ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠵᠠᠮ᠎ᠢᠶᠠᠷ ᠰᠠᠢᠲᠤᠷ ᠵᠠᠮᠨᠠᠨ᠎ᠠ
2025-09-29 10:21:42
ᠵᠣᠬᠢᠶᠠᠭ᠍ᠴᠢ᠄
ᠬᠤᠸᠠᠩ ᠲᠤᠤ ᠮᠢᠩ ᠵᠠᠩ ᠱᠢᠶᠤᠤ ᠵᠢᠶ᠍ᠸ
ᠣᠩᠱᠢᠭ᠍ᠰᠠᠨ ᠣᠳᠠᠭ᠎ᠠ᠄
★★★☆☆

— ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠵᠢ ᠲᠠᠨᠢᠯᠴᠠᠭᠤᠯᠪᠠ


ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠪᠣᠯ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ 24 ᠤ᠋ ᠡᠳᠦᠷ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌》 ᠱᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠲᠠᠨᠢᠯᠴᠠᠭᠤᠯᠪᠠ᠃

ᠬᠡᠷᠡᠭ ᠶᠠᠪᠤᠳᠠᠯ ᠡᠴᠡ ᠡᠮᠦᠨᠡᠬᠢ ᠤᠷᠢᠳᠴᠢᠯᠠᠨ ᠰᠡᠷᠭᠡᠢᠯᠡᠬᠦ ᠠᠵᠢᠯ ᠨᠠᠩ ᠨᠢᠭ᠍ᠲᠠ ᠴᠢᠩᠭ᠎ᠠ ᠪᠤᠯᠵᠠᠢ

ᠲᠤᠰᠭᠠᠶ ᠴᠡᠭ᠌ᠴᠡᠯᠡᠨ ᠵᠠᠰᠠᠭᠰᠠᠨ᠎ᠦ ᠳᠠᠷᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠭᠠᠯ᠎ᠤᠨ ᠠᠶᠤᠯ᠎ᠤᠨ ᠡᠨᠳᠡᠯ᠎ᠳᠦ ᠡᠨᠳᠡᠵᠦ ᠱᠢᠷᠬᠠᠲᠤᠭ᠍ᠰᠠᠨ ᠬᠥᠮᠦᠨ᠎ᠦ ᠲᠣᠭ᠎ᠠ ᠨᠢ ᠴᠡᠭ᠌ᠴᠡᠯᠡᠨ ᠵᠠᠰᠠᠬᠤ᠎ᠡᠴᠡ ᠡᠮᠦᠨᠡᠬᠢ᠎ᠡᠴᠡ 86% ᠪᠡᠷ ᠪᠠᠭᠤᠷᠠᠭ᠍ᠰᠠᠨ ᠪᠠᠢᠨ᠎ᠠ; ᠲᠥᠪ᠎ᠦᠨ ᠪᠠᠴᠢᠮ ᠪᠠᠢᠳᠠᠯ᠎ᠢ ᠠᠷᠭᠠᠴᠠᠭᠠᠬᠤ ᠠᠶᠤᠯ ᠭᠠᠮᠱᠢᠭ᠎ᠡᠴᠡ ᠠᠪᠤᠷᠬᠠᠸ᠋ ᠡᠳ᠋ ᠪᠣᠳᠠᠰ᠎ᠤᠨ ᠨᠥᠭᠡᠴᠡ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠡᠴᠦᠰ᠎ᠤᠨ᠎ᠬᠢ᠎ᠡᠴᠡ 39.6% ᠪᠠᠷ ᠨᠡᠮᠡᠭ᠌ᠳᠡᠵᠦ᠍᠂ ᠮᠤᠵᠢ ᠬᠣᠲᠠ ᠱᠢᠶᠠᠨ᠎ᠤ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠢ ᠨᠥᠭᠡᠴᠡᠯᠡᠬᠦ ᠬᠥᠮᠥᠷᠭᠡ᠎ᠶ᠋ᠢ ᠪᠦᠬᠦᠨ᠎ᠢ ᠪᠦᠷᠬᠦᠬᠦᠯᠬᠦ᠎ᠶ᠋ᠢ ᠦᠨᠳᠦᠰᠦᠨ᠎ᠳᠡᠭᠡᠨ ᠪᠡᠶᠡᠯᠡᠭᠦᠯᠪᠡ; ᠪᠥᠬᠥ᠌ ᠤᠯᠤᠰ᠎ᠤᠨ 7600 ᠭᠠᠷᠤᠶ ᠠᠶᠤᠯᠲᠠᠶ ᠬᠢᠮᠢ᠎ᠶ᠋ᠢᠨ ᠪᠣᠳᠠᠰ᠎ᠤᠨ ᠠᠵᠤ ᠠᠬᠤᠢᠯᠠᠯ᠂ 3300 ᠭᠠᠷᠤᠶ ᠨᠡᠭᠦᠷᠡᠰᠦᠨ ᠠᠭᠤᠷᠬᠠᠶ᠂ 3800 ᠭᠠᠷᠤᠶ ᠠᠵᠤ ᠦᠶ᠋ᠯᠡᠳᠪᠦᠷᠢ ᠠᠷᠠᠯᠵᠢᠶᠠᠨ᠎ᠤ ᠠᠵᠤ ᠠᠬᠤᠢᠯᠠᠯ᠂ 1200 ᠭᠠᠷᠤᠶ ᠬᠤᠸᠠᠷ ᠫᠤᠤᠵᠢᠩ ᠦᠶ᠋ᠯᠡᠳᠪᠦᠷᠢᠯᠡᠬᠦ᠌ ᠠᠵᠤ ᠠᠬᠤᠢᠯᠠᠯ ᠨᠢᠭᠡᠨᠲᠡ ᠰᠦᠯᠵᠢᠶᠡᠨ ᠳᠡᠭᠡᠷ᠎ᠡ ᠬᠢᠨᠠᠨ ᠬᠡᠮᠵᠢᠬᠦ᠌᠎ᠶ᠋ᠢ ᠪᠡᠶᠡᠯᠡᠭᠦᠯᠪᠡ ᠁ ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠵᠠᠰᠠᠯᠲᠠ᠎ᠶ᠋ᠢᠨ ᠵᠠᠭ᠍ᠪᠤᠷ ᠬᠡᠷᠡᠭ ᠶᠠᠪᠤᠳᠠᠯ ᠡᠴᠡ ᠡᠮᠦᠨᠡᠬᠢ ᠤᠷᠢᠳᠴᠢᠯᠠᠨ ᠰᠡᠷᠭᠡᠢᠯᠡᠬᠦ᠌ ᠪᠡᠷ ᠭᠤᠤᠯ ᠪᠤᠯᠭᠠᠬᠤ ᠲᠡᠢᠰᠢ ᠬᠤᠪᠢᠷᠠᠪᠠ᠃

ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠰᠠᠢᠳ ᠸᠠᠩ ᠱᠢᠶᠠᠩ ᠰᠢ᠄《ᠪᠢᠳᠡ 〈ᠰᠡᠷᠭᠡᠢᠯᠡᠵᠦ᠍ ᠳᠡᠢᠯᠬᠦ᠌〉 ᠵᠢ ᠬᠠᠲᠠᠭᠤ ᠪᠠᠷᠢᠮᠵᠢᠶ᠎ᠠ ᠪᠣᠯᠭᠠᠵᠤ᠂ 〈ᠰᠡᠷᠭᠡᠢᠯᠡᠬᠦ᠌〉 ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠪᠠ᠃ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠶᠢᠰᠦᠨ ᠵᠦᠶ᠋ᠯ᠎ᠦᠨ ᠭᠤᠤᠯᠳᠠᠯᠭ᠎ᠠ᠎ᠲᠠᠶ ᠢᠨᠵᠧᠨᠧᠷᠢᠩ᠎ᠢ ᠬᠡᠷᠡᠭ᠌ᠵᠢᠭᠦᠯᠦᠭ᠌ᠰᠡᠨ᠎ᠦ ᠳᠠᠷᠠᠭ᠎ᠠ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠬᠠᠸ᠋ ᠵᠠᠩᠭᠢᠯᠠᠭ᠎ᠠ᠎ᠶ᠋ᠢᠨ ᠬᠦᠷᠢᠶ᠎ᠡ ᠴᠠᠷᠠᠭ᠎ᠠ ᠪᠠ ᠪᠠᠭᠤᠷᠠᠶ ᠭᠣᠭ᠍ᠴᠣᠭ᠎ᠠ᠎ᠳᠤ ᠴᠢᠭ᠌ᠯᠡᠭᠦᠯᠦᠨ ᠨᠢᠭᠡ ᠪᠦᠯᠦᠭ ᠰᠠᠭᠤᠷᠢᠯᠠᠬᠤ ᠴᠢᠨᠠᠷᠲᠠᠶ᠂ ᠪᠡᠯᠭᠡ ᠲᠡᠮᠳᠡᠭ᠎ᠦᠨ ᠴᠢᠨᠠᠷᠲᠠᠶ᠂ ᠭᠤᠤᠯᠯᠠᠬᠤ ᠴᠢᠨᠠᠷᠲᠠᠶ ᠢᠨᠵᠧᠨᠧᠷᠢᠩ᠎ᠢ ᠪᠠᠢᠭᠤᠯᠵᠤ᠂ ᠮᠠᠨ᠎ᠤ ᠤᠯᠤᠰ᠎ᠤᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢ ᠳᠠᠢᠴᠢᠯᠠᠪᠠ》 ᠭᠡᠪᠡ᠃

《ᠠᠮᠢ ᠨᠠᠰᠤᠨ᠎ᠤ ᠵᠠᠮ》 ᠢ᠋ ᠱᠢᠯᠤᠭᠤᠳᠭᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠠᠭᠤᠴᠢᠨ ᠲᠣᠨᠣᠭ᠍ᠯᠠᠯ᠎ᠢ ᠱᠢᠭ᠌ᠰᠢᠭ᠌ᠳᠡᠭᠦᠯᠬᠦ ᠪᠠ ᠱᠢᠨᠡᠳᠭᠡᠨ ᠥᠭᠡᠷᠡᠴᠢᠯᠡᠬᠦ᠌᠎ᠶ᠋ᠢ ᠠᠬᠢᠭᠤᠯᠵᠤ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠨᠢᠰᠦᠯᠲᠡ᠎ᠶ᠋ᠢᠨ ᠠᠮᠤᠷ ᠲᠦᠪᠱᠢᠨ᠎ᠢ ᠴᠢᠩᠭᠠᠳᠬᠠᠪᠠ ᠁ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ ᠠᠶᠤᠯᠭᠦᠶ ᠦᠶ᠋ᠯᠡᠳᠪᠦᠷᠢᠯᠡᠯ᠎ᠢ ᠦᠨᠳᠦᠰᠦ᠎ᠡᠴᠡ᠎ᠨᠢ ᠵᠠᠰᠠᠬᠤ ᠪᠣᠭᠣᠮᠲᠠ ᠱᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶ᠋ᠢ ᠥᠷᠨᠢᠭᠦᠯᠵᠦ᠍᠂ ᠥᠷᠨᠢᠭᠦᠯᠦᠭ᠌ᠰᠡᠨ᠎ᠡᠴᠡ ᠨᠠᠭᠠᠰᠢ ᠡᠯ᠎ᠡ ᠭᠠᠵᠠᠷ᠎ᠤᠨ᠎ᠬᠢᠨ ᠨᠡᠢᠲᠡ 116 ᠲᠦᠮᠡ ᠭᠠᠷᠤᠶ ᠲᠦᠷᠦᠯ᠎ᠤᠨ ᠬᠦᠨᠳᠦ ᠶᠡᠬᠡ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ 98.4%᠎ᠳ᠋ᠤ ᠬᠦᠷᠴᠡᠶ᠂ ᠡᠭᠦᠨ᠎ᠳᠦ ᠠᠵᠤ ᠠᠬᠤᠢᠯᠠᠯ᠎ᠤᠨ ᠥᠪᠡᠰᠦᠪᠡᠨ ᠪᠠᠢᠴᠠᠭᠠᠭᠰᠠᠨ ᠡᠵᠡᠯᠡᠬᠦ᠌ ᠬᠠᠷᠢᠴᠠᠯ᠎ᠨᠢ ᠠᠵᠢᠯᠯᠠᠭᠠᠨ᠎ᠤ ᠡᠬᠢᠨ᠎ᠦ ᠬᠤᠭᠤᠴᠠᠭᠠᠨ᠎ᠳᠡᠬᠢ 37.1% ᠪᠠᠢᠭ᠍ᠰᠠᠨ᠎ᠡᠴᠡ᠎ᠪᠠᠨ ᠣᠳᠣᠬᠠᠨ᠎ᠤ 52.5% ᠪᠣᠯᠲᠠᠯ᠎ᠠ ᠳᠡᠭᠡᠭ᠌ᠰᠢᠯᠡᠪᠡ᠃ 《ᠠᠵᠤ ᠠᠬᠤᠢᠯᠠᠯ᠎ᠨᠢ ᠠᠶᠤᠯᠭᠦᠶ ᠦᠶ᠋ᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ ᠪᠣᠯᠤᠭ᠍ᠰᠠᠨ᠎ᠤ ᠬᠤᠪᠢ᠎ᠳᠤ᠂ ᠶᠠᠭ 〈ᠱᠠᠯᠠᠪᠳᠠᠭᠤᠯᠤᠬᠳᠠᠵᠤ ᠪᠠᠢᠭᠰᠠᠨ〉 ᠡᠴᠡ ᠪᠡᠨ 〈ᠥᠪᠡᠷ᠎ᠢ᠎ᠪᠡᠨ ᠱᠠᠭᠠᠷᠳᠠᠬᠤ〉 ᠳᠠᠢᠰᠢ ᠬᠤᠪᠢᠷᠠᠵᠤ ᠪᠠᠢᠬᠤ᠎ᠶ᠋ᠢ ᠲᠤᠰᠭᠠᠵᠤ ᠪᠠᠢᠨ᠎ᠠ》 ᠭᠡᠵᠦ᠍ ᠸᠠᠩ ᠱᠢᠶᠠᠩ ᠰᠢ ᠬᠡᠯᠡᠪᠡ᠃

ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠠᠵᠢᠯ ᠨᠠᠩ ᠥᠨᠳᠥᠷ ᠪᠦᠲᠦᠮᠵᠢᠲᠡᠶ ᠪᠣᠯᠪᠠ

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠶᠡᠷᠦᠩᠬᠡᠶ ᠬᠡᠯᠲᠡᠰ᠎ᠢ ᠪᠠᠢᠭᠤᠯᠵᠤ᠂ ᠮᠤᠵᠢ᠂ ᠬᠣᠲᠠ᠂ ᠱᠢᠶᠠᠨ ᠭᠤᠷᠪᠠᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠭᠠᠵᠠᠷ᠎ᠯᠤᠭ᠎ᠠ 24 ᠴᠠᠭ᠎ᠤᠨ ᠳᠠᠭᠤ ᠸᠢᠳᠢᠤ᠋᠎ᠪᠠᠷ ᠬᠣᠯᠪᠣᠭᠠᠯᠠᠨ ᠨᠡᠪᠲᠡᠷᠡᠯᠴᠡᠬᠦ᠌᠎ᠶ᠋ᠢ ᠪᠠᠲᠤᠯᠠᠵᠤ᠂ ᠳᠡᠭᠡᠳᠦ ᠳᠣᠣᠷᠠᠳᠤ ᠱᠠᠲᠤ᠎ᠪᠠᠷ᠎ᠢᠶᠠᠨ ᠨᠡᠪᠲᠡᠷᠡᠯᠴᠡᠭ᠌ᠰᠡᠨ᠂ ᠵᠣᠬᠢᠴᠠᠭᠤᠯᠤᠨ ᠬᠣᠯᠪᠣᠭᠠᠯᠠᠨ ᠬᠥᠳᠡᠯᠦᠯᠴᠡᠭ᠌ᠰᠡᠨ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠱᠢᠰᠲ᠋ᠧᠮ᠎ᠢ ᠪᠠᠢᠭᠤᠯᠵᠤ᠂ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠬᠦ᠌ ᠡᠰᠡᠷᠭᠦᠴᠡᠬᠦ᠌ ᠠᠪᠤᠷᠠᠬᠤ᠎ᠶ᠋ᠢ ᠨᠢᠭᠡ ᠴᠣᠭ᠍ᠴᠠᠵᠢᠭᠤᠯᠤᠨ ᠠᠷᠭᠠᠴᠠᠭᠠᠬᠤ᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠢ ᠰᠠᠨᠠᠭᠠᠴᠢᠯᠠᠭ᠎ᠠ᠎ᠡᠴᠡ᠎ᠪᠠᠨ ᠤᠷᠢᠳᠴᠢᠯᠠᠨ ᠲᠤᠬᠢᠷᠠᠭᠤᠯᠪᠠ᠃

ᠮᠠᠨ᠎ᠤ ᠤᠯᠤᠰ᠎ᠲᠤ ᠭᠠᠵᠠᠷ ᠬᠥᠳᠡᠯᠦᠯᠲᠡ ᠣᠯᠠᠨ ᠡᠭᠦᠰᠴᠦ᠂ ᠬᠦᠴᠦᠯᠡᠴᠡ ᠨᠢ ᠶᠡᠬᠡ᠂ ᠲᠠᠷᠬᠠᠯᠲᠠ ᠨᠢ ᠥᠷᠭᠡᠨ ᠪᠠᠢᠳᠠᠭ᠃ ᠶᠡᠬᠡ ᠭᠠᠵᠠᠷ ᠬᠥᠳᠡᠯᠦᠯᠲᠡ ᠶᠡᠬᠡ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠭᠠᠴᠠᠭᠠᠬᠤ ᠪᠣᠯ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠨᠢᠬᠡ ᠲᠠᠯ᠎ᠠ ᠮᠥᠨ᠃

ᠣᠯᠠᠨ ᠰᠠᠯᠠᠭ᠎ᠠ ᠮᠥᠴᠢᠷ 《ᠶᠡᠬᠡ ᠭᠠᠵᠠᠷ ᠬᠥᠳᠡᠯᠦᠯᠲᠡ᠎ᠶᠢᠨ ᠠᠰᠠᠭᠤᠯᠲᠠ》 ᠵᠢ ᠬᠠᠷᠢᠭᠤᠯᠬᠤ᠎ᠶᠢ ᠨᠠᠢᠳᠠᠪᠤᠷᠢᠵᠢᠭᠤᠯᠬᠤ ᠲᠥᠰᠥᠯ᠎ᠢ ᠲᠣᠭᠲᠠᠭᠠᠵᠤ᠂ ᠭᠠᠵᠠᠷ ᠬᠥᠳᠡᠯᠦᠯᠲᠡ᠎ᠶᠢᠨ ᠪᠠᠴᠢᠮ ᠪᠠᠢᠳᠠᠯ᠎ᠢ ᠠᠷᠭᠠᠴᠡᠭᠠᠬᠤ ᠪᠡᠯᠡᠳᠬᠡᠯ ᠲᠥᠰᠥᠯ᠎ᠢ ᠵᠣᠬᠢᠶᠠᠨ ᠪᠠᠢᠭᠤᠯᠤᠨ ᠵᠠᠰᠠᠪᠤᠷᠢ ᠣᠷᠣᠭᠤᠯᠵᠤ᠂ ᠭᠠᠵᠠᠷ ᠬᠥᠳᠡᠯᠦᠯᠲᠡ᠎ᠶᠢᠨ ᠲᠤᠰᠬᠠᠢ ᠠᠪᠤᠷᠠᠨ ᠲᠤᠰᠠᠯᠠᠬᠤ ᠡᠩᠨᠡᠭᠡ᠎ᠶᠢ ᠵᠣᠬᠢᠶᠠᠨ ᠪᠠᠢᠭᠤᠯᠪᠠ ᠁ ᠳᠤᠮᠳᠠᠳᠤ ᠤᠯᠤᠰ᠎ᠤᠨ ᠭᠠᠵᠠᠷ ᠬᠥᠳᠡᠯᠦᠯᠲᠡ᠎ᠶᠢᠨ ᠲᠣᠪᠴᠢᠶᠠᠨ᠎ᠤ ᠳᠠᠷᠤᠭ᠎ᠠ ᠸᠠᠩ ᠺᠦᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ 《ᠶᠡᠬᠡ ᠠᠮᠤᠷ ᠲᠦᠪᠰᠢᠨ᠂ ᠶᠡᠬᠡ ᠪᠠᠴᠢᠮ ᠪᠠᠢᠳᠠᠯ᠎ᠢ ᠠᠷᠭᠠᠴᠡᠭᠠᠬᠤ》 ᠳᠠᠪᠠᠭᠤᠯᠢᠭ᠋᠎ᠢᠶᠠᠨ ᠪᠠᠳᠠᠷᠠᠭᠤᠯᠵᠤ᠂ ᠡᠯ᠎ᠡ ᠱᠠᠲᠤᠨ᠎ᠤ ᠬᠢᠨ ᠪᠠᠴᠢᠮ ᠪᠠᠢᠳᠠᠯ᠎ᠢ ᠠᠷᠭᠠᠴᠡᠭᠠᠬᠤ 1000 ᠭᠠᠷᠤᠢ ᠤᠳᠠᠭ᠎ᠠ᠎ᠶᠢᠨ ᠠᠵᠢᠯᠯᠠᠭ᠎ᠠ᠎ᠶᠢ ᠡᠬᠢᠯᠡᠭᠦᠯᠵᠦ᠂ ᠭᠠᠵᠠᠷ ᠬᠥᠳᠡᠯᠦᠯᠲᠡ᠎ᠶᠢᠨ ᠭᠠᠮᠰᠢᠭ᠋᠎ᠢ ᠠᠷᠭᠠᠴᠡᠭᠠᠬᠤ ᠠᠵᠢᠯ ᠨᠠᠩ ᠬᠦᠴᠦᠲᠡᠢ ᠪᠣᠯᠵᠠᠢ ᠭᠡᠵᠦ ᠲᠠᠨᠢᠯᠴᠠᠭᠤᠯᠪᠠ᠃

ᠠᠭᠤᠷᠬᠠᠢ᠎ᠶᠢᠨ ᠠᠮᠤᠷ ᠲᠦᠪᠰᠢᠨ᠎ᠤ ᠵᠠᠰᠠᠯᠲᠠ᠎ᠶᠢᠨ ᠬᠦᠷᠢᠶᠡᠨ᠎ᠳᠡᠬᠢ ᠪᠠᠴᠢᠮ ᠪᠠᠢᠳᠠᠯ᠎ᠢ ᠠᠷᠭᠠᠴᠡᠭᠠᠨ ᠰᠢᠢᠳᠪᠦᠷᠢᠯᠡᠬᠦ ᠪᠣᠯ ᠤᠷᠢᠳᠴᠢᠯᠠᠨ ᠰᠡᠷᠭᠡᠢᠯᠡᠬᠦ 《ᠡᠴᠦᠰ᠎ᠦᠨ ᠰᠡᠷᠭᠡᠢᠯᠡᠯᠲᠡ᠎ᠶᠢᠨ ᠱᠤᠭᠤᠮ》 ᠮᠥᠨ᠃ ᠤᠯᠤᠰ᠎ᠤᠨ ᠠᠭᠤᠷᠬᠠᠢ᠎ᠶᠢᠨ ᠠᠮᠤᠷ ᠲᠦᠪᠰᠢᠨ᠎ᠦ ᠬᠢᠨᠠᠨ ᠪᠠᠢᠴᠠᠭᠠᠬᠤ ᠲᠣᠪᠴᠢᠶ᠎ᠠ᠎ᠶᠢᠨ ᠳᠠᠷᠤᠭ᠎ᠠ ᠬᠤᠸᠠᠩ ᠵᠢᠨ ᠱᠧᠩ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠬᠡᠷᠡᠭ᠎ᠦᠨ ᠳᠠᠷᠠᠭ᠎ᠠ ᠠᠪᠤᠷᠠᠨ ᠲᠤᠰᠠᠯᠠᠵᠤ ᠪᠠᠢᠭᠰᠠᠨ᠎ᠡᠴᠡ ᠪᠥᠬᠥ ᠶᠠᠪᠤᠴᠠ᠎ᠳᠤ ᠬᠠᠮᠢᠶᠠᠷᠤᠨ ᠡᠵᠡᠮᠳᠡᠬᠦ ᠲᠡᠢᠰᠢ ᠬᠤᠪᠢᠷᠠᠭᠤᠯᠬᠤ᠎ᠶᠢ ᠬᠦᠴᠦᠲᠡᠢ ᠠᠬᠢᠭᠤᠯᠪᠠ ᠬᠡᠵᠡᠢ᠃

ᠡᠩᠨᠡᠭᠡ ᠵᠢᠨ ᠴᠢᠳᠠᠪᠤᠷᠢ ᠨᠠᠩ ᠴᠢᠩᠭ᠎ᠠ ᠪᠣᠯᠪᠠ

ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲᠧᠮ ᠪᠣᠯᠣᠨ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠬᠤ᠎ᠳᠤ ᠡᠩᠨᠡᠭᠡ ᠪᠣᠯ ᠵᠠᠩᠭᠢᠯᠠᠭ᠎ᠠ ᠪᠣᠯᠣᠨ᠎ᠠ᠃ ᠤᠯᠤᠰ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠎ᠶᠢᠨ ᠳᠠᠷᠤᠭ᠎ᠠ ᠵᠧᠦ ᠲᠢᠶᠠᠨ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ 8 ᠰᠠᠷ᠎ᠠ᠎ᠶᠢᠨ ᠡᠴᠦᠰ ᠪᠣᠯᠲᠠᠯ᠎ᠠ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ᠎ᠶᠢᠨ ᠬᠢᠨ 1027 ᠲᠦᠮᠡᠨ ᠬᠡᠷᠡᠭ᠎ᠢ ᠭᠥᠯᠢᠶᠡᠨ ᠠᠪᠴᠤ ᠰᠢᠢᠳᠪᠦᠷᠢᠯᠡᠵᠡᠢ ᠭᠡᠵᠦ ᠲᠠᠨᠢᠯᠴᠠᠭᠤᠯᠪᠠ᠃

ᠬᠦᠨᠳᠦ ᠨᠦᠰᠡᠷ ᠡᠭᠦᠷᠭᠡ᠎ᠶᠢᠨ ᠡᠮᠦᠨ᠎ᠡ᠂ ᠭᠠᠯ ᠰᠡᠷᠭᠡᠢᠯᠡᠵᠦ ᠭᠠᠯ ᠤᠨᠲᠠᠷᠠᠭᠠᠬᠤ ᠰᠠᠯᠠᠭ᠎ᠠ ᠮᠥᠴᠢᠷ᠎ᠤᠨ ᠬᠢᠨ ᠡᠩᠨᠡᠬᠡ ᠵᠢᠨ ᠬᠦᠴᠦᠨ᠎ᠦ ᠰᠢᠰᠲᠧᠮ᠎ᠢᠶᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠲᠤᠯᠠᠭ᠎ᠠ᠎ᠶᠢᠨ ᠰᠠᠭᠤᠷᠢ᠎ᠪᠠᠨ ᠪᠡᠬᠢᠵᠢᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠥ ᠤᠯᠤᠰ᠎ᠲᠤ ᠬᠣᠲᠠ᠎ᠶᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠥᠷᠲᠡᠭᠡ᠎ᠶᠢ 3538 ᠰᠢᠨ᠎ᠡ᠎ᠪᠡᠷ ᠪᠠᠢᠭᠤᠯᠵᠤ᠂ ᠶᠡᠷᠦᠩᠬᠡᠢ ᠲᠣᠭ᠎ᠠ ᠨᠢ 1.15 ᠲᠦᠮᠡ᠎ᠳᠦ ᠬᠦᠷᠴᠦ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠠᠳᠠᠯᠢ ᠬᠤᠭᠤᠴᠠᠭᠠᠨ᠎ᠤ ᠬᠢ᠎ᠡᠴᠡ 44% ᠎ᠪᠠᠷ ᠨᠡᠮᠡᠭᠳᠡᠪᠡ; ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠩᠭᠢ ᠵᠢ 6692 ᠰᠢᠨ᠎ᠡ᠎ᠪᠡᠷ ᠪᠠᠢᠭᠤᠯᠵᠤ᠂ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠤᠨᠲᠠᠷᠠᠭᠠᠭ᠍ᠴᠢ᠎ᠶᠢ 11.4 ᠲᠦᠮᠡ ᠰᠢᠨ᠎ᠡ᠎ᠪᠡᠷ ᠡᠯᠰᠡᠵᠦ᠂ ᠶᠡᠷᠦᠩᠬᠡᠢ ᠬᠥᠮᠥᠨ᠎ᠦ ᠲᠣᠭ᠎ᠠ ᠨᠢ 25.5 ᠲᠦᠮᠡ᠎ᠳᠦ ᠬᠥᠷᠪᠡ᠃

ᠤᠯᠤᠰ᠎ᠤᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠎ᠶᠢᠨ ᠬᠡᠪᠴᠢᠶ᠎ᠡ 22 ᠲᠦᠮᠡ ᠰᠢᠬᠠᠮ ᠪᠣᠯᠵᠤ᠂ ᠤᠯᠤᠰ᠎ᠤᠨ ᠣᠷᠣᠨ ᠪᠦᠰᠡ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠲᠥᠪ᠎ᠢ ᠦᠨᠳᠦᠰᠦᠨ᠎ᠳᠡᠭᠡᠨ 6 ᠪᠠᠢᠭᠤᠯᠵᠤ᠂ ᠤᠯᠤᠰ᠎ᠤᠨ ᠠᠮᠤᠷ ᠲᠦᠪᠰᠢᠨ᠎ᠦ ᠦᠢᠯᠡᠳᠪᠦᠷᠢᠯᠡᠯ ᠪᠠ ᠤᠯᠤᠰ᠎ᠤᠨ ᠢᠨᠵᠧᠨᠧᠷᠢᠩ᠎ᠦᠨ 18 ᠠᠪᠤᠷᠠᠨ ᠲᠤᠰᠠᠯᠠᠬᠤ ᠲᠤᠰᠬᠠᠢ ᠡᠩᠨᠡᠭᠡ᠎ᠶᠢ ᠪᠠᠢᠭᠤᠯᠪᠠ ᠁ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠪᠠᠴᠢᠮ ᠪᠠᠢᠳᠠᠯ᠎ᠢ ᠠᠷᠭᠠᠴᠡᠭᠠᠬᠤ ᠡᠩᠨᠡᠭᠡ᠎ᠶᠢᠨ ᠴᠢᠳᠠᠪᠤᠷᠢ ᠨᠠᠩ ᠴᠢᠩᠭ᠎ᠠ ᠪᠣᠯᠵᠠᠢ᠃

ᠪᠠᠲᠤᠯᠠᠭ᠎ᠠ ᠨᠠᠩ ᠬᠦᠴᠦᠲᠡᠢ ᠪᠤᠯᠪᠠ

ᠮᠠᠨ᠎ᠤ ᠤᠯᠤᠰ ᠨᠢᠭᠡᠨᠲᠡ ᠪᠥᠬᠥ ᠳᠡᠯᠡᠬᠡᠢ᠎ᠶᠢᠨ ᠬᠠᠮᠤᠭ᠎ᠤᠨ ᠶᠡᠬᠡ ᠬᠡᠪᠴᠢᠶᠡᠨ᠎ᠦ ᠭᠠᠵᠠᠷ ᠬᠥᠳᠡᠯᠦᠯᠲᠡ᠎ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠎ᠢ ᠪᠠᠢᠭᠤᠯᠵᠤ᠂ ᠰᠧᠺᠦ᠋ᠨ᠋ᠳ᠋᠎ᠤᠨ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ ᠨᠢ ᠭᠣᠣᠯᠳᠠᠯᠭ᠎ᠠ᠎ᠲᠠᠢ ᠠᠶᠤᠯ ᠲᠦᠭᠰᠢᠭᠦᠷᠢ᠎ᠲᠠᠢ ᠭᠠᠵᠠᠷ ᠣᠷᠣᠨ᠎ᠤ 90% ᠎ᠡᠴᠡ ᠳᠡᠭᠡᠭᠰᠢᠬᠢ᠎ᠶᠢ ᠬᠠᠮᠤᠷᠤᠭᠰᠠᠨ ᠪᠠᠢᠨ᠎ᠠ᠃ ᠰᠡᠷᠡᠮᠵᠢᠯᠡᠭᠦᠯᠬᠦ ᠰᠢᠰᠲᠧᠮ᠎ᠢ ᠠᠰᠢᠭ᠍ᠯᠠᠯᠲᠠ᠎ᠳᠤ ᠣᠷᠣᠭᠤᠯᠤᠭᠰᠠᠨ᠎ᠡᠴᠡ ᠨᠠᠭᠠᠰᠢ᠂ 4 ᠲᠠᠰ᠎ᠡᠴᠡ ᠳᠡᠭᠡᠭᠰᠢᠬᠢ ᠭᠠᠵᠠᠷ ᠬᠥᠳᠡᠯᠦᠯᠲᠡ᠎ᠶᠢᠨ ᠰᠡᠷᠡᠮᠵᠢᠯᠡᠭᠦᠯᠦᠯ᠎ᠢ 359 ᠤᠳᠠᠭ᠎ᠠ ᠨᠡᠢᠲᠡᠯᠡᠵᠦ᠂ ᠭᠠᠵᠠᠷ ᠬᠥᠳᠡᠯᠦᠯᠲᠡ᠎ᠶᠢ ᠰᠡᠷᠭᠡᠢᠯᠡᠵᠦ ᠠᠶᠤᠯ᠎ᠡᠴᠡ ᠵᠠᠢᠯᠠᠭᠤᠯᠬᠤ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠎ᠶᠢᠨ ᠲᠥᠯᠥᠭᠡ ᠬᠣᠪᠣᠷ ᠨᠠᠨᠳᠢᠨ ᠴᠠᠭ ᠬᠤᠭᠤᠴᠠᠭ᠎ᠠ᠎ᠶᠢ ᠲᠡᠮᠡᠴᠡᠨ ᠣᠯᠵᠤ ᠦᠭᠴᠠᠢ᠃

ᠡᠭᠦᠨ᠎ᠡᠴᠡ ᠭᠠᠳᠠᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ ᠪᠠᠰᠠ ᠲᠥᠪ᠎ᠦᠨ ᠭᠠᠮᠰᠢᠭ᠋᠎ᠡᠴᠡ ᠠᠪᠤᠷᠠᠬᠤ ᠪᠡᠯᠡ ᠮᠥᠩᠭᠥ᠎ᠶᠢ ᠲᠦᠷᠭᠡᠨ ᠤᠷᠢᠳᠴᠢᠯᠠᠨ ᠥᠭᠬᠦ ᠲᠣᠭᠲᠡᠴᠡ᠎ᠶᠢ ᠪᠠᠢᠭᠤᠯᠵᠤ᠂ ᠭᠠᠮᠰᠢᠭ᠍ᠳᠠᠭᠰᠠᠨ ᠣᠷᠣᠨ᠎ᠤ ᠪᠠᠴᠢᠮ ᠪᠠᠢᠳᠠᠯ᠎ᠢ ᠰᠢᠢᠳᠪᠦᠷᠢᠯᠡᠪᠡ; ᠡᠳ᠋ ᠪᠣᠳᠠᠰ᠎ᠢ ᠬᠣᠯᠪᠤᠭᠠᠯᠠᠨ ᠰᠢᠯᠵᠢᠭᠦᠯᠬᠦ ᠲᠣᠭᠲᠡᠴᠡ ᠪᠠ ᠲᠦᠷᠭᠡᠨ ᠨᠡᠪᠲᠡᠷᠡᠬᠦ ᠠᠷᠭ᠎ᠠ ᠵᠠᠮ᠎ᠢ ᠪᠠᠢᠭᠤᠯᠵᠤ᠂ ᠭᠠᠮᠰᠢᠭ᠍ᠳᠠᠭᠰᠠᠨ ᠤᠯᠠᠨ ᠲᠦᠮᠡᠨ᠎ᠢ ᠪᠦᠲᠦᠮᠵᠢᠲᠡᠢ ᠠᠪᠤᠷᠠᠨ ᠲᠤᠰᠠᠯᠠᠬᠤ ᠴᠠᠭ᠎ᠢ ᠪᠣᠭᠣᠨᠢᠰᠬᠠᠪᠠ᠃ ᠡᠯ᠎ᠡ ᠵᠦᠢᠯ᠎ᠦᠨ ᠪᠦᠲᠦᠮᠵᠢᠲᠡᠶ ᠲᠣᠭᠲᠡᠴᠡ ᠪᠣᠯᠣᠨ ᠰᠠᠭᠠᠳ ᠦᠭᠡᠢ ᠨᠡᠪᠲᠡᠷᠡᠬᠦ ᠠᠷᠭ᠎ᠠ ᠵᠠᠮ ᠨᠢ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠳᠤ ᠬᠦᠴᠦᠲᠡᠢ ᠲᠤᠯᠭᠠᠭᠤᠷᠢᠯᠠᠬᠤ ᠪᠠᠲᠤᠯᠠᠭ᠎ᠠ ᠬᠠᠩᠭᠠᠭᠰᠠᠨ ᠪᠠᠢᠨ᠎ᠠ᠃

ᠸᠠᠩ ᠰᠢᠶᠠᠩ ᠰᠢ᠄《ᠪᠢᠳᠡ ᠬᠠᠤᠯᠢ ᠶᠣᠰᠣᠭᠠᠷ ᠠᠮᠤᠷ᠎ᠢ ᠬᠠᠮᠠᠭᠠᠯᠠᠬᠤ᠎ᠶᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠬᠤ ᠪᠠ ᠡᠯ᠎ᠡ ᠲᠥᠷᠥᠯ᠎ᠦᠨ ᠲᠤᠰᠬᠠᠢ ᠪᠡᠯᠡᠳᠬᠡᠯ ᠲᠥᠰᠥᠯ᠎ᠢ ᠲᠡᠭᠦᠯᠳᠡᠷᠵᠢᠭᠦᠯᠬᠦ᠎ᠪᠡᠷ ᠳᠠᠮᠵᠢᠨ᠂ ᠠᠶᠤᠯᠭᠦᠢ ᠦᠢᠯᠡᠳᠪᠦᠷᠢᠯᠡᠯ᠎ᠦᠨ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ᠎ᠶᠢᠨ ᠡᠵᠡᠯᠡᠬᠦ ᠬᠠᠷᠢᠴᠠᠯ᠎ᠢ 90% ᠪᠣᠯᠲᠠᠯ᠎ᠠ ᠳᠡᠭᠡᠭᠰᠢᠯᠡᠭᠦᠯᠵᠦ᠂ ᠬᠠᠲᠠᠭᠤ ᠪᠠᠷᠢᠮᠵᠢᠶ᠎ᠠ᠎ᠪᠠᠷ ᠠᠮᠤᠷ ᠲᠦᠪᠰᠢᠨ᠎ᠦ ᠬᠢᠷᠢ ᠲᠦᠪᠰᠢᠨ᠎ᠢ ᠭᠡᠳᠡᠷᠭᠦ ᠰᠢᠬᠠᠮᠳᠠᠭᠤᠯᠤᠨ ᠳᠡᠭᠡᠭᠰᠢᠯᠡᠭᠦᠯᠪᠡ》 ᠭᠡᠪᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号