96 ᠮᠧᠲ᠋ᠷ 128 ᠠᠯᠬᠤᠮ᠎ᠤᠨ ᠢᠷᠠᠭᠤ ᠠᠯᠳᠠᠷ
2025-09-29 11:07:48
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 18᠎ᠤ᠋ ᠦᠳᠡ᠎ᠶ᠋ᠢᠨ ᠡᠮᠦᠨ᠎ᠡ᠂ ᠬᠦᠬᠡᠬᠤᠳᠠ ᠵᠢᠨ ᠪᠸᠢ ᠶᠤᠸᠠᠨ ᠪᠠᠭ᠎ᠠ ᠰᠤᠷᠭᠠᠭᠤᠯᠢ᠎ᠶ᠋ᠢᠨ ᠲᠠᠮᠢᠷ᠎ᠤᠨ ᠲᠠᠯᠠᠪᠠᠢ ᠲᠦᠪ ᠬᠢᠴᠢᠶᠡᠩᠬᠦᠢ ᠠᠭᠤᠷ ᠠᠮᠢᠰᠬᠤᠯ᠎ᠢᠶᠡᠷ ᠪᠢᠯᠬᠠᠵᠤ ᠪᠠᠢᠯ᠎ᠠ᠃ 《9·18》᠎ᠤ᠋ ᠭᠡᠷᠡᠭ ᠬᠤᠪᠢᠰᠤᠯ ᠡᠭᠦᠰᠦᠭᠰᠡᠨ 94 ᠵᠢᠯ᠎ᠤᠨ ᠤᠢ ᠳ᠋ᠤ ᠴᠢᠭᠯᠡᠭᠦᠯᠦᠨ᠂ ᠲᠢᠶᠠᠨ ᠠᠨ ᠮᠸᠨ ᠤ᠋ ᠤᠯᠤᠰ᠎ᠤᠨ ᠲᠤᠭ᠎ᠢ ᠬᠠᠮᠠᠭᠠᠯᠠᠬᠤ ᠠᠩᠬᠢ᠎ᠳ᠋ᠤ ᠠᠯᠪᠠ ᠬᠠᠭᠠᠬᠰᠠᠨ ᠦᠩᠭᠡᠷᠡᠯᠲᠡ ᠲᠠᠢ᠂ ᠶᠢᠰᠦᠨ ᠰᠠᠷ᠎ᠠ᠎ᠶᠢᠨ ᠭᠤᠷᠪᠠᠨ ᠤ᠋ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠳᠤ ᠣᠷᠣᠯᠴᠠᠭ᠍ᠰᠠᠨ ᠴᠡᠷᠢᠭ᠎ᠡᠴᠡ ᠬᠠᠯᠠᠭ᠍ᠳᠠᠭ᠍ᠰᠠᠨ ᠪᠠᠢᠯᠳᠤᠭ᠍ᠴᠢ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠰᠤᠷᠤᠬ᠍ᠴᠢ ᠳ᠋ᠦᠩ ᠬᠤᠤ ᠲᠢᠶᠠᠨ ᠪᠸᠢ ᠶᠤᠸᠠᠨ ᠪᠠᠭ᠎ᠠ ᠰᠤᠷᠭᠠᠭᠤᠯᠢ᠎ᠶ᠋ᠢᠨ ᠪᠦᠬᠦ᠌ ᠪᠠᠭ᠍ᠰᠢ ᠰᠤᠷᠤᠭ᠍ᠴᠢᠳ᠎ᠲᠤ ᠨᠢᠭᠡ ᠤᠳᠠᠭ᠎ᠠ᠎ᠶ᠋ᠢᠨ ᠰᠡᠳᠭᠢᠯ ᠬᠥᠳᠡᠯᠭᠡᠮ᠎ᠡ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠤᠷᠤᠪᠠ᠃

ᠠᠵᠢᠯᠯᠠᠭ᠎ᠠ᠎ᠨᠢ ᠰᠦᠷ ᠵᠢᠪᠬᠤᠯᠠᠩᠲᠤ ᠤᠯᠤᠰ᠎ᠤᠨ ᠲᠣᠭ ᠮᠠᠨᠳᠤᠭᠤᠯᠬᠤ ᠶᠣᠰᠣᠯᠠᠯ ᠳᠤᠮᠳᠠ ᠡᠬᠢᠯᠡᠵᠦ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠤᠯᠤᠰ᠎ᠤᠨ ᠲᠣᠭ᠎ᠤᠨ ᠠᠩᠭᠢ ᠲᠡᠷᠢ ᠲᠡᠭ᠌ᠰᠢ ᠲᠥᠪ ᠠᠯᠬᠤᠭ᠎ᠠ᠎ᠪᠠᠷ ᠤᠯᠤᠰ᠎ᠤᠨ ᠲᠣᠭ᠎ᠢ ᠬᠠᠮᠠᠭᠠᠯᠠᠨ ᠲᠠᠯᠠᠪᠠᠶ᠎ᠳᠤ ᠤᠷᠤᠵᠤ᠂ ᠲᠠᠪᠤᠨ ᠣᠳᠣᠲᠤ ᠤᠯᠠᠭᠠᠨ ᠲᠣᠭ ᠢ᠋ ᠠᠯᠭᠤᠷᠬᠠᠨ ᠮᠠᠨᠳᠤᠭᠤᠯᠪᠠ᠃ ᠪᠦᠬᠦ᠌ ᠪᠠᠭ᠍ᠰᠢ ᠰᠤᠷᠤᠭ᠍ᠴᠢᠳ ᠲᠥᠪ ᠵᠣᠭ᠍ᠰᠣᠨ ᠱᠢᠷᠳᠡᠬᠦ᠌ ᠶᠣᠰᠣ ᠬᠢᠵᠦ᠍᠂ ᠲᠤᠬᠠᠶ᠎ᠶ᠋ᠢᠨ ᠲᠠᠯᠠᠪᠤᠷ᠎ᠲᠡᠬᠢ ᠪᠠᠭᠰᠢ ᠰᠤᠷᠤᠭᠴᠢᠳ ᠤᠯᠤᠰ᠎ᠤᠨ ᠲᠣᠭ᠎ᠤᠨ ᠠᠷᠢᠭᠤᠨ ᠳᠠᠷᠬᠠᠨ ᠪᠠ ᠦᠨᠳᠦᠰᠦᠲᠡᠨ᠎ᠦ ᠨᠡᠷ᠎ᠡ ᠬᠦᠨᠳᠦ᠍᠎ᠶ᠋ᠢ ᠭᠦᠨᠵᠡᠭᠡᠶ ᠮᠡᠳᠡᠷᠡᠪᠡ᠃ ᠳᠠᠷᠠᠭ᠎ᠠ ᠨᠢ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ ᠡᠴᠡ 《ᠶᠢᠰᠦᠨ ᠰᠠᠷ᠎ᠠ᠎ᠶᠢᠨ ᠠᠷᠪᠠᠨ ᠨᠠᠢ᠍ᠮᠠᠨ᠎ᠤ ᠤᠯᠤᠰ᠎ᠤᠨ ᠲᠥᠯᠥᠭᠡ ᠪᠡᠶ᠎ᠡ ᠦᠷᠡᠭ᠌ᠳᠡᠭ᠌ᠰᠡᠨ ᠪᠠᠭᠠᠲᠤᠷᠴᠤᠳ᠎ᠢ ᠪᠠᠲᠤ ᠴᠡᠭᠡᠵᠢᠯᠡᠵᠦ᠍᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠲᠠᠷᠬᠠᠨ ᠬᠠᠷᠢᠭᠤᠴᠠᠯᠭ᠎ᠠ ᠪᠠᠨ ᠡᠭᠦᠷᠭᠡᠯᠡᠶ᠎ᠡ》 ᠭᠡᠬᠦ᠌ ᠱᠢᠯᠦᠭ᠎ᠢ ᠤᠶᠠᠩᠭᠠᠯᠠᠨ᠂ ᠪᠠᠭ᠍ᠰᠢ ᠰᠤᠷᠤᠭ᠍ᠴᠢᠳ᠎ᠤᠨ ᠪᠤᠳᠤᠯ ᠰᠠᠨᠠᠭ᠎ᠠ᠎ᠶ᠋ᠢ ᠮᠠᠷᠲᠠᠭ᠍ᠳᠠᠰᠢ ᠦᠭᠡᠢ ᠲᠡᠦᠬᠡᠨ ᠠᠬᠤᠢ᠎ᠳᠤ ᠬᠦᠳᠦᠯᠦᠨ ᠠᠪᠠᠴᠢᠪᠠ᠃

ᠲᠤᠬᠠᠢ᠎ᠶ᠋ᠢᠨ ᠲᠠᠯᠠᠪᠠᠢ᠎ᠳᠤ᠂ ᠳ᠋ᠦᠩ ᠬᠤᠤ ᠲᠢᠶᠠᠨ ᠶᠢᠰᠦᠨ ᠰᠠᠷ᠎ᠠ᠎ᠶᠢᠨ ᠭᠤᠷᠪᠠᠨ᠎ᠤ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠳᠤ ᠣᠷᠣᠯᠴᠠᠭ᠍ᠰᠠᠨ ᠬᠠᠲᠠᠭᠤᠵᠢᠯᠲᠠᠢ ᠪᠣᠯᠪᠠᠰᠤᠷᠠᠯ᠎ᠤᠨ ᠥᠩᠭᠡᠷᠡᠯᠲᠡ᠎ᠪᠡᠨ ᠬᠤᠪᠢᠶᠠᠯᠴᠠᠯ᠎ᠠ᠃ 2025 ᠣᠨ᠎ᠳᠤ᠂ ᠨᠢᠭᠡᠨᠲᠡ ᠴᠡᠷᠢᠭ᠎ᠡᠴᠡ ᠬᠠᠯᠠᠭ᠍ᠳᠠᠭ᠍ᠰᠠᠨ ᠳ᠋ᠦᠩ ᠬᠤᠤ ᠲᠢᠶᠠᠨ ᠪᠡᠯᠡᠳᠭᠡᠯ ᠠᠯᠪᠠ ᠎ᠵᠢᠨ ᠬᠤᠪᠢ᠎ᠪᠠᠷ ᠶᠢᠰᠦᠨ ᠰᠠᠷ᠎ᠠ᠎ᠶᠢᠨ ᠭᠤᠷᠪᠠᠨ᠎ᠤ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠪᠡᠯᠡᠳᠭᠡᠯ ᠠᠯᠪᠠ᠎ᠵᠢᠨ᠎ᠴᠡᠷᠢᠭ᠎ᠤᠨ ᠵᠢᠭ᠍ᠰᠠᠭᠠᠯ᠎ᠳᠤ ᠰᠣᠩᠭᠣᠭ᠍ᠳᠠᠵᠠᠢ᠃

 183 ᠡᠳᠦᠷ᠂ ᠡᠳᠦᠷ ᠪᠦᠷᠢ 10 ᠴᠠᠭ ᠱᠢᠬᠠᠮ ᠬᠠᠲᠠᠭᠤᠵᠢᠯᠳᠠᠢ ᠪᠣᠯᠪᠠᠰᠤᠷᠠᠯ ᠬᠢᠵᠦ᠍᠂ ᠥᠴᠦᠬᠡᠨ ᠴᠦ᠍ ᠬᠥᠳᠡᠯᠬᠦ᠌ ᠦᠭᠡᠢ 2 ᠴᠠᠭ ᠵᠢᠡᠷ ᠲᠦᠪ ᠵᠤᠭᠰᠤᠨ᠎ᠠ᠂ ᠲᠥᠪ ᠠᠯᠬᠤᠭ᠎ᠠ᠎ᠶᠢ ᠰᠠᠨᠲ᠋ᠢᠮᠧᠲᠷ᠎ᠢᠶᠡᠷ ᠲᠣᠬᠢᠷᠠᠭᠤᠯᠤᠯᠲᠠ ᠬᠢᠵᠦ᠍᠂ ᠨᠡᠷᠡᠨ᠎ᠡᠰᠡᠷᠬᠦ 40 ᠰᠧᠺᠦ᠋ᠨ᠋ᠳ᠋ ᠨᠢᠳᠦ᠍᠎ᠪᠡᠨ ᠴᠠᠪᠴᠢᠬᠤ ᠦᠭᠡᠢ ᠁ ᠬᠠᠳᠠᠭᠤᠵᠢᠯᠳᠠᠢ ᠪᠤᠯᠪᠠᠰᠤᠷᠠᠯ ᠲᠤᠮᠳᠠ ᠬᠦᠯ᠎ᠤᠨ ᠪᠣᠷᠪᠢ ᠨᠢ ᠪᠦᠷ ᠴᠥᠪᠥᠷᠢᠭᠦᠳᠡᠭᠰᠡᠨ ᠪᠠᠢᠯ᠎ᠠ᠃

96 ᠮᠧᠲ᠋ᠷ᠂ 128 ᠠᠯᠬᠤᠮ᠂ ᠡᠨᠡ ᠪᠣᠯ ᠲᠢᠶᠠᠨ ᠠᠨ ᠮᠸᠨ᠎ᠤ ᠡᠮᠦᠨᠡᠬᠢ ᠱᠢᠯᠭᠠᠨ ᠦᠵᠡᠬᠦ᠌᠎ᠶᠢ ᠬᠦᠯᠢᠶᠡᠬᠦ᠎ᠵᠠᠢ ᠪᠣᠯᠤᠨ᠎ᠠ᠂ ᠪᠠᠰᠠ ᠴᠤ᠌ ᠳᠤᠮᠳᠠᠳᠤ ᠤᠯᠤᠰ᠎ᠤᠨ ᠴᠡᠷᠢᠭ ᠬᠥᠮᠦᠨ᠎ᠦ ᠦᠨᠡᠨᠴᠢ ᠱᠢᠳᠤᠷᠭᠤ᠎ᠪᠠᠷ ᠵᠢᠡᠨ ᠬᠡᠮᠵᠢᠭᠰᠡᠨ ᠢᠷᠠᠭᠤ ᠠᠯᠳᠠᠷ᠎ᠤᠨ ᠵᠠᠮ ᠪᠣᠯᠤᠨ᠎ᠠ᠃ ᠵᠢᠭᠰᠠᠭᠠᠯ᠎ᠤᠨ ᠡᠩᠨᠡᠬᠡ᠎ᠶᠢᠨ ᠠᠤᠭ᠎ᠠ ᠶᠡᠬᠡ ᠰᠦᠷ ᠬᠦᠴᠦᠨ᠎ᠢᠶᠡᠷ ᠲᠢᠶᠠᠨ ᠠᠨ ᠮᠸᠨ ᠠᠭᠤᠳᠠᠮ ᠲᠠᠯᠠᠪᠠᠢ ᠪᠡᠷ ᠥᠩᠭᠡᠷᠡᠬᠦ᠌ ᠦᠶᠡᠰ᠎ᠤᠨ ᠢᠳᠡᠷᠡᠭᠦᠨ ᠠᠯᠬᠤᠭ᠎ᠠ ᠨᠢ ᠪᠣᠯᠪᠠᠰᠤᠷᠠᠯ᠎ᠤᠨ ᠦᠷ᠎ᠡ ᠪᠦᠲᠦᠭᠡᠯ᠎ᠦᠨ ᠦᠵᠡᠭᠦᠯᠭᠡ ᠲᠡᠳᠦᠢ ᠪᠢᠰᠢ᠂ ᠨᠡᠩ ᠴᠤ᠌ ᠨᠢᠭᠡᠨ ᠦᠶ᠎ᠡ᠎ᠶ᠋ᠢᠨ ᠵᠠᠯᠠᠭᠤᠴᠤᠳ᠎ᠤᠨ ᠲᠡᠦᠬᠡᠨ᠎ᠳᠦ ᠲᠤᠰᠢᠶᠠᠬᠰᠠᠨ ᠬᠠᠮᠤᠭ᠎ᠤᠨ ᠰᠠᠢ᠌ᠨ ᠬᠠᠷᠢᠭᠤᠯᠳᠠ ᠪᠣᠯᠤᠨ᠎ᠠ ᠁

ᠬᠠᠷᠢᠯᠴᠠᠨ ᠦᠶ᠋ᠯᠡᠳᠦᠯᠴᠡᠬᠦ᠌ ᠲᠤᠮᠳᠠ ᠰᠤᠷᠤᠬᠴᠢᠳ ᠶᠠᠫᠣᠨ᠎ᠢ ᠡᠰᠡᠷᠭᠦᠴᠡᠬᠦ᠌ ᠳᠠᠢᠨ᠎ᠤ ᠲᠡᠦᠬᠡ᠂ ᠴᠡᠷᠢᠭ ᠤ᠋ᠨ ᠠᠮᠢᠳᠤᠷᠠᠯ᠂ ᠴᠡᠷᠢᠭ᠎ᠤᠨ ᠵᠢᠭ᠍ᠰᠠᠭᠠᠯ ᠱᠢᠯᠭᠠᠨ ᠦᠵᠡᠬᠦ᠌ ᠵᠡᠷᠭᠡ ᠰᠡᠳᠦᠪ᠎ᠤᠨ ᠲᠣᠭᠣᠷᠢᠨ᠎ᠳᠤ ᠤᠯᠠᠨ ᠠᠰᠠᠭᠤᠯᠲᠠ ᠠᠰᠠᠭᠤᠵᠤ ᠪᠠᠢᠯ᠎ᠠ᠃ ᠳ᠋ᠦᠩ ᠬᠤᠤ ᠲᠢᠶᠠᠨ ᠦᠪᠡᠷ᠎ᠤᠨ ᠥᠩᠭᠡᠷᠡᠯᠲᠡ ᠪᠡᠷ᠎ᠢᠶᠡᠨ ᠰᠤᠷᠤᠬᠴᠢᠳ᠎ᠲᠤ᠄《ᠵᠢᠩᠬᠢᠨᠢ ᠬᠦᠴᠦᠷᠬᠡᠭ᠌ᠵᠢᠯ ᠪᠣᠯ ᠰᠠᠯᠬᠢ ᠪᠣᠷᠣᠭᠠᠨ᠎ᠤ ᠳᠤᠮᠳᠠᠭᠤᠷ ᠴᠸ᠋ ᠴᠤᠴᠠᠯᠳᠠ ᠦᠭᠡᠢ ᠤᠷᠤᠭ᠍ᠰᠢᠯᠠᠳᠠᠭ》 ᠬᠡᠰᠡᠨ᠎ᠢ ᠮᠡᠳᠡᠭᠦᠯᠦᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号