ᠠᠮᠠᠷᠠᠯᠳᠠ ᠵᠢᠨ ᠬᠤᠭᠤᠴᠠᠭᠠᠨ ᠳ᠋ᠡᠬᠢ ᠵᠠᠮ ᠬᠠᠷᠢᠯᠴᠠᠭᠠᠨ᠎ᠤ ᠰᠠᠭᠠᠳ ᠦᠭᠡᠢ ᠨᠡᠪᠳᠡᠷᠡᠬᠦ ᠵᠢ ᠡᠷᠴᠢᠮᠳᠠᠢ ᠪᠠᠳᠤᠯᠠᠵᠤ ᠪᠤᠢ
2025-09-28 16:29:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠳᠡᠷᠭᠡᠯ ᠪᠠᠶᠠᠷ ᠦᠢᠷᠠᠳᠤᠬᠤ ᠪᠡᠷ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ  ᠠᠮᠠᠷᠠᠯᠲᠠ᠎ᠶᠢᠨ ᠬᠤᠭᠤᠴᠠᠭᠠᠨ ᠳ᠋ᠡᠬᠢ ᠪᠠᠲᠤᠯᠠᠭ᠎ᠠ᠎ᠶᠢᠨ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠵᠠᠮ ᠲᠣᠣᠷ᠎ᠤᠨ ᠬᠢᠨᠠᠨ ᠬᠡᠮᠵᠢᠯᠲᠡ᠎ᠶᠢ ᠴᠢᠩᠭᠠᠳᠬᠠᠬᠤ᠂ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠰᠢᠯᠢᠳᠡᠭᠵᠢᠭᠦᠯᠬᠦ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠣᠯᠠᠨ ᠨᠡᠶ᠋ᠢᠲᠡ᠎ᠳᠦ ᠠᠮᠤᠷ ᠲᠦᠪᠰᠢᠨ᠂ ᠰᠠᠭᠠᠳ ᠦᠭᠡᠢ᠂ ᠬᠠᠯᠠᠭᠤᠨ ᠳᠤᠯᠠᠭᠠᠨ ᠠᠶᠠᠯᠠᠯ᠎ᠤᠨ ᠣᠷᠴᠢᠨ ᠨᠥᠬᠥᠴᠡᠯ᠎ᠢ ᠡᠬᠦᠳᠴᠤ ᠦᠭᠪᠡ᠃

ᠵᠠᠮ ᠲᠣᠣᠷ᠎ᠤᠨ ᠬᠢᠨᠠᠨ ᠬᠡᠮᠵᠢᠯᠲᠡ᠎ᠶᠢ ᠴᠢᠩᠭᠠᠳᠬᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯ ᠱᠤᠭᠤᠮ᠎ᠤᠨ ᠰᠠᠭᠠᠳ ᠦᠭᠡᠢ ᠨᠡᠪᠳᠡᠷᠡᠬᠦ ᠵᠢ ᠪᠠᠳᠤᠯᠠᠨ᠎ᠠ᠃ ᠵᠠᠮ ᠬᠠᠷᠢᠯᠴᠠᠭᠠᠨ᠎ᠤ ᠪᠦᠯᠦᠭᠯᠡᠯ ᠡᠴᠡ ᠪᠥᠬᠥ ᠵᠠᠮ ᠲᠣᠣᠷ᠎ᠤᠨ ᠠᠵᠢᠯᠯᠠᠭᠠᠨ᠎ᠢ ᠬᠢᠨᠠᠨ ᠬᠡᠮᠵᠢᠬᠦ ᠡᠷᠴᠢᠮ᠎ᠢᠶᠡᠨ ᠪᠥᠬᠥ ᠬᠦᠴᠦᠨ᠎ᠢᠶᠡᠷ᠎ᠢᠶᠡᠨ ᠴᠢᠩᠭᠠᠷᠠᠭᠤᠯᠵᠤ᠂ ᠵᠠᠮ ᠬᠠᠷᠢᠯᠴᠠᠭ᠎ᠠ ᠵᠢᠨ ᠷᠠᠳᠢᠣ᠋ ᠨᠡᠪᠲᠡᠷᠡᠭᠦᠯᠭᠡ᠂ ᠵᠠᠮ ᠳᠠᠭᠠᠤ᠎ᠶᠢᠨ ᠮᠡᠳᠡᠭᠡᠯᠡᠯ᠎ᠦᠨ ᠰᠠᠮᠪᠠᠷ᠎ᠠ ᠵᠡᠷᠭᠡ ᠵᠠᠭᠤᠴᠢᠯᠠᠭᠤᠷ ᠪᠣᠯᠣᠨ ᠵᠢᠭᠠᠯᠲᠠ᠎ᠶᠢᠨ ᠰᠠᠮᠪᠠᠷ᠎ᠠ᠎ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠋᠎ᠢ ᠠᠰᠢᠭ᠍ᠯᠠᠨ᠂ ᠵᠠᠮ᠎ᠤᠨ ᠪᠠᠢᠳᠠᠯ᠎ᠤᠨ ᠮᠡᠳᠡᠭᠡ ᠵᠠᠩᠭᠢ ᠪᠣᠯᠣᠨ ᠠᠮᠤᠷ ᠲᠦᠪᠰᠢᠨ᠎ᠦ ᠰᠠᠨᠠᠭᠤᠯᠤᠮᠵᠢ᠎ᠶᠢ ᠴᠠᠭ ᠲᠤᠬᠠᠢ ᠳ᠋ᠤᠨᠢ ᠨᠡᠢᠲᠡᠯᠡᠵᠦ᠂ ᠣᠯᠠᠨ ᠨᠡᠶ᠋ᠢᠲᠡ᠎ᠵᠢᠨ ᠠᠶᠠᠯᠠᠯ᠎ᠢᠶᠠᠨ ᠵᠦᠢ ᠵᠣᠬᠢᠰᠲᠠᠢ ᠲᠥᠯᠥᠪᠵᠢᠭᠦᠯᠬᠦ ᠵᠢ ᠬᠥᠲᠥᠯᠥᠨ ᠵᠢᠯᠤᠭᠣᠳᠤᠨ᠎ᠠ᠃ ᠲᠦᠷᠭᠡᠨ᠎ᠤ ᠵᠠᠰᠠᠮᠠᠯ ᠵᠠᠮ᠎ᠤᠨ ᠲᠦᠭᠵᠢᠷᠡᠯ ᠳ᠋ᠤ ᠴᠢᠭᠯᠡᠭᠦᠯᠦᠨ᠂ 《ᠨᠢᠭᠡ ᠵᠠᠮ᠎ᠤᠨ ᠬᠡᠰᠡᠭ᠎ᠲᠦ ᠨᠢᠭᠡ ᠠᠷᠭ᠎ᠠ ᠪᠣᠳᠣᠯᠭ᠎ᠠ ᠠᠪᠬᠤ》 ᠶᠣᠰᠣᠭᠠᠷ ᠨᠠᠷᠢᠯᠢᠭ᠋ ᠣᠨᠣᠴᠠᠲᠠᠢ᠎ᠪᠠᠷ ᠵᠠᠯᠠᠵᠤ ᠵᠢᠯᠤᠭᠣᠳᠬᠤ ᠲᠥᠰᠥᠯ᠎ᠢ ᠲᠣᠭᠲᠠᠭᠠᠪᠠ᠃ ᠵᠠᠮ ᠬᠠᠷᠢᠯᠴᠠᠭᠠᠨ᠎ᠤ ᠴᠠᠭᠳᠠᠭ᠎ᠠ᠂ ᠵᠠᠮ᠎ᠤᠨ ᠶᠠᠪᠤᠳᠠᠯ᠂ ᠴᠠᠭ ᠠᠭᠤᠷ᠎ᠤᠨ ᠰᠠᠯᠠᠭ᠎ᠠ ᠮᠥᠴᠢᠷ᠎ᠲᠠᠢ ᠬᠣᠯᠪᠤᠭᠠᠯᠠᠨ ᠬᠠᠮᠲᠤᠷᠠᠭᠰᠠᠨ ᠦᠢᠯᠡᠴᠢᠯᠡᠭᠡᠨ᠎ᠦ ᠲᠣᠭᠲᠠᠴᠠ᠎ᠶᠢ ᠪᠠᠢᠭᠤᠯᠵᠤ᠂ ᠤᠯᠠᠨ ᠵᠦᠢᠯ᠎ᠤᠨ ᠠᠷᠭ᠎ᠠ ᠬᠡᠮᠵᠢᠶ᠎ᠡ ᠪᠡᠷ ᠲᠦᠭᠵᠢᠷᠡᠯ᠎ᠢ ᠰᠢᠢᠳᠪᠦᠷᠢᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠰᠦᠢᠳᠬᠡᠯ ᠬᠤᠷᠢᠶᠠᠬᠤ ᠰᠢᠰᠲᠧᠮ᠂ ETC ᠵᠡᠷᠭᠡ ᠵᠠᠩᠭᠢᠯᠠᠭ᠎ᠠ᠎ᠶᠢᠨ ᠲᠦᠬᠦᠭᠡᠷᠤᠮᠵᠢ᠎ᠶᠢ ᠵᠢᠭ᠍ᠰᠠᠭᠠᠨ ᠪᠠᠢᠴᠠᠭᠠᠬᠤ᠎ᠶᠢ ᠢᠳᠡᠪᠬᠢᠲᠡᠢ ᠥᠷᠨᠢᠭᠦᠯᠵᠦ᠂ ᠰᠢᠯᠵᠢᠮᠡᠯ ᠰᠦᠢᠳᠬᠡᠯ ᠬᠤᠷᠢᠶᠠᠬᠤ ᠲᠥᠬᠦᠭᠡᠷᠦᠮᠵᠢ ᠵᠢᠴᠢ ᠪᠠᠴᠢᠮ ᠪᠠᠢᠳᠠᠯ᠎ᠢ ᠠᠷᠭᠠᠴᠠᠭᠠᠬᠤ ᠴᠠᠬᠢᠯᠭᠠᠨ ᠭᠠᠷᠭᠠᠬᠤ ᠲᠣᠨᠣᠭᠯᠠᠯ᠎ᠢ ᠲᠣᠬᠢᠷᠠᠭᠤᠯᠤᠨ᠂ ᠭᠡᠨᠡᠳᠲᠡ᠎ᠶᠢᠨ ᠬᠡᠷᠡᠭ ᠢ᠋ ᠲᠦᠷᠭᠡᠨ ᠠᠷᠭᠠᠴᠠᠭᠠᠬᠤ  ᠵᠢ ᠦᠨᠡᠨᠬᠦ ᠪᠠᠲᠤᠯᠠᠵᠤ᠂ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ᠎ᠦ ᠲᠣᠭᠣᠷᠢᠭ᠋᠎ᠤᠨ ᠴᠢᠳᠠᠮᠵᠢ᠎ᠶᠢᠨ ᠬᠡᠪ᠎ᠦᠨ ᠠᠵᠢᠯᠯᠠᠭᠠᠨ᠎ᠢ ᠪᠠᠲᠤᠯᠠᠨ᠎ᠠ᠃

ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠠᠶᠠᠯᠠᠯ᠎ᠤᠨ ᠶᠠᠪᠤᠴᠠ ᠵᠢᠨ ᠳᠠᠭᠠᠯᠠᠮᠵᠢᠳᠠᠢ ᠲᠦᠷᠦᠭᠳᠡᠯ᠎ᠢ ᠨᠡᠮᠡᠭᠳᠡᠭᠦᠯᠬᠦ᠎ᠶᠢᠨ ᠲᠥᠯᠥᠭᠡ᠂ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠨ ᠦᠢᠯᠡᠴᠢᠯᠡᠭᠡᠨ᠎ᠦ ᠲᠣᠭᠣᠷᠢᠭ᠋᠎ᠤᠨ ᠲᠡᠷᠭᠡᠨ᠎ᠦ ᠤᠷᠤᠰᠴᠠ᠎ᠶᠢᠨ ᠲᠤᠬᠠᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠮᠠᠭᠠᠳᠯᠠᠯᠲᠠ ᠬᠢᠵᠦ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠲᠥᠰᠥᠯ᠎ᠢ ᠲᠣᠭᠲᠠᠭᠠᠵᠤ᠂ ᠡᠬᠢ ᠪᠠᠶᠠᠯᠢᠭ᠋᠎ᠢ ᠨᠥᠭᠡᠴᠡᠯᠡᠬᠦ᠂ ᠠᠵᠢᠯᠲᠠᠨ᠎ᠤ ᠣᠷᠣᠨ ᠪᠠᠢᠷᠢ᠎ᠶᠢ ᠨᠥᠬᠥᠪᠦᠷᠢᠯᠡᠬᠦ᠂ ᠡᠨᠧᠷᠭᠢ᠎ᠶᠢᠨ ᠰᠤᠷᠪᠤᠯᠵᠢ᠎ᠶᠢ ᠨᠥᠬᠥᠪᠦᠷᠢᠯᠡᠬᠦ᠂ ᠲᠥᠬᠦᠭᠡᠷᠦᠮᠵᠢ᠎ᠶᠢ ᠨᠡᠮᠡᠵᠦ ᠨᠡᠭᠡᠭᠡᠬᠦ᠂ ᠲᠣᠭᠲᠠᠭᠰᠠᠨ ᠬᠡᠮᠵᠢᠶ᠎ᠡ᠎ᠪᠡᠷ ᠲᠣᠰᠣ᠌ ᠨᠡᠮᠡᠬᠦ᠂ ᠲᠣᠭᠲᠠᠭᠰᠠᠨ ᠴᠠᠭ᠎ᠲᠤ ᠴᠠᠬᠢᠯᠭᠠᠨ ᠴᠡᠨᠡᠭᠯᠡᠬᠦ ᠵᠡᠷᠭᠡ ᠲᠠᠯ᠎ᠠ᠎ᠪᠠᠷ ᠭᠦᠢᠴᠡᠳ ᠪᠡᠯᠡᠳᠬᠡᠯ ᠬᠢᠵᠦ᠂ ᠣᠯᠠᠨ ᠨᠡᠶ᠋ᠢᠲᠡ᠎ᠶᠢᠨ ᠶᠠᠪᠤᠵᠤ ᠰᠠᠭᠤᠬᠤ᠎ᠶᠢᠨ ᠳᠥᠭᠥᠮ ᠳᠥᠲᠡ ᠴᠢᠨᠠᠷ ᠎ᠢ ᠳᠡᠭᠡᠭᠰᠢᠯᠡᠭᠦᠯᠤᠨ᠎ᠠ᠃ ᠢᠳᠡᠭᠡᠨ ᠤᠮᠳᠠᠭᠠᠨ᠂ ᠬᠡᠲᠦ ᠳᠡᠯᠭᠡᠭᠦᠷ ᠵᠡᠷᠭᠡ ᠢᠳᠡᠭᠡᠨ᠎ᠦ ᠡᠵᠡᠩᠨᠡᠯᠲᠡ᠎ᠶᠢᠨ ᠲᠠᠯᠠᠪᠤᠷ ᠭᠠᠵᠠᠷ᠎ᠲᠤ ᠬᠤᠳᠠᠯᠳᠤᠨ ᠠᠪᠬᠤ᠂ ᠡᠳ᠋ᠰᠢᠭᠦᠯᠬᠦ᠂ ᠬᠠᠳᠠᠭᠠᠯᠠᠬᠤ᠂ ᠬᠤᠳᠠᠯᠳᠤᠬᠤ ᠪᠥᠬᠥ ᠬᠡᠯᠬᠢᠶ᠎ᠡ᠎ᠶᠢ ᠵᠢᠭ᠍ᠰᠠᠭᠠᠨ ᠪᠠᠢᠴᠠᠭᠠᠵᠤ᠂ ᠢᠳᠡᠭᠡᠨ᠎ᠦ ᠠᠮᠤᠷ ᠲᠦᠪᠰᠢᠨ᠎ᠦ ᠲᠦᠭᠰᠢᠭᠦᠷᠢ᠎ᠶᠢ ᠴᠢᠩᠭ᠎ᠠ ᠡᠵᠡᠮᠳᠡᠨ᠎ᠡ᠃ ᠠᠷᠢᠭᠤᠨ ᠴᠡᠪᠡᠷ ᠢ᠋ ᠪᠠᠳᠤᠯᠠᠵᠤ ᠬᠣᠭ ᠨᠣᠪᠰᠢ᠎ᠶᠢ ᠴᠡᠪᠡᠷᠯᠡᠨ ᠲᠡᠭᠡᠭᠡᠪᠦᠷᠢᠯᠡᠬᠦ ᠤᠳᠠᠭ᠎ᠠ᠎ᠶᠢ ᠨᠡᠮᠡᠭᠳᠡᠭᠦᠯᠵᠦ᠂ ᠣᠷᠭᠢᠯ᠎ᠤᠨ ᠬᠤᠭᠤᠴᠠᠭᠠᠨ᠎ᠳᠤ ᠠᠯᠪᠠᠯᠠᠬᠤ ᠲᠣᠭᠣᠷᠢᠭ᠋᠎ᠤᠨ ᠠᠷᠢᠭᠤᠨ ᠴᠡᠪᠡᠷ᠎ᠦᠨ ᠲᠠᠰᠤᠯᠭ᠎ᠠ᠎ᠶᠢ ᠭᠠᠳᠠᠭ᠍ᠰᠢ ᠨᠡᠭᠡᠭᠡᠨ᠎ᠡ᠃ ᠲᠡᠷᠭᠡᠨ ᠵᠣᠭᠰᠣᠭᠠᠯ᠎ᠤᠨ ᠪᠠᠢᠷᠢᠰᠢᠭᠤᠯᠤᠯᠳᠠ ᠵᠢ ᠰᠢᠯᠢᠳᠡᠭᠵᠢᠭᠦᠯᠵᠦ᠂ ᠮᠡᠳᠡᠭᠡ ᠵᠠᠩᠭᠢ᠎ᠶᠢ ᠴᠠᠭ ᠲᠤᠬᠠᠢ ᠳ᠋ᠤᠨᠢ ᠨᠡᠢᠲᠡᠯᠡᠬᠦ᠎ᠪᠡᠷ ᠳᠠᠮᠵᠢᠭᠤᠯᠤᠨ᠂ ᠲᠡᠷᠭᠡ ᠬᠥᠰᠬᠡ᠎ᠶᠢ ᠪᠦᠲᠦᠮᠵᠢᠲᠡᠶ᠂ ᠲᠦᠷᠭᠡᠨ᠎ᠢᠶᠡᠷ ᠰᠠᠯᠭᠠᠨ ᠲᠣᠬᠢᠷᠠᠭᠤᠯᠬᠤ᠎ᠶᠢ ᠪᠡᠶᠡᠯᠡᠭᠦᠯᠦᠨ᠎ᠡ᠃ ᠡᠯ᠎ᠡ ᠰᠦᠢᠳᠬᠡᠯ ᠬᠤᠷᠢᠶᠠᠬᠤ ᠥᠷᠲᠡᠭᠡ 《ᠥᠨᠳᠥᠷ ᠦᠷ᠎ᠡ ᠠᠰᠢᠭ᠋᠎ᠲᠠᠢ ᠨᠡᠪᠲᠡᠷᠡᠬᠦ》᠎ᠪᠠᠷ ᠬᠠᠷᠠᠯᠲᠠ ᠪᠣᠯᠭᠠᠵᠤ᠂ ᠵᠢᠵᠢᠭ ᠰᠠᠭᠤᠳᠠᠯ᠎ᠤᠨ ᠮᠠᠰᠢᠨ᠎ᠤ ᠲᠤᠰᠬᠠᠢ ᠨᠡᠪᠲᠡᠷᠡᠬᠦ ᠵᠠᠮ ᠭᠠᠷᠭᠠᠵᠤ᠂ 《ᠪᠠᠶᠠᠷ ᠳᠤᠷᠠᠰᠬᠠᠯ᠎ᠤᠨ ᠠᠮᠠᠷᠠᠯᠲᠠ᠎ᠶᠢᠨ ᠡᠳᠦᠷ᠎ᠦᠨ ᠵᠢᠵᠢᠭ ᠰᠠᠭᠤᠳᠠᠯ᠎ᠤᠨ ᠮᠠᠰᠢᠨ ᠠ᠋ᠴᠠ ᠰᠦᠢᠳᠬᠡᠯ ᠥᠯᠥ ᠬᠤᠷᠢᠶᠠᠬᠤ》 ᠲᠥᠷᠥ᠎ᠶᠢᠨ ᠪᠣᠳᠣᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠰᠦᠢᠳᠬᠡᠯ ᠬᠤᠷᠢᠶᠠᠬᠤ ᠬᠣᠯᠢᠮᠠᠭ ᠲᠡᠷᠭᠡᠨ ᠵᠠᠮ ᠨᠡᠮᠡᠵᠦ ᠭᠠᠷᠭᠠᠬᠤ᠂ ᠳᠠᠪᠬᠤᠷ ᠺᠠᠷᠲ ᠲᠠᠷᠬᠠᠭᠠᠵᠤ ᠰᠦᠢᠳᠬᠡᠯ ᠬᠤᠷᠢᠶᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠨᠡᠪᠲᠡᠷᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃

ᠡᠭᠦᠨ᠎ᠦ ᠬᠠᠮᠲᠤ᠂ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠨ ᠠᠮᠤᠷ ᠲᠦᠪᠰᠢᠨ ᠤ᠋ ᠠᠵᠢᠯ᠎ᠢ ᠴᠢᠩᠭ᠎ᠠ ᠪᠣᠳᠠᠲᠠᠢ ᠠᠳᠬᠤᠵᠤ᠂ ᠠᠮᠠᠷᠠᠯᠲᠠ᠎ᠶᠢᠨ ᠬᠤᠭᠤᠴᠠᠭᠠᠨ᠎ᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠠᠮᠤᠷ ᠲᠦᠪᠰᠢᠨ᠎ᠦ ᠭᠡᠮ ᠰᠣᠭᠣᠭ᠎ᠢ ᠪᠠᠢᠴᠠᠭᠠᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠰᠦᠢᠳᠬᠡᠯ ᠬᠤᠷᠢᠶᠠᠵᠤ ᠡᠵᠡᠩᠨᠡᠬᠦ᠂ ᠮᠠᠰᠢᠨ ᠴᠠᠬᠢᠯᠭᠠᠨ᠎ᠤ ᠬᠠᠮᠠᠭᠠᠯᠠᠯᠲᠠ᠂ ᠦᠢᠯᠡᠴᠢᠯᠡᠭᠡᠨ᠎ᠦ ᠲᠣᠭᠣᠷᠢᠭ᠋᠎ᠤᠨ ᠬᠠᠮᠢᠶᠠᠷᠤᠯᠲᠠ ᠵᠡᠷᠭᠡ ᠵᠠᠩᠭᠢᠯᠠᠭ᠎ᠠ᠎ᠶᠢᠨ ᠬᠦᠷᠢᠶ᠎ᠡ ᠪᠣᠯᠣᠨ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠎ᠲᠤ ᠴᠢᠭᠯᠡᠭᠦᠯᠦᠨ ᠪᠦᠬᠦᠨ᠎ᠢ ᠪᠦᠷᠬᠦᠭᠦᠯᠦᠨ ᠪᠠᠢᠴᠠᠭᠠᠬᠤ ᠠᠵᠢᠯ᠎ᠢ ᠭᠣᠣᠯᠳᠠᠯᠭ᠎ᠠ᠎ᠲᠠᠢ ᠥᠷᠨᠢᠭᠦᠯᠵᠦ᠂ ᠡᠯ᠎ᠡ ᠲᠦᠷᠦᠯ᠎ᠦᠨ ᠠᠮᠤᠷ ᠲᠦᠪᠰᠢᠨ᠎ᠦ ᠡᠨᠳᠡᠯ ᠭᠠᠷᠬᠤ᠎ᠶᠢ ᠴᠢᠩᠭ᠎ᠠ ᠰᠡᠷᠭᠡᠢᠯᠡᠨ᠎ᠡ᠃ ᠤᠳᠤᠷᠢᠳᠬᠤ ᠺᠠᠳ᠋ᠷ ᠵᠢᠵᠢᠬᠦᠷ ᠳᠠᠭᠠᠭᠤᠯᠬᠤ ᠪᠠ 24 ᠴᠠᠭ᠎ᠢᠶᠠᠷ ᠵᠢᠵᠢᠭᠦᠷᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ᠎ᠶᠢᠨ ᠠᠷᠭ᠎ᠠ ᠵᠠᠮ᠎ᠤᠨ ᠰᠠᠭᠠᠳ ᠦᠭᠡᠢ ᠨᠡᠪᠲᠡᠷᠡᠬᠦ᠂ ᠭᠡᠨᠡᠳᠲᠡ᠎ᠶᠢᠨ ᠬᠡᠷᠡᠭ᠎ᠢ ᠦᠳᠲᠡᠷ ᠲᠦᠷᠭᠡᠨ ᠳᠡᠭᠡᠭᠰᠢ ᠮᠡᠳᠡᠭᠦᠯᠵᠦ᠂ ᠴᠠᠭ ᠲᠤᠬᠠᠢ ᠳ᠋ᠤᠨᠢ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号