠎ᠠ᠂ ᠥᠪᠥᠷ ᠮᠣᠩᠭᠣᠯ ᠦᠷᠭᠦᠯᠵᠢᠯᠡᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠨ᠂ ᠡᠷᠡᠯᠬᠡᠭᠯᠡᠨ ᠤᠷᠤᠭᠰᠢᠯᠠᠵᠤ᠂ ᠤᠳᠤ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢᠨ ᠲᠠᠰᠤᠷᠠᠯᠳᠠ ᠦᠬᠡᠢ 《ᠪᠣᠬᠢᠷᠲᠤᠯ ᠦᠭᠡᠢ》 ᠲᠡᠢᠰᠢ ᠤᠷᠤᠭᠰᠢᠯᠠᠬᠤ᠂ 《ᠰᠢᠨ᠎ᠡ》 ᠲᠡᠢᠰᠢ ᠤᠷᠤᠭᠰᠢᠯᠠᠬᠤ᠎ᠶᠢ ᠠᠬᠢᠭᠤᠯᠵᠤ᠂ ᠡᠨᠧᠷᠭᠢ᠎ᠶᠢᠨ ᠡᠬᠢ ᠪᠠᠶᠠᠯᠢᠭ᠋᠎ᠤᠨ ᠬᠠᠩᠭᠠᠯᠭ᠎ᠠ ᠵᠢᠨ ᠪᠠᠲᠤᠯᠠᠭ᠎ᠠ ᠎ᠶᠢᠨ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ 《ᠡᠨᠧᠷᠭᠢ ᠎ᠶᠢᠨ ᠪᠤᠳᠠᠭᠠᠨ ᠠᠶᠠᠭ᠎ᠠ》 ᠶ᠋ᠢ ᠲᠣᠭᠲᠠᠭᠤᠨ ᠪᠠᠢᠯᠭᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号