ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠡ ᠵᠢᠨ ᠠᠯᠪᠠᠨ ᠲᠢᠩᠬᠢᠮ 《ᠤᠯᠤᠰ᠎ᠤᠨ ᠪᠠᠶᠠᠷ ᠨᠠᠶ᠋ᠮᠠᠨ ᠰᠠᠷ᠎ᠠ ᠵᠢᠨ ᠲᠡᠷᠭᠡᠯ ᠪᠠᠶᠠᠷ᠎ᠤᠨ ᠬᠤᠭᠤᠴᠠᠭᠠᠨ᠎ᠳᠤ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠢᠩᠭ᠎ᠠ ᠨᠠᠢᠳᠠᠪᠤᠷᠢᠵᠢᠭᠤᠯᠬᠤ 〈ᠳᠥᠷᠪᠡᠨ ᠰᠤᠷᠲᠠᠯ〉 ᠢ᠋ ᠴᠢᠩᠭ᠎ᠠ ᠵᠠᠯᠠᠷᠠᠭᠤᠯᠤᠨ ᠵᠠᠰᠠᠬᠤ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠪᠠ
2025-09-29 10:05:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠪᠠᠶᠠᠷ᠂ ᠨᠠᠶ᠋ᠮᠠᠨ ᠰᠠᠷ᠎ᠠ ᠵᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ᠎ᠳᠦ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠶᠢᠨ ᠲᠥᠯᠥᠭᠡ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠡ ᠵᠢᠨ ᠠᠯᠪᠠᠨ ᠲᠢᠩᠬᠢᠮ ᠲᠦᠷᠦᠭᠦᠬᠡᠨ 《ᠤᠯᠤᠰ᠎ᠤᠨ ᠪᠠᠶᠠᠷ ᠨᠠᠶ᠋ᠮᠠᠨ ᠰᠠᠷ᠎ᠠ ᠵᠢᠨ ᠲᠡᠷᠭᠡᠯ ᠪᠠᠶᠠᠷ᠎ᠤᠨ ᠬᠤᠭᠤᠴᠠᠭᠠᠨ᠎ᠳᠤ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠢᠩᠭ᠎ᠠ ᠨᠠᠢᠳᠠᠪᠤᠷᠢᠵᠢᠭᠤᠯᠬᠤ᠂ 〈ᠳᠥᠷᠪᠡᠨ ᠰᠤᠷᠲᠠᠯ〉 ᠢ᠋ ᠴᠢᠩᠭ᠎ᠠ ᠵᠠᠯᠠᠷᠠᠭᠤᠯᠤᠨ ᠵᠠᠰᠠᠬᠤ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠬᠢᠨᠠᠯᠲᠠ ᠪᠠᠢᠴᠠᠭᠠᠯᠲᠠ᠎ᠪᠠᠨ ᠴᠢᠩᠭᠠᠳᠬᠠᠵᠤ᠂ 《ᠳᠥᠷᠪᠡᠨ ᠰᠤᠷᠲᠠᠯ》 ᠤ᠋ᠨ ᠲᠠᠬᠢᠨ ᠡᠭᠦᠰᠬᠦ᠎ᠶᠢ ᠡᠷᠡᠰ ᠰᠡᠷᠭᠡᠢᠯᠡᠬᠦ ᠬᠡᠷᠡᠭᠲᠡᠢ ᠭᠡᠵᠦ ᠱᠠᠭᠠᠷᠳᠠᠪᠠ᠃

《ᠮᠡᠳᠡᠭᠳᠡᠯ》 ᠳ᠋ᠤ᠌᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠥᠪ᠎ᠤᠨ ᠨᠠᠢ᠍ᠮᠠᠨ ᠲᠣᠭᠲᠠᠭᠠᠯ ᠪᠣᠯ ᠨᠠᠮ᠎ᠤᠨ ᠲᠥᠪ ᠬᠣᠷᠢᠶ᠎ᠡ ᠵᠢᠨ ᠠᠮᠠᠯᠠᠯᠳᠠ ᠪᠠᠨ ᠬᠦᠢᠴᠡᠳᠬᠡᠬᠦ ᠪᠤᠲᠠᠲᠤ ᠠᠵᠢᠯᠯᠠᠭ᠎ᠠ ᠪᠡᠷ ᠤᠯᠠᠨ ᠲᠦᠮᠡᠨ᠎ᠤ ᠲᠤᠮᠳᠠ ᠢᠳᠡᠬᠡᠯ ᠬᠦᠨᠳᠤ ᠵᠢ ᠪᠤᠢ ᠪᠤᠯᠭᠠᠬᠤ ᠶᠠᠪᠤᠳᠠᠯ ᠪᠣᠯᠬᠤ᠎ᠶᠢ ᠭᠦᠨᠵᠡᠭᠡᠢ ᠲᠠᠨᠢᠬᠤ᠎ᠶᠢ ᠠᠬᠢᠭᠤᠯᠵᠤ᠂ ᠵᠠᠩᠭᠢᠯᠠᠭ᠎ᠠ᠎ᠶᠢᠨ ᠴᠡᠭ᠎ᠢ ᠪᠠᠲᠤ ᠰᠠᠬᠢᠵᠤ᠂ ᠥᠴᠥᠬᠡᠨ ᠴᠦ᠍ ᠨᠠᠢᠷ ᠲᠠᠯᠪᠢᠬᠤ ᠦᠭᠡᠢ ᠪᠠᠢᠬᠤ᠎ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠳᠠᠭᠤᠰᠤᠮᠠᠭᠴᠠ 《ᠪᠣᠭᠣᠮᠲᠠ ᠳᠠᠪᠠᠬᠰᠠᠨ》 ᠵᠡᠷᠭᠡ ᠪᠤᠷᠤᠭᠤ ᠦᠵᠡᠯ ᠰᠠᠨᠠᠭ᠎ᠠ᠎ᠶᠢ ᠡᠷᠡᠰ ᠬᠣᠷᠢᠭ᠍ᠯᠠᠵᠤ᠂ ᠰᠤᠷᠲᠠᠯ᠎ᠤᠨ ᠪᠠᠢᠭᠤᠯᠤᠯᠲᠠ᠎ᠶᠢ ᠥᠴᠥᠬᠡᠨ ᠴᠦ᠍ ᠰᠤᠯᠠᠷᠠᠭᠤᠯᠤᠯ ᠦᠭᠡᠢ᠎ᠪᠡᠷ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠪᠠᠢᠭᠤᠯᠭ᠎ᠠ ᠪᠠ ᠤᠳᠤᠷᠢᠳᠬᠤ ᠺᠠᠳ᠋ᠷᠴᠤᠳ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠠᠨ》 ᠪᠡᠶ᠎ᠡ᠎ᠪᠡᠨ ᠴᠢᠩᠭ᠎ᠠ ᠱᠠᠭᠠᠷᠳᠠᠨ᠂ ᠬᠠᠷᠢᠭᠤᠴᠠᠯᠭ᠎ᠠ᠎ᠪᠠᠨ ᠴᠢᠩᠭ᠎ᠠ ᠡᠭᠦᠷᠭᠡᠯᠡᠵᠦ᠂ ᠬᠠᠮᠢᠶᠠᠷᠬᠤ ᠬᠡᠪᠴᠢᠶᠠᠨ ᠳ᠋ᠡᠬᠢ ᠬᠦᠮᠦᠰ᠎ᠢᠶᠡᠨ ᠴᠢᠩᠭ᠎ᠠ ᠬᠠᠮᠢᠶᠠᠷᠴᠦ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠲᠦᠷᠦᠭᠦᠯᠡᠨ ᠴᠢᠩᠭ᠎ᠠ ᠨᠠᠢᠳᠠᠪᠤᠷᠢᠵᠢᠭᠤᠯᠵᠤ᠂ ᠵᠠᠯᠠᠭᠤ ᠺᠠᠳ᠋ᠷ᠂ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠎ᠶᠢᠨ ᠺᠠᠳ᠋ᠷᠴᠤᠳ᠎ᠲᠤ ᠬᠢᠬᠦ ᠬᠥᠮᠦᠵᠢᠯ ᠰᠠᠨᠠᠭᠤᠯᠭ᠎ᠠ᠎ᠪᠠᠨ ᠴᠢᠩᠭᠠᠳᠬᠠᠵᠤ᠂ ᠦᠵᠡᠯ ᠰᠠᠨᠠᠭ᠎ᠠ ᠨᠢ ᠰᠤᠯᠠᠷᠠᠬᠤ᠂ ᠦᠢᠯᠡ ᠠᠵᠢᠯᠯᠠᠭ᠎ᠠ ᠨᠢ ᠵᠢᠷᠤᠮᠵᠢᠯ᠎ᠢᠶᠠᠨ ᠠᠯᠳᠠᠬᠤ᠎ᠶᠢ ᠰᠡᠷᠭᠡᠢᠯᠡᠬᠦ᠎ᠶᠢ ᠱᠠᠯᠠᠪᠳᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

《ᠮᠡᠳᠡᠭᠳᠡᠯ》 ᠳ᠋ᠤ᠌᠂ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠠᠮᠠᠷᠬᠠᠨ ᠡᠭᠦᠰᠬᠦ ᠣᠯᠠᠨ ᠡᠭᠦᠰᠬᠦ ᠠᠰᠠᠭᠤᠳᠠᠯ᠎ᠢ ᠴᠢᠩᠭ᠎ᠠ ᠠᠩᠬᠠᠷᠴᠤ᠂ ᠲᠣᠭᠲᠠᠭᠠᠯ᠎ᠡᠴᠡ ᠵᠥᠷᠢᠴᠡᠨ ᠶᠧᠪᠡᠩ᠂ ᠠᠷᠢᠬᠢ ᠲᠠᠮᠠᠬᠢ ᠴᠠᠢ ᠵᠡᠷᠭᠡ ᠪᠡᠯᠡᠭ᠎ᠰᠡᠯᠲᠡ ᠪᠠ ᠪᠡᠯᠡᠭ᠎ᠦᠨ ᠵᠤᠭᠤᠰ ᠭᠥᠯᠢᠶᠡᠨ ᠠᠪᠬᠤ ᠪᠠ ᠬᠦᠷᠭᠡᠬᠦ᠂ ᠰᠠᠭᠤᠭᠠᠯᠢ ᠠᠷᠠᠳ᠎ᠤᠨ ᠲᠣᠭᠣᠷᠢᠭ᠋᠂ ᠳᠣᠲᠣᠭᠠᠳᠤ᠎ᠶᠢᠨ ᠬᠣᠭᠣᠯᠠᠨ ᠭᠡᠷ᠂ ᠬᠤᠪᠢ ᠬᠥᠮᠥᠨ᠎ᠦ ᠨᠠᠭᠠᠳᠤᠮ ᠴᠤᠭᠯᠠᠭᠠᠨ᠎ᠤ ᠭᠠᠵᠠᠷ ᠵᠡᠷᠭᠡ ᠲᠠᠯᠠᠪᠤᠷ ᠭᠠᠵᠠᠷ᠎ᠲᠤ ᠲᠣᠭᠲᠠᠭᠠᠯ᠎ᠡᠴᠡ ᠵᠥᠷᠢᠴᠡᠨ ᠢᠳᠡᠵᠦ ᠤᠤᠭᠤᠬᠤ᠂ ᠲᠣᠭᠲᠠᠭᠠᠯ᠎ᠡᠴᠡ ᠵᠥᠷᠢᠴᠡᠨ ᠨᠡᠮᠡᠭᠦᠷᠢ ᠮᠥᠩᠭᠥ ᠨᠥᠬᠥᠪᠦᠷᠢ ᠮᠥᠩᠭᠥ ᠪᠤᠶᠤ ᠠᠰᠠᠷᠠᠮᠵᠢ ᠣᠯᠭᠣᠬᠤ᠂ ᠲᠣᠭᠲᠠᠭᠠᠯ᠎ᠡᠴᠡ ᠵᠥᠷᠢᠴᠡᠨ ᠬᠤᠷᠢᠮ ᠨᠠᠢᠷ ᠪᠡᠯᠪᠡᠰᠦᠷᠡᠯ ᠪᠠᠶᠠᠷ ᠳᠤᠷᠠᠰᠬᠠᠯ᠎ᠤᠨ ᠶᠠᠪᠤᠳᠠᠯ ᠬᠢᠬᠦ᠂ ᠠᠯᠪᠠᠨ ᠲᠡᠷᠭᠡ᠎ᠶᠢ ᠬᠤᠪᠢᠨ᠎ᠳᠠᠭᠠᠨ ᠬᠡᠷᠡᠭᠯᠡᠬᠦ᠂ ᠠᠯᠪᠠᠨ ᠠᠵᠢᠯ᠎ᠢ ᠲᠥᠪ ᠭᠤᠤᠯᠴᠢ᠎ᠪᠠᠷ ᠭᠦᠢᠴᠡᠳᠬᠡᠬᠦ᠎ᠶᠢ ᠨᠥᠯᠥᠭᠡᠯᠡᠵᠦ ᠮᠡᠳᠡᠬᠦ ᠵᠢᠭᠤᠯᠴᠢᠯᠠᠯ᠂ ᠵᠤᠭ᠎ᠠ ᠴᠡᠩᠭᠡᠯ᠎ᠦᠨ ᠠᠵᠢᠯᠯᠠᠭ᠎ᠠ᠎ᠶᠢᠨ ᠲᠣᠬᠢᠷᠠᠭᠤᠯᠤᠯᠲᠠ᠎ᠶᠢ ᠭᠥᠯᠢᠶᠡᠨ ᠠᠪᠬᠤ ᠵᠡᠷᠭᠡ ᠠᠰᠠᠭᠤᠳᠠᠯ᠎ᠢ ᠡᠷᠡᠰ ᠵᠠᠯᠠᠷᠠᠭᠤᠯᠤᠨ ᠵᠠᠰᠠᠵᠤ᠂ ᠡᠵᠡᠩᠨᠡᠯᠲᠡ᠎ᠶᠢᠨ ᠭᠤᠤᠯ ᠴᠣᠭᠴᠠ᠂ ᠠᠷᠠᠳ ᠣᠯᠠᠨ᠎ᠤ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠦᠢᠯᠡᠴᠢᠯᠡᠭᠡ ᠪᠠᠲᠤᠯᠠᠭ᠎ᠠ᠎ᠶᠢᠨ ᠲᠠᠯ᠎ᠠ ᠪᠡᠷ ᠬᠢ ᠠᠵᠢᠯ᠎ᠵᠢᠡᠨ ᠦᠯᠦ ᠬᠢᠬᠦ᠂ ᠲᠤᠷ᠎ᠠ ᠪᠡᠷ᠎ᠵᠢᠡᠨ ᠦᠢᠯᠡᠳᠬᠦ ᠵᠡᠷᠭᠡ ᠦᠵᠡᠭᠳᠡᠯ᠎ᠢ ᠬᠦᠴᠦᠯᠡᠨ ᠵᠠᠯᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃

《ᠮᠡᠳᠡᠭᠳᠡᠯ》 ᠳ᠋ᠤ᠌᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ᠎ᠶᠢ ᠬᠡᠷᠡᠭᠵᠢᠭᠦᠯᠬᠦ᠎ᠶᠢ ᠴᠢᠩᠳᠠᠯᠠᠵᠤ᠂ ᠣᠲᠣ᠌᠎ᠶᠢᠨ ᠬᠡᠷᠡᠭᠵᠢᠭᠦᠯᠵᠦ ᠪᠠᠢᠭ᠎ᠠ ᠪᠠ ᠨᠡᠢᠲᠡᠯᠢᠭ ᠵᠢᠱ᠌ᠢᠶ᠎ᠡ᠎ᠶᠢ ᠠᠳᠬᠤᠬᠤ᠎ᠶᠢ ᠪᠠᠷᠢᠮᠲᠠᠯᠠᠨ᠂ ᠳᠠᠯᠳᠠ ᠪᠠ ᠣᠨᠳᠣᠣᠰᠢᠬᠤ ᠦᠵᠡᠭᠳᠡᠯ᠎ᠢ ᠭᠦᠨᠵᠡᠭᠡᠢ ᠠᠭᠤᠳᠠᠯᠤᠨ ᠨᠠᠷᠢᠯᠢᠭ᠋ ᠪᠠᠢᠴᠠᠭᠠᠵᠤ᠂ ᠵᠤᠷᠢᠭᠤᠳᠠ ᠰᠠᠬᠢᠯᠭ᠎ᠠ ᠪᠠᠲᠤ᠎ᠶᠢ ᠵᠥᠷᠢᠴᠡᠭᠰᠡᠨ ᠠᠰᠠᠭᠤᠳᠠᠯ᠎ᠢ ᠲᠦᠷᠭᠡᠨ ᠪᠠᠢᠴᠠᠭᠠᠨ ᠴᠢᠩᠭ᠎ᠠ ᠰᠢᠢᠳᠪᠦᠷᠢᠯᠡᠵᠦ᠂ ᠬᠤᠳᠠᠯ᠎ᠢᠶᠠᠷ ᠮᠡᠳᠡᠭᠦᠯᠵᠦ ᠨᠢᠭᠤᠨ ᠳᠠᠯᠳᠠᠯᠠᠭᠰᠠᠨ ᠦᠶ᠋ᠯᠡ ᠠᠵᠢᠯᠯᠠᠭ᠎ᠠ᠎ᠶᠢ ᠴᠢᠩᠭ᠎ᠠ ᠰᠢᠢᠳᠪᠦᠷᠢᠯᠡᠵᠦ᠂ ᠬᠦᠨᠳᠦ ᠨᠣᠴᠢᠲᠠᠢ ᠤᠷᠰᠢᠭ᠋ ᠲᠠᠲᠠᠭᠰᠠᠨ ᠪᠠᠢᠪᠠᠯ᠂ ᠰᠢᠭᠤᠳ ᠬᠠᠷᠢᠭᠤᠴᠠᠯᠭ᠎ᠠ ᠨᠡᠬᠡᠮᠵᠢᠯᠡᠬᠦ ᠮᠥᠷᠲᠡᠭᠡᠨ ᠪᠠᠰᠠ ᠤᠳᠤᠷᠢᠳᠤᠯᠭ᠎ᠠ᠎ᠶᠢᠨ ᠬᠠᠷᠢᠭᠤᠴᠠᠯᠭ᠎ᠠ᠎ᠶᠢ ᠨᠡᠬᠡᠮᠵᠢᠯᠡᠵᠦ᠂ ᠥᠨᠳᠥᠷ ᠳᠠᠷᠤᠯᠲᠠᠲᠤ ᠵᠠᠯᠬᠠᠭᠠᠨ ᠰᠢᠢᠳᠬᠡᠬᠦ ᠪᠠᠢᠳᠠᠯ᠎ᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠬᠦ᠎ᠳᠦ ᠵᠠᠪᠠᠯ ᠴᠢᠩᠭ᠎ᠠ ᠪᠠᠢᠬᠤ᠎ᠶᠢ ᠪᠠᠷᠢᠮᠲᠠᠯᠠᠵᠤ᠂ ᠰᠤᠷᠲᠠᠯ᠎ᠤᠨ ᠪᠠᠢᠭᠤᠯᠤᠯᠲᠠ ᠰᠤᠯᠠ ᠵᠠᠳᠠᠭᠠᠢ᠂ 《ᠲᠦᠷᠪᠡᠨ ᠰᠤᠷᠲᠠᠯ》 ᠤ᠋ᠨ ᠠᠰᠠᠭᠤᠳᠠᠯ ᠲᠣᠪᠣᠢᠮ᠎ᠠ ᠪᠠᠢᠭ᠎ᠠ ᠭᠠᠵᠠᠷ ᠣᠷᠣᠨ᠂ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠠ ᠤᠳᠤᠷᠢᠳᠬᠤ ᠺᠠᠳ᠋ᠷᠴᠤᠳ᠎ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠨᠡᠢᠲᠡᠯᠢᠭ ᠬᠡᠷᠡᠭ᠎ᠢ ᠨᠡᠢᠲᠡᠯᠡᠨ ᠢᠯᠡᠴᠢᠯᠡᠬᠦ᠎ᠶᠢ ᠴᠢᠩᠭᠠᠳᠬᠠᠵᠤ᠂ ᠰᠡᠷᠡᠮᠵᠢᠯᠡᠭᠦᠯᠦᠨ ᠰᠦᠷᠳᠡᠭᠦᠯᠬᠦ᠎ᠶᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

《ᠮᠡᠳᠡᠭᠳᠡᠯ》 ᠳ᠋ᠤ᠌᠂ ᠰᠢᠨ᠎ᠡ ᠬᠡᠪ ᠰᠤᠷᠲᠠᠯ ᠲᠥᠪ ᠰᠤᠷᠲᠠᠯ᠎ᠢ ᠪᠠᠳᠠᠷᠠᠭᠤᠯᠤᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠵᠤ᠂ ᠠᠷᠢᠭᠤᠨ ᠴᠢᠬᠡᠴᠢ᠎ᠶᠢ ᠡᠷᠬᠢᠮᠯᠡᠨ ᠢᠯᠵᠢᠷᠠᠯ᠎ᠢ ᠡᠰᠡᠷᠭᠦᠴᠡᠬᠦ᠂ ᠠᠷᠪᠢᠯᠠᠨ ᠭᠠᠮᠨᠠᠬᠤ᠎ᠶᠢ ᠡᠷᠬᠢᠮᠯᠡᠨ ᠱᠠᠯᠢᠨ ᠪᠦᠷᠢᠯᠭᠡᠬᠦ᠎ᠶᠢ ᠴᠡᠭᠡᠷᠯᠡᠬᠦ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ ᠵᠡᠷᠭᠡ ᠰᠢᠯᠢᠳᠡᠭ ᠰᠤᠷᠲᠠᠯ᠎ᠢ ᠰᠠᠨᠠᠭᠠᠴᠢᠯᠠᠨ᠂ ᠨᠠᠮ᠎ᠤᠨ ᠭᠡᠰᠢᠭᠦᠨ ᠺᠠᠳ᠋ᠷᠴᠤᠳ᠎ᠤᠨ ᠪᠦᠷᠢᠯᠭᠡᠨ ᠰᠦᠢᠳᠬᠡᠬᠦ ᠵᠡᠷᠭᠡ ᠮᠠᠭᠤ ᠮᠠᠭᠤᠬᠠᠢ ᠰᠤᠷᠲᠠᠯ᠎ᠢ ᠤᠬᠠᠮᠰᠠᠷ᠎ᠡᠴᠡ᠎ᠪᠠᠨ ᠡᠰᠡᠷᠭᠦᠴᠡᠬᠦ᠎ᠶᠢ ᠬᠥᠮᠥᠵᠢᠭᠦᠯᠦᠨ ᠵᠢᠯᠤᠭᠣᠳᠴᠤ᠂ ᠰᠤᠷᠲᠠᠯ ᠴᠢᠬᠡᠴᠢ ᠣᠪᠣᠷ ᠲᠥᠪ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢ ᠪᠤᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 9 ᠰᠠᠷ᠎ᠠ᠎ᠶᠢᠨ 27᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号