ᠵᠢᠱ᠌ᠢᠯᠲᠡ᠎ᠪᠡᠷ 4500 ᠲᠦᠮᠡᠨ ᠬᠥᠮᠥᠨ ᠤᠳᠠᠭ᠎ᠠ᠎ᠶᠢ ᠳᠠᠪᠠᠨ᠎ᠠ
2025-09-29 16:08:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠵᠢᠱ᠌ᠢᠯᠲᠡ᠎ᠪᠡᠷ᠂ 2025 ᠣᠨ᠎ᠤ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠪᠠ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠮᠠᠨ᠎ᠤ ᠤᠷᠤᠨ᠎ᠤ ᠪᠥᠬᠥ ᠨᠡᠢᠭᠡᠮ᠎ᠦᠨ ᠣᠷᠣᠨ ᠪᠦᠰᠡ ᠠᠯᠤᠰᠯᠠᠬᠤ ᠬᠥᠮᠥᠰ᠎ᠦᠨ ᠰᠢᠯᠵᠢᠯᠲᠡ᠎ᠶᠢᠨ ᠬᠡᠮᠵᠢᠶ᠎ᠡ 4500 ᠲᠦᠮᠡᠨ ᠬᠥᠮᠥᠨ ᠤᠳᠠᠭ᠎ᠠ᠎ᠶᠢ ᠳᠠᠪᠠᠵᠤ᠂ ᠪᠥᠬᠥ ᠣᠷᠣᠨ᠎ᠤ ᠲᠦᠷᠭᠡᠨ᠎ᠤ ᠵᠠᠰᠠᠮᠠᠯ ᠵᠠᠮ᠎ᠤᠨ ᠮᠠᠰᠢᠨ ᠲᠡᠷᠭᠡᠨ᠎ᠦ ᠤᠷᠤᠰᠴᠠ ᠵᠢᠨ ᠶᠡᠷᠦᠩᠬᠡᠢ ᠬᠡᠮᠵᠢᠶ᠎ᠡ 599 ᠲᠦᠮᠡ᠎ᠳᠦ ᠬᠦᠷᠬᠦ ᠪᠣᠯᠣᠨ᠎ᠠ᠂ ᠡᠭᠦᠨ᠎ᠳᠦ ᠠᠶᠠᠨᠴᠢᠳ᠎ᠤᠨ ᠮᠠᠰᠢᠨ ᠲᠡᠷᠭᠡᠨ᠎ᠦ ᠤᠷᠤᠰᠴᠠ ᠵᠢᠨ ᠬᠡᠮᠵᠢᠶ᠎ᠡ᠎ᠶᠢᠨ ᠡᠵᠡᠯᠡᠬᠦ ᠬᠠᠷᠢᠴᠠᠯ 83% ᠎ᠠᠴᠠ ᠳᠡᠭᠡᠭᠰᠢ᠎ᠳᠦ ᠬᠦᠷᠴᠦ᠂ ᠥᠪᠡᠰᠦᠪᠡᠨ ᠲᠡᠷᠭᠡ ᠵᠢᠯᠤᠭᠣᠳᠴᠤ ᠶᠠᠪᠤᠵᠤ ᠰᠠᠭᠤᠬᠤ ᠨᠢ ᠮᠥᠨ ᠯᠡ ᠣᠯᠠᠨ ᠨᠡᠶ᠋ᠢᠲᠡ᠎ᠶᠢᠨ ᠭᠣᠣᠯ ᠰᠣᠩᠭᠣᠯᠲᠠ ᠪᠣᠯᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠡᠵᠡᠯᠡᠬᠦ ᠬᠠᠷᠢᠴᠠᠯ ᠤᠯᠠᠮ ᠨᠢᠭᠡ ᠠᠯᠬᠤᠮ ᠳᠡᠭᠡᠭᠰᠢᠯᠡᠬᠦ ᠪᠣᠯᠣᠨ᠎ᠠ᠃

ᠲᠥᠰᠥᠭᠡᠯᠡᠭᠰᠡᠨ᠎ᠢᠶᠡᠷ᠂ ᠭᠠᠵᠠᠷ ᠣᠷᠣᠨ᠂ ᠵᠠᠮ᠎ᠤᠨ ᠬᠡᠰᠡᠭ᠎ᠦᠨ ᠲᠠᠷᠬᠠᠯᠲᠠ ᠡᠴᠡ ᠦᠵᠡᠪᠡᠯ᠂ ᠮᠠᠰᠢᠨ ᠳᠡᠷᠬᠡᠨ ᠤ᠋ ᠤᠷᠤᠰᠴᠠ ᠨᠢ ᠭᠣᠣᠯᠳᠠᠭᠤ ᠬᠥᠬᠡᠬᠣᠲᠠ᠂ ᠤᠯᠠᠭᠠᠨᠴᠠᠪ᠂ ᠣᠷᠳᠣᠰ ᠪᠣᠯᠣᠨ ᠤᠯᠠᠭᠠᠨᠬᠠᠳᠠ ᠵᠡᠷᠭᠡ ᠠᠢᠮᠠᠭ ᠬᠣᠲᠠ᠎ᠳᠤ ᠲᠥᠪᠯᠡᠷᠡᠵᠦ᠂ G6 ᠪᠡᠭᠡᠵᠢᠩ᠎ᠡᠴᠡ ᠲᠥᠪᠡᠳ ᠬᠦᠷᠬᠦ ᠲᠦᠷᠭᠡᠨ᠎ᠤ ᠵᠠᠰᠠᠮᠠᠯ ᠵᠠᠮ᠂ G65 ᠪᠤᠭᠤᠲᠤ ᠡᠴᠡ ᠮᠤᠤᠮᠢᠩ ᠬᠦᠷᠬᠦ ᠲᠦᠷᠭᠡᠨ᠎ᠤ ᠵᠠᠰᠠᠮᠠᠯ ᠵᠠᠮ᠂ G45 ᠳ᠋ᠠᠴᠢᠩ ᠡᠴᠡ ᠭᠤᠸᠠᠩᠵᠸᠤ ᠬᠦᠷᠬᠦ ᠲᠦᠷᠭᠡᠨ᠎ᠤ ᠵᠠᠰᠠᠮᠠᠯ ᠵᠠᠮ ᠵᠢᠡᠷ ᠮᠠᠰᠢᠨ ᠲᠡᠷᠭᠡᠨ᠎ᠦ ᠤᠷᠤᠰᠴᠠ ᠨᠢᠭ᠍ᠲᠠᠷᠠᠵᠤ᠂ G6 ᠪᠡᠭᠡᠵᠢᠩ᠎ᠡᠴᠡ ᠲᠥᠪᠡᠳ ᠬᠦᠷᠬᠦ ᠲᠦᠷᠭᠡᠨ᠎ᠤ ᠵᠠᠰᠠᠮᠠᠯ ᠵᠠᠮ᠎ᠤᠨ ᠮᠠᠰᠢᠨ ᠳᠡᠷᠬᠡᠨ ᠤ᠋ ᠤᠷᠤᠰᠴᠠ ᠵᠢᠨ ᠬᠡᠮᠵᠢᠶ᠎ᠡ ᠬᠠᠮᠤᠭ᠎ᠤᠨ ᠶᠡᠬᠡ ᠪᠣᠯᠣᠨ᠎ᠠ᠃ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠤᠨ ᠲᠡᠷᠭᠡᠨ᠎ᠦ ᠴᠤᠪᠤᠷᠠᠯ᠎ᠠᠴᠠ ᠦᠵᠡᠪᠡᠯ᠂ G6 ᠪᠡᠭᠡᠵᠢᠩ᠎ᠡᠴᠡ ᠲᠥᠪᠡᠳ ᠬᠦᠷᠬᠦ  ᠲᠦᠷᠭᠡᠨ᠎ᠤ ᠵᠠᠰᠠᠮᠠᠯ ᠵᠠᠮ᠎ᠤᠨ ᠬᠠᠷᠠᠤ᠋ᠰᠤ᠂ ᠰᠠᠷᠠᠴᠢᠨ᠂ ᠬᠥᠬᠡᠬᠣᠲᠠ᠎ᠶᠢᠨ ᠪᠠᠷᠠᠭᠤᠨ᠂ G7 ᠪᠡᠭᠡᠵᠢᠩ᠎ᠡᠴᠡ ᠰᠢᠨᠵᠢᠶᠠᠩ ᠬᠦᠷᠬᠦ  ᠲᠦᠷᠭᠡᠨ᠎ᠤ  ᠵᠠᠰᠠᠮᠠᠯ ᠵᠠᠮ᠎ᠤᠨ ᠱᠢ ᠪᠠ ᠲᠠᠢ᠂ G65 ᠪᠤᠭᠤᠲᠤ ᠡᠴᠡ ᠮᠤᠤᠮᠢᠩ ᠬᠦᠷᠬᠦ ᠲᠦᠷᠭᠡᠨ᠎ᠤ ᠵᠠᠰᠠᠮᠠᠯ ᠵᠠᠮ᠎ᠤᠨ ᠪᠦᠷᠢᠶ᠎ᠡ ᠮᠠᠩᠬ᠎ᠠ᠂ ᠴᠢᠩᠭᠢᠰ᠎ᠦᠨ ᠣᠩᠭᠣᠨ ᠵᠡᠷᠭᠡ ᠦᠢᠯᠡᠴᠢᠯᠡᠭᠡᠨ᠎ᠦ ᠲᠣᠭᠣᠷᠢᠭ᠋᠎ᠲᠤ ᠣᠬᠣᠷ ᠴᠠᠭ᠎ᠤᠨ ᠲᠡᠷᠭᠡᠨ᠎ᠦ ᠤᠷᠤᠰᠴᠠ ᠨᠢᠭ᠍ᠲᠠᠷᠠᠬᠤ ᠪᠠᠢᠳᠠᠯ ᠭᠠᠷᠴᠤ ᠮᠡᠳᠡᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ ᠨᠢᠭᠡᠨᠲᠡ ᠲᠦᠭᠵᠢᠷᠡᠯ᠎ᠢ ᠰᠢᠯᠤᠭᠤᠳᠬᠠᠵᠤ ᠨᠡᠪᠲᠡᠷᠡᠬᠦ᠎ᠶᠢ ᠪᠠᠲᠤᠯᠠᠬᠤ ᠲᠥᠰᠥᠯ ᠲᠣᠭᠲᠠᠭᠠᠵᠤ᠂ ᠲᠦᠷᠭᠡᠨ᠎ᠦ ᠵᠠᠰᠠᠮᠠᠯ ᠵᠠᠮ᠎ᠤᠨ ᠲᠦᠭᠵᠢᠷᠡᠬᠦ 36 ᠬᠡᠰᠡᠭ᠎ᠢ ᠪᠠᠢᠴᠠᠭᠠᠨ ᠭᠠᠷᠭᠠᠵᠤ᠂ ᠠᠵᠢᠯᠯᠠᠭᠠᠨ᠎ᠢ ᠬᠢᠨᠠᠨ ᠬᠡᠮᠵᠢᠬᠦ ᠪᠠ ᠵᠠᠮ᠎ᠢᠶᠠᠷ ᠲᠣᠭᠣᠷᠢᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠵᠤ᠂ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠯᠦ᠍ᠭᠡ᠎ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠥᠩᠭᠡᠪᠲᠦᠷ ᠡᠨᠳᠡᠯ᠎ᠢ ᠲᠦᠷᠭᠡᠨ ᠰᠢᠢᠳᠪᠦᠷᠢᠯᠡᠬᠦ ᠠᠵᠢᠯ ᠢ᠋ ᠰᠠᠢᠲᠤᠷ ᠬᠢᠵᠦ᠂ ᠠᠪᠤᠷᠠᠨ ᠲᠤᠰᠠᠯᠠᠬᠤ ᠬᠦᠴᠦᠨ᠎ᠢ ᠪᠡᠯᠡᠳᠬᠡᠵᠦ᠂ ᠲᠦᠭᠵᠢᠷᠡᠯ᠎ᠢ ᠰᠢᠯᠤᠭᠤᠳᠬᠠᠵᠤ ᠨᠡᠪᠲᠡᠷᠡᠬᠦ᠎ᠶᠢ ᠪᠠᠲᠤᠯᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃

ᠬᠠᠷᠠᠤ᠋ᠰᠤ᠂ ᠴᠡᠭᠡᠯ ᠵᠡᠷᠭᠡ 22 ᠴᠠᠬᠢᠯᠭᠠᠨ ᠴᠡᠨᠡᠭᠯᠡᠬᠦ᠂ ᠲᠣᠰᠣ᠌ ᠨᠡᠮᠡᠬᠦ ᠳ᠋ᠤ ᠮᠥᠷᠯᠡᠬᠦ ᠪᠤᠯᠤᠮᠵᠢ ᠶᠡᠬᠡᠲᠡᠢ ᠦᠢᠯᠡᠴᠢᠯᠡᠭᠡᠨ᠎ᠦ ᠲᠣᠭᠣᠷᠢᠭ᠋᠎ᠲᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ᠎ᠡᠴᠡ 《ᠨᠢᠭᠡ ᠲᠣᠭᠣᠷᠢᠭ᠋ ᠲᠤ᠌ ᠨᠢᠭᠡ ᠲᠥᠷᠥ᠎ᠶᠢᠨ ᠪᠣᠳᠣᠯᠭ᠎ᠠ ᠠᠪᠬᠤ》 ᠪᠠᠲᠤᠯᠠᠭ᠎ᠠ᠎ᠶᠢᠨ ᠲᠥᠰᠥᠯ ᠲᠣᠭᠲᠠᠭᠠᠵᠤ᠂ ᠲᠦᠷ ᠴᠠᠭ᠎ᠤᠨ ᠲᠣᠰᠣ᠌ ᠨᠡᠮᠡᠬᠦ ᠴᠠᠬᠢᠯᠭᠠᠨ ᠴᠡᠨᠡᠭᠯᠡᠬᠦ ᠳᠦᠬᠦᠭᠡᠷᠦᠮᠵᠢ᠎ᠶᠢ ᠨᠡᠮᠡᠵᠦ ᠲᠣᠬᠢᠷᠠᠭᠤᠯᠬᠤ᠂ ᠡᠰᠡᠷᠬᠦ ᠲᠠᠯ᠎ᠠ ᠵᠢᠨ ᠦᠢᠯᠡᠴᠢᠯᠡᠭᠡᠨ᠎ᠦ ᠲᠣᠭᠣᠷᠢᠭ᠋᠎ᠲᠤ ᠲᠣᠰᠣ᠌ ᠨᠡᠮᠡᠬᠦ ᠴᠠᠬᠢᠯᠭᠠᠨ ᠴᠡᠨᠡᠭᠯᠡᠬᠦ᠂ ᠲᠣᠭᠲᠠᠭᠰᠠᠨ ᠬᠡᠮᠵᠢᠶ᠎ᠡ᠎ᠲᠠᠢ ᠴᠠᠬᠢᠯᠭᠠᠨ ᠴᠡᠨᠡᠭᠯᠡᠬᠦ ᠵᠢ ᠵᠢᠯᠤᠭᠤᠳᠴᠤ᠂ ᠲᠤᠰᠬᠠᠢ ᠬᠥᠮᠥᠨ ᠲᠣᠬᠢᠷᠠᠭᠤᠯᠤᠨ ᠴᠠᠬᠢᠯᠭᠠᠨ ᠴᠡᠨᠡᠭᠯᠡᠬᠦ ᠡᠮᠬᠢ ᠵᠢᠷᠤᠮ᠎ᠢ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠠᠪᠴᠤ᠂ ᠴᠠᠬᠢᠯᠭᠠᠨ ᠴᠡᠨᠡᠭᠯᠡᠬᠦ ᠲᠣᠰᠣ᠌ ᠨᠡᠮᠡᠬᠦ ᠦᠢᠯᠡᠴᠢᠯᠡᠭᠡᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃

ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号