ᠣᠷᠳᠣᠰ ᠬᠤᠳᠠ᠎ᠶᠢᠨ ᠬᠠᠩᠭᠢᠨ ᠬᠣᠰᠢᠭᠤᠨ᠎ᠤ ᠰᠢᠨ᠎ᠡ ᠪᠠᠯᠭᠠᠰᠤ᠎ᠶᠢᠨ ᠢᠦᠢ ᠼᠠᠢ ᠨᠡᠢᠭᠡᠮ ᠲᠣᠭᠣᠷᠢᠭ᠋᠎ᠲᠤ᠂ ᠬᠠᠩᠭᠢᠨ ᠬᠣᠰᠢᠭᠤᠨ᠎ᠤ ᠠᠬᠠᠮᠠᠳ ᠺᠠᠳ᠋ᠷᠴᠤᠳ᠎ᠤᠨ ᠦᠢᠯᠡᠴᠢᠯᠡᠭᠡᠨ᠎ᠦ ᠲᠥᠪ᠎ᠦᠨ ᠠᠵᠢᠯᠲᠠᠳ ᠲᠦᠷᠦᠭᠦᠭᠡᠨ ᠠᠮᠧᠷᠢᠺᠠ᠎ᠶᠢ ᠡᠰᠡᠷᠭᠦᠴᠡᠨ ᠰᠣᠯᠣᠩᠭᠣᠰ᠎ᠢ ᠲᠤᠰᠠᠯᠠᠬᠰᠠᠨ ᠠᠬᠠᠮᠠᠳ ᠴᠡᠷᠢᠭ᠎ᠲᠠᠢ ᠶᠠᠷᠢᠯᠴᠠᠭ᠎ᠠ ᠦᠷᠨᠢᠬᠦᠯᠪᠡ᠃ 97 ᠨᠠᠰᠤᠲᠠᠢ ᠰᠢᠦᠢ ᠵᠢᠶᠠ ᠮᠢᠩ ᠨᠠᠰᠤᠲᠠᠨ ᠠᠵᠢᠯᠲᠠᠳ᠎ᠤᠨ ᠭᠠᠷ᠎ᠢ ᠠᠳᠬᠤᠵᠤ᠄ 《ᠨᠠᠮ ᠵᠠᠰᠠᠭ ᠡᠴᠡ ᠪᠢᠳᠡᠨ᠎ᠢ ᠮᠠᠷᠲᠠᠭᠰᠠᠨ ᠦᠭᠡᠢ᠂ ᠦᠢᠯᠡᠴᠢᠯᠡᠭᠡ ᠡᠮᠴᠢᠯᠡᠭᠡ ᠬᠦᠷᠭᠡᠬᠦ᠎ᠳᠡᠭᠡᠨ ᠦᠷᠭᠦᠯᠵᠢ ᠬᠠᠨᠢ ᠪᠣᠯᠵᠤ ᠵᠣᠭᠣᠭᠳᠠᠲᠠᠬ᠂ ᠪᠢᠳᠡᠨ᠎ᠦ ᠰᠡᠳᠬᠢᠯ ᠮᠠᠰᠢ ᠬᠠᠯᠠᠭᠤᠨ ᠪᠠᠢᠨ᠎ᠠ!》 ᠭᠡᠵᠦ ᠰᠡᠳᠬᠢᠯ ᠳᠣᠭᠳᠣᠯᠤᠨ ᠬᠡᠯᠡᠪᠡ᠃
ᠡᠨᠡ ᠬᠦ᠌ ᠬᠠᠯᠠᠭᠤᠨ ᠳᠤᠯᠠᠭᠠᠨ ᠦᠵᠡᠭᠳᠡᠯ ᠪᠣᠯ ᠬᠠᠩᠭᠢᠨ ᠬᠣᠰᠢᠭᠤᠨ᠎ᠤ ᠠᠵᠢᠯ ᠡᠴᠡ᠎ᠪᠠᠨ ᠳᠠᠷᠬᠠᠯᠠᠬᠲᠠᠬᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷ ᠪᠣᠯᠣᠨ ᠠᠬᠠᠮᠠᠳ ᠴᠡᠷᠢᠭ᠎ᠦᠨ ᠪᠣᠳᠠᠲᠤ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠤᠨᠢᠨ ᠳᠡᠭᠡᠷ᠎ᠡ ᠨᠢ ᠢᠯᠭᠠᠨ ᠲᠠᠨᠢᠬᠤ᠂ ᠬᠡᠷᠡᠭᠴᠡᠭᠡ᠎ᠪᠡᠷ ᠨᠢ ᠲᠣᠭᠲᠠᠭᠠᠬᠤ᠂ ᠤᠷᠳᠤ ᠬᠤᠭᠤᠴᠠᠭᠠᠨ᠎ᠤ ᠪᠦᠲᠦᠮᠵᠢᠲᠡᠢ ᠬᠠᠯᠠᠮᠵᠢᠯᠠᠬᠤ》 ᠠᠷᠭ᠎ᠠ ᠬᠡᠮᠵᠢᠶ᠎ᠡ᠎ᠪᠡᠷ 《ᠰᠡᠳᠬᠢᠯ᠎ᠢ ᠳᠤᠯᠠᠭᠠᠴᠠᠭᠤᠯᠬᠤ +》 ᠦᠢᠯᠡᠴᠢᠯᠡᠭᠡ ᠬᠦᠷᠭᠡᠭᠰᠡᠨ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠂ ᠨᠡᠩ ᠴᠤ᠌ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠳᠦ ᠪᠣᠳᠠᠲᠤ ᠶᠠᠪᠤᠳᠠᠯ ᠬᠢᠵᠦ ᠥᠭᠭᠦᠭᠰᠡᠨ ᠪᠣᠳᠠᠲᠦ ᠵᠢᠷᠤᠭᠯᠠᠯ ᠪᠣᠯᠣᠨ᠎ᠠ᠃
ᠬᠠᠩᠭᠢᠨ ᠬᠣᠰᠢᠭᠤᠨ᠎ᠤ ᠬᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠬᠠᠮᠠᠳ ᠺᠠᠳ᠋ᠷᠴᠤᠳ᠎ᠲᠤ ᠦᠢᠯᠡᠴᠢᠯᠡᠬᠦ ᠪᠦᠬᠦ ᠶᠠᠪᠤᠴᠠ᠎ᠳᠤ ᠲᠤᠭᠤᠰᠢᠯᠠᠭᠤᠯᠬᠤ᠎ᠶᠢ ᠢᠮᠠᠭᠲᠠ ᠪᠠᠷᠢᠮᠲᠠᠯᠠᠭᠰᠠᠭᠠᠷ ᠢᠷᠡᠪᠡ᠃ ᠲᠣᠰ ᠬᠣᠰᠢᠭᠤᠨ᠎ᠤ ᠬᠢᠨ ᠠᠵᠢᠯ ᠡᠴᠡ᠎ᠪᠠᠨ ᠳᠠᠷᠬᠠᠯᠠᠭᠳᠠᠬᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷᠴᠤᠳ᠎ᠤᠨ 《ᠨᠢᠭᠡ ᠬᠥᠮᠥᠨ᠎ᠳᠦ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠲᠣᠭᠲᠠᠴᠠ᠎ᠶᠢ ᠪᠠᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢᠶᠠᠷ ᠲᠦᠷᠦᠭᠦᠯᠡᠭᠦᠯᠦᠨ᠂ 《ᠪᠠᠶᠠᠷ᠎ᠤᠨ ᠡᠳᠦᠷ᠎ᠦᠨ ᠵᠣᠴᠢᠨ》᠎ᠢ᠋ 《ᠡᠳᠦᠷ ᠲᠤᠲᠤᠮ᠎ᠤᠨ ᠳᠣᠲᠣᠨᠣ᠌ ᠬᠥᠮᠥᠨ》 ᠪᠣᠯᠭᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠤᠲᠠᠰᠤ᠎ᠪᠠᠷ ᠮᠡᠨᠳᠦᠴᠢᠯᠡᠬᠦ᠂ ᠭᠡᠷ ᠲᠦ᠍ᠨᠢ ᠬᠦᠷᠴᠦ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ᠎ᠪᠡᠷ ᠠᠬᠠᠮᠠᠳ ᠨᠥᠬᠥᠳ᠎ᠦᠨ ᠪᠡᠶ᠎ᠡ᠎ᠶᠢᠨ ᠪᠠᠢᠳᠠᠯ ᠪᠠ ᠠᠮᠢᠳᠤᠷᠠᠯ᠎ᠤᠨ ᠬᠡᠷᠡᠭᠴᠡᠭᠡ᠎ᠶᠢ ᠲᠡᠮᠳᠡᠭᠯᠡᠵᠦ᠂ ᠲᠡᠳᠡᠨ᠎ᠦ ᠣᠷᠣᠨ ᠨᠤᠲᠤᠭ᠎ᠤᠨ ᠬᠥᠭᠵᠢᠯᠲᠡ᠎ᠶᠢᠨ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠳᠠᠭ᠃ ᠡᠨᠡ ᠵᠢᠯ᠎ᠡᠴᠡ ᠨᠠᠭᠠᠰᠢ᠂ ᠬᠥᠳᠡᠯᠵᠦ ᠪᠠᠷᠢᠬᠤ᠎ᠳᠤ ᠳᠥᠭᠥᠮ ᠦᠭᠡᠢ 8 ᠠᠬᠠᠮᠠᠳ ᠺᠠᠳ᠋ᠷ᠎ᠲᠤ ᠨᠢᠭᠡᠨᠲᠡ 24 ᠵᠦᠢᠯ᠎ᠦᠨ 《ᠪᠠᠴᠢᠮ ᠬᠡᠷᠡᠭᠰᠡᠬᠦ ᠣᠷᠣᠯᠠᠨ ᠭᠦᠢᠴᠡᠳᠭᠡᠭᠴᠢ》 ᠢ᠋ᠢᠨ ᠨᠠᠷᠢᠨ ᠳᠠᠩᠰᠠ᠎ᠶᠢ ᠪᠠᠢᠭᠤᠯᠵᠤ ᠥᠭᠴᠡᠢ᠃ ᠣᠳᠣᠬᠠᠨ᠎ᠳᠤ᠂ ᠪᠥᠬᠥ ᠬᠣᠰᠢᠭᠤᠨ᠎ᠤ ᠬᠢᠨ 43 ᠬᠤᠪᠢ 《ᠨᠢᠭᠡ ᠬᠥᠮᠥᠨ᠎ᠳᠦ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠲᠠᠩᠰᠠ ᠡᠪᠬᠡᠮᠡᠯ᠎ᠢ ᠬᠥᠳᠡᠯᠦᠩᠭᠦᠢ᠎ᠪᠡᠷ ᠰᠢᠨᠡᠳᠬᠡᠵᠦ᠂ ᠶᠠᠳᠠᠭᠤ ᠬᠦᠴᠢᠷᠳᠡᠯᠲᠡᠢ ᠠᠬᠠᠮᠠᠳ ᠺᠠᠳ᠋ᠷ᠂ ᠠᠬᠠᠮᠠᠳ ᠨᠠᠮ᠎ᠤᠨ ᠭᠡᠰᠢᠭᠦᠨ᠎ᠢ ᠨᠡᠶ᠋ᠢᠲᠡ 200 ᠭᠠᠷᠤᠢ ᠬᠥᠮᠥᠨ ᠤᠳᠠᠭ᠎ᠠ ᠲᠣᠬᠣᠨᠢᠭᠤᠯᠵᠤ᠂ ᠨᠠᠷᠢᠯᠢᠭ᠋ ᠣᠨᠣᠴᠠᠲᠠᠢ ᠪᠣᠳᠠᠲᠠᠢ᠎ᠶᠢ ᠡᠷᠬᠢᠮᠯᠡᠬᠦ ᠦᠢᠯᠡᠴᠢᠯᠡᠭᠡᠨ᠎ᠦ ᠵᠠᠭᠪᠤᠷ᠎ᠢ ᠪᠣᠶ ᠪᠣᠯᠭᠠᠪᠠ᠃
90 ᠨᠠᠰᠤᠲᠠᠢ ᠠᠬᠠᠮᠠᠳ ᠺᠠᠳ᠋ᠷ ᠰᠸ᠋ ᠨᠠᠰᠤᠲᠠᠨ ᠮᠠᠯᠵᠢᠬᠤ ᠣᠷᠣᠨ᠎ᠳᠤ ᠭᠠᠭᠴᠠᠭᠠᠷ ᠰᠠᠭᠤᠵᠤ᠂ ᠬᠠᠩᠭᠢᠨ ᠬᠣᠰᠢᠭᠤᠨ᠎ᠤ ᠠᠬᠠᠮᠠᠳ ᠺᠠᠳ᠋ᠷᠴᠤᠳ᠎ᠤᠨ ᠦᠢᠯᠡᠴᠢᠯᠡᠭᠡᠨ᠎ᠦ ᠲᠥᠪ ᠲᠣᠭᠲᠠᠭᠰᠠᠨ ᠬᠤᠭᠤᠴᠠᠭ᠎ᠠ᠎ᠲᠠᠢ᠎ᠪᠠᠷ ᠲᠡᠭᠦᠨ᠎ᠳᠦ ᠡᠮ᠎ᠦᠨ ᠵᠦᠢᠯᠡᠰ ᠪᠣᠯᠣᠨ ᠰᠢᠨ᠎ᠡ ᠰᠣᠷᠭᠣᠭ ᠢᠳᠡᠰᠢᠨ ᠨᠣᠭᠣᠭ᠎ᠠ ᠬᠦᠷᠭᠡᠵᠦ ᠥᠭᠲᠡᠭ ᠢ᠋ᠢᠡᠷ ᠪᠠᠷᠠᠬᠤ ᠦᠭᠡᠢ ᠪᠠᠰᠠ ᠰᠠᠢᠨ ᠳᠤᠷᠠᠴᠤᠳ᠎ᠢ ᠵᠣᠬᠢᠴᠠᠭᠤᠯᠤᠨ ᠭᠠᠷᠠᠭ ᠪᠦᠷᠢ ᠭᠡᠷ ᠲᠦ᠍ᠨᠢ ᠬᠦᠷᠴᠦ ᠨᠠᠰᠤᠲᠠᠨ᠎ᠢ ᠬᠠᠪᠰᠤᠷᠤᠨ ᠴᠡᠪᠡᠷᠯᠡᠭᠡ ᠬᠢᠵᠦ ᠥᠭᠲᠡᠭ᠃ ᠬᠠᠩᠭᠢᠨ ᠬᠣᠰᠢᠭᠤᠨ᠎ᠤ ᠬᠢᠨ 《ᠬᠡᠷᠡᠭᠴᠡᠭᠡ᠎ᠪᠡᠷ ᠨᠢ ᠲᠣᠭᠲᠠᠭᠠᠨ》 ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠪᠠᠷᠢᠮᠲᠠᠯᠠᠵᠤ᠂ ᠪᠣᠶ᠋ᠢᠳᠠ ᠪᠥᠭᠯᠡᠭᠦᠦ ᠭᠠᠵᠠᠷ ᠣᠷᠣᠨ᠂ ᠡᠪᠡᠳᠴᠢᠨ ᠦᠵᠡᠭᠦᠯᠬᠦ᠎ᠳᠦ ᠳᠥᠭᠥᠮ ᠦᠭᠡᠢ ᠥᠨᠳᠥᠷ ᠨᠠᠰᠤᠲᠠᠢ ᠠᠵᠢᠯ ᠡᠴᠡ᠎ᠪᠠᠨ ᠲᠠᠷᠬᠠᠯᠠᠬᠲᠠᠬᠰᠠᠨ ᠠᠵᠢᠯ ᠡᠴᠡ ᠪᠠᠨ ᠠᠮᠠᠷᠠᠭᠰᠠᠨ ᠺᠠᠳ᠋ᠷ ᠪᠣᠯᠣᠨ ᠠᠬᠠᠮᠠᠳ ᠴᠡᠷᠢᠭ᠎ᠲᠦ ᠬᠠᠨᠳᠤᠭᠤᠯᠤᠨ᠂ ᠭᠡᠷ ᠲᠦ᠍ᠨᠢ ᠬᠦᠷᠴᠦ ᠪᠡᠶ᠎ᠡ᠎ᠶᠢᠨ ᠪᠠᠢᠴᠠᠭᠠᠯᠲᠠ ᠬᠢᠬᠦ᠂ ᠡᠮ ᠬᠦᠷᠭᠡᠬᠦ ᠵᠢᠴᠢ ᠤᠳᠠᠭᠠᠨ ᠴᠢᠨᠠᠷᠲᠠᠢ ᠡᠪᠡᠳᠴᠢᠨ᠎ᠦ ᠮᠡᠳᠡᠯᠭᠡ᠎ᠶᠢᠨ ᠲᠠᠢᠯᠤᠮᠵᠢ ᠬᠠᠩᠭᠠᠬᠤ᠎ᠶᠢᠨ ᠬᠠᠮᠲᠤ ᠨᠡᠢᠭᠡᠮ ᠲᠣᠭᠣᠷᠢᠭ᠋᠂ ᠰᠠᠢᠨ ᠳᠤᠷᠠᠴᠤᠳ᠎ᠲᠠᠢ ᠬᠣᠯᠪᠤᠭᠠᠯᠠᠨ᠂ ᠰᠠᠷ᠎ᠠ ᠪᠦᠷᠢ ᠭᠠᠭᠴᠠᠭᠠᠷ ᠰᠠᠭᠤᠵᠤ ᠡᠳᠦᠷ ᠳᠤᠳᠤᠮ᠎ᠤᠨ ᠠᠮᠢᠳᠤᠷᠠᠯ᠎ᠢᠶᠠᠨ ᠠᠷᠭᠠᠴᠠᠭᠠᠬᠤ ᠴᠢᠳᠠᠪᠤᠷᠢ᠎ᠪᠠᠨ ᠠᠯᠲᠠᠬᠰᠠᠨ ᠨᠠᠰᠤᠲᠠᠢᠴᠤᠳ᠎ᠲᠤ ᠦᠰᠦ ᠵᠠᠰᠠᠬᠤ᠂ ᠬᠡᠷ ᠢ᠋ ᠨᠢ ᠴᠡᠪᠡᠷᠯᠡᠬᠦ᠂ ᠣᠷᠣᠯᠠᠨ ᠬᠤᠳᠠᠯᠳᠤᠨ ᠠᠪᠬᠤ ᠵᠡᠷᠭᠡ ᠦᠢᠯᠡᠴᠢᠯᠡᠭᠡ ᠬᠠᠩᠭᠠᠪᠠ᠃ ᠲᠣᠰ ᠬᠣᠰᠢᠭᠤ 《ᠬᠠᠮᠵᠢᠯᠴᠠᠬᠤ + ᠠᠭᠤᠰᠤᠯᠴᠠᠬᠤ》 ᠪᠠᠷ ᠳᠡᠮᠵᠢᠨ᠂ ᠠᠬᠠᠮᠠᠳ ᠺᠠᠳ᠋ᠷᠴᠤᠳ᠎ᠤᠨ ᠠᠵᠢᠯ᠎ᠤᠨ《ᠲᠥᠪ + ᠰᠢᠶᠠᠩ ᠪᠠᠯᠭᠠᠰᠤ + ᠭᠠᠴᠠᠭ᠎ᠠ ᠲᠣᠰᠬᠣᠨ (ᠨᠡᠢᠭᠡᠮ ᠲᠣᠭᠣᠷᠢᠭ᠋)》 ᠤ᠋ ᠭᠤᠷᠪᠠᠨ ᠱᠠᠲᠤᠨ᠎ᠤ ᠳᠠᠭᠠᠭᠠᠴᠢᠯᠠᠨ ᠬᠣᠯᠪᠣᠭᠠᠯᠠᠬᠤ ᠲᠣᠭᠲᠠᠴᠠ᠎ᠶᠢ ᠪᠣᠶ ᠪᠣᠯᠭᠠᠵᠤ᠂ 64 ᠭᠣᠣᠯᠳᠠᠯᠭ᠎ᠠ᠎ᠲᠠᠢ ᠦᠢᠯᠡᠴᠢᠯᠡᠬᠦ ᠡᠲᠡᠭᠡᠳ᠎ᠢ 《ᠴᠠᠭ ᠢᠮᠠᠭᠲᠠ ᠬᠠᠮᠢᠶᠠᠷᠬᠤ ᠬᠥᠮᠥᠨ᠎ᠲᠠᠢ᠂ ᠶᠠᠪᠤᠳᠠᠯ ᠪᠣᠯᠭᠠᠨ᠎ᠢ ᠭᠦᠢᠴᠡᠳᠬᠡᠬᠦ ᠬᠥᠮᠥᠨ᠎ᠲᠠᠢ》 ᠪᠣᠯᠭᠠᠵᠠᠢ᠃ ᠡᠭᠦᠨ᠎ᠦ ᠬᠠᠮᠲᠤ ᠠᠷᠠᠳ᠎ᠤᠨ ᠶᠠᠪᠤᠳᠠᠯ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ᠎ᠦᠨ ᠡᠬᠢ ᠪᠠᠶᠠᠯᠢᠭ᠋᠎ᠢ ᠬᠣᠯᠪᠣᠵᠤ᠂ ᠪᠦᠬᠦ ᠨᠡᠢᠭᠡᠮ᠎ᠦᠨ ᠠᠬᠠᠮᠠᠳ ᠺᠠᠳ᠋ᠷᠴᠤᠳ᠎ᠢ ᠬᠦᠨᠳᠦᠳᠬᠡᠨ ᠬᠠᠢᠷᠠᠯᠠᠬᠤ ᠬᠠᠮᠲᠤᠷᠠᠯᠬᠦᠴᠦᠨᠢ ᠨᠢᠭ᠍ᠲᠠᠷᠠᠭᠤᠯᠪᠠ᠃
ᠡᠭᠦᠨ᠎ᠡᠴᠡ ᠭᠠᠳᠠᠨ᠎ᠠ᠂ ᠬᠠᠩᠭᠢᠨ ᠬᠣᠰᠢᠭᠤᠨ᠎ᠤ ᠬᠢᠨ ᠠᠵᠢᠯ ᠡᠴᠡ᠎ᠪᠠᠨ ᠳᠠᠷᠬᠠᠯᠠᠭᠳᠠᠬᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠪᠠᠢᠭᠤᠯᠤᠯᠲᠠ ᠪᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠭᠦᠨᠵᠡᠭᠡᠢ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠠᠵᠢᠯ ᠡᠴᠡ᠎ᠪᠠᠨ ᠳᠠᠷᠬᠠᠯᠠᠭᠳᠠᠬᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷ ᠨᠠᠮ᠎ᠤᠨ ᠭᠡᠰᠢᠭᠦᠨ᠎ᠦ ᠤᠯᠤᠰ ᠲᠦᠷᠦ᠎ᠶᠢᠨ ᠳᠠᠪᠠᠭᠤᠯᠢᠭ᠋᠂ ᠲᠤᠷᠰᠢᠯᠭ᠎ᠠ᠎ᠶᠢᠨ ᠳᠠᠪᠠᠭᠤᠯᠢᠭ᠋ ᠪᠣᠯᠣᠨ ᠨᠡᠷ᠎ᠡ ᠬᠦᠨᠳᠦ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠳᠦ ᠭᠡᠷᠡᠯ ᠭᠢᠯᠪᠠᠭ᠎ᠠ᠎ᠵᠢ ᠨᠢ ᠰᠠᠴᠤᠷᠠᠭᠤᠯᠪᠠ᠃ ᠠᠵᠢᠯ ᠠ᠋ᠴᠠ᠎ᠪᠠᠨ ᠲᠠᠷᠬᠠᠯᠠᠬᠲᠠᠬᠰᠠᠨ ᠠᠵᠢᠯ ᠡᠴᠡ ᠪᠠᠨ ᠠᠮᠠᠷᠠᠬᠰᠠᠨ 1214 ᠨᠠᠮ᠎ᠤᠨ ᠭᠡᠰᠢᠭᠦᠨ ᠢ᠋ ᠨᠡᠢᠭᠡᠮ ᠲᠣᠭᠣᠷᠢᠭ᠋᠎ᠲᠤ ᠦᠨᠳᠦᠰᠦ ᠬᠠᠳᠬᠤᠭᠤᠯᠵᠤ᠂ ᠠᠰᠠᠷ᠎ᠤᠨ ᠳᠠᠷᠤᠭ᠎ᠠ᠂ ᠲᠤᠤᠷᠵᠢᠯᠲᠠ ᠢ᠋ᠢᠨ ᠠᠵᠢᠯᠲᠠᠨ ᠪᠣᠯᠭᠠᠬᠤ᠎ᠪᠠᠷ ᠬᠥᠲᠥᠯᠥᠨ ᠵᠢᠯᠣᠭᠣᠳᠪᠠ; 《ᠪᠤᠭᠤᠷᠤᠯᠴᠤᠳ》 ᠤ᠋ᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ 5 ᠵᠣᠬᠢᠶᠠᠨ ᠪᠠᠢᠭᠤᠯᠵᠤ᠂ ᠵᠥᠷᠢᠴᠡᠯ᠎ᠢ ᠡᠶᠡᠳᠡᠭᠦᠯᠬᠦ᠂ ᠤᠨᠤᠯ᠎ᠢ ᠤᠬᠠᠭᠤᠯᠤᠨ ᠲᠠᠢᠯᠪᠤᠷᠢᠯᠠᠬᠤ ᠵᠡᠷᠭᠡ ᠠᠵᠢᠯᠯᠠᠭ᠎ᠠ ᠥᠷᠨᠢᠭᠦᠯᠪᠡ᠃ ᠴᠥᠭᠡᠨ ᠪᠤᠰᠤ ᠠᠬᠠᠮᠠᠳ ᠴᠡᠷᠢᠭ 《ᠬᠤᠪᠢᠰᠬᠠᠯᠲᠤ ᠬᠥᠮᠦᠵᠢᠯ᠎ᠦᠨ ᠬᠠᠪᠰᠤᠷᠤᠨ ᠵᠢᠯᠣᠭᠣᠳᠤᠭ᠍ᠴᠢ》 ᠪᠣᠯᠵᠤ᠂ ᠨᠡᠩ ᠤᠯᠠᠨ ᠠᠬᠠᠮᠠᠳ ᠨᠥᠬᠥᠳ᠎ᠢ ᠳᠠᠢ᠍ᠢᠴᠢᠯᠠᠨ ᠨᠡᠢᠭᠡᠮ ᠲᠣᠭᠣᠷᠢᠭ᠋᠎ᠤᠨ ᠬᠠᠮᠲᠤ᠎ᠶᠢᠨ ᠪᠦᠲᠦᠭᠡᠨ ᠪᠠᠢᠭᠤᠯᠤᠯᠲᠠ ᠬᠠᠮᠲᠤ᠎ᠶᠢᠨ ᠵᠠᠰᠠᠯᠲᠠ᠎ᠳᠤ ᠣᠷᠣᠯᠴᠠᠭᠤᠯᠵᠠᠢ᠃
ᠤᠳᠤᠬᠠᠨ᠎ᠳᠤ᠂ ᠬᠠᠩᠭᠢᠨ ᠬᠣᠰᠢᠭᠤᠨ᠎ᠤ 《ᠰᠡᠳᠬᠢᠯ᠎ᠢ ᠳᠤᠯᠠᠭᠠᠴᠠᠭᠤᠯᠬᠤ +》 ᠦᠢᠯᠡᠴᠢᠯᠡᠭᠡ ᠨᠠᠷᠢᠯᠢᠭ᠋ ᠣᠨᠣᠴᠠᠲᠠᠢ ᠪᠤᠯᠵᠦ᠂ ᠠᠬᠠᠮᠠᠳ ᠨᠥᠬᠥᠳ᠎ᠦᠨ ᠵᠢᠷᠭᠠᠯᠲᠦ ᠲᠥᠷᠥᠭᠳᠡᠯ᠂ ᠦᠷᠳᠡᠭ᠎ᠦᠨ ᠲᠥᠷᠥᠭᠳᠡᠯ᠎ᠢ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠨᠡᠩ ᠴᠤ᠌ ᠲᠤᠬᠠᠢ᠎ᠶᠢᠨ ᠭᠠᠵᠠᠷ᠎ᠤᠨ ᠬᠣᠶᠠᠷ᠎ᠢ ᠬᠦᠷᠢᠶᠡᠯᠡᠬᠦ ᠠᠵᠢᠯ ᠪᠣᠯᠣᠨ ᠠᠬᠠᠮᠠᠳ ᠺᠠᠳ᠋ᠷᠴᠤᠳ᠎ᠤᠨ ᠦᠢᠯᠡᠴᠢᠯᠡᠭᠡᠨ᠎ᠦ ᠦᠵᠡᠰᠬᠦᠯᠡᠩᠲᠦ ᠰᠠᠢᠬᠠᠨ ᠨᠡᠷ᠎ᠡ᠎ᠶᠢᠨ ᠬᠠᠭᠤᠳᠠᠰᠤ᠎ᠶᠢ ᠭᠢᠯᠠᠯᠵᠠᠭᠤᠯᠤᠭᠰᠠᠨ ᠪᠠᠢᠨ᠎ᠠ᠃