ᠵᠠᠯᠠᠭᠤᠴᠤᠳ ᠶᠠᠭᠠᠬᠢᠭᠠᠳ 《ᠲᠦᠷᠢᠶᠡᠰᠦᠯᠡᠨ ᠬᠡᠷᠡᠭᠯᠡᠬᠦ》᠎ᠵᠢ ᠲᠠᠭᠠᠰᠢᠶᠠᠬᠣ ᠪᠣᠯᠪᠠ ?
2025-09-29 13:29:59
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠬᠡᠷᠡᠯ ᠵᠢᠷᠤᠭ᠎ᠤᠨ ᠮᠠᠰᠢᠨ ᠲᠦᠷᠢᠶᠡᠰᠦᠯᠡᠨ᠎ᠡ᠂ ᠬᠤᠪᠴᠠᠰᠤ ᠬᠤᠨᠠᠷ ᠲᠦᠷᠢᠶᠡᠰᠦᠯᠡᠨ᠎ᠡ᠂ ᠲᠣᠭᠯᠠᠭᠠᠮ ᠲᠦᠷᠢᠶᠡᠰᠦᠯᠡᠨ᠎ᠡ ᠁   ᠲᠣᠭᠠᠴᠢᠯᠠᠭᠰᠠᠨ ᠮᠠᠰᠢᠨ᠂ ᠬᠡᠬᠡᠷ᠎ᠡ ᠭᠠᠳᠠᠨ᠎ᠠ ᠬᠡᠷᠡᠭᠯᠡᠬᠦ ᠲᠣᠨᠣᠭ ᠲᠥᠬᠦᠭᠡᠷᠦᠮᠵᠢ᠂ ᠭᠡᠷ ᠪᠠᠢᠰᠢᠩ ᠮᠠᠰᠢᠨ ᠲᠡᠷᠭᠡ᠂ ᠡᠬᠡ ᠨᠢᠯᠬᠠᠰ᠎ᠤᠨ ᠬᠡᠷᠡᠭᠰᠡᠯ ᠬᠦᠷᠲᠡᠯ᠎ᠡ ᠪᠦᠷ ᠲᠦᠷᠢᠶᠡᠰᠦᠯᠡᠨ ᠬᠡᠷᠡᠭᠯᠡᠵᠦ ᠪᠣᠢ᠃ ᠣᠳᠣ ᠬᠡᠰᠡᠭ ᠵᠠᠯᠠᠭᠤᠴᠤᠳ᠎ᠤᠨ ᠲᠣᠮᠳᠠ ᠣᠯᠠᠨ ᠵᠦᠢᠯ᠎ᠢ ᠪᠦᠷ ᠲᠦᠷᠢᠶᠡᠰᠦᠯᠡᠨ ᠬᠡᠷᠡᠭᠯᠡᠵᠦ ᠪᠠᠢᠬᠣ ᠦᠵᠡᠭᠳᠡᠯ ᠣᠯᠠᠰᠢᠷᠠᠪᠠ᠃  ᠲᠦᠷᠢᠶᠡᠰᠦᠯᠡᠨ ᠬᠡᠷᠡᠭᠯᠡᠬᠦ ᠵᠢ ᠵᠠᠯᠠᠭᠣᠴᠣᠳ ᠶᠠᠭᠠᠬᠢᠭᠠᠳ ᠲᠠᠭᠠᠰᠢᠶᠠᠬᠣ ᠪᠣᠯᠪᠠ ?   ᠤᠯᠠᠮᠵᠢᠯᠠᠯᠲᠤ ᠲᠦᠷᠢᠶᠡᠰᠦᠯᠡᠬᠦ ᠠᠵᠢᠯ ᠲᠥᠷᠥᠯ ᠨᠢ ᠭᠡᠷ ᠲᠦᠷᠢᠶᠡᠰᠦᠯᠡᠬᠦ ᠵᠡᠷᠭᠡ  ᠥᠨᠳᠥᠷ ᠥᠷᠲᠡᠭ᠎ᠲᠠᠢ ᠲᠠᠸᠠᠷ᠎ᠢᠶᠠᠷ ᠭᠣᠣᠯ ᠪᠣᠯᠭᠠᠳᠠᠭ᠂  ᠣᠲᠣ᠌᠎ᠶᠢᠨ ᠲᠦᠷᠢᠶᠡᠰᠦᠯᠡᠬᠦ ᠠᠭᠤᠯᠭ᠎ᠠ ᠨᠢ ᠡᠯᠪᠡᠭ ᠪᠠᠶᠠᠯᠢᠭ᠋᠂ ᠠᠷᠭ᠎ᠠ ᠮᠠᠶᠢᠭ᠋ ᠨᠢ ᠠᠮᠢᠳᠤᠯᠢᠭ᠋᠂ ᠴᠠᠭ ᠨᠢ ᠣᠷᠳᠣ᠌ ᠪᠥᠭᠡᠳ ᠣᠯᠠᠨ ᠶᠠᠩᠵᠤ᠎ᠶᠢᠨ ᠪᠠᠢᠵᠤ᠂ ᠬᠡᠷᠡᠭᠯᠡᠭᠴᠢᠳ ᠎ᠲᠦ ᠨᠡᠯᠢᠶᠡᠳ ᠶᠡᠬᠡ ᠲᠠᠲᠠᠬᠤ ᠬᠦᠴᠦᠨ᠎ᠲᠠᠢ ᠪᠣᠯᠵᠠᠢ᠃ ᠡᠭᠦᠨ᠎ᠡᠴᠡ ᠭᠠᠳᠠᠨ᠎ᠠ ᠵᠠᠯᠠᠭᠤ ᠨᠢᠭᠡ ᠦᠶ᠎ᠡ᠎ᠶᠢᠨ ᠬᠡᠷᠡᠭᠯᠡᠭᠡ᠎ᠵᠢᠨ ᠬᠡᠷᠡᠭᠴᠡᠭᠡ ᠤᠯᠠᠨ ᠶᠠᠩᠵᠤ᠎ᠶᠢᠨ ᠣᠨᠴᠠᠯᠢᠭ᠋᠎ᠲᠠᠢ ᠪᠣᠯᠵᠤ᠂   ᠤᠯᠠᠨ ᠵᠠᠯᠠᠭᠣᠴᠣᠳ ᠦᠨᠳᠣᠷ ᠱᠠᠭᠠᠷᠳᠠᠯᠭ᠎ᠠ ᠲᠠᠢ ᠬᠡᠷᠡᠭᠯᠡᠭᠡ ᠵᠢᠨ ᠠᠬᠣᠢ ᠲᠠᠯᠠᠪᠣᠷ ᠎ᠢ ᠲᠤᠷᠰᠢᠬᠤ ᠳᠤᠷᠠᠲᠠᠢ ᠪᠣᠯᠵᠤ᠂ ᠲᠦᠷᠢᠶᠡᠰᠦᠯᠡᠨ ᠬᠡᠷᠡᠭᠯᠡᠬᠦ ᠨᠢ ᠶᠠᠭ ᠡᠨᠡ ᠬᠦ᠌ ᠬᠠᠨᠳᠤᠰᠢ᠎ᠲᠠᠢ ᠨᠡᠢᠴᠡᠵᠦ ᠪᠠᠢᠨ᠎ᠠ᠃ ᠭᠡᠪᠡᠴᠦ  ᠲᠦᠷᠢᠶᠡᠰᠦᠨ ᠵᠠᠬ᠎ᠠ ᠳᠡᠯᠭᠡᠭᠦᠷ᠎ᠦᠨ ᠬᠡᠳᠦ ᠬᠣᠷᠳᠣᠨ ᠨᠡᠮᠡᠭᠳᠡᠯ᠎ᠳᠦ ᠴᠦ᠍ 《ᠦᠰᠦᠨ ᠪᠣᠢᠵᠢᠯᠳᠠ᠎ᠶᠢᠨ ᠪᠤᠬᠢᠨᠢᠳᠤᠯ 》 ᠳᠠᠭᠠᠯᠳᠤᠵᠤ᠂ ᠬᠡᠷᠡᠭᠯᠡᠭᠴᠢᠳ᠎ᠦᠨ ᠡᠷᠬᠡ ᠠᠰᠢᠭ᠋᠎ᠤᠨ ᠵᠠᠭᠤᠷᠠᠯᠳᠤᠭᠠᠨ ᠪᠠᠢᠨ ᠳᠠᠬᠢᠨ ᠡᠭᠦᠰᠴᠦ᠂ ᠡᠯᠳᠡᠪ᠎ᠦᠨ ᠠᠷᠭ᠎ᠠ ᠵᠠᠷᠣᠬᠣ᠂ ᠬᠣᠬᠢᠷᠠᠯ᠎ᠢ ᠬᠡᠮᠵᠢᠨ ᠲᠣᠭᠲᠠᠭᠠᠬᠤ ᠵᠡᠷᠭᠡ ᠨᠢ ᠬᠡᠷᠡᠭᠯᠡᠭᠴᠢᠳ᠎ᠦᠨ ᠵᠣᠪᠠᠨᠢᠯ ᠪᠣᠯᠵᠠᠢ᠃ ᠲᠦᠷᠢᠶᠡᠰᠦᠯᠡᠬᠦ ᠵᠠᠬ᠎ᠠ ᠳᠡᠯᠭᠡᠭᠦᠷ᠎ᠦᠨ ᠬᠥᠭᠵᠢᠯᠲᠡ᠎ᠶᠢ ᠵᠢᠷᠤᠮᠵᠢᠭᠤᠯᠵᠤ᠂ ᠬᠤᠳᠠᠯᠳᠤᠭᠠᠨ᠎ᠤ ᠬᠡᠪ ᠵᠠᠭᠪᠤᠷ᠎ᠢ ᠰᠢᠨᠡᠴᠢᠯᠡᠬᠦ᠎ᠶᠢ ᠰᠦᠪᠡᠭᠴᠢᠯᠡᠵᠦ᠂ ᠬᠡᠷᠡᠭᠯᠡᠭᠴᠢᠳ᠎ᠦᠨ ᠤᠯᠠᠨ ᠡᠰᠢᠵᠢᠭᠰᠡᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠴᠢᠬᠣᠯᠠᠳᠠᠢ᠃   


QQ20250929-133245.png     


                                                                                                                                            

          ᠰᠢᠨᠬᠤᠸᠠ ᠬᠣᠷᠢᠶ᠎ᠠ ᠵᠢᠨ ᠵᠢᠷᠣᠭ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号