9 ᠰᠠᠷ᠎ᠠ᠎ᠶᠢᠨ 19᠎ᠡᠴᠡ 20 ᠤ᠋ ᠡᠳᠦᠷ ᠪᠣᠯᠲᠠᠯ᠎ᠠ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 76 ᠵᠢᠯ᠎ᠦᠨ ᠣᠶ᠎ᠶᠢ ᠪᠡᠯᠭᠡᠯᠡᠬᠦ 《ᠤᠮᠠᠷᠠᠲᠤ ᠬᠢᠯᠢ᠎ᠶᠢᠨ ᠳᠠᠭᠤᠯᠠᠯ· ᠲᠦᠩᠯᠢᠶᠣᠣ ᠬᠤᠳᠠ ᠶᠢᠨ ᠨᠠᠢᠷᠠᠯ ᠳᠠᠭᠤᠤ ᠶᠢᠨ ᠤᠷᠠᠯᠢᠭ᠋᠎ᠤᠨ ᠠᠷᠠᠳ᠎ᠲᠤ ᠠᠰᠢᠭ᠋ ᠬᠦᠷᠲᠡᠭᠡᠬᠦ ᠦᠵᠡᠭᠦᠯᠭᠡ᠎ᠶᠢᠨ ᠲᠣᠭᠯᠠᠯᠲᠠ》 ᠲᠦᠩᠯᠢᠶᠣᠣ ᠬᠣᠲᠠ᠎ᠶᠢᠨ ᠯᠢᠶᠣᠤᠾᠧ ᠲᠢᠶᠠᠲᠷ᠎ᠲᠤ ᠨᠢᠵᠢᠭᠢᠷ ᠰᠠᠢᠬᠠᠨ ᠶᠠᠪᠤᠬᠳᠠᠪᠠ᠃
ᠲᠤᠰ ᠲᠤᠭᠯᠠᠯᠲᠠ 《ᠶᠠᠫᠤᠨ᠎ᠢ ᠡᠰᠡᠷᠭᠦᠴᠡᠬᠦ ᠲᠠᠢ᠍ᠢᠨ᠎ᠦ ᠨᠠᠢᠷᠠᠯ ᠳᠠᠭᠤᠤ》ᠭᠡᠬᠦ ᠴᠦᠷᠭᠡᠯᠡᠭᠡ ᠨᠠᠢᠷᠠᠯ ᠳᠠᠭᠤᠤ ᠵᠢᠨ ᠳᠤᠮᠳᠠ ᠬᠥᠰᠢᠭᠡ᠎ᠪᠡᠨ ᠰᠡᠬᠥᠵᠤ᠂ ᠲᠤᠬᠠᠢ᠎ᠶᠢᠨ ᠲᠠᠯᠠᠪᠠᠢ᠎ᠶᠢᠨ ᠦᠵᠡᠭᠴᠢᠳ᠎ᠦᠨ ᠤᠷᠮ᠎ᠠ᠎ᠶᠢ ᠬᠥᠭᠵᠢᠭᠡᠪᠡ᠃ ᠳᠠᠷᠠᠭ᠎ᠠ ᠨᠢ ᠡᠯ᠎ᠡ ᠨᠠᠢᠷᠠᠯ ᠳᠠᠭᠤᠤ᠎ᠶᠢᠨ ᠪᠦᠯᠬᠦᠮ᠎ᠤᠨ ᠬᠢᠨᠳᠡᠰ ᠳᠠᠷᠠᠭᠠᠲᠠᠢᠲᠠᠢᠰᠠᠨᠳᠤ ᠭᠠᠷᠴᠤ᠂ 《ᠬᠠᠳᠤᠨ ᠭᠣᠣᠯ ᠵᠢᠨᠨ ᠰᠠᠬᠢᠨ ᠬᠠᠮᠠᠭᠠᠯᠠᠶ᠎ᠠ》᠂ 《ᠫᠠᠷᠲ᠋ᠢᠽᠠᠨ ᠠᠩᠭᠢ᠎ᠶᠢᠨ ᠳᠠᠭᠤᠤ》 ᠵᠡᠷᠭᠡ ᠴᠢᠬᠢᠨ᠎ᠳᠦ ᠬᠠᠳᠠᠩᠰᠢᠭ᠍ᠰᠠᠨ ᠰᠣᠩᠭᠣᠳᠠᠭ ᠳᠠᠭᠤᠤ ᠵᠢ ᠳᠠᠭᠤᠯᠠᠨ᠂ ᠳᠤᠮᠳᠠᠳᠤ᠎ᠶᠢᠨ ᠬᠥᠪᠡᠭᠦᠳ ᠥᠬᠢᠳ᠎ᠦᠨ ᠤᠯᠤᠰ ᠦᠨᠳᠦᠰᠦᠲᠡᠨ᠎ᠳᠡᠭᠡᠨ ᠬᠠᠢᠷᠠᠳᠠᠢ ᠣᠮᠣᠭ ᠪᠠᠬᠠᠳᠤᠯᠲᠤ ᠰᠡᠳᠬᠢᠯᠭᠡ᠎ᠶᠢ ᠢᠯᠡᠳᠬᠡᠵᠡᠢ᠃
ᠲᠦᠩᠯᠢᠶᠣᠣ ᠬᠤᠲᠠ ᠶᠢᠨ ᠳᠣᠲᠣᠭᠠᠳᠤ᠎ᠶᠢ ᠬᠠᠮᠠᠭᠠᠯᠠᠬᠤ ᠡᠮᠡᠭᠲᠡᠢ ᠴᠠᠭᠳᠠᠭ᠎ᠠ ᠶᠢᠨ ᠨᠠᠢᠷᠠᠯ ᠳᠡᠭᠤᠤ᠎ᠶᠢᠨ ᠪᠦᠯᠬᠦᠮ᠎ᠦᠨ ᠭᠡᠰᠢᠭᠦᠨ ᠶᠠᠩ ᠲᠦᠩ᠄ 《ᠲᠤᠬᠯᠠᠯᠲᠠ ᠪᠡᠷ ᠳᠠᠮᠵᠢᠭᠤᠯᠤᠨ᠂ ᠣᠯᠠᠨ᠎ᠢᠶᠠᠷ ᠵᠢᠡᠨ ᠲᠡᠦᠬᠡ᠎ᠪᠡᠨ ᠪᠠᠲᠤ ᠴᠡᠭᠡᠵᠢᠯᠡᠨ᠂ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠣᠲᠣ᠌᠎ᠶᠢᠨ ᠡᠩᠬᠡ ᠲᠠᠢᠪᠤᠩ ᠠᠮᠢᠳᠤᠷᠠᠯ᠎ᠢᠶᠠᠨ ᠨᠠᠨᠳᠢᠩᠨᠠᠬᠤ᠎ᠶᠢ ᠬᠦᠰᠡᠯ᠎ᠡ᠂ ᠪᠢᠳᠡ ᠳᠣᠲᠣᠭᠠᠳᠤ᠎ᠶᠢ ᠬᠠᠮᠠᠭᠠᠯᠠᠬᠤ ᠠᠷᠠᠳ᠎ᠤᠨ ᠴᠠᠭᠳᠠᠭ᠎ᠠ ᠪᠣᠯᠤᠭᠰᠠᠨ᠎ᠤ ᠬᠤᠪᠢ ᠳᠤ ᠲᠡᠦᠬᠡᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠨ᠂ ᠠᠷᠠᠳ ᠤᠯᠠᠨ᠎ᠤ ᠠᠮᠤᠷ ᠠᠮᠤᠭᠤᠯᠠᠩ᠎ᠢ ᠰᠠᠬᠢᠵᠤ ᠬᠠᠮᠠᠭᠠᠯᠠᠨ᠂ ᠡᠬᠡ ᠤᠯᠤᠰ᠎ᠤᠨ ᠴᠡᠴᠡᠭᠯᠡᠯ ᠬᠥᠭᠵᠢᠯᠲᠠ ᠳ᠋ᠤ ᠨᠡᠮᠡᠷᠢ ᠬᠠᠨᠳᠢᠪ ᠥᠵᠡᠭᠥᠯᠥᠨᠡ》ᠭᠡᠵᠥ ᠰᠤᠷᠪᠤᠯᠵᠢᠯᠠᠭᠴᠢ᠎ᠳᠤ ᠬᠡᠯᠡᠭᠰᠡᠨ ᠪᠠᠢᠨ᠎ᠠ᠃
ᠲᠤᠰ ᠤᠳᠠᠭᠠᠨ᠎ᠤ ᠠᠷᠠᠳ᠎ᠲᠤ ᠠᠰᠢᠭ᠋ ᠬᠦᠷᠲᠡᠭᠡᠬᠦ ᠦᠵᠡᠭᠦᠯᠭᠡ᠎ᠶᠢᠨ ᠲᠤᠬᠯᠠᠯᠲᠠ᠎ᠳᠤ ᠲᠦᠩᠯᠢᠶᠣᠣ ᠬᠣᠲᠠ᠎ᠶᠢᠨ ᠡᠯ᠎ᠡ ᠬᠣᠰᠢᠭᠤ ᠰᠢᠶᠠᠨ ᠬᠣᠲᠠ ᠲᠣᠭᠣᠷᠢᠭ᠋᠂ ᠬᠣᠲᠠ᠎ᠶᠢᠨ ᠰᠢᠭᠤᠳ ᠬᠠᠷᠢᠶ᠎ᠠ ᠪᠠᠢᠭᠤᠯᠭ᠎ᠠ ᠪᠣᠯᠣᠨ ᠠᠷᠠᠳ ᠤᠨ ᠪᠦᠯᠬᠦᠮ᠎ᠦᠨ 37 ᠨᠠᠢᠷᠠᠯ ᠳᠠᠭᠤᠤ᠎ᠶᠢᠨ ᠪᠦᠯᠬᠦᠮ᠂ 1600 ᠭᠠᠷᠤᠢ ᠨᠠᠢᠷᠠᠯ ᠳᠠᠭᠤᠤ᠎ᠶᠢᠨ ᠭᠡᠰᠢᠭᠦᠨ ᠤᠷᠤᠯᠴᠠᠨ᠂ 100 ᠭᠠᠷᠤᠢ ᠨᠠᠢᠷᠠᠯ ᠳᠠᠭᠤᠤ᠎ᠶᠢᠨ ᠪᠦᠲᠦᠭᠡᠯ᠎ᠢ ᠰᠤᠨᠢᠷᠬᠠᠭᠤᠯᠵᠤ᠂ ᠢᠷᠠᠭᠤ ᠰᠠᠢᠬᠠᠨ ᠳᠠᠭᠤᠤ ᠠᠶᠠᠯᠭᠤ ᠪᠡᠷ ᠳᠤᠮᠳᠠᠳᠤ᠎ᠶᠢᠨ ᠬᠥᠪᠡᠭᠦᠳ ᠥᠬᠢᠳ᠎ᠦᠨ ᠤᠯᠤᠰ ᠦᠨᠳᠦᠰᠦᠲᠡᠨ ᠮᠥᠬᠥᠯ᠎ᠦᠨ ᠠᠶᠤᠯ ᠳᠤ ᠲᠤᠯᠭᠠᠷᠠᠭᠰᠠᠨ ᠦᠶ᠎ᠡ ᠳᠦ ᠬᠠᠷᠭᠢᠰ ᠳᠠᠢᠰᠤᠨ᠎ᠲᠠᠢ ᠨᠤᠭᠤᠷᠠᠰᠢ ᠦᠭᠡᠢ ᠡᠷᠡᠯᠬᠡᠭᠯᠡᠨ ᠪᠠᠢᠯᠳᠤᠬᠰᠠᠨ ᠪᠣᠯᠣᠳ ᠲᠡᠮᠦᠷ ᠮᠡᠲᠦ ᠬᠠᠲᠠᠨ ᠵᠣᠷᠢᠭ᠋᠎ᠢ ᠮᠠᠭᠲᠠᠵᠤ ᠳᠠᠭᠤᠯᠠᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ ᠢ ᠡᠰᠡᠷᠭᠦᠴᠡᠬᠦ ᠲᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠵᠤ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 76 ᠵᠢᠯ᠎ᠦᠨ ᠤᠢ᠎ᠶᠢ ᠪᠡᠯᠭᠡᠯᠡᠵᠡᠢ᠃ ᠲᠤᠰ ᠲᠤᠭᠯᠠᠯᠲᠠ ᠦᠨᠳᠦᠰᠦᠲᠡᠨ᠎ᠨᠦᠭᠦᠳ᠎ᠦᠨ ᠵᠤᠷᠢᠬ ᠵᠢᠡᠨ ᠡᠷᠴᠢᠯᠡᠨ᠂ ᠢᠲᠡᠭᠡᠯ ᠪᠢᠰᠢᠷᠡᠯ ᠵᠢᠡᠨ ᠪᠠᠲᠤᠳᠬᠠᠨ᠂ ᠪᠦᠯᠬᠦᠮᠳᠡᠨ ᠨᠢᠭᠡᠳᠴᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠵᠢ ᠠᠬᠢᠭᠤᠯᠤᠭᠰᠠᠨ ᠪᠠᠢᠨ᠎ᠠ᠃