ᠭᠦᠭᠵᠢᠯᠳᠡ ᠵᠢᠨ 《ᠪᠣᠬᠢᠷᠳᠣᠯ ᠦᠭᠡᠢ ᠠᠭᠣᠯᠣᠭᠳᠠᠴᠠ》 ᠵᠢ ᠲᠡᠭᠡᠭᠰᠢᠯᠡᠬᠦᠯᠦᠶ᠎ᠡ
2025-09-29 13:19:08
ᠵᠣᠬᠢᠶᠠᠭ᠍ᠴᠢ᠄
ᠵᠢᠶᠠᠩ ᠴᠢᠨ ᠬᠤᠢ
ᠣᠩᠱᠢᠭ᠍ᠰᠠᠨ ᠣᠳᠠᠭ᠎ᠠ᠄
★★★☆☆

ᠲᠥᠪ᠎ᠦᠨ ᠬᠤᠳᠠ᠎ᠶᠢᠨ ᠠᠵᠢᠯ᠎ᠤᠨ ᠬᠤᠷᠠᠯ᠎ᠠᠴᠠ 《ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠵᠤ ᠨᠣᠭᠣᠭᠠᠷᠠᠭᠤᠯᠤᠯᠲᠠ᠎ᠶᠢ ᠥᠷᠭᠡᠳᠬᠡᠵᠦ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ》 ᠶ᠋ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠦᠵᠡᠰᠬᠦᠯᠡᠩᠲᠦ ᠰᠠᠢᠬᠠᠨ ᠬᠤᠳᠠ᠎ᠶᠢ ᠪᠦᠲᠦᠭᠡᠨ ᠪᠠᠶ᠋ᠢᠭᠤᠯᠬᠤ ᠴᠢᠬᠤᠯᠠ ᠠᠷᠭ᠎ᠠ ᠵᠠᠮ ᠪᠣᠯᠭᠠᠪᠠ᠃ ᠡᠯ᠎ᠡ ᠭᠠᠵᠠᠷ᠎ᠤᠨ ᠬᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠪᠣᠬᠢᠷᠲᠤᠯ ᠎ᠢ ᠪᠠᠭᠠᠰᠬᠠᠬᠤ᠂ ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠨᠣᠭᠣᠭᠠᠷᠠᠭᠤᠯᠤᠯᠲᠠ ᠎ᠶᠢ ᠥᠷᠭᠡᠳᠬᠡᠬᠦ ᠎ᠶᠢ ᠭᠦᠨᠵᠡᠭᠡᠢ ᠠᠬᠢᠭᠤᠯᠵᠤ᠂ ᠲᠣᠰ ᠪᠡᠶ᠎ᠡ᠎ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ᠎ᠦᠨ ᠬᠥᠭᠵᠢᠯᠲᠡ᠎ᠶᠢᠨ ᠵᠠᠮ ᠎ᠢ ᠬᠠᠢᠨ ᠰᠦᠪᠡᠭᠴᠢᠯᠡᠬᠦ ᠨᠢ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ᠎ᠢ ᠦᠢᠯᠡᠳᠦᠯᠭᠡᠵᠢᠭᠦᠯᠬᠦ᠎ᠶᠢᠨ ᠴᠢᠬᠤᠯᠠ ᠢᠯᠡᠷᠡᠯ ᠪᠣᠯᠬᠤ᠎ᠪᠠᠷ ᠪᠠᠷᠠᠬᠤ ᠦᠭᠡᠢ᠂ ᠣᠷᠣᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠭᠰᠠᠨ ᠬᠣᠲᠠ᠎ᠶᠢ ᠪᠠᠶ᠋ᠢᠭᠤᠯᠬᠤ᠎ᠶᠢᠨ ᠵᠠᠢᠯᠠᠰᠢ ᠦᠭᠡᠢ ᠰᠣᠩᠭᠣᠯᠲᠠ ᠪᠣᠯᠣᠨ᠎ᠠ᠃

ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ ᠪᠣᠯ ᠨᠢᠭᠡᠨ ᠨᠢᠭ᠍ᠲᠠ ᠴᠢᠩᠭ᠎ᠠ ᠯᠣᠭᠢᠭ᠋ ᠎ᠤᠨ ᠰᠢᠰᠲᠧᠮ ᠮᠥᠨ᠂ ᠨᠡᠭᠦᠷᠡᠰᠦᠲᠥ᠋ᠷᠥᠭᠴᠢ᠎ᠶᠢ ᠪᠠᠭᠠᠰᠬᠠᠪᠠᠯ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ᠎ᠶᠢ ᠡᠬᠢ ᠡᠭᠦᠰᠦᠯ᠎ᠡᠴᠡ ᠨᠢ ᠪᠠᠭᠠᠰᠬᠠᠵᠤ ᠪᠣᠯᠣᠨ᠎ᠠ᠂ ᠪᠣᠬᠢᠷᠲᠤᠯ᠎ᠢ ᠪᠠᠭᠠᠰᠬᠠᠪᠠᠯ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠵᠦ ᠪᠣᠯᠣᠨ᠎ᠠ᠂ ᠨᠣᠭᠣᠭᠠᠷᠠᠭᠤᠯᠤᠯᠲᠠ᠎ᠶᠢ ᠥᠷᠭᠡᠳᠬᠡᠪᠡᠯ ᠨᠡᠭᠦᠷᠡᠰᠦᠲᠥ᠋ᠷᠥᠭᠴᠢ᠎ᠶᠢ ᠰᠢᠩᠭᠡᠭᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠣᠷᠴᠢᠨ ᠠᠬᠤᠢ᠎ᠶᠢᠨ ᠪᠠᠭᠲᠠᠭᠠᠮᠵᠢ᠎ᠶᠢ ᠥᠷᠭᠡᠳᠬᠡᠵᠦ ᠪᠣᠯᠣᠨ᠎ᠠ᠂ ᠡᠨᠡ ᠭᠤᠷᠪᠠᠭᠤᠯᠠ᠎ᠶᠢ ᠬᠠᠮᠵᠢᠯᠴᠠᠭᠤᠯᠤᠨ ᠠᠬᠢᠭᠤᠯᠬᠤ ᠪᠣᠯ ᠳᠠᠷᠤᠢ ᠠᠵᠤ ᠦᠢᠯᠡᠰ᠎ᠦᠨ ᠪᠦᠲᠦᠴᠡ᠎ᠶᠢ ᠲᠣᠬᠢᠷᠠᠭᠤᠯᠬᠤ᠂ ᠪᠣᠬᠢᠷᠲᠤᠯ᠎ᠢ ᠵᠠᠰᠠᠬᠤ᠂ ᠠᠮᠢ ᠠᠬᠤᠢ᠎ᠶᠢ ᠬᠠᠮᠠᠭᠠᠯᠠᠬᠤ᠎ᠶᠢ ᠨᠢᠭᠡᠳᠦᠯᠲᠡᠢ ᠲᠥᠯᠥᠪᠯᠡᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢ ᠠᠬᠢᠭᠤᠯᠬᠤ ᠶᠠᠪᠤᠳᠠᠯ ᠪᠣᠯᠣᠨ᠎ᠠ᠃

ᠣᠢᠷ᠎ᠠ᠎ᠶᠢᠨ ᠵᠢᠯ᠎ᠦᠳ᠎ᠲᠦ ᠴᠥᠭᠡᠨ ᠪᠤᠰᠤ ᠭᠠᠵᠠᠷ ᠣᠷᠣᠨ ᠲᠣᠰ ᠪᠡᠶ᠎ᠡ᠎ᠶᠢᠨ ᠡᠬᠢ ᠪᠠᠶᠠᠯᠢᠭ᠋᠎ᠤᠨ ᠤᠭ ᠰᠤᠷᠪᠤᠯᠵᠢ ᠪᠠ ᠣᠷᠣᠨ ᠪᠦᠰᠡ᠎ᠶᠢᠨ ᠣᠨᠴᠠᠯᠢᠭ᠋᠎ᠲᠠᠭᠠᠨ ᠰᠠᠭᠤᠷᠢᠯᠠᠨ᠂ 《ᠡᠬᠢ ᠡᠭᠦᠰᠦᠯ᠎ᠡᠴᠡ ᠨᠢ ᠰᠡᠷᠭᠡᠢᠯᠡᠨ ᠡᠵᠡᠮᠳᠡᠬᠦ᠂ ᠰᠢᠰᠲᠧᠮ᠎ᠲᠠᠢ ᠵᠠᠰᠠᠬᠤ᠂ ᠭᠣᠣᠯᠳᠠᠯᠭ᠎ᠠ᠎ᠲᠠᠢ ᠰᠢᠪᠲᠤᠯᠬᠤ》 ᠎ᠶᠢ ᠳᠣᠪᠣᠶ᠋ᠢᠯᠭᠠᠵᠤ᠂ ᠣᠷᠣᠨ ᠪᠦᠰᠡ᠎ᠶᠢᠨ ᠪᠣᠳᠠᠲᠤ ᠪᠠᠢᠳᠠᠯ᠎ᠳᠤ ᠨᠡᠢᠴᠡᠭᠰᠡᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠠᠷᠭ᠎ᠠ ᠵᠠᠮ᠎ᠢ ᠬᠠᠢᠨ ᠰᠦᠪᠡᠭᠴᠢᠯᠡᠵᠦ ᠭᠠᠷᠭᠠᠪᠠ᠃ ᠵᠢᠱ᠌ᠢᠶᠡᠯᠡᠪᠡᠯ᠂ ᠲᠢᠶᠠᠨᠵᠢᠨ ᠬᠣᠲᠠ ᠰᠢᠨ᠎ᠡ ᠡᠨᠧᠷᠭᠢ ᠪᠤᠶᠤ ᠴᠡᠪᠡᠷ ᠡᠨᠧᠷᠭᠢ᠎ᠶᠢᠨ ᠮᠠᠰᠢᠨ ᠲᠡᠷᠭᠡᠨ᠎ᠦ ᠬᠡᠷᠡᠭᠯᠡᠯᠲᠡ᠎ᠶᠢ ᠠᠬᠢᠭᠤᠯᠵᠤ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠦᠷᠢᠶᠡᠨ᠎ᠳᠡᠬᠢ ᠲᠡᠷᠭᠡ ᠬᠥᠰᠬᠡ᠎ᠶᠢᠨ ᠴᠠᠬᠢᠯᠭᠠᠨᠵᠢᠭᠤᠯᠤᠨ ᠣᠷᠣᠯᠠᠭᠤᠯᠬᠤ᠎ᠶᠢ ᠲᠦᠷᠭᠡᠳᠬᠡᠵᠦ᠂ ᠪᠣᠬᠢᠷᠲᠤᠯ ᠪᠠ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠦᠲᠦᠮᠵᠢᠲᠡᠶ ᠬᠠᠮᠢᠶᠠᠷᠤᠨ ᠡᠵᠡᠮᠳᠡᠪᠡ; ᠬᠠᠩᠵᠧᠦ ᠬᠣᠲᠠ᠎ᠶᠢᠨ ᠴᠢᠶᠠᠨᠵᠢᠶᠠᠩ ᠰᠢᠨ᠎ᠡ ᠬᠣᠲᠠ᠎ᠶᠢᠨ ᠲᠥᠪ ᠬᠤᠳᠠᠯᠳᠤᠭᠠᠨ᠎ᠤ ᠶᠠᠪᠤᠳᠠᠯ᠎ᠤᠨ ᠲᠣᠭᠣᠷᠢᠭ᠋ ᠪᠠᠷᠢᠯᠭ᠎ᠠ᠎ᠶᠢᠨ ᠪᠣᠬᠢᠷᠲᠤᠯ ᠦᠭᠡᠢ ᠡᠨᠧᠷᠭᠢ ᠠᠷᠪᠢᠯᠠᠬᠤ ᠥᠭᠡᠷᠡᠴᠢᠯᠡᠯᠲᠡ᠎ᠶᠢ ᠬᠠᠢᠨ ᠰᠦᠪᠡᠭᠴᠢᠯᠡᠵᠦ᠂ ᠭᠡᠷ᠎ᠦᠨ ᠣᠷᠣᠢ᠎ᠶᠢᠨ ᠬᠡᠷᠡᠯᠴᠢ ᠴᠡᠨᠡᠭ ᠪᠠ ᠪᠣᠷᠣᠭᠠᠨ᠎ᠤ ᠤᠰᠤ᠎ᠶᠢ ᠡᠭᠡᠭᠦᠯᠦᠨ ᠬᠤᠷᠢᠶᠠᠬᠤ ᠰᠢᠰᠲᠧᠮ᠎ᠢᠶᠡᠷ ᠳᠠᠮᠵᠢᠨ᠂ ᠡᠨᠧᠷᠭᠢ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠪᠠᠭᠤᠷᠠᠭᠤᠯᠪᠠ; ᠰᠢᠨᠵᠢᠶᠠᠩ᠎ᠤᠨ ᠴᠠᠩ ᠵᠢᠢ ᠬᠣᠲᠠ 《ᠬᠠᠶᠠᠭᠳᠠᠮᠠᠯ ᠪᠣᠳᠠᠰ ᠦᠭᠡᠢ ᠬᠣᠲᠠ》 ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠵᠤ ᠦᠢᠯᠡᠳᠪᠦᠷᠢ᠂ ᠰᠢᠲᠠᠭᠠᠯᠭ᠎ᠠ᠎ᠶᠢᠨ ᠨᠡᠭᠦᠷᠡᠰᠦ᠂ ᠮᠠᠰᠢᠨ ᠲᠡᠷᠭᠡ᠂ ᠲᠣᠭᠣᠰᠣᠨ᠎ᠤ ᠳᠥᠷᠪᠡᠨ ᠶᠡᠬᠡ ᠪᠣᠬᠢᠷᠲᠤᠯ᠎ᠤᠨ ᠡᠬᠢ᠎ᠶᠢ ᠬᠠᠮᠵᠢᠯᠴᠠᠨ ᠵᠠᠰᠠᠬᠤ᠎ᠶᠢ ᠪᠠᠷᠢᠮᠲᠠᠯᠠᠵᠤ᠂ ᠠᠮᠢᠳᠤᠷᠠᠯ᠎ᠤᠨ ᠬᠣᠭ ᠨᠣᠪᠰᠢ᠎ᠶᠢ ᠬᠣᠣᠷ ᠦᠭᠡᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭ᠍ᠵᠢᠭᠤᠯᠤᠨ ᠠᠰᠢᠭ᠍ᠯᠠᠬᠤ᠎ᠶᠢ ᠴᠢᠩᠭᠠᠳᠬᠠᠵᠤ᠂ ᠬᠠᠶᠠᠭᠳᠠᠮᠠᠯ ᠪᠣᠳᠠᠰ᠎ᠢ ᠪᠣᠬᠢᠷᠲᠤᠯ ᠦᠭᠡᠢ ᠴᠠᠬᠢᠯᠭᠠᠨ ᠬᠦᠴᠦᠨ ᠪᠣᠯᠭᠠᠨ ᠬᠤᠪᠢᠷᠠᠭᠤᠯᠬᠤ᠎ᠶᠢ ᠪᠡᠶᠡᠯᠡᠭᠦᠯᠪᠡ᠃ ᠡᠲᠡᠭᠡᠷ ᠠᠰᠢᠭ᠍ᠲᠠᠢ ᠰᠦᠪᠡᠭᠴᠢᠯᠡᠯᠲᠡ ᠨᠢ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ ᠪᠣᠯᠣᠮᠵᠢᠲᠤ ᠴᠢᠨᠠᠷ᠎ᠢ ᠭᠡᠷᠡᠴᠢᠯᠡᠭᠰᠡᠨ᠎ᠢᠶᠡᠷ ᠪᠠᠷᠠᠬᠤ ᠦᠭᠡᠢ ᠪᠠᠰᠠ ᠨᠠᠩ ᠣᠯᠠᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ᠎ᠶᠢᠨ 《ᠪᠣᠬᠢᠷᠳᠣᠯ ᠦᠬᠡᠢ ᠠᠭᠤᠯᠤᠭᠳᠠᠴᠠ 》 ᠶ᠋ᠢ ᠳᠡᠭᠡᠭᠰᠢᠯᠡᠭᠦᠯᠬᠦ᠎ᠳᠦ ᠡᠷᠬᠢᠮ ᠨᠠᠨᠳᠢᠨ ᠲᠤᠷᠰᠢᠯᠭ᠎ᠠ ᠬᠠᠩᠭᠠᠵᠠᠢ᠃

ᠣᠳᠣᠬᠠᠨ᠎ᠳᠤ᠂ ᠴᠥᠭᠡᠨ ᠪᠤᠰᠤ ᠬᠤᠲᠠ ᠮᠥᠨ ᠯᠡ ᠠᠵᠤ ᠦᠢᠯᠡᠰ᠎ᠦᠨ ᠪᠦᠲᠦᠴᠡ  ᠬᠦᠨᠳᠦ ᠠᠵᠦ ᠦᠢᠯᠡᠳᠪᠦᠷᠢ ᠵᠢᠨ ᠬᠠᠷᠢᠴᠠᠯ ᠶᠡᠬᠡ᠂ ᠡᠨᠧᠷᠭᠢ᠎ᠶᠢᠨ ᠬᠣᠷᠣᠭᠳᠠᠯ᠎ᠤᠨ ᠬᠦᠴᠦᠯᠡᠴᠡ ᠨᠡᠯᠢᠶᠡᠳ ᠶᠡᠬᠡ ᠪᠠᠢᠬᠤ᠂ ᠪᠣᠬᠢᠷᠲᠤᠯ ᠦᠭᠡᠢ ᠮᠡᠷᠭᠡᠵᠢᠯ᠎ᠦᠨ ᠨᠥᠭᠡᠴᠡ ᠬᠦᠷᠦᠯᠴᠡᠬᠦ ᠦᠭᠡᠢ ᠪᠠᠢᠬᠤ ᠵᠡᠷᠭᠡ ᠤᠯᠠᠨ ᠳᠠᠪᠬᠤᠷ ᠥᠷᠢᠰᠦᠯᠳᠦᠭᠡᠨ᠎ᠳᠦ ᠲᠤᠯᠭᠠᠷᠠᠵᠤ ᠪᠠᠢᠨ᠎ᠠ᠃ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠨ ᠨᠣᠭᠣᠭᠠᠷᠠᠭᠤᠯᠤᠯᠲᠠ᠎ᠶᠢ ᠥᠷᠭᠡᠳᠬᠡᠵᠦ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠬᠤ᠎ᠳᠤ᠂ ᠰᠢᠰᠲ᠋ᠸᠮ᠎ᠤᠨ ᠦᠵᠡᠯᠲᠡ᠂ ᠪᠦᠬᠦᠯᠢ ᠴᠣᠭᠴᠠ᠎ᠶᠢᠨ ᠰᠡᠳᠬᠢᠬᠦᠢ᠎ᠪᠡᠷ ᠬᠠᠷᠰᠢ ᠰᠠᠭᠠᠳ᠎ᠢ ᠠᠷᠢᠯᠭᠠᠵᠦ᠂ ᠤᠯᠠᠨ ᠲᠡᠰ ᠳᠠᠪᠬᠤᠷᠭ᠎ᠠ᠎ᠪᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠴᠢᠩᠭᠠᠳᠬᠠᠵᠤ᠂ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠪᠣᠬᠢᠷᠲᠤᠯ ᠦᠭᠡᠢ ᠰᠢᠨ᠎ᠡ ᠵᠢᠷᠤᠭ ᠲᠥᠰᠥᠪ᠎ᠢ ᠵᠢᠷᠤᠭᠯᠠᠬᠤ᠎ᠶᠢ ᠲᠤᠯᠭᠠᠮ ᠱᠠᠭᠠᠷᠳᠠᠵᠤ ᠪᠠᠢᠨ᠎ᠠ᠃

ᠦᠵᠦ ᠲᠥᠯᠥᠪᠯᠡᠭᠡ ᠵᠢ ᠴᠢᠩᠭᠠᠳᠬᠠᠨ᠎ᠠ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠤᠰᠬᠠᠢ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠪᠠᠭᠠᠰᠬᠠᠵᠤ᠂ ᠠᠮᠢ ᠠᠬᠤᠢ᠎ᠶᠢ ᠥᠷᠭᠡᠳᠬᠡᠨ ᠨᠣᠭᠣᠭᠠᠷᠠᠭᠤᠯᠬᠤ ᠬᠠᠷᠠᠯᠲᠠ ᠵᠢᠴᠢ ᠠᠷᠭ᠎ᠠ ᠵᠠᠮ᠎ᠢ ᠲᠣᠳᠣᠷᠬᠠᠢᠯᠠᠨ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠂ ᠠᠵᠤ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ᠵᠢᠴᠢ ᠪᠣᠬᠢᠷᠲᠤᠯ᠎ᠢ ᠰᠡᠷᠭᠡᠢᠯᠡᠨ ᠵᠠᠰᠠᠬᠤ ᠲᠥᠯᠦᠪᠵᠢᠭᠦᠯᠭᠡ ᠵᠡᠷᠭᠡ ᠯᠦ᠍ᠭᠡ ᠪᠦᠲᠦᠮᠵᠢᠲᠡᠶ ᠵᠣᠯᠭᠠᠭᠤᠯᠬᠤ᠎ᠶᠢ ᠪᠡᠶᠡᠯᠡᠭᠦᠯᠦᠨ᠎ᠡ᠃ ᠡᠨᠧᠷᠭᠢ᠎ᠶᠢᠨ ᠪᠦᠲᠦᠴᠡ ᠪᠣᠯᠣᠨ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠵᠤ ᠂ ᠵᠠᠮ ᠬᠠᠷᠢᠯᠴᠠᠭ᠎ᠠ ᠂ ᠪᠠᠷᠢᠯᠭ᠎ᠠ ᠵᠡᠷᠭᠡ ᠬᠦᠷᠢᠶᠡᠨ᠎ᠦ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ ᠂ ᠬᠣᠲᠠ᠎ᠶᠢᠨ ᠠᠮᠢ ᠠᠬᠤᠢ᠎ᠶᠢᠨ ᠣᠷᠣᠨ ᠵᠠᠢ᠎ᠶᠢ ᠰᠢᠰᠲᠧᠮ᠎ᠲᠠᠢ᠎ᠪᠡᠷ ᠥᠷᠭᠡᠳᠬᠡᠨ᠎ᠡ᠃

ᠨᠢᠭᠡ ᠴᠣᠭᠴᠠᠵᠢᠭᠤᠯᠤᠭᠰᠠᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠪᠠᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠬᠠᠮᠢᠶᠠᠷᠤᠨ ᠡᠵᠡᠮᠳᠡᠬᠦ ᠬᠢᠭᠡᠳ ᠣᠷᠴᠢᠨ ᠠᠬᠤᠢ᠎ᠳᠤ ᠦᠵᠡᠭᠦᠯᠬᠦ ᠨᠥᠯᠥᠭᠡ᠎ᠶᠢ ᠦᠨᠡᠯᠡᠬᠦ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠳᠦᠷᠢᠮ᠎ᠢ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠬᠢᠭᠡᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠪᠠᠭᠠᠰᠬᠠᠬᠤ᠎ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠤᠨ᠎ᠠ᠃ ᠵᠠᠰᠠᠭ ᠵᠠᠬᠢᠷᠭᠠᠨ᠎ᠤ ᠬᠣᠷᠢᠭ᠎ᠠ ᠰᠠᠭᠠᠳ᠎ᠢ ᠡᠪᠳᠡᠵᠦ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠬᠠᠮᠵᠢᠯᠴᠠᠨ ᠵᠠᠰᠠᠬᠤ ᠲᠣᠭᠲᠠᠴᠠ᠎ᠶᠢ ᠪᠠᠢᠭᠤᠯᠵᠤ᠂ ᠲᠥᠷᠥ᠎ᠶᠢᠨ ᠪᠣᠳᠣᠯᠭ᠎ᠠ᠎ᠶᠢᠨ ᠬᠣᠯᠪᠤᠭᠠᠯᠠᠨ ᠬᠥᠳᠡᠯᠦᠯᠴᠡᠬᠦ ᠪᠠ ᠬᠢᠨᠠᠨ ᠬᠠᠮᠢᠶᠠᠷᠴᠤ ᠬᠠᠮᠵᠢᠯᠴᠠᠬᠤ᠎ᠶᠢ ᠠᠬᠢᠭᠤᠯᠤᠨ᠎ᠠ᠃ ᠵᠠᠰᠠᠭ᠎ᠤᠨ ᠣᠷᠳᠣᠨ ᠬᠢᠭᠡᠳ ᠪᠦᠲᠦᠮᠵᠢᠲᠡᠶ ᠵᠠᠬ᠎ᠠ ᠳᠡᠯᠭᠡᠭᠦᠷ᠎ᠦᠨ ᠬᠠᠮᠲᠤ ᠎ᠶᠢᠨ ᠦᠢᠯᠡᠳᠦᠯ ᠎ᠢ ᠢᠳᠡᠪᠬᠢᠲᠡᠢ ᠪᠠᠳᠠᠷᠠᠭᠤᠯᠤᠨ᠂ ᠨᠡᠭᠦᠷᠡᠰᠦᠲᠥ᠋ᠷᠥᠭᠴᠢ᠎ᠶᠢᠨ ᠠᠷᠠᠯᠵᠢᠶ᠎ᠠ᠂ ᠠᠮᠢ ᠠᠬᠤᠢ᠎ᠶᠢᠨ ᠨᠥᠬᠥᠪᠦᠷᠢ ᠂ᠪᠣᠬᠢᠷᠳᠣᠯ ᠦᠬᠡᠢ ᠮᠥᠩᠭᠥᠨ ᠭᠦᠢᠯᠭᠡᠭᠡᠨ ᠵᠡᠷᠭᠡ ᠲᠣᠭᠲᠠᠴᠠ᠎ᠪᠠᠷ ᠳᠠᠮᠵᠢᠨ ᠡᠯ᠎ᠡ ᠲᠥᠷᠥᠯ᠎ᠦᠨ ᠭᠣᠣᠯ ᠴᠣᠭᠴᠠ᠎ᠶᠢᠨ ᠣᠷᠣᠯᠴᠠᠬᠤ ᠬᠥᠳᠡᠯᠭᠡᠬᠦ ᠬᠦᠴᠦᠨ᠎ᠢ ᠬᠥᠭᠵᠢᠭᠡᠵᠦ᠂ ᠵᠠᠰᠠᠭ᠎ᠤᠨ ᠣᠷᠳᠣᠨ᠂ ᠨᠡᠢᠭᠡᠮ ᠂ ᠠᠵᠤ ᠠᠬᠤᠢᠯᠠᠯ ᠂ ᠣᠯᠠᠨ ᠨᠡᠶ᠋ᠢᠲᠡ᠎ᠶᠢᠨ ᠬᠣᠭᠣᠷᠣᠨᠳᠤ ᠵᠠᠰᠠᠯᠲᠠ᠎ᠶᠢᠨ ᠬᠠᠮᠳᠣᠷᠠᠯ ᠬᠦᠴᠦᠨ᠎ᠢ ᠪᠦᠷᠢᠯᠳᠦᠭᠦᠯᠦᠨ᠎ᠡ᠃

ᠪᠣᠬᠢᠷᠲᠤᠯ ᠦᠭᠡᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠤᠨ᠎ᠠ᠃ ᠬᠣᠲᠠ᠎ᠶᠢᠨ ᠪᠣᠳᠠᠲᠤ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠠᠮᠵᠢᠯᠴᠠᠨ ᠬᠡᠷᠡᠭᠯᠡᠬᠦ᠎ᠶᠢ ᠠᠬᠢᠭᠤᠯᠤᠨ᠎ᠠ᠃ ᠳᠠᠬᠢᠨ ᠡᠭᠦᠰᠴᠦ ᠪᠣᠯᠬᠤ ᠡᠨᠧᠷᠭᠢ᠎ᠶᠢ ᠬᠡᠪᠴᠢᠶᠡᠵᠢᠭᠦᠯᠦᠨ ᠠᠰᠢᠭ᠍ᠯᠠᠬᠤ᠂ ᠨᠡᠭᠦᠷᠡᠰᠦ᠎ᠶᠢ  ᠴᠡᠪᠡᠷ ᠥᠨᠳᠥᠷ ᠪᠦᠲᠦᠮᠵᠢᠲᠡᠶ ᠠᠰᠢᠭ᠍ᠯᠠᠬᠤ᠂ ᠤᠰᠤᠨ᠎ᠤ ᠡᠬᠢ ᠪᠠᠶᠠᠯᠢᠭ᠋ ᠎ᠢ ᠠᠷᠪᠢᠲᠠᠢ ᠡᠷᠴᠢᠮᠵᠢᠭᠦᠯᠦᠨ ᠠᠰᠢᠭ᠍ᠯᠠᠬᠤ᠂ ᠰᠢᠨ᠎ᠡ ᠡᠨᠧᠷᠭᠢ᠎ᠶᠢᠨ ᠵᠠᠮ ᠬᠠᠷᠢᠯᠴᠠᠭ᠎ᠠ᠎ᠶᠢ ᠳᠡᠯᠭᠡᠷᠡᠭᠦᠯᠬᠦ᠂ ᠬᠡᠲᠦ ᠪᠠᠭ᠎ᠠ ᠡᠨᠧᠷᠭᠢ᠎ᠶᠢᠨ ᠬᠣᠷᠣᠭᠳᠠᠯ᠎ᠲᠠᠢ ᠪᠠᠷᠢᠯᠭ᠎ᠠ ᠵᠡᠷᠭᠡ ᠨᠡᠢᠲᠡᠯᠢᠭ ᠴᠢᠨᠠᠷᠲᠠᠢ ᠮᠡᠷᠭᠡᠵᠢᠯ᠎ᠦᠨ ᠬᠤᠷᠠᠮᠠᠯ ᠵᠢᠱ᠌ᠢᠶ᠎ᠡ ᠦᠵᠡᠭᠦᠯᠬᠦ᠎ᠶᠢ ᠭᠣᠣᠯᠳᠠᠯᠭ᠎ᠠ᠎ᠲᠠᠢ ᠠᠬᠢᠭᠤᠯᠤᠨ᠎ᠠ᠃ ᠨᠡᠭᠦᠷᠡᠰᠦᠲᠥ᠋ᠷᠥᠭᠴᠢ᠎ᠶᠢ ᠴᠤᠭᠯᠠᠭᠤᠯᠤᠨ ᠠᠰᠢᠭ᠍ᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠪᠣᠬᠢᠷᠳᠣᠯ ᠦᠬᠡᠢ  ᠤᠰᠤᠲᠥ᠋ᠷᠥᠭᠴᠢ᠎ᠶᠢ ᠪᠣᠯᠪᠠᠰᠤᠷᠠᠭᠤᠯᠬᠤ᠂ ᠣᠶᠤᠨᠴᠢ ᠡᠨᠧᠷᠭᠢ᠎ᠶᠢᠨ ᠰᠤᠷᠪᠤᠯᠵᠢ᠎ᠶᠢᠨ ᠰᠢᠰᠲᠧᠮ ᠵᠡᠷᠭᠡ ᠲᠡᠷᠢᠭᠦᠨ᠎ᠦ ᠮᠡᠷᠭᠡᠵᠢᠯ᠎ᠦᠨ ᠬᠡᠷᠡᠭᠯᠡᠯᠲᠡ ᠪᠠ ᠪᠠᠢᠷᠢᠯᠠᠭᠤᠯᠤᠯᠲᠠ᠎ᠶᠢ ᠴᠢᠩᠭᠠᠳᠬᠠᠨ᠎ᠠ᠃ ᠲᠣᠭᠠᠴᠢᠯᠠᠯᠳᠠ᠂ ᠣᠶᠤᠨᠴᠢᠯᠠᠯᠳᠠ ᠵᠢᠨ ᠠᠷᠭ᠎ᠠ ᠪᠠᠷᠢᠯ᠎ᠳᠤ ᠲᠦᠰᠢᠭᠯᠡᠨ ᠣᠷᠴᠢᠨ ᠲᠣᠭᠣᠷᠢᠨ ᠎ᠤ ᠬᠠᠮᠢᠶᠠᠷᠤᠯᠲᠠ᠎ᠶᠢᠨ ᠬᠦᠴᠦᠨ ᠴᠢᠳᠠᠪᠤᠷᠢ ᠪᠣᠯᠣᠨ ᠠᠮᠢ ᠠᠬᠤᠢ᠎ᠶᠢᠨ ᠰᠡᠯᠭᠦᠨ ᠰᠡᠷᠭᠦᠬᠦ ᠨᠠᠷᠢᠯᠢᠭ᠋᠎ᠤᠨ ᠬᠡᠮᠵᠢᠶ᠎ᠡ᠎ᠶᠢ ᠳᠡᠭᠡᠭᠰᠢᠯᠡᠭᠦᠯᠵᠦ ᠂ ᠨᠢᠭᠡ ᠪᠦᠯᠦᠭ  ᠨᠡᠭᠦᠷᠡᠰᠦᠲᠥ᠋ᠷᠥᠭᠴᠢ ᠦᠬᠡᠢ ᠬᠦᠷᠢᠶᠡᠯᠡᠩ ᠲᠣᠭᠣᠷᠢᠭ᠋᠂ ᠪᠠᠭ᠎ᠠ ᠨᠡᠭᠦᠷᠡᠰᠦᠲᠥ᠋ᠷᠥᠭᠴᠢᠲᠦ ᠨᠡᠢᠭᠡᠮ ᠲᠣᠭᠣᠷᠢᠭ᠋ ᠪᠣᠯᠣᠨ ᠠᠭᠤᠷ ᠠᠮᠢᠰᠬᠤᠯ 《ᠤᠶᠠᠨ ᠴᠢᠨᠠᠷᠲᠠᠢ》 ᠬᠣᠲᠠ᠎ᠶᠢ ᠪᠦᠲᠦᠭᠡᠨ ᠪᠠᠢᠭᠤᠯᠵᠤ᠂ ᠬᠣᠲᠠ᠎ᠶᠢᠨ ᠦᠷᠭᠦᠯᠵᠢᠯᠡᠨ ᠬᠥᠭᠵᠢᠬᠦ ᠴᠢᠳᠠᠪᠤᠷᠢ ᠪᠣᠯᠣᠨ ᠪᠣᠬᠢᠷᠲᠤᠯ ᠦᠭᠡᠢ ᠥᠷᠢᠰᠦᠯᠳᠦᠬᠦ ᠬᠦᠴᠦᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃                                                                                                      

          — 《ᠠᠷᠠᠳ᠎ᠦᠨ ᠡᠳᠦᠷ᠎ᠦᠨ ᠰᠣᠨᠢᠨ 》  ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号