ᠤᠯᠤᠰ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ᠎ᠳᠤ ᠬᠦᠷᠭᠡᠬᠦ᠌ ᠬᠡᠮᠵᠢᠨ ᠪᠠᠢᠴᠠᠭᠠᠯᠲᠠ᠎ᠶ᠋ᠢᠨ ᠠᠵᠢᠯᠯᠠᠭ᠎ᠠ ᠶᠠᠪᠤᠭ᠍ᠳᠠᠪᠠ
2025-09-30 11:14:54
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 24᠎ᠤ ᠡᠳᠦᠷ᠂ 2025 ᠣᠨ᠎ᠤ ᠬᠥᠬᠡᠬᠣᠲᠠ᠎ᠶ᠋ᠢᠨ ᠤᠯᠤᠰ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ᠎ᠳᠤ ᠬᠦᠷᠭᠡᠬᠦ ᠬᠡᠮᠵᠢᠨ ᠪᠠᠢᠴᠠᠭᠠᠯᠲᠠ᠎ᠶ᠋ᠢᠨ ᠠᠵᠢᠯᠯᠠᠭ᠎ᠠ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠰᠤᠷᠭᠠᠭᠤᠯᠢ᠎ᠳᠤ ᠶᠠᠪᠤᠭ᠍ᠳᠠᠵᠤ᠂ ᠨᠡᠢᠲᠡ 209 ᠵᠠᠯᠠᠭᠤᠴᠤᠳ ᠪᠠᠭᠠᠴᠤᠳ ᠣᠷᠣᠯᠴᠠᠵᠠᠶ᠃ ᠲᠣᠰ ᠤᠳᠠᠭᠠᠨ᠎ᠤ ᠠᠵᠢᠯᠯᠠᠭ᠎ᠠ᠎ᠨᠢ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠦ ᠭᠦᠨᠵᠡᠭᠡᠶ ᠥᠷᠨᠢᠬᠦ᠌᠎ᠶ᠋ᠢ ᠠᠬᠢᠭᠤᠯᠵᠤ ᠂ ᠬᠦᠬᠡᠬᠤᠲᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ ᠪᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠎ᠤᠨ ᠦᠷ᠎ᠡ ᠪᠦᠲᠦᠭᠡᠯ᠎ᠢ ᠱᠢᠯᠭᠠᠨ ᠪᠠᠢᠴᠠᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠎ᠤᠨ  ᠪᠡᠶ᠎ᠡ ᠎ᠶ᠋ᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠬᠤ ᠬᠠᠯᠠᠭᠤᠨ ᠤᠷᠮ᠎ᠠ ᠎ᠶ᠋ᠢ ᠤᠯᠠᠮ  ᠬᠦᠭᠵᠢᠭᠡᠪᠡ᠃

ᠬᠡᠮᠵᠢᠨ ᠪᠠᠢᠴᠠᠭᠠᠯᠲᠠ᠎ᠶ᠋ᠢᠨ ᠲᠥᠷᠥᠯ ᠵᠦᠢᠯ ᠨᠢ ᠡᠯᠪᠡᠭ ᠪᠠᠶᠠᠯᠢᠭ ᠣᠯᠠᠨ ᠶᠠᠩᠵᠤ᠎ᠶ᠋ᠢᠨ ᠪᠠᠢᠵᠤ᠂ ᠵᠣᠭ᠍ᠰᠣᠭ᠎ᠠ᠎ᠬᠠᠷᠠᠢᠯᠲᠠ᠂ 50 ᠮᠧᠲ᠋ᠷ᠎ᠦᠨ ᠭᠦᠶᠦᠯᠲᠡ᠂ 800 ᠮᠧᠲ᠋ᠷ᠎ᠦᠨ ᠭᠦᠶᠦᠯᠲᠡ᠂ 1000 ᠮᠧᠲ᠋ᠷ᠎ᠦᠨ ᠭᠦᠶᠦᠯᠲᠡ  ᠵᠡᠷᠭᠡ ᠣᠯᠠᠨ ᠲᠥᠷᠥᠯ ᠵᠦᠢᠯ᠎ᠢ ᠪᠠᠭᠲᠠᠭᠠᠪᠠ᠃ ᠡᠲᠡᠭᠡᠷ ᠲᠥᠷᠥᠯ ᠵᠦᠶ᠋ᠯ ᠨᠢ ᠱᠢᠯᠭᠠᠨ ᠪᠠᠢᠴᠠᠭᠠᠭ᠍ᠴᠢ᠎ᠶ᠋ᠢᠨ ᠪᠡᠶ᠎ᠡ ᠮᠠᠬᠠᠪᠣᠳ᠎ᠤᠨ ᠵᠣᠬᠢᠴᠠᠩᠭᠤᠶ ᠴᠢᠨᠠᠷ᠂ ᠳᠠᠭᠠᠭᠠᠮᠠᠭᠠᠶ ᠬᠦᠴᠦᠨ ᠵᠡᠷᠭᠡ ᠣᠯᠠᠨ ᠲᠠᠯ᠎ᠠ᠎ᠶ᠋ᠢᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠱᠢᠯᠭᠠᠵᠤ᠂ ᠱᠢᠯᠭᠠᠨ ᠪᠠᠢᠴᠠᠭᠠᠭ᠍ᠴᠢ᠎ᠶ᠋ᠢᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠰᠢᠯᠭᠠᠨ ᠦᠨᠡᠯᠡᠭ᠌ᠰᠡᠨ ᠪᠠᠢᠨ᠎ᠠ᠃ ᠠᠵᠢᠯᠯᠠᠭ᠎ᠠ᠎ᠶ᠋ᠢᠨ ᠬᠤᠭᠤᠴᠠᠭᠠᠨ᠎ᠳᠤ  ᠠᠵᠢᠯᠲᠠᠳ ᠪᠠᠰᠠ ᠰᠣᠷᠣᠭ᠍ᠴᠢ ᠨᠢᠭᠡᠪᠦᠷᠢ᠎ᠶ᠋ᠢᠨ ᠬᠢᠷᠢ ᠪᠦᠲᠦᠮᠵᠢ᠎ᠶ᠋ᠢ ᠨᠠᠷᠢᠨ ᠬᠢᠨᠠᠮᠠᠭᠠᠶ ᠲᠡᠮᠳᠡᠭ᠌ᠯᠡᠵᠦ᠍᠂ ᠱᠢᠯᠭᠠᠯᠲᠠ᠎ᠶ᠋ᠢᠨ ᠡᠷᠬᠡ ᠲᠡᠭ᠌ᠰᠢ ᠲᠥᠪ ᠭᠤᠤᠯᠴᠢ ᠪᠠᠢᠬᠤ᠎ᠶ᠋ᠢ ᠦᠨᠡᠨ ᠬᠦ᠌ ᠪᠠᠲᠤᠯᠠᠪᠠ᠃ ᠡᠭᠦᠨ᠎ᠦ ᠬᠠᠮᠲᠤ᠂ ᠪᠠᠰᠠ ᠤᠷᠤᠯᠳᠤᠭᠠᠨ᠎ᠳᠤ ᠣᠷᠣᠯᠴᠠᠭᠰᠠᠨ ᠵᠠᠯᠠᠭᠤᠴᠤᠳ ᠪᠠᠭᠠᠴᠤᠳ᠎ᠲᠤ ᠴᠢᠬᠤᠯᠠ ᠪᠥᠬᠥᠶ ᠡᠮᠴᠢᠯᠡᠭᠡᠨ᠎ᠦ ᠪᠠᠲᠤᠯᠠᠭ᠎ᠠ ᠬᠠᠩᠭᠠᠵᠤ᠂ ᠪᠥᠬᠥ᠌ ᠲᠠᠯ᠎ᠠ᠎ᠪᠠᠷ ᠠᠵᠢᠯᠯᠠᠭ᠎ᠠ᠎ᠶ᠋ᠢᠨ ᠤᠷᠤᠭᠰᠢᠲᠠᠢ ᠶᠠᠪᠤᠭᠳᠠᠬᠤ᠎ᠵᠢ ᠪᠠᠲᠤᠯᠠᠪᠠ᠃ ᠲᠣᠰ ᠤᠳᠠᠭᠠᠨ᠎ᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ᠎ᠳᠤ ᠬᠦᠷᠭᠡᠬᠦ ᠬᠡᠮᠵᠢᠨ ᠪᠠᠢᠴᠠᠭᠠᠯᠲᠠ᠎ᠶ᠋ᠢᠨ ᠠᠵᠢᠯᠯᠠᠭ᠎ᠠ᠎ᠪᠤᠯ ᠤᠯᠤᠰ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠᠢᠯᠳᠤᠬᠤ ᠪᠣᠳᠣᠯᠭ᠎ᠠ᠎ᠶ᠋ᠢ ᠳᠤᠭᠤᠰᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠢᠮᠦᠷᠬᠦᠦ ᠬᠡᠮᠵᠢᠨ ᠪᠠᠢᠴᠠᠭᠠᠯᠲᠠ᠎ᠶ᠋ᠢᠨ ᠠᠵᠢᠯᠯᠠᠭ᠎ᠠ᠎ᠪᠠᠷ ᠳᠡᠮᠵᠢᠨ ᠬᠦᠬᠡᠬᠤᠲᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠣᠳᠣᠬᠢ ᠪᠠᠢᠳᠠᠯ᠎ᠢ ᠣᠢᠯᠠᠭᠠᠬᠤ᠎ᠪᠠᠷ ᠪᠠᠷᠠᠬᠤ ᠥᠬᠡᠶ᠂ ᠬᠥᠬᠡᠬᠣᠲᠠ᠎ᠶ᠋ᠢᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠳᠦ ᠱᠢᠨ᠎ᠡ ᠠᠮᠢᠵᠢᠷᠠᠯ᠎ᠤᠨ ᠬᠦᠴᠦᠨ ᠣᠯᠭᠣᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号