《ᠰᠠᠢᠨ ᠲᠤᠷ᠎ᠠ ᠢ᠋ᠢᠨ ᠦᠢᠯᠡᠴᠢᠯᠡᠭᠡ ᠤᠮᠠᠷᠠᠲᠦ ᠬᠢᠯᠢ ᠵᠢ ᠬᠡᠷᠡᠯᠲᠦᠭᠦᠯᠬᠦ》 ᠰᠢᠷᠢᠰ ᠮᠡᠲᠡᠭᠡᠯᠡᠯ ⑤ ᠬᠢᠯᠢ ᠢ᠋ᠢᠨ ᠱᠤᠭᠤᠮ᠎ᠳᠤ ᠰᠦᠯᠵᠢᠭᠰᠡᠨ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠲᠣᠣᠷ
2025-09-29 11:39:39
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

— ᠤᠷᠠᠳ᠎ᠤᠨ ᠬᠤᠢᠲᠤ ᠬᠤᠰᠢᠭᠤᠨ᠎ᠤ 《ᠬᠠᠢᠷ᠎ᠠ ᠬᠠᠯᠠᠮᠵᠢ ᠬᠦᠷᠲᠡᠭᠡᠬᠦ ᠲᠦᠯᠦᠪᠯᠡᠭᠡ》 ᠢ᠋ᠢᠨ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠲᠦᠷᠦᠯ ᠵᠦᠢᠯ ᠢ᠋ ᠲᠡᠮᠲᠡᠭᠯᠡᠪᠡ

      

ᠤᠷᠠᠳ᠎ᠤᠨ ᠬᠤᠢᠲᠦ ᠬᠤᠰᠢᠭᠤᠨ᠎ᠤ ᠬᠢᠯᠢ ᠬᠢᠵᠠᠭᠠᠷ᠎ᠤᠨ ᠮᠠᠯᠵᠢᠬᠤ ᠤᠷᠤᠨ ᠭᠠᠵᠠᠷ ᠨᠤᠳᠤᠭ ᠠᠭᠤᠳᠠᠮ ᠬᠥᠮᠥᠨ ᠠᠮᠠ ᠴᠥᠭᠡᠨ ᠪᠠᠢᠵᠦ᠂ ᠦᠲᠡᠯᠦᠭᠡ ᠨᠠᠰᠤᠲᠠᠨ᠂ ᠵᠡᠮᠳᠡᠭ ᠪᠤᠶᠤ ᠭᠠᠭᠴᠠᠭᠠᠷ ᠰᠠᠭᠤᠭ᠎ᠠ ᠮᠠᠯᠴᠢᠨ ᠡᠷᠦᠭᠡ ᠴᠦᠭᠡᠨ ᠪᠤᠰᠤ ᠪᠣᠶ᠃ 《ᠤᠭᠤᠲᠠ ᠳᠠᠪᠤᠰᠤ ᠬᠤᠳᠠᠯᠳᠤᠨ ᠠᠪᠬᠤ᠎ᠳᠤ ᠬᠡᠳᠦᠨ ᠠᠷᠪᠠᠨ ᠭᠠᠵᠠᠷ ᠶᠠᠪᠤᠵᠦ᠂ ᠡᠪᠦᠯ᠎ᠦᠨ ᠳᠤᠯᠠᠭᠠᠯᠠᠭ᠎ᠠ᠎ᠳᠤ ᠨᠡᠭᠦᠷᠡᠰᠦ ᠳᠤᠲᠠᠬᠲᠠᠬᠤ》 ᠨᠢ ᠲᠡᠲᠡᠨ᠎ᠤ ᠦᠩᠭᠡᠷᠡᠭᠰᠡᠨ᠎ᠤ ᠠᠮᠢᠳᠤᠷᠠᠯ᠎ᠤᠨ ᠬᠡᠪ᠎ᠦᠨ ᠪᠠᠢᠳᠠᠯ ᠪᠠᠢᠬᠰᠠᠨ ᠶᠤᠮ᠃ ᠡᠭᠦᠨ᠎ᠳᠤ ᠪᠤᠶᠠᠨ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠨᠡᠢᠭᠡᠮᠯᠢᠭ ᠨᠢ 《ᠨᠠᠮ ᠢ᠋ᠢᠡᠨ ᠬᠠᠢᠷᠠᠯᠠᠨ ᠠᠷᠠᠳ ᠲᠦᠮᠡᠨ ᠢ᠋ᠢᠡᠨ ᠬᠠᠢᠷᠠᠯᠠᠵᠦ ᠨᠤᠳᠤᠭ ᠤᠰᠤ ᠪᠠᠨ ᠬᠠᠢᠷᠠᠯᠠᠬᠤ》 ᠬᠠᠷᠠᠮ ᠦᠭᠡᠢ ᠵᠤᠷᠢᠭᠤᠯᠬᠤ ᠵᠤᠷᠢᠭ ᠰᠠᠨᠠᠭ᠎ᠠ ᠵᠢ ᠢᠮᠠᠬᠲᠠ ᠪᠠᠷᠢᠮᠲᠠᠯᠠᠨ ᠨᠡᠢᠲᠡ ᠢ᠋ᠢᠨ ᠠᠰᠠᠷᠠᠮᠵᠢ ᠢ᠋ᠢᠨ ᠦᠢᠯᠡᠰ ᠲᠸ᠋ ᠢᠲᠡᠪᠬᠢᠲᠡᠢ ᠤᠷᠤᠯᠴᠠᠵᠦ᠂  ᠢᠯᠠᠩᠭᠤᠶ᠎ᠠ ᠨᠡᠢᠭᠡᠮᠯᠢᠭ᠎ᠤᠨ 《ᠬᠠᠢᠷ᠎ᠠ ᠬᠠᠯᠠᠮᠵᠢ ᠬᠦᠷᠲᠡᠭᠡᠬᠦ ᠲᠥᠯᠥᠪᠯᠡᠭᠡ》 ᠵᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠥᠷᠥᠯ ᠵᠦᠢᠯ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ᠎ᠪᠡᠷ ᠤᠯᠠᠨ ᠲᠦᠮᠡᠨ᠎ᠤ ᠬᠡᠷᠡᠭᠴᠡᠭᠡ ᠱᠠᠭᠠᠷᠲᠠᠯᠭ᠎ᠠ᠎ᠳᠤ ᠬᠠᠨᠳᠤᠭᠤᠯᠤᠨ᠂ ᠬᠤᠯᠠᠩ ᠰᠣᠯᠢᠬᠤ᠂ ᠨᠡᠭᠦᠷᠡᠰᠦ ᠬᠦᠷᠭᠡᠬᠦ᠎ᠡᠴᠡ ᠲᠦᠷᠭᠡᠨ ᠬᠦᠷᠭᠡᠯᠲᠡ᠎ᠶᠢ ᠣᠷᠣᠯᠠᠨ ᠬᠦᠢᠴᠡᠳᠬᠡᠬᠦ᠂ ᠨᠣᠣᠰᠣ᠌ ᠬᠠᠢᠴᠢᠯᠠᠬᠤ ᠬᠦᠷᠲᠡᠯ᠎ᠡ᠂ ᠬᠠᠮᠤᠭ᠎ᠤᠨ ᠪᠣᠳᠠᠲᠠᠢ ᠦᠢᠯᠡᠴᠢᠯᠡᠭᠡ᠎ᠪᠡᠷ ᠬᠢᠯᠢ᠎ᠶᠢᠨ ᠱᠤᠭᠤᠮ ᠳᠡᠭᠡᠷ᠎ᠡ ᠨᠢᠭᠡᠨ ᠬᠠᠯᠠᠭᠤᠨ ᠳᠤᠯᠠᠭᠠᠨ ᠵᠠᠰᠠᠯᠲᠠ᠎ᠶᠢᠨ ᠲᠣᠣᠷ᠎ᠢ ᠰᠦᠯᠵᠢᠭᠰᠡᠨ ᠪᠠᠢᠨ᠎ᠠ᠃


1.png


ᠠᠷᠠᠳ᠎ᠤᠨ ᠠᠮᠢᠳᠤᠷᠠᠯ᠎ᠤᠨ ᠬᠦᠴᠢᠷᠲᠡᠯ᠎ᠤᠨ ᠤᠨᠤᠴᠠᠲᠠᠢ ᠰᠢᠢᠳᠪᠦᠷᠢᠯᠡᠯᠲᠡ

ᠬᠢᠯᠢ ᠬᠢᠵᠠᠭᠠᠷ᠎ᠤᠨ ᠮᠠᠯᠵᠢᠬᠤ ᠣᠷᠣᠨ᠎ᠤ ᠬᠦᠴᠢᠷᠲᠡᠯ ᠨᠢ ᠭᠤᠤᠯᠳᠠᠭᠤ 《ᠭᠠᠵᠠᠷ ᠬᠤᠯᠠ》 ᠪᠠ 《ᠲᠠᠷᠠᠬᠠᠢ ᠪᠤᠲᠠᠷᠬᠠᠢ》᠎ᠳ᠋ᠤ ᠪᠠᠢᠳᠠᠭ᠃ ᠴᠤᠬᠠᠦ᠋ᠨᠲᠦᠷ ᠪᠠᠯᠭᠠᠰᠤ ᠤᠷᠠᠳ᠎ᠤᠨ ᠬᠤᠢᠲᠦ ᠬᠣᠰᠢᠭᠤᠨ᠎ᠤ ᠬᠤᠢᠲᠦ ᠬᠡᠰᠡᠭ ᠲᠸ᠋ ᠪᠠᠢᠷᠢᠯᠠᠵᠦ᠂ ᠮᠠᠯᠴᠢᠨ ᠡᠷᠦᠬᠡ  ᠬᠤᠯᠠ ᠰᠠᠭᠤᠷᠢᠰᠢᠵᠦ᠂ ᠨᠠᠰᠤᠲᠠᠳ ᠬᠥᠳᠡᠯᠵᠦ ᠪᠠᠷᠢᠬᠤ᠎ᠳᠤ ᠳᠥᠭᠥᠮ ᠦᠭᠡᠢ᠂ ᠶᠠᠭᠤᠮ᠎ᠠ ᠬᠤᠳᠠᠯᠳᠤᠨ ᠠᠪᠬᠤ᠂ ᠪᠠᠭ᠎ᠠ ᠰᠠᠭ᠎ᠠ ᠤᠴᠢᠷ ᠶᠠᠪᠤᠳᠠᠯ ᠬᠦᠢᠴᠡᠳᠬᠡᠬᠦ᠎ᠳᠦ ᠪᠦᠷ ᠬᠡᠦᠬᠡᠳ᠎ᠦᠨ᠎ᠢᠶᠡᠨ ᠬᠠᠷᠢᠵᠤ ᠢᠷᠡᠬᠦ᠎ᠶᠢ ᠬᠦᠯᠢᠶᠡᠵᠦ᠂ ᠴᠠᠰᠤ ᠰᠢᠭᠤᠷᠭ᠎ᠠ᠎ᠲᠠᠢ ᠡᠳᠦᠷ ᠲᠤᠬᠢᠶᠠᠯᠳᠤᠪᠠᠯ ᠨᠡᠩ ᠴᠤ᠌ ᠬᠦᠴᠢᠷᠳᠡᠳᠡᠭ᠃ 《ᠬᠠᠢᠷ᠎ᠠ ᠬᠠᠯᠠᠮᠵᠢ ᠬᠦᠷᠲᠡᠭᠡᠬᠦ ᠲᠥᠯᠥᠪᠯᠡᠭᠡ》 ᠵᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠦᠷᠦᠯ ᠵᠦᠢᠯ ᠨᠢ ᠦᠢᠯᠡᠴᠢᠯᠡᠭᠡ ᠪᠠᠨ ᠶᠠᠬ ᠡᠢᠮᠦᠷᠬᠦᠦ ᠬᠡᠷᠡᠭᠴᠡᠭᠡ᠎ᠲᠠᠢ ᠬᠥᠮᠥᠰ᠎ᠲᠦ ᠬᠦᠷᠭᠡᠵᠦ ᠦᠭᠲᠡᠭ ᠪᠢᠯᠡ᠃

ᠵᠢᠯ᠎ᠦᠨ ᠡᠬᠢᠨ᠎ᠦ ᠬᠦᠢᠲᠡᠨ ᠤᠷᠤᠰᠬᠠᠯ᠎ᠳᠤ᠂ ᠴᠤᠬᠠᠦ᠋ᠨᠲᠦᠷ ᠪᠠᠯᠭᠠᠰᠤ᠎ᠶᠢᠨ ᠰᠠᠯᠬᠢ ᠬᠢᠲᠤᠭ᠎ᠠ ᠰᠢᠭ᠋ ᠵᠦᠰᠦᠵᠦ ᠪᠠᠢᠯ᠎ᠠ᠃ ᠳ᠋ᠦᠩ ᠰᠢᠶᠠᠨ ᠽᠤᠤ᠎ᠶᠢᠨ ᠬᠥᠯ ᠨᠢ ᠶᠠᠪᠤᠵᠦ ᠰᠠᠭᠤᠬᠤ᠎ᠳᠤ ᠳᠥᠭᠥᠮ ᠦᠭᠡᠢ᠂ ᠬᠥᠭᠰᠢᠨ ᠡᠵᠢ᠎ᠶᠢᠨ ᠬᠢᠨᠢ ᠨᠢᠳᠦ ᠨᠢ ᠴᠦ᠍ ᠮᠠᠭᠤ᠂ ᠬᠤᠯᠠᠩ ᠨᠢ ᠬᠡᠳᠦᠨ ᠡᠳᠦᠷ ᠪᠥᠭᠯᠡᠷᠡᠭᠡᠳ ᠵᠤᠤᠬ᠎ᠠ ᠨᠢ ᠬᠠᠯᠠᠬᠤ ᠦᠭᠡᠢ ᠪᠣᠯᠵᠤ᠂ ᠡᠬᠡ ᠬᠦᠦ ᠬᠣᠶᠠᠭᠤᠯᠠ ᠵᠤᠵᠠᠭᠠᠨ ᠬᠥᠨᠵᠢᠯᠡ᠎ᠪᠡᠷ ᠪᠡᠶ᠎ᠡ ᠪᠠᠨ ᠣᠷᠢᠶᠠᠭᠠᠳ ᠴᠡᠴᠡᠷᠡᠨ ᠰᠠᠭᠤᠵᠦ ᠪᠠᠢᠯ᠎ᠠ᠃ ᠦᠦᠷ ᠴᠠᠢᠬᠤ᠎ᠲᠠᠢ ᠵᠡᠷᠭᠡ ᠰᠠᠢᠨ ᠳᠤᠷ᠎ᠠ᠎ᠶᠢᠨ ᠠᠵᠢᠯᠯᠠᠭ᠍ᠴᠢ ᠠᠯᠲᠠ ᠬᠡᠲᠦᠨ ᠰᠠᠢᠨ ᠲᠤᠷᠠᠴᠤᠳ ᠲᠠᠢ ᠬᠠᠮᠲᠤ ᠰᠢᠨ᠎ᠡ ᠬᠤᠯᠠᠩ᠂ ᠵᠤᠤᠬ᠎ᠠ ᠲᠡᠪᠡᠷᠢᠨ ᠲᠡᠲᠡᠨ᠎ᠤ ᠬᠢ ᠵᠢ ᠵᠤᠷᠢᠯ᠎ᠠ᠃ ᠰᠢᠨ᠎ᠡ ᠬᠤᠯᠠᠩ᠂ ᠵᠤᠤᠬ᠎ᠠ ᠵᠢ ᠤᠬᠰᠠᠷᠠᠨ᠂ ᠬᠡᠷ ᠢ᠋ ᠨᠢ ᠴᠡᠪᠡᠷᠯᠡᠨ ᠦᠭᠴᠦ᠂ ᠬᠡᠲᠦᠨ ᠭᠠᠵᠠᠷ᠎ᠤᠨ ᠴᠠᠭᠠᠨ᠎ᠠ ᠡᠴᠡ ᠤᠰᠤ ᠵᠦᠭᠡᠭᠡᠵᠦ᠂ ᠤᠰᠤᠨ ᠰᠠᠪᠠ ᠵᠢ ᠨᠢ ᠲᠦᠭᠦᠷᠭᠡᠵᠦ ᠦᠭᠭᠦᠯ᠎ᠡ᠃ ᠵᠤᠤᠬ᠎ᠠ ᠵᠢ ᠨᠤᠴᠤᠭᠠᠵᠦ᠂ ᠬᠡᠷ ᠢ᠋ ᠨᠢ ᠲᠤᠯᠠᠭᠠᠯᠠᠵᠦ ᠦᠭᠬᠦ᠎ᠳᠤ᠂ ᠨᠠᠰᠤᠲᠠᠢ ᠡᠵᠢ ᠰᠠᠢᠨ ᠲᠤᠷᠠᠴᠤᠳ᠎ᠤᠨ ᠭᠠᠷ ᠢ᠋ ᠪᠠᠷᠢᠵᠦ᠄ 《ᠤᠳᠤ ᠬᠠᠯᠠᠭᠤᠨ ᠲᠤᠯᠠᠭᠠᠨ ᠤᠨᠲᠠᠵᠦ ᠲᠡᠢᠯᠬᠦ ᠪᠤᠯᠵᠠᠢ》 ᠬᠡᠵᠦ ᠨᠢᠯᠪᠤᠰᠤ ᠪᠦᠮᠪᠦᠷᠢᠭᠦᠯᠦᠨ ᠬᠡᠯᠡᠪᠡ᠃


2.png


ᠴᠠᠭᠠᠨ ᠰᠠᠷ᠎ᠠ᠂ ᠨᠠᠢ᠍ᠮᠠᠨ ᠰᠠᠷ᠎ᠠ᠎ᠶᠢᠨ ᠲᠡᠷᠬᠡᠯ ᠪᠠᠶᠠᠷ ᠲᠣᠬᠢᠶᠠᠯᠳᠤᠪᠠᠯ᠂ ᠳᠡᠳᠡ ᠪᠠᠰᠠ ᠠᠷᠭ᠎ᠠ ᠬᠡᠯᠪᠡᠷᠢ ᠪᠠᠨ ᠬᠤᠪᠢᠷᠠᠭᠤᠯᠤᠨ ᠬᠠᠢᠷ᠎ᠠ ᠬᠠᠯᠠᠮᠵᠢ ᠬᠦᠷᠭᠡᠲᠡᠭ᠃ 2024 ᠣᠨ᠎ᠤ ᠴᠠᠭᠠᠨ ᠰᠠᠷ᠎ᠠ᠎ᠳᠤ᠂ ᠰᠠᠢᠨ ᠳᠤᠷᠠᠴᠤᠳ ᠬᠣᠰᠢᠭᠤᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠬᠥᠮᠥᠰ ᠲᠠᠢ ᠬᠠᠮᠲᠤᠷᠠᠨ ᠮᠠᠯᠵᠢᠬᠤ ᠣᠷᠣᠨ᠎ᠳᠤ ᠬᠦᠷᠴᠦ᠂ 1000 ᠬᠤᠪᠢ ᠬᠢᠲᠠᠳ ᠮᠤᠩᠭᠤᠯ ᠬᠣᠣᠰ ᠤᠶᠠᠩᠭ᠎ᠠ ᠪᠢᠴᠢᠵᠦ᠂ ᠮᠠᠯᠴᠢᠨ ᠠᠢᠯ᠎ᠤᠨ ᠡᠭᠦᠳᠡᠨ᠎ᠳᠦ ᠨᠠᠭᠠᠵᠤ᠂ ᠴᠠᠭᠠᠨ ᠰᠠᠷ᠎ᠠ᠎ᠶᠢᠨ ᠠᠭᠤᠷ ᠠᠮᠢᠰᠬᠤᠯ᠎ᠢ ᠦᠳᠭᠡᠷᠡᠭᠦᠯᠪᠡ᠃ ᠵᠡᠷᠭᠡᠯᠡᠲᠡᠭᠡ ᠣᠲᠣᠭ ᠬᠣᠰᠢᠭᠤᠨ᠎ᠤ ᠲᠠᠮᠪᠠᠷᠠᠭᠰᠠᠨ ᠨᠠᠰᠤᠲᠠᠨ ᠵᠢᠷᠠᠨᠳᠠᠢ ᠬᠦᠷᠲᠡᠯ᠎ᠡ ᠰᠠᠢᠨ ᠳᠤᠷᠠᠴᠤᠳ᠎ᠤᠨ ᠬᠦᠷᠭᠡᠭᠰᠡᠨ ᠴᠠᠭᠠᠨ ᠢᠳᠡᠭᠡᠨ᠎ᠢ ᠲᠤᠰᠤᠨ ᠤᠯᠵᠦ᠂ 《ᠬᠤᠰᠢᠭᠤ ᠠᠯᠤᠰᠯᠠᠭᠠᠳ ᠬᠠᠢᠷ᠎ᠠ ᠬᠠᠯᠠᠮᠵᠢ ᠭᠥᠷᠳᠡᠴᠢᠬᠡᠯ᠎ᠡ》 ᠬᠡᠵᠦ ᠨᠠᠰᠤᠲᠠᠨ᠎ᠤ ᠬᠦᠦ ᠨᠢ ᠤᠲᠠᠰᠤ ᠢᠷᠡᠭᠦᠯᠵᠦ ᠲᠠᠯᠠᠷᠬᠠᠬᠰᠠᠨ ᠪᠠᠢᠪᠠ᠃

ᠡᠨᠡ ᠵᠢᠯ᠎ᠤᠨ 3 ᠰᠠᠷ᠎ᠠ᠎ᠳᠤ᠂ ᠯᠧᠢ ᠹᠧᠩ ᠠ᠋ᠴᠠ ᠲᠠᠭᠠᠨ ᠰᠤᠷᠤᠯᠴᠠᠬᠤ ᠳᠤᠷᠠᠰᠬᠠᠯ᠎ᠤᠨ ᠡᠳᠦᠷ ᠪᠣᠯᠣᠨ 《3·8》 ᠢ᠋ᠢᠨ ᠳᠡᠯᠡᠬᠡᠢ ᠶ᠋ᠢᠨ ᠬᠥᠳᠡᠯᠮᠦᠷᠢᠴᠢᠨ ᠡᠮᠡᠭᠲᠡᠢᠴᠦᠳ᠎ᠦᠨ ᠪᠠᠶᠠᠷ᠎ᠤᠨ ᠡᠳᠦᠷ ᠬᠣᠢᠨ᠎ᠠ ᠬᠣᠢᠨ᠎ᠠ ᠡᠴᠡ᠎ᠪᠠᠨ ᠬᠦᠷᠦᠯᠴᠡᠨ ᠢᠷᠡᠵᠦ᠂ ᠰᠠᠢᠨ ᠳᠤᠷᠠᠴᠤᠳ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠮᠠᠯᠵᠢᠬᠤ ᠣᠷᠣᠨ ᠵᠢᠡᠷ ᠬᠦᠨᠵᠡᠭᠡᠢᠷᠡᠪᠡ᠃ ᠲᠡᠳᠡ ᠡᠪᠡᠳᠴᠢᠨ᠎ᠲᠠᠢ ᠵᠡᠮᠳᠡᠭ ᠨᠠᠰᠤᠲᠠᠨ᠎ᠢ ᠠᠢᠯ ᠡᠷᠦᠬᠡ ᠳᠠᠷᠠᠭᠠᠯᠠᠨ ᠡᠷᠬᠢᠨ ᠦᠵᠡᠵᠦ᠂ ᠴᠣᠩᠬᠣ᠌᠎ᠶᠢ ᠨᠢ ᠵᠦᠯᠭᠦᠨ᠂ ᠬᠦᠷᠢᠶ᠎ᠡ᠎ᠶᠢ ᠨᠢ ᠱᠦᠭᠦᠷᠳᠡᠵᠦ᠂ ᠲᠣᠬᠣᠨᠢᠭᠤᠯᠬᠤ ᠮᠥᠩᠭᠥ ᠪᠣᠯᠣᠨ ᠪᠤᠳᠠᠭ᠎ᠠ᠂ ᠭᠤᠯᠢᠷ᠂ ᠲᠣᠰᠣ᠌ ᠵᠡᠷᠭᠡ ᠲᠣᠬᠣᠨᠢᠭᠤᠯᠬᠤ ᠪᠣᠳᠠᠰ᠎ᠢ ᠨᠠᠰᠤᠲᠠᠨ᠎ᠤ ᠭᠠᠷ᠎ᠲᠤ ᠬᠦᠷᠭᠡᠵᠦ ᠥᠭᠴᠡᠢ; ᠵᠠᠷᠢᠮ ᠨᠠᠰᠤᠲᠠᠨ ᠣᠶᠤᠨᠳᠦ ᠭᠠᠷ ᠤᠲᠠᠰᠤ ᠬᠡᠷᠡᠭᠯᠡᠵᠦ ᠴᠢᠳᠠᠬᠤ ᠦᠭᠡᠢ ᠪᠣᠯᠬᠣᠷ ᠰᠠᠢᠨ ᠳᠤᠷᠠᠴᠤᠳ ᠲᠡᠳᠡᠨ᠎ᠳᠦ ᠬᠦᠯᠢᠴᠡᠩᠭᠦᠢ᠎ᠪᠡᠷ ᠵᠢᠭᠠᠵᠤ ᠥᠭᠲᠡᠭ; ᠲᠡᠲᠡ ᠪᠠᠰᠠ ᠨᠠᠰᠤᠲᠠᠢᠴᠤᠳ ᠲᠸ᠋ ᠠᠯᠪᠠᠨ ᠵᠢᠷᠤᠮ᠎ᠤᠨ ᠦᠰᠦ ᠵᠠᠰᠠᠬᠤ ᠦᠢᠯᠡᠴᠢᠯᠡᠭᠡ ᠬᠠᠩᠭᠠᠵᠦ᠂ ᠨᠠᠰᠤᠲᠠᠢᠴᠤᠳ᠎ᠤᠨ ᠬᠠᠴᠠᠷ ᠲᠸ᠋ ᠪᠠᠶᠠᠷ᠎ᠤᠨ ᠢᠨᠢᠶᠡᠲᠦ ᠪᠢᠯᠬᠠᠯ᠎ᠠ᠃

ᠡᠢᠮᠦᠷᠬᠦᠤ 《ᠪᠢᠴᠢᠯ ᠦᠢᠯᠡᠴᠢᠯᠡᠭᠡ》 ᠨᠢ ᠲᠥᠷᠥᠯ ᠵᠦᠢᠯ᠎ᠦᠨ ᠡᠳᠦᠷ ᠲᠤᠲᠤᠮ᠎ᠤᠨ ᠠᠵᠢᠯ ᠶᠤᠮ᠃ ᠠᠷᠪᠠᠨ ᠵᠢᠯ᠎ᠦᠨ ᠲᠤᠷᠰᠢ᠂ ᠰᠠᠢᠨ ᠳᠤᠷᠠᠴᠤᠳ 60 ᠭᠠᠷᠤᠢ ᠲᠦᠮᠡᠨ ᠲᠥᠭᠥᠷᠢᠭ ᠴᠤᠭᠯᠠᠭᠤᠯᠵᠤ᠂ 1389 ᠶᠠᠳᠠᠭᠤ ᠬᠦᠴᠢᠷᠳᠡᠯᠲᠡᠢ ᠭᠡᠷ ᠪᠦᠯᠢ᠎ᠶᠢ ᠬᠠᠪᠰᠤᠷᠤᠨ ᠬᠦᠴᠢᠷ᠎ᠢ ᠲᠤᠭᠤᠯᠵᠤ᠂ ᠬᠢᠯᠢ ᠬᠢᠵᠠᠭᠠᠷ᠎ᠤᠨ ᠮᠠᠯᠴᠢᠳ᠎ᠲᠤ 128 ᠲᠣᠨ ᠲᠤᠯᠠᠭᠠᠯᠠᠭ᠎ᠠ ᠢ᠋ᠢᠨ ᠨᠡᠭᠦᠷᠡᠰᠦ ᠬᠦᠷᠭᠡᠵᠦ᠂ ᠣᠷᠣᠯᠠᠨ ᠬᠤᠷᠢᠶᠠᠵᠤ ᠲᠠᠷᠬᠠᠭᠠᠬᠰᠠᠨ ᠲᠦᠷᠭᠡᠨ ᠬᠦᠷᠭᠡᠯᠲᠡ᠂ ᠣᠷᠣᠯᠠᠨ ᠬᠤᠳᠠᠯᠳᠤᠨ ᠠᠪᠤᠬᠰᠠᠨ ᠠᠮᠢᠳᠤᠷᠠᠯ᠎ᠤᠨ ᠬᠡᠷᠡᠭᠰᠡᠯ ᠨᠢ 30 ᠭᠠᠷᠤᠢ ᠲᠦᠮᠡᠨ ᠬᠤᠪᠢ ᠪᠠᠢᠯ᠎ᠠ; ᠴᠢᠨᠠᠭᠰᠢᠯᠠᠪᠠᠯ ᠮᠠᠯᠴᠢᠳ᠎ᠢ ᠬᠠᠪᠰᠤᠷᠤᠨ ᠬᠠᠢᠴᠢᠯᠠᠵᠦ ᠰᠠᠮᠨᠠᠬᠰᠠᠨ ᠨᠣᠣᠰᠣ ᠨᠤᠤᠯᠤᠭᠤᠷ ᠨᠢ ᠲᠦᠮᠡ ᠲᠦᠷᠪᠡᠨ ᠮᠢᠩᠭᠠᠨ ᠵᠢᠩ᠎ᠡᠴᠡ ᠬᠡᠲᠦᠷᠡᠪᠡ᠃

ᠦᠢᠯᠡᠴᠢᠯᠡᠭᠡᠨ᠎ᠤ ᠳᠤᠤᠷ᠎ᠢ ᠪᠦᠷᠢᠯᠲᠦᠭᠦᠯᠦᠭᠰᠡᠨ ᠤᠶᠤᠨ ᠤᠬᠠᠭᠠᠨ

ᠬᠢᠯᠢ ᠬᠢᠵᠠᠭᠠᠷ ᠤᠷᠤᠨ᠎ᠳᠤ ᠦᠢᠯᠡᠴᠢᠯᠡᠬᠦ᠎ᠳᠤ ᠬᠦᠴᠢᠷᠲᠡᠯ ᠶᠡᠬᠡ ᠪᠠᠢᠵᠦ᠂ ᠭᠠᠬᠴᠠ᠎ᠬᠦ ᠬᠡᠬᠦᠲᠡᠭ ᠲᠦᠭᠦᠷᠡᠩ ᠬᠠᠯᠠᠭᠤᠨ ᠰᠡᠳᠬᠢᠯᠭᠡ᠎ᠳᠡᠭᠡᠨ ᠲᠦᠰᠢᠭᠯᠡᠭᠡᠳ ᠯᠡ ᠪᠤᠯᠬᠤ ᠪᠢᠰᠢ᠂ ᠪᠠᠰᠠ ᠠᠷᠭ᠎ᠠ ᠬᠡᠮᠵᠢᠶ᠎ᠡ ᠪᠠᠢᠬᠤ ᠬᠡᠷᠡᠭᠲᠡᠢ᠃ 《ᠬᠠᠢᠷ᠎ᠠ ᠬᠠᠯᠠᠮᠵᠢ ᠬᠦᠷᠲᠡᠭᠡᠬᠦ ᠲᠦᠯᠦᠪᠯᠡᠭᠡ》 ᠵᠢ ᠠᠷᠪᠠᠨ ᠵᠢᠯ ᠬᠢᠵᠦ ᠴᠢᠲᠠᠬᠰᠠᠨ ᠨᠢ ᠡᠯ᠎ᠡ ᠲᠠᠯ᠎ᠠ᠎ᠶᠢᠨ ᠬᠦᠴᠦᠨ᠎ᠢ ᠨᠢᠭ᠍ᠲᠠᠷᠠᠭᠤᠯᠵᠦ ᠲᠦᠰᠢᠭᠯᠡᠭᠰᠡᠨ᠎ᠡᠴᠡ ᠪᠣᠯᠤᠭᠰᠠᠨ ᠶᠤᠮ᠃


3.png


ᠪᠤᠶᠠᠨ ᠰᠠᠢᠨ ᠳᠤᠷᠠᠴᠤᠳ᠎ᠤᠨ ᠨᠡᠢᠭᠡᠮᠯᠢᠭ᠎ᠦᠨ 189 ᠭᠡᠰᠢᠭᠦᠨ᠎ᠦ ᠳᠣᠲᠣᠷ᠎ᠠ ᠮᠠᠯᠴᠢᠨ᠂ ᠪᠠᠭ᠍ᠰᠢ᠂ ᠠᠵᠢᠯ ᠡᠴᠡ᠎ᠪᠠᠨ ᠠᠮᠠᠷᠠᠭᠰᠠᠨ ᠺᠠᠳ᠋ᠷ᠂ ᠴᠢᠨᠠᠭᠰᠢᠯᠠᠪᠠᠯ ᠲᠣᠮᠢᠯᠠᠭᠰᠠᠨ ᠰᠠᠯᠪᠤᠷᠢ ᠶ᠋ᠢᠨ 《ᠮᠣᠲ᠋ᠣᠷᠲᠤ ᠴᠠᠭᠳᠠᠭ᠎ᠠ》 ᠪᠠᠢᠲᠠᠭ᠃ ᠴᠤᠭ᠍ᠡᠦ᠋ᠨᠲᠦᠷ ᠪᠠᠯᠭᠠᠰᠤᠨ᠎ᠤ 《ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ》 ᠳ᠋ᠤ ᠠᠷᠠᠳ᠎ᠤᠨ ᠴᠠᠭᠳᠠᠭ᠎ᠠ ᠦᠷᠭᠦᠯᠵᠢ ᠰᠠᠢᠨ ᠳᠤᠷᠠᠴᠤᠳ᠎ᠲᠠᠢ ᠬᠠᠮᠲᠤ ᠠᠵᠢᠯᠯᠠᠳᠠᠭ᠄ ᠠᠷᠠᠳ᠎ᠤᠨ ᠴᠠᠭᠳᠠᠭ᠎ᠠ ᠬᠡᠨ᠎ᠦ ᠬᠢᠨ᠎ᠤ ᠤᠨᠴᠠᠭᠠᠢ ᠪᠠᠢᠳᠠᠯ ᠲᠠᠢ ᠪᠠᠢᠬᠤ᠎ᠶᠢ ᠰᠠᠢᠨ ᠮᠡᠳᠡᠳᠡᠭ᠂ ᠰᠠᠢᠨ ᠳᠤᠷᠠᠴᠤᠳ ᠬᠠᠷᠠᠭᠠᠯᠵᠠᠬᠤ᠎ᠳᠠᠭᠠᠨ ᠴᠢᠳᠠᠮᠠᠭᠠᠢ ᠪᠠᠢᠳᠠᠭ᠎ᠢᠶᠠᠷ 《ᠴᠠᠭᠳᠠᠭ᠎ᠠ ᠠᠷᠠᠳ᠎ᠤᠨ ᠰᠠᠢᠨ ᠳᠤᠷ᠎ᠠ᠎ᠶᠢᠨ ᠬᠠᠨᠢᠳᠠᠨ》 ᠢ᠋ ᠪᠦᠷᠢᠯᠳᠦᠭᠦᠯᠵᠡᠢ᠃ ᠶᠠᠭ ᠳ᠋ᠦᠩ ᠰᠢᠶᠠᠨ ᠽᠣᠣ᠎ᠶᠢᠨ ᠬᠢᠨ᠎ᠢ ᠬᠠᠪᠰᠤᠷᠤᠭᠰᠠᠨ ᠲᠡᠷᠡ ᠤᠳᠠᠭ᠎ᠠ᠎ᠲᠠᠢ ᠠᠳᠠᠯᠢ᠎ᠪᠠᠷ᠂ ᠲᠣᠮᠢᠯᠠᠭᠰᠠᠨ ᠰᠠᠯᠪᠤᠷᠢ᠎ᠶᠢᠨ ᠴᠠᠭᠳᠠᠭ᠎ᠠ ᠨᠠᠷ ᠨᠠᠰᠤᠲᠠᠨ᠎ᠤ ᠬᠡᠷ᠎ᠤᠨ ᠬᠤᠯᠠᠩ᠎ᠤᠨ ᠶᠡᠬᠡ ᠪᠠᠭ᠎ᠠ ᠵᠢ ᠤᠷᠢᠳᠴᠢᠯᠠᠨ ᠣᠢᠯᠠᠭᠠᠵᠤ᠂ ᠰᠠᠢᠨ ᠳᠤᠷᠠᠴᠤᠳ ᠮᠠᠲᠧᠷᠢᠶᠠᠯ᠎ᠢ ᠰᠠᠢᠲᠤᠷ ᠪᠡᠯᠡᠳᠬᠡᠭᠰᠡᠨ ᠢ᠋ᠢᠡᠷ᠂ ᠦᠷ᠎ᠡ ᠪᠦᠲᠦᠮᠵᠢ ᠥᠨᠳᠥᠷ ᠪᠤᠯᠤᠬᠰᠠᠨ ᠮᠦᠷᠲᠡᠭᠡᠨ ᠮᠠᠯᠴᠢᠳ ᠴᠸ᠋ ᠰᠡᠳᠬᠢᠯ ᠬᠠᠨᠤᠮᠵᠢᠲᠠᠢ ᠪᠠᠢᠪᠠ᠃

ᠨᠡᠢᠭᠡᠮᠯᠢᠭ᠎ᠦᠨ ᠥᠯᠵᠡᠢᠪᠠᠶᠠᠷ ᠪᠣᠯᠣᠨ ᠨᠠᠪᠴᠢ ᠡᠷ᠎ᠡ ᠡᠮ᠎ᠡ ᠪᠣᠯ ᠤᠯᠠᠨ᠎ᠢᠶᠠᠷ᠎ᠢᠶᠠᠨ ᠮᠡᠳᠡᠷᠡᠵᠦ ᠪᠠᠢᠭ᠎ᠠ 《ᠰᠠᠢᠨ ᠳᠤᠷ᠎ᠠ᠎ᠶᠢᠨ ᠵᠢᠱ᠌ᠢᠶᠡᠴᠢ》 ᠮᠥᠨ᠃ ᠡᠷ᠎ᠡ ᠡᠮ᠎ᠡ ᠬᠣᠶᠠᠭᠤᠯᠠ᠎ᠶᠢᠨ ᠮᠣᠲ᠋ᠣᠷ ᠲᠡᠷᠭᠡᠨ᠎ᠦ ᠠᠷᠤ᠎ᠶᠢᠨ ᠠᠪᠳᠠᠷ᠎ᠠ᠎ᠳᠤ ᠶᠡᠷᠦ ᠨᠢ ᠮᠠᠯᠴᠢᠳ᠎ᠤᠨ ᠨᠠᠢᠲᠠᠨ ᠵᠠᠬᠢᠬᠰᠠᠨ ᠲᠦᠷᠬᠡᠨ ᠬᠦᠷᠬᠡᠯᠲᠡ ᠪᠠᠢᠲᠠᠭ᠂ ᠡᠮ᠎ᠦᠨ ᠵᠦᠢᠯᠡᠰ᠎ᠡᠴᠡ ᠬᠡᠦᠬᠡᠳ᠎ᠦᠨ ᠬᠢᠴᠢᠶᠡᠯ᠎ᠦᠨ ᠳᠡᠪᠲᠡᠷ ᠬᠦᠷᠲᠡᠯ᠎ᠡ ᠶᠡᠷᠦ᠎ᠡᠴᠡ ᠠᠯᠳᠠᠭ᠎ᠠ ᠪᠤᠷᠤᠭᠤ ᠭᠠᠷᠭᠠᠵᠤ ᠥᠩᠭᠡᠷᠡᠭᠰᠡᠨ ᠦᠭᠡᠢ; ᠰᠠᠢᠨ ᠳᠤᠷᠠᠴᠤᠳ ᠮᠠᠯᠵᠢᠬᠤ ᠣᠷᠣᠨ᠎ᠳᠤ ᠣᠴᠢᠵᠤ ᠦᠢᠯᠡᠴᠢᠯᠡᠬᠦ᠎ᠳᠦ᠂ ᠨᠠᠪᠴᠢ ᠢᠮᠠᠬᠲᠠ ᠰᠦ᠎ᠲᠠᠢ ᠴᠠᠢ᠎ᠪᠠᠨ ᠤᠷᠢᠳᠴᠢᠯᠠᠨ ᠴᠢᠨᠠᠵᠤ᠂ ᠬᠦᠨᠡᠰᠦ᠎ᠪᠡᠨ ᠪᠡᠯᠡᠳᠬᠡᠲᠡᠭ; 《ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ》 ᠤ᠋ᠨ ᠨᠠᠰᠤᠲᠠᠳ ᠪᠦᠷ ᠲᠡᠳᠡᠨ᠎ᠢ ᠲᠠᠨᠢᠳᠠᠭ᠂ ᠥᠯᠵᠡᠢᠪᠠᠶᠠᠷ ᠨᠠᠰᠤᠲᠠᠳ᠎ᠤᠨ ᠬᠢᠮᠤᠰᠤ᠎ᠶᠢ ᠬᠠᠢᠴᠢᠯᠠᠨ᠂ ᠷᠠᠳᠢᠣ᠋᠎ᠶᠢ ᠵᠠᠰᠠᠨ ᠥᠭᠴᠦ᠂ ᠨᠠᠪᠴᠢ ᠬᠤᠪᠴᠠᠰᠤ ᠬᠤᠨᠠᠷ᠎ᠢ ᠨᠢ ᠤᠬᠢᠶᠠᠨ᠂ ᠬᠥᠨᠵᠢᠯᠡ ᠳᠡᠪᠢᠰᠬᠡᠷ᠎ᠢ ᠨᠢ ᠨᠠᠷᠠᠨ᠎ᠳᠦ ᠳᠡᠯᠭᠡᠵᠦ ᠬᠠᠳᠠᠭᠠᠵᠦ ᠥᠭᠲᠡᠭ ᠨᠢ ᠲᠦᠷᠦᠯ ᠰᠠᠳᠤᠨ ᠡᠴᠡ ᠨᠢ ᠴᠤ᠌ ᠢᠯᠡᠭᠦᠦ ᠳᠣᠲᠣᠨᠣ᠌ ᠪᠠᠢᠳᠠᠭ᠃ ᠵᠠᠯᠭᠠᠭ᠎ᠠ᠎ᠪᠠᠷ ᠭᠤᠷᠪᠠᠨ ᠵᠢᠯ᠎ᠦᠨ ᠴᠠᠭᠠᠨ ᠰᠠᠷ᠎ᠠ᠎ᠳᠤ᠂ ᠲᠡᠲᠡ ᠬᠣᠶᠠᠭᠤᠯᠠ ᠲᠦᠷᠦᠭᠦᠯᠡᠨ 《ᠥᠯᠵᠡᠢᠲᠦ ᠨᠠᠰᠤᠲᠠᠨ᠎ᠤ ᠴᠢᠨᠳᠠᠮᠤᠨᠢ ᠪᠠᠶᠠᠷ᠎ᠤᠨ ᠡᠳᠦᠷ》 ᠢ᠋ ᠡᠷᠭᠢᠯᠡᠵᠦ᠂ ᠨᠠᠰᠤᠲᠠᠳ ᠲᠸ᠋ ᠮᠢᠬ᠎ᠠ ᠴᠢᠨᠠᠵᠦ ᠢᠳᠡᠭᠦᠯᠤᠨ᠂ ᠤᠷᠠᠨ ᠰᠠᠢᠬᠠᠨ᠎ᠤ ᠲᠣᠭᠯᠠᠯᠲᠠ ᠦᠵᠡᠭᠦᠯᠵᠦ᠂ ᠨᠠᠰᠤᠲᠠᠳ᠄ 《ᠲᠠᠳᠠ ᠪᠠᠢᠭᠰᠠᠨ ᠴᠠᠭ᠎ᠲᠤ᠂ ᠰᠢᠨᠡᠯᠡᠬᠦ᠎ᠳ᠋ᠤ ᠬᠡᠦᠬᠡᠳ᠎ᠦᠨ᠎ᠢᠶᠡᠨ ᠬᠠᠵᠠᠭᠤ᠎ᠳᠤ ᠪᠠᠢᠬᠤ ᠠ᠋ᠴᠠ ᠴᠤ᠌ ᠢᠯᠡᠭᠦᠦ ᠨᠠᠷᠭᠢᠶᠠᠨ᠎ᠲᠠᠢ ᠪᠠᠢᠳᠠᠭ》 ᠭᠡᠵᠡᠢ᠃

ᠦᠷᠭᠦᠯᠵᠢᠯᠡᠬᠦ ᠬᠦᠭᠵᠢᠯᠳᠠ ᠵᠢᠨ ᠰᠢᠨ᠎ᠡ ᠵᠢ ᠡᠭᠦᠲᠦᠭᠰᠡᠨ ᠦᠢᠯᠡᠲᠦᠯᠭᠡ

ᠰᠠᠢᠨ ᠳᠤᠷ᠎ᠠ ᠶ᠋ᠢᠨ ᠦᠢᠯᠡᠴᠢᠯᠡᠭᠡ ᠬᠢᠬᠦ᠎ᠳᠦ ᠨᠢᠭᠡᠨ ᠦᠶ᠎ᠡ ᠢ᠋ᠢᠨ ᠰᠠᠯᠬᠢᠨ ᠰᠢᠬ ᠦᠩᠭᠡᠷᠡᠭᠡᠭᠡᠳ ᠪᠠᠷᠠᠴᠢᠬᠠᠬᠤ ᠡᠴᠡ ᠵᠠᠢᠯᠠᠰᠬᠢᠬᠦ ᠨᠢ ᠮᠠᠰᠢ ᠴᠢᠬᠤᠯᠠ ᠪᠠᠢᠲᠠᠭ᠃ 《ᠬᠠᠢᠷ᠎ᠠ ᠬᠠᠯᠠᠮᠵᠢ ᠬᠦᠷᠲᠡᠭᠡᠬᠦ ᠲᠥᠯᠥᠪᠯᠡᠭᠡ》 ᠢ᠋ᠢᠨ ᠠᠷᠪᠠᠨ ᠵᠢᠯ ᠦᠨᠳᠦᠰᠦ ᠬᠠᠳᠬᠤᠭᠰᠠᠨ᠎ᠤ ᠵᠠᠩᠭᠢᠯᠠᠭ᠎ᠠ ᠨᠢ ᠦᠷᠭᠦᠯᠵᠢᠯᠡᠬᠦ ᠬᠦᠭᠵᠢᠯᠳᠡ ᠵᠢᠨ ᠵᠠᠮ ᠢ᠋ ᠡᠷᠢᠵᠦ ᠣᠯᠣᠭᠰᠠᠨ᠎ᠳᠤ ᠣᠷᠣᠰᠢᠨ᠎ᠠ᠃

ᠲᠦᠷᠦᠯ ᠵᠦᠢᠯ ᠨᠢ ᠵᠦᠪᠬᠡᠨ ᠪᠤᠰᠤᠳ᠎ᠢ ᠬᠠᠪᠰᠤᠷᠬᠤ᠎ᠶᠠᠪᠤᠲᠠᠯ ᠳᠡᠳᠦᠢ ᠪᠢᠰᠢ᠂ ᠪᠠᠰᠠ ᠬᠢᠯᠢ ᠬᠢᠵᠠᠭᠠᠷ᠎ᠤᠨ ᠠᠮᠤᠷ ᠲᠤᠬᠳᠠᠭᠤᠨ᠎ᠤ 《ᠶᠡᠬᠡ ᠶᠠᠪᠤᠳᠠᠯ》 ᠲᠠᠢ ᠬᠣᠯᠪᠣᠭᠳᠠᠨ᠎ᠠ᠃ ᠵᠢᠱ᠌ᠢᠶᠡᠯᠡᠪᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠤᠶᠠᠯᠳᠤᠭᠤᠯᠤᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠮᠠᠯᠵᠢᠬᠤ ᠣᠷᠣᠨ᠎ᠳᠤ ᠬᠦᠨᠵᠡᠭᠡᠢᠷᠡᠵᠦ ᠲᠦᠷᠦ᠎ᠶᠢᠨ ᠪᠣᠳᠣᠯᠭ᠎ᠠ᠎ᠶᠢ ᠤᠬᠠᠭᠤᠯᠵᠦ᠂ ᠮᠡᠷᠭᠡᠵᠢᠯ ᠵᠢᠭᠠᠯᠭᠠᠵᠤ᠂ ᠮᠠᠯᠴᠢᠳ᠎ᠲᠤ 《ᠶᠠᠭᠤ ᠲᠠᠷᠢᠪᠠᠯ ᠵᠣᠭᠣᠰ ᠣᠯᠵᠤ ᠳᠡᠶ᠋ᠢᠯᠬᠦ》᠂ 《ᠬᠡᠷᠬᠢᠨ ᠲᠡᠵᠢᠭᠡᠨ ᠦᠷᠡᠵᠢᠭᠦᠯᠪᠡᠯ ᠨᠡᠩ ᠰᠢᠨᠵᠢᠯᠡᠬᠦ ᠤᠬᠠᠭᠠᠨᠴᠢ ᠪᠣᠯᠬᠤ》 ᠶ᠋ᠢ ᠬᠡᠯᠡᠵᠦ ᠥᠭᠭᠦᠨ᠎ᠡ; ᠠᠮᠢ ᠠᠬᠤᠢ᠎ᠶᠢᠨ ᠬᠠᠮᠠᠭᠠᠯᠠᠯᠲᠠ ᠢ᠋ᠢᠨ ᠲᠠᠯ᠎ᠠ ᠪᠡᠷ᠂ ᠰᠠᠢᠨ ᠳᠤᠷᠠᠴᠤᠳ ᠬᠦᠷᠵᠡ ᠪᠠᠷᠢᠵᠤ᠂ 《ᠪᠤᠶᠠᠨ ᠨᠡᠶ᠋ᠢᠲᠡ᠎ᠶᠢᠨ ᠠᠰᠠᠷᠠᠮᠵᠢ᠎ᠶᠢᠨ ᠤᠢ》 ᠵᠢᠨ ᠡᠩᠨᠡᠭᠡ᠎ᠶᠢ ᠲᠠᠭᠠᠵᠦ ᠮᠣᠳᠣ᠌ ᠲᠠᠷᠢᠪᠠ᠂ ᠡᠳᠡᠭᠡᠷ ᠵᠢᠯ᠎ᠦᠳ᠎ᠲᠦ 2.2 ᠲᠦᠮᠡᠨ ᠰᠠᠭᠤᠷᠢ ᠵᠤᠯᠵᠠᠭ᠎ᠠ ᠮᠣᠳᠣ᠌ ᠲᠠᠷᠢᠵᠦ᠂ 1399 ᠮᠦ᠍ ᠤᠢ ᠰᠢᠭᠤᠢ ᠠᠮᠢ ᠠᠬᠤᠢ ᠵᠢᠨ ᠬᠠᠯᠬᠠᠪᠴᠢ ᠪᠤᠯᠵᠦ ᠰᠠᠯᠬᠢ ᠰᠢᠭᠤᠷᠭ᠎ᠠ᠎ᠶᠢ ᠪᠦᠳᠦᠮᠵᠢᠳᠡᠢ ᠬᠠᠯᠬᠠᠯᠠᠵᠠᠢ᠃ ᠦᠢᠯᠡᠴᠢᠯᠡᠭᠡ ᠪᠣᠯᠣᠨ ᠬᠥᠭᠵᠢᠯᠲᠡ᠎ᠶᠢ ᠨᠢᠭ᠍ᠲᠠᠷᠠᠭᠤᠯᠪᠠᠯ ᠲᠦᠷᠦᠯ ᠵᠦᠢᠯ ᠨᠡᠩ ᠪᠠᠲᠤ ᠰᠠᠭᠤᠷᠢ᠎ᠲᠠᠢ ᠪᠣᠯᠬᠤ ᠶᠤᠮ᠃


4.png


ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠨᠢ ᠲᠥᠷᠥᠯ ᠵᠦᠢᠯ᠎ᠦᠨ ᠴᠢᠬᠤᠯᠠ ᠨᠢᠭᠡ ᠭᠣᠭᠴᠣᠭ᠎ᠠ ᠪᠣᠯᠤᠭᠰᠠᠨ ᠪᠠᠢᠨ᠎ᠠ᠃ ᠡᠨᠡ ᠵᠢᠯ᠎ᠤᠨ 6 ᠰᠠᠷ᠎ᠠ᠎ᠶᠢᠨ 20 ᠎ᠤ᠋ ᠡᠳᠦᠷ᠂ 《ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ》 ᠤ᠋ᠨ ᠨᠢᠭᠡ ᠡᠷᠦᠬᠡ᠎ᠶᠢᠨ ᠤᠰᠤᠨ ᠭᠣᠭᠣᠵᠢᠭᠤᠷ ᠭᠡᠨᠡᠳᠲᠡ ᠬᠠᠭᠠᠷᠠᠵᠤ᠂ ᠤᠰᠤ ᠨᠢ ᠡᠭᠦᠳᠡᠨ᠎ᠦ ᠵᠠᠪᠰᠠᠷ᠎ᠢᠶᠠᠷ ᠭᠠᠳᠠᠭ᠍ᠰᠢ ᠤᠷᠤᠰᠪᠠ᠃ ᠰᠠᠢᠨ ᠳᠤᠷᠠᠴᠤᠳ ᠴᠢᠮᠡᠭᠡ ᠣᠯᠵᠤ᠂ ᠬᠥᠷᠰᠢ ᠵᠡᠷᠭᠡᠯᠡᠳᠡᠭᠡ᠎ᠶᠢᠨ ᠬᠢᠨ᠎ᠲᠠᠢ᠎ᠬᠠᠮᠲᠦ ᠰᠠᠭᠤᠯᠠᠭ᠎ᠠ ᠳᠡᠭᠦᠵᠢᠯᠡᠨ᠂ ᠵᠦᠯᠭᠦᠭᠦᠷ ᠪᠠᠷᠢᠵᠦ ᠦᠳᠲᠡᠷ ᠲᠦᠷᠭᠡᠨ ᠬᠦᠷᠦᠯᠴᠡᠨ ᠢᠷᠡᠵᠦ᠂ ᠶᠡᠷᠦᠩᠬᠡᠢ ᠬᠠᠭᠠᠯᠭ᠎ᠠ ᠵᠢ ᠨᠢ ᠬᠠᠭᠠᠵᠤ᠂ ᠰᠢᠨ᠎ᠡ ᠤᠰᠤᠨ ᠭᠣᠭᠣᠵᠢᠭᠤᠷ ᠰᠣᠯᠢᠵᠤ᠂ ᠬᠤᠷᠠᠭᠰᠠᠨ ᠤᠰᠤ ᠵᠢ ᠴᠡᠪᠡᠷᠯᠡᠨ᠂ ᠬᠣᠬᠢᠷᠠᠯ ᠶᠡᠬᠡᠳᠬᠦ᠎ᠡᠴᠡ ᠵᠠᠢᠯᠠᠰᠬᠢᠵᠦ ᠴᠢᠳᠠᠵᠠᠢ᠃ ᠲᠤᠰ ᠰᠠᠷ᠎ᠠ᠎ᠳᠤᠨᠢ᠂ ᠨᠡᠢᠭᠡᠮᠯᠢᠭ᠎ᠦᠨ ᠭᠡᠰᠢᠭᠦᠨ ᠤᠷᠢᠬᠠᠨ ᠭᠡᠨᠡᠳᠲᠡ ᠬᠦᠨᠳᠦ ᠡᠪᠡᠳᠴᠢᠯᠡᠵᠦ᠂ ᠡᠮ ᠡᠮᠨᠡᠯᠭᠡ᠎ᠶᠢᠨ ᠥᠨᠳᠥᠷ ᠵᠠᠷᠤᠳᠠᠯ ᠨᠢ ᠨᠢᠭᠡ ᠭᠡᠷ᠎ᠦᠨ ᠬᠥᠮᠥᠰ᠎ᠢ ᠭᠠᠴᠢᠭ᠍ᠳᠠᠭᠤᠯᠵᠠᠢ᠃ ᠮᠡᠳᠡᠭᠡ᠎ᠶᠢ ᠨᠡᠢᠭᠡᠮᠯᠢᠭ᠎ᠡᠴᠡ ᠲᠠᠷᠬᠠᠭᠠᠭᠰᠠᠨ᠎ᠤ ᠲᠠᠷᠠᠭ᠎ᠠ᠂ ᠰᠠᠢᠨ ᠳᠤᠷᠠᠴᠤᠳ ᠢᠳᠡᠪᠬᠢᠳᠡᠢ ᠬᠠᠨᠳᠢᠪᠯᠠᠵᠦ 24 ᠴᠠᠭ᠎ᠤᠨ ᠳᠣᠲᠣᠷ᠎ᠠ 10240 ᠲᠥᠭᠥᠷᠢᠭ ᠴᠤᠭᠯᠠᠭᠤᠯᠵᠠᠢ᠃ ᠤᠯᠠᠨ᠎ᠢᠶᠠᠷ᠎ᠢᠶᠠᠨ ᠬᠠᠨᠳᠢᠪ ᠮᠥᠩᠭᠥ᠎ᠪᠡᠨ ᠡᠷᠭᠦᠵᠦ ᠡᠮᠨᠡᠯᠭᠡ᠎ᠳᠦ ᠬᠦᠷᠴᠦ ᠦᠵᠡᠬᠦ᠎ᠳᠦ᠂ ᠤᠷᠢᠬᠠᠨ᠎ᠤ ᠡᠬᠡᠨᠡᠷ᠄ 《ᠨᠡᠢᠭᠡᠮᠯᠢᠭ ᠪᠣᠯ ᠪᠢᠳᠡᠨ᠎ᠦ ᠲᠦᠰᠢᠭ ᠲᠤᠯᠭᠠᠭᠤᠷᠢ ᠮᠥᠨ》 ᠭᠡᠵᠦ ᠨᠢᠯᠪᠤᠰᠤ ᠪᠠᠨ ᠠᠷᠴᠢᠨ ᠬᠡᠯᠡᠪᠡ᠃

ᠤᠮᠠᠷᠠᠲᠤ ᠬᠢᠯᠢ᠎ᠶᠢᠨ ᠲᠠᠯ᠎ᠠ ᠨᠤᠲᠤᠭ᠎ᠲᠤ᠂ 《ᠬᠠᠢᠷ᠎ᠠ ᠬᠠᠯᠠᠮᠵᠢ ᠬᠦᠷᠲᠡᠭᠡᠬᠦ ᠲᠥᠯᠥᠪᠯᠡᠭᠡ》 ᠨᠢ ᠠᠯᠭᠤᠷ ᠢ᠋ᠢᠡᠷ ᠦᠰᠴᠦ ᠪᠠᠢᠭ᠎ᠠ ᠮᠤᠳᠤ ᠰᠢᠬ ᠢ᠋ᠢᠡᠷ ᠠᠷᠠᠳ᠎ᠤᠨ ᠠᠮᠢᠳᠤᠷᠠᠯ᠎ᠤᠨ ᠬᠡᠷᠡᠭᠴᠡᠭᠡ ᠱᠠᠭᠠᠷᠳᠠᠯᠭ᠎ᠠ᠎ᠳᠤ ᠦᠨᠳᠦᠰᠦᠯᠡᠵᠦ᠂ ᠰᠠᠯᠠᠭ᠎ᠠ ᠨᠠᠮᠠᠭ᠎ᠠ ᠨᠢ ᠡᠯ᠎ᠡ ᠲᠠᠯ᠎ᠠ᠎ᠶᠢᠨ ᠬᠦᠴᠦᠨ᠎ᠳᠤ ᠪᠦᠳᠦᠭᠦᠷᠡᠨ ᠰᠠᠬᠤᠯᠢᠬᠵᠢᠵᠦ᠂ ᠠᠷᠪᠠᠨ ᠵᠢᠯ᠎ᠤᠨ ᠴᠢᠷᠮᠠᠢᠯᠭ᠎ᠠ ᠵᠢ ᠥᠩᠭᠡᠷᠡᠭᠦᠯᠤᠨ᠂ 《ᠬᠦᠴᠢᠷᠳᠡᠯᠲᠡᠢ᠎ᠶᠢ ᠬᠠᠪᠰᠤᠷᠬᠤ》 ᠦᠷ᠎ᠡ ᠵᠢᠮᠢᠰ ᠰᠠᠭᠤᠯᠭᠠᠭᠰᠠᠨ᠎ᠢᠶᠠᠷ ᠪᠠᠷᠠᠬᠤ ᠦᠭᠡᠢ᠂ ᠨᠡᠩ ᠴᠤ᠌ 《ᠬᠠᠮᠲᠤ ᠪᠠᠷ ᠵᠠᠰᠠᠬᠤ》 ᠴᠢᠬᠢ ᠮᠣᠳᠣ᠌ ᠳᠠᠷᠢᠵᠠᠢ᠃ ᠲᠡᠭᠷᠢ ᠭᠠᠵᠠᠷ᠎ᠢ ᠳᠣᠩᠰᠣᠯᠭᠠᠬᠤ ᠴᠢᠬᠤᠯᠠ ᠦᠭᠡᠢ᠂ ᠪᠠᠭ᠎ᠠ ᠶᠠᠪᠤᠳᠠᠯ ᠪᠣᠯᠭᠠᠨ᠎ᠢ ᠰᠠᠢᠨ ᠬᠢᠬᠦ ᠨᠢ ᠨᠡᠩ ᠴᠢᠬᠤᠯᠠ᠃ ᠲᠤᠰ ᠲᠦᠷᠦᠯ ᠵᠦᠢᠯ ᠨᠢ ᠰᠠᠢᠨ ᠲᠤᠷ᠎ᠠ ᠢ᠋ᠢᠨ ᠦᠢᠯᠡᠴᠢᠯᠡᠭᠡ ᠢ᠋ᠢᠨ ᠤᠳᠬ᠎ᠠ ᠠᠭᠤᠯᠭ᠎ᠠ ᠵᠢ ᠬᠢᠯᠢ ᠬᠢᠵᠠᠭᠠᠷ ᠤᠷᠤᠨ᠎ᠳᠤ ᠦᠢᠯᠡᠲᠦᠯᠭᠡᠵᠢᠭᠦᠯᠦᠨ᠂ ᠬᠢᠯᠢ ᠬᠢᠵᠠᠭᠠᠷ᠎ᠤᠨ ᠠᠮᠢᠳᠤᠷᠠᠯ᠎ᠢ ᠡᠳᠦᠷ᠎ᠡᠴᠡ ᠡᠳᠦᠷ ᠳᠤᠯᠠᠭᠠᠴᠠᠭᠤᠯᠤᠨ᠎ᠠ᠃

(ᠬᠡᠷᠡᠯ ᠵᠢᠷᠤᠭ᠎ᠤᠳ ᠪᠤᠯ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠠᠵᠢᠯᠯᠠᠭ᠎ᠠ ᠪᠤᠯᠤᠨ᠎ᠠ᠃ ᠤᠷᠠᠳ᠎ᠤᠨ ᠬᠤᠢᠲᠦ ᠬᠤᠰᠢᠭᠤᠨ᠎ᠤ ᠨᠠᠮ᠎ᠤᠨ ᠬᠤᠷᠢᠶ᠎ᠠ ᠢ᠋ᠢᠨ ᠨᠡᠢᠭᠡᠮ᠎ᠤᠨ ᠠᠵᠢᠯ᠎ᠤᠨ ᠬᠡᠯᠲᠡᠰ ᠡᠴᠡ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号