— ᠣᠶᠤᠨ᠎ᠤ ᠬᠥᠮᠥᠷᠭᠡ᠎ᠶ᠋ᠢᠨ ᠮᠡᠳᠡᠭᠦᠯᠦᠯᠲᠡ 《ᠪᠣᠯᠪᠠᠰᠤᠨ ᠬᠦᠭᠵᠢᠯᠳᠡ ᠵᠢᠨ ᠣᠨᠣᠯ — ᠬᠦᠭᠵᠢᠯᠳᠡ ᠪᠡᠷ ᠭᠤᠤᠯ
ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠪᠣᠯᠪᠠᠰᠤᠨ᠎ᠤ ᠦᠵᠡᠯᠲᠡ᠎ᠶ᠋ᠢ ᠪᠠᠢᠭᠤᠯᠤᠶ᠎ᠠ》 ᠳ᠋ᠦ ᠠᠩᠬᠠᠷᠤᠯ ᠲᠦᠪᠯᠡᠷᠡᠬᠦᠯᠬᠦᠢ
ᠣᠳᠣᠬᠠᠨ᠎ᠤ ᠳᠡᠯᠡᠬᠡᠢ ᠶᠢᠷᠲᠢᠨᠴᠦ᠍ ᠤᠷᠪᠠᠭᠠᠨ ᠬᠥᠷᠪᠡᠭᠡᠨ᠎ᠲᠡᠶ ᠪᠤᠯᠵᠤ᠂ ᠳᠡᠯᠡᠬᠡᠢᠵᠢᠯᠳᠡ ᠵᠢ ᠰᠦᠷᠬᠦ ᠳᠠᠯᠳᠠ ᠤᠷᠤᠰᠭᠠᠯ ᠤᠢᠯᠤᠨ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠣᠩᠭᠣᠴᠠ 《ᠰᠢᠯᠢᠳᠡᠭ ᠮᠠᠭᠤ ᠪᠣᠯᠪᠠᠰᠤᠨ᠎ᠤ ᠤᠨᠤᠯ》᠂ 《 ᠪᠣᠯᠪᠠᠰᠤᠨ᠎ᠤ ᠮᠥᠷᠭᠥᠯᠳᠦᠭᠡᠨ᠎ᠦ ᠤᠨᠤᠯ》᠂ 《ᠪᠠᠢᠭᠤᠯᠤᠯ᠎ᠤᠨ ᠡᠰᠡᠷᠭᠦᠴᠡᠯᠳᠦᠯ᠎ᠦᠨ ᠤᠨᠤᠯ》 ᠤ᠋ᠨ ᠳᠠᠯᠳᠠ ᠪᠣᠱᠣᠭ᠎ᠠ ᠵᠢᠨ ᠳᠤᠮᠳᠠ ᠰᠠᠵᠢᠯᠠᠵᠤ᠂ ᠪᠣᠭᠣᠮᠲᠠ᠎ᠶ᠋ᠢᠨ ᠭᠠᠢᠯᠢ᠎ᠶ᠋ᠢᠨ ᠳᠠᠢᠨ᠂ ᠠᠷᠠᠯᠵᠢᠶᠠᠨ᠎ᠤ ᠳᠠᠢ᠌ᠨ ᠪᠣᠯᠤᠨ ᠬᠡᠰᠡᠭ ᠲᠠᠯ᠎ᠠ᠎ᠶ᠋ᠢᠨ ᠮᠥᠷᠭᠥᠯᠳᠦᠭᠡᠨ ᠨᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠤᠯᠠᠭᠠᠨ ᠲᠣᠭ᠎ᠠ᠎ᠶ᠋ᠢ ᠨᠡᠮᠡᠭ᠌ᠳᠡᠭᠦᠯᠵᠦ᠍᠂ ᠪᠣᠯᠪᠠᠰᠤᠨ᠎ᠤ ᠤᠯᠠᠨ ᠶᠠᠩᠵᠤᠲᠤ ᠴᠢᠨᠠᠷ ᠤᠯᠠᠮ ᠨᠢᠭᠡ ᠠᠯᠬᠤᠮ ᠱᠢᠬᠠᠭ᠍ᠳᠠᠵᠤ ᠪᠠᠢᠨ᠎ᠠ᠃
ᠬᠥᠮᠦᠨ ᠲᠥᠷᠥᠯᠬᠢᠲᠡᠨ ᠳᠠᠬᠢᠨᠳᠠ ᠲᠣᠨᠣᠯᠵᠢᠨ ᠵᠠᠮ ᠳᠡᠭᠡᠷ᠎ᠡ ᠵᠣᠭ᠍ᠰᠣᠪᠠ᠃ ᠪᠣᠯᠪᠠᠰᠤᠨ ᠬᠠᠮᠢᠭᠠᠰᠢ᠎ᠪᠠᠨ ᠶᠠᠪᠤᠬᠤ ᠪᠤᠢ᠂ ᠬᠡᠷᠬᠢᠨ ᠬᠦᠭᠵᠢᠬᠦ ᠪᠤᠢ?
27 ᠤ᠋ ᠡᠳᠦᠷ᠂ ᠰᠢ ᠵᠢᠨ ᠫᠢᠩ᠎ᠦᠨ ᠰᠣᠶᠣᠯ ᠤ᠋ᠨ ᠦᠵᠡᠯ ᠰᠠᠨᠠᠭᠠᠨ᠎ᠤ ᠣᠯᠠᠨ ᠤᠯᠤᠰ᠎ᠤᠨ ᠡᠷᠳᠡᠮ ᠱᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠭᠤᠸᠠᠩᠵᠧᠦ᠍᠎ᠳᠦ ᠶᠠᠪᠤᠭ᠍ᠳᠠᠵᠤ᠂ ᠱᠢᠨᠬᠤᠸᠠ ᠬᠣᠷᠢᠶ᠎ᠠ ᠵᠢᠨ ᠤᠯᠤᠰ᠎ᠤᠨ ᠳᠡᠭᠡᠳᠦ ᠲᠠᠰ᠎ᠤᠨ ᠣᠶᠤᠨ᠎ᠤ ᠬᠥᠮᠥᠷᠭᠡ ᠬᠤᠷᠠᠯ ᠳᠡᠭᠡᠷ᠎ᠡ ᠣᠶᠤᠨ᠎ᠤ ᠬᠥᠮᠥᠷᠭᠡ᠎ᠶ᠋ᠢᠨ ᠮᠡᠳᠡᠭᠦᠯᠦᠯᠲᠡ 《ᠪᠣᠯᠪᠠᠰᠤᠨ ᠬᠦᠭᠵᠢᠯᠳᠡ ᠵᠢᠨ ᠣᠨᠣᠯ — ᠬᠦᠭᠵᠢᠯᠳᠡ ᠪᠡᠷ ᠭᠤᠤᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠪᠣᠯᠪᠠᠰᠤᠨ᠎ᠤ ᠦᠵᠡᠯᠲᠡ᠎ᠶ᠋ᠢ ᠪᠠᠢᠭᠤᠯᠤᠶ᠎ᠠ》᠎ᠶ᠋ᠢ ᠨᠡᠢᠲᠡᠯᠡᠪᠡ᠃ ᠮᠡᠳᠡᠭᠦᠯᠦᠯᠲᠡ᠎ᠳᠦ᠂ ᠪᠣᠯᠪᠠᠰᠤᠨ ᠬᠥᠭ᠌ᠵᠢᠯᠲᠡ᠎ᠶ᠋ᠢᠨ ᠤᠨᠤᠯ ᠨᠢ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠪᠡᠷ ᠪᠣᠯᠪᠠᠰᠤᠨ᠎ᠤ ᠭᠣᠣᠯ ᠴᠣᠭ᠍ᠴᠠᠲᠤ ᠴᠢᠨᠠᠷ᠎ᠢ ᠰᠠᠬᠢᠨ ᠬᠠᠮᠠᠭᠠᠯᠠᠵᠤ᠂ ᠠᠷᠠᠳ᠎ᠤᠨ ᠲᠥᠯᠥᠭᠡ ᠵᠠᠰᠠᠭ ᠪᠠᠷᠢᠬᠤ ᠪᠡᠷ ᠪᠣᠯᠪᠠᠰᠤᠨ ᠬᠦᠭᠵᠢᠯᠳᠡ ᠵᠢᠨ ᠰᠠᠭᠤᠷᠢ᠎ᠶ᠋ᠢ ᠤᠨᠢᠯᠠᠵᠤ᠂ ᠤᠯᠠᠨ ᠡᠱᠢᠴᠢᠯᠡᠨ ᠬᠠᠮᠲᠤ᠎ᠪᠠᠷ ᠣᠷᠣᠱᠢᠬᠤ᠎ᠪᠠᠷ ᠪᠣᠯᠪᠠᠰᠤᠨ᠎ᠤ ᠪᠠᠭ᠍ᠲᠠᠭᠠᠮᠵᠢᠲᠤ ᠴᠢᠨᠠᠷ᠎ᠢ ᠥᠷᠭᠡᠳᠭᠡᠵᠦ᠍᠂ ᠬᠠᠭᠤᠴᠢᠨ᠎ᠢ ᠥᠭᠡᠷᠡᠴᠢᠯᠡᠵᠦ᠍ ᠱᠢᠨ᠎ᠡ᠎ᠶ᠋ᠢ ᠡᠭᠦᠳᠬᠦ᠌᠎ᠪᠡᠷ ᠪᠣᠯᠪᠠᠰᠤᠨ᠎ᠤ ᠱᠢᠨ᠎ᠡ᠎ᠶ᠋ᠢ ᠡᠭᠦᠳᠬᠦ᠌ ᠬᠦᠴᠦᠨ᠎ᠢ ᠬᠥᠭ᠌ᠵᠢᠭᠡᠪᠡ ᠭᠡᠵᠤ ᠵᠢᠭᠠᠵᠤ ᠭᠠᠷᠭᠠᠵᠠᠢ᠃
ᠮᠡᠳᠡᠭᠦᠯᠦᠯᠳᠡ ᠳ᠋ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠢ 《ᠪᠣᠯᠪᠠᠰᠤᠨ ᠵᠢᠡᠷ ᠬᠦᠭᠵᠢᠬᠦᠯᠬᠦ》 ᠪᠠ 《ᠪᠣᠯᠪᠠᠰᠤᠨ ᠢ᠋ ᠬᠦᠭᠵᠢᠬᠦᠯᠬᠦ》 ᠬᠤᠶᠠᠷ ᠠᠬᠢᠴᠠ ᠭᠡᠵᠦ ᠲᠣᠳᠣᠷᠬᠠᠢᠯᠠᠨ ᠥᠭᠦᠯᠡᠵᠦ᠍᠂ ᠤᠯᠠᠮᠵᠢᠯᠠᠯᠲᠤ ᠣᠳᠣᠬᠢᠴᠢᠯᠠᠯᠲᠠ᠎ᠶ᠋ᠢᠨ ᠤᠨᠤᠯ᠎ᠤᠨ ᠱᠤᠭᠤᠮᠯᠢᠭ ᠬᠤᠪᠢᠰᠤᠯᠲᠠ᠎ᠶ᠋ᠢᠨ ᠯᠣᠭᠢᠭ᠎ᠢ ᠡᠪᠳᠡᠵᠦ᠍᠂ ᠬᠥᠭ᠌ᠵᠢᠯᠲᠡ᠎ᠪᠡᠷ ᠭᠣᠣᠯ ᠪᠣᠯᠭᠠᠭ᠍ᠰᠠᠨ ᠱᠢᠨ᠎ᠡ ᠮᠠᠶᠢᠭ᠎ᠤᠨ ᠪᠣᠯᠪᠠᠰᠤᠨ᠎ᠤ ᠦᠵᠡᠯᠲᠡ᠎ᠶ᠋ᠢ ᠪᠤᠢ ᠪᠣᠯᠭᠠᠵᠠᠢ᠃
ᠰᠤᠷᠪᠤᠯᠵᠢᠯᠠᠭ᠎ᠠ ᠬᠦᠯᠢᠶᠡᠭ᠌ᠰᠡᠨ ᠲᠤᠰᠭᠠᠶ ᠮᠡᠷᠭᠡᠵᠢᠯᠲᠡᠨ ᠡᠷᠳᠡᠮᠲᠡᠳ᠂ ᠪᠣᠯᠪᠠᠰᠤᠨ᠎ᠤ ᠠᠭᠤᠰᠤᠯᠴᠠᠯ᠎ᠤᠨ ᠣᠨᠣᠯ ᠡᠴᠡ ᠪᠣᠯᠪᠠᠰᠤᠨ ᠬᠦᠭᠵᠢᠯᠳᠡ ᠵᠢᠨ ᠣᠨᠣᠯ ᠬᠦᠷᠲᠡᠯᠡᠬᠢ ᠱᠢᠨ᠎ᠡ ᠬᠡᠯᠪᠡᠷᠢ᠎ᠶ᠋ᠢᠨ ᠪᠣᠯᠪᠠᠰᠤᠨ᠎ᠤ ᠦᠵᠡᠯᠲᠡ ᠪᠣᠯ ᠪᠣᠯᠪᠠᠰᠤᠨ ᠬᠦᠭᠵᠢᠯᠳᠡ ᠵᠢᠨ ᠵᠢᠮ᠎ᠡ ᠶᠣᠰᠣᠨ᠎ᠤ ᠲᠤᠬᠠᠶ ᠭᠦᠨᠵᠡᠭᠡᠶ ᠠᠵᠢᠭ᠍ᠯᠠᠯᠲᠠ ᠪᠣᠯᠬᠤ᠎ᠪᠠᠷ ᠪᠠᠷᠠᠬᠤ ᠥᠬᠡᠶ ᠪᠠᠰᠠ ᠴᠤ᠌ ᠣᠲᠣ ᠦᠶ᠎ᠡ᠎ᠶ᠋ᠢᠨ ᠪᠣᠯᠪᠠᠰᠤᠨ᠎ᠤ ᠬᠦᠴᠢᠷᠳᠡᠯ᠎ᠢ ᠱᠢᠶ᠋ᠳᠪᠦᠷᠢᠯᠡᠬᠦ᠌ ᠠᠵᠢᠯᠯᠠᠭᠠᠨ᠎ᠤ ᠵᠦᠭ᠌ᠯᠡᠭᠦᠷ ᠮᠥᠨ᠂ ᠡᠴᠦᠰ᠎ᠲᠡᠬᠡᠨ ᠬᠥᠮᠦᠰ᠎ᠢ ᠵᠢᠯᠣᠭᠣᠳᠤᠨ 《ᠥᠷᠥᠨᠡᠳᠠᠬᠢᠨ ᠵᠢᠡᠷ ᠭᠤᠤᠯ ᠪᠤᠯᠭᠠᠬᠤ ᠣᠨᠣᠯ》 ᠤ᠋ᠨ ᠲᠥᠭᠡᠷᠢᠭ᠌ᠳᠡᠯ᠎ᠢ ᠳᠤᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠳᠤ ᠨᠡᠪᠲᠡᠷᠡᠬᠦ᠌ ᠬᠥᠭᠥᠷᠭᠡ᠎ᠶ᠋ᠢ ᠪᠤᠰᠭᠠᠬᠤ ᠪᠣᠯᠤᠨ᠎ᠠ ᠭᠡᠵᠤ ᠦᠵᠡᠵᠡᠭᠡᠵᠠᠢ᠃
ᠪᠣᠯᠪᠠᠰᠤᠨ ᠬᠠᠮᠢᠭᠠᠰᠢ᠎ᠪᠠᠨ ᠶᠠᠪᠤᠬᠤ ᠪᠤᠢ᠂ ᠬᠡᠷᠬᠢᠨ ᠬᠦᠭᠵᠢᠬᠦ ᠪᠤᠢ?
ᠪᠦᠬᠦ᠌ ᠪᠥᠮᠪᠥᠷᠴᠡᠭ᠎ᠦᠨ ᠴᠢᠨᠠᠷᠲᠠᠢ ᠬᠥᠭ᠌ᠵᠢᠯᠲᠡ᠎ᠶ᠋ᠢᠨ ᠬᠦᠴᠢᠷᠳᠡᠯ᠎ᠦᠨ ᠡᠮᠦᠨ᠎ᠡ᠂ ᠬᠥᠮᠦᠨ ᠲᠥᠷᠥᠯᠬᠢᠲᠡᠨ᠎ᠦ ᠪᠣᠯᠪᠠᠰᠤᠨ ᠬᠠᠮᠢᠭᠠᠰᠢ᠎ᠪᠠᠨ ᠶᠠᠪᠤᠪᠠᠯ ᠵᠣᠬᠢᠬᠤ ᠪᠤᠢ? ᠬᠥᠭ᠌ᠵᠢᠯᠲᠡ᠎ᠶ᠋ᠢᠨ ᠦᠨᠳᠦᠰᠦᠨ ᠵᠣᠷᠢᠯᠭ᠎ᠠ ᠨᠢ ᠶᠠᠭᠤ ᠪᠤᠢ?
ᠱᠢᠨᠬᠤᠸᠠ ᠬᠣᠷᠢᠶ᠎ᠠ ᠵᠢᠨ ᠤᠯᠤᠰ᠎ᠤᠨ ᠳᠡᠭᠡᠳᠦ ᠲᠡᠰ᠎ᠤᠨ ᠤᠶᠤᠨ᠎ᠤ ᠬᠥᠮᠥᠷᠭᠡ 2024 ᠣᠨ᠎ᠤ 10 ᠰᠠᠷ᠎ᠠ᠎ᠳᠤ 《ᠪᠣᠯᠪᠠᠰᠤᠨ᠎ᠤ ᠠᠭᠤᠰᠤᠯᠴᠠᠯ᠎ᠤᠨ ᠤᠨᠤᠯ — ᠥᠪᠡᠷᠮᠢᠴᠡ ᠴᠢᠨᠠᠷ ᠪᠣᠯᠤᠨ ᠦᠷᠳᠡᠭ᠎ᠦᠨ ᠵᠣᠭ᠍ᠰᠣᠯᠲᠠ ᠳ᠋ᠦ ᠰᠠᠭᠤᠷᠢᠯᠠᠬᠰᠠᠨ ᠳᠤᠮᠳᠠᠳᠤ᠎ᠶ᠋ᠢᠨ ᠪᠣᠯᠪᠠᠰᠤᠨ᠎ᠤ ᠱᠢᠨ᠎ᠡ ᠵᠣᠷᠢᠯᠲᠠ》 ᠵᠢ ᠨᠡᠢᠲᠡᠯᠡᠭ᠌ᠰᠡᠨ᠎ᠦ ᠲᠠᠷᠠᠭ᠎ᠠ᠂ ᠦᠷᠭᠦᠯᠵᠢᠯᠡᠨ ᠭᠦᠨᠵᠡᠭᠡᠢ ᠰᠤᠳᠤᠯᠵᠤ᠂ ᠨᠢᠭᠡ ᠵᠢᠯ ᠤ᠋ᠨ ᠴᠠᠭ ᠢ᠋ ᠬᠡᠷᠡᠭᠰᠡᠨ 《ᠪᠣᠯᠪᠠᠰᠤᠨ ᠬᠦᠭᠵᠢᠯᠳᠡ ᠵᠢᠨ ᠣᠨᠣᠯ — ᠬᠦᠭᠵᠢᠯᠳᠡ ᠪᠡᠷ ᠭᠤᠤᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠪᠣᠯᠪᠠᠰᠤᠨ᠎ᠤ ᠦᠵᠡᠯᠲᠡ᠎ᠶ᠋ᠢ ᠪᠠᠢᠭᠤᠯᠤᠶ᠎ᠠ》 ᠭᠡᠬᠦ ᠤᠶᠤᠨ᠎ᠤ ᠬᠥᠮᠥᠷᠭᠡ᠎ᠶ᠋ᠢᠨ ᠮᠡᠳᠡᠭᠦᠯᠦᠯᠲᠡ᠎ᠶ᠋ᠢ ᠰᠤᠷᠪᠤᠯᠵᠢᠯᠠᠨ ᠪᠢᠴᠢᠪᠡ᠃
ᠤᠶᠤᠨ᠎ᠤ ᠬᠥᠮᠥᠷᠭᠡ᠎ᠶ᠋ᠢᠨ ᠮᠡᠳᠡᠭᠦᠯᠦᠯᠲᠡ᠎ᠶ᠋ᠢᠨ ᠳᠤᠭᠤᠢᠯᠠᠩ᠎ᠤᠨ ᠬᠢᠨ᠂ ᠪᠣᠯᠪᠠᠰᠤᠨ᠎ᠤ ᠠᠭᠤᠰᠤᠯᠴᠠᠯ᠎ᠤᠨ ᠤᠨᠤᠯ ᠪᠣᠯᠤᠨ ᠪᠣᠯᠪᠠᠰᠤᠨ ᠬᠦᠭᠵᠢᠯᠳᠡ ᠵᠢᠨ ᠤᠨᠤᠯ ᠪᠣᠯ ᠱᠢᠨ᠎ᠡ ᠴᠠᠭ ᠦᠶ᠎ᠡ᠎ᠶ᠋ᠢᠨ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠱᠢᠯᠳᠠ᠎ᠶ᠋ᠢᠨ ᠲᠤᠬᠠᠢ ᠳᠤᠮᠳᠠᠳᠤ ᠤᠯᠤᠰ᠎ᠤᠨ ᠬᠤᠤᠰ ᠲᠠᠢᠯᠪᠤᠷᠢᠯᠠᠯᠲᠠ ᠪᠣᠯᠤᠨ᠎ᠠ᠄ ᠦᠨᠳᠦᠰᠦᠨ ᠯᠣᠭᠢᠭ ᠨᠢ ᠴᠦᠮ ᠪᠣᠯᠪᠠᠰᠤᠨ᠎ᠤ ᠤᠯᠠᠨ ᠶᠠᠩᠵᠤᠲᠤ ᠴᠢᠨᠠᠷ᠎ᠤᠨ ᠲᠤᠬᠠᠢ ᠭᠦᠨᠵᠡᠭᠡᠢ ᠲᠠᠨᠢᠯᠲᠠ᠎ᠳᠤ ᠦᠨᠳᠦᠰᠦᠯᠡᠭ᠌ᠰᠡᠨ ᠶᠤᠮ᠃ ᠪᠣᠯᠪᠠᠰᠤᠨ᠎ᠤ ᠠᠭᠤᠰᠤᠯᠴᠠᠯ᠎ᠤᠨ ᠤᠨᠤᠯ ᠨᠢ ᠪᠣᠯᠪᠠᠰᠤᠨ᠎ᠤ ᠬᠣᠭᠣᠷᠣᠨᠳᠣᠬᠢ ᠬᠠᠷᠢᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠯᠪᠠᠰᠤᠨ ᠬᠥᠭ᠌ᠵᠢᠯᠲᠡ᠎ᠶ᠋ᠢᠨ ᠤᠨᠤᠯ ᠨᠢ 《ᠪᠣᠯᠪᠠᠰᠤᠨ ᠨᠢ ᠬᠡᠷᠬᠢᠨ ᠵᠡᠷᠭᠡᠴᠡᠨ ᠣᠷᠣᠱᠢᠬᠤ ᠳᠤᠮᠳᠠ ᠲᠠᠪᠱᠢᠯᠳᠠ᠎ᠶ᠋ᠢ ᠪᠡᠶᠡᠯᠡᠭᠦᠯᠬᠦ᠌》 ᠵᠢᠨ ᠲᠣᠭᠣᠷᠢᠨ᠎ᠳᠤ ᠥᠭᠦᠯᠡᠪᠡ᠃
《ᠪᠣᠯᠪᠠᠰᠤᠨ ᠬᠦᠭᠵᠢᠯᠳᠡ ᠵᠢᠨ ᠣᠨᠣᠯ — ᠬᠦᠭᠵᠢᠯᠳᠡ ᠪᠡᠷ ᠭᠤᠤᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠪᠣᠯᠪᠠᠰᠤᠨ᠎ᠤ ᠦᠵᠡᠯᠲᠡ᠎ᠶ᠋ᠢ ᠪᠠᠢᠭᠤᠯᠤᠶ᠎ᠠ》 ᠭᠡᠬᠦ᠌ ᠤᠶᠤᠨ᠎ᠤ ᠬᠥᠮᠥᠷᠭᠡ᠎ᠶ᠋ᠢᠨ ᠮᠡᠳᠡᠭᠦᠯᠦᠯᠲᠡ᠎ᠳᠦ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠤᠯᠠᠭᠠᠨ ᠲᠣᠭ᠎ᠠ ᠪᠣᠯᠤᠨ ᠪᠣᠯᠪᠠᠰᠤᠨ᠎ᠤ ᠮᠥᠷᠭᠥᠯᠳᠦᠭᠡᠨ ᠬᠤᠷᠴᠠᠳᠤᠭ᠍ᠰᠠᠨ ᠴᠠᠭ ᠦᠶ᠎ᠡ᠎ᠶ᠋ᠢᠨ ᠪᠠᠢᠳᠠᠯ ᠳᠣᠣᠷ᠎ᠠ᠂ ᠬᠥᠭ᠌ᠵᠢᠯᠲᠡ᠎ᠪᠡᠷ ᠭᠣᠣᠯ ᠪᠣᠯᠭᠠᠭ᠍ᠰᠠᠨ᠂ ᠭᠦᠨ ᠵᠤᠵᠠᠭᠠᠨ ᠪᠣᠯᠪᠠᠰᠤᠨ᠎ᠤ ᠤᠯᠠᠮᠵᠢᠯᠠᠯᠳᠤ ᠦᠨᠳᠦᠰᠦᠯᠡᠭ᠌ᠰᠡᠨ ᠪᠥᠭᠡᠳ ᠦᠢᠯᠡᠳᠦᠯᠭᠡ᠎ᠪᠡᠷ ᠱᠢᠯᠭᠠᠨ ᠨᠤᠲᠠᠯᠠᠭ᠍ᠰᠠᠨ ᠱᠢᠨ᠎ᠡ ᠬᠡᠯᠪᠡᠷᠢ᠎ᠶ᠋ᠢᠨ ᠪᠣᠯᠪᠠᠰᠤᠨ᠎ᠤ ᠦᠵᠡᠯᠲᠡ ᠨᠢ ᠬᠥᠮᠦᠨ ᠲᠥᠷᠥᠯᠬᠢᠲᠡᠨ᠎ᠦ 《ᠶᠠᠭᠤ ᠬᠢᠬᠦ᠌᠂ ᠬᠠᠮᠢᠭᠠᠰᠢ ᠪᠠᠨ ᠶᠠᠪᠤᠬᠤ》 ᠳ᠋ᠤ ᠴᠢᠬᠤᠯᠠ ᠰᠡᠩᠬᠡᠷᠡᠭᠦᠯᠦᠯ ᠬᠠᠩᠭᠠᠵᠤ ᠴᠢᠳᠠᠨ᠎ᠠ ᠭᠡᠵᠦ᠍ ᠦᠵᠡᠪᠡ᠃
ᠮᠡᠳᠡᠭᠦᠯᠦᠯᠳᠡ᠎ᠳᠦ ᠬᠡᠯᠡᠭ᠌ᠰᠡᠨᠴᠢᠯᠡᠨ᠂ ᠳᠤᠮᠳᠠᠳᠤ᠎ᠶ᠋ᠢᠨ ᠪᠣᠯᠪᠠᠰᠤᠨ᠎ᠢᠶᠠᠷ ᠠᠵᠢᠭ᠍ᠯᠠᠯᠲᠠ ᠪᠣᠯᠭᠠᠵᠤ᠂ ᠪᠣᠯᠪᠠᠰᠤᠨ᠎ᠤ ᠦᠷᠭᠦᠯᠵᠢᠯᠡᠯ ᠪᠠ ᠬᠥᠭ᠌ᠵᠢᠯᠲᠡ ᠨᠢ ᠢᠮᠠᠭ᠍ᠲᠠ ᠲᠦᠷᠪᠡᠨ ᠶᠡᠬᠡ ᠵᠠᠷᠴᠢᠮ᠎ᠢ ᠵᠢᠷᠤᠮᠯᠠᠳᠠᠭ᠄ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠤᠯᠠᠨ ᠡᠱᠢᠴᠢᠯᠡᠨ ᠬᠠᠮᠲᠤ᠎ᠪᠠᠷ ᠣᠷᠣᠱᠢᠬᠤ᠂ ᠠᠷᠠᠳ᠎ᠤᠨ ᠲᠥᠯᠥᠭᠡ ᠵᠠᠰᠠᠭ ᠪᠠᠷᠢᠬᠤ ᠪᠠ ᠬᠠᠭᠤᠴᠢᠨ᠎ᠢ ᠥᠭᠡᠷᠡᠴᠢᠯᠡᠵᠦ᠍ ᠱᠢᠨ᠎ᠡ᠎ᠶ᠋ᠢ ᠪᠠᠢᠭᠤᠯᠤᠨ᠎ᠠ᠃
ᠪᠡᠶ᠎ᠠ ᠪᠠᠨ ᠳᠠᠭᠠᠭᠠᠵᠤ ᠡᠵᠡᠨ ᠮᠡᠳᠡᠬᠦ ᠨᠢ ᠪᠣᠯᠪᠠᠰᠤᠨ ᠬᠦᠭᠵᠢᠯᠳᠡ ᠵᠢᠨ ᠬᠤᠪᠢ ᠵᠠᠶᠠᠭ᠎ᠠ᠎ᠶ᠋ᠢ ᠡᠵᠡᠮᠱᠢᠨ᠎ᠡ᠃ ᠶᠠᠮᠠᠷᠪᠠ ᠪᠣᠯᠪᠠᠰᠤᠨ ᠭᠡᠳ ᠴᠥᠮ ᠭᠠᠳᠠᠭᠠᠳᠤ ᠬᠦᠴᠦᠨ᠎ᠳᠦ ᠲᠦᠱᠢᠭ᠌ᠯᠡᠨ ᠵᠢᠩᠬᠢᠨᠢ ᠬᠦᠴᠦᠷᠬᠡᠭ ᠶᠡᠬᠡ ᠪᠤᠯᠵᠤ ᠴᠢᠳᠠᠬᠤ ᠦᠭᠡᠢ ᠭᠡᠳᠡᠭ᠎ᠢ ᠲᠡᠦᠬᠡ ᠬᠠᠷᠠᠭᠤᠯᠵᠤ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠪᠠᠷᠢᠮᠲᠠᠯᠠᠵᠤ᠂ ᠤᠯᠤᠰ᠎ᠤᠨ ᠪᠠᠢᠳᠠᠯ᠎ᠳᠠᠭᠠᠨ ᠰᠠᠭᠤᠷᠢᠯᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢ ᠬᠠᠢᠨ ᠰᠦᠪᠡᠭ᠌ᠴᠢᠯᠡᠪᠡ᠃
ᠣᠯᠠᠨ ᠡᠱᠢᠴᠢᠯᠡᠨ ᠬᠠᠮᠲᠤ ᠪᠡᠷ ᠣᠷᠣᠱᠢᠬᠤ ᠨᠢ ᠪᠣᠯᠪᠠᠰᠤᠨ ᠬᠦᠭᠵᠢᠯᠳᠡ ᠵᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠪᠣᠯᠪᠠᠰᠤᠨ ᠨᠢ ᠰᠣᠯᠢᠯᠴᠠᠭ᠎ᠠ᠎ᠪᠠᠷ ᠲᠠᠮᠵᠢᠨ ᠪᠠᠶᠠᠯᠢᠭ᠍ᠵᠢᠵᠤ᠂ ᠬᠠᠷᠢᠯᠴᠠᠨ ᠲᠤᠯᠢ ᠪᠤᠯᠭᠠᠬᠤ᠎ᠪᠠᠷ ᠲᠠᠮᠵᠢᠨ ᠬᠥᠭ᠌ᠵᠢᠳᠡᠭ᠃ ᠪᠦᠬᠦ᠌ ᠪᠥᠮᠪᠥᠷᠴᠡᠭ᠎ᠦᠨ 200 ᠭᠠᠷᠤᠢ ᠤᠯᠤᠰ ᠪᠠ ᠭᠠᠵᠠᠷ ᠣᠷᠣᠨ ᠵᠢᠴᠢ 2500 ᠭᠠᠷᠤᠢ ᠦᠨᠳᠦᠰᠦᠲᠡᠨ᠂ ᠤᠯᠠᠨ ᠵᠦᠢᠯ᠎ᠦᠨ ᠱᠠᠱᠢᠨ ᠰᠤᠷᠲᠠᠬᠤᠨ ᠬᠠᠮᠲᠤ᠎ᠪᠠᠷ ᠣᠷᠣᠱᠢᠵᠤ ᠪᠠᠢᠨ᠎ᠠ᠂ ᠭᠠᠭ᠍ᠴᠠ ᠬᠦ᠌ ᠤᠯᠠᠨ ᠶᠠᠩᠵᠤᠲᠤ ᠴᠢᠨᠠᠷ᠎ᠢ ᠬᠦᠨᠳᠦᠳᠭᠡᠵᠦ᠍᠂ ᠰᠣᠯᠢᠯᠴᠠᠭ᠎ᠠ ᠬᠢᠵᠦ᠍ ᠬᠠᠷᠢᠯᠴᠠᠨ ᠲᠤᠯᠢ ᠪᠤᠯᠭᠠᠬᠤ᠎ᠶ᠋ᠢ ᠵᠣᠷᠢᠭ᠍ᠵᠢᠭᠤᠯᠪᠠᠯ ᠪᠣᠯᠪᠠᠰᠤᠨ ᠰᠠᠶᠢ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠪᠠᠲᠤᠯᠠᠵᠤ ᠴᠢᠳᠠᠨ᠎ᠠ᠃
ᠠᠷᠠᠳ᠎ᠤᠨ ᠲᠥᠯᠥᠭᠡ ᠵᠠᠰᠠᠭ ᠪᠠᠷᠢᠬᠤ ᠨᠢ ᠪᠣᠯᠪᠠᠰᠤᠨ ᠬᠦᠭᠵᠢᠯᠳᠡ ᠵᠢᠨ ᠰᠠᠭᠤᠷᠢ᠎ᠶ᠋ᠢ ᠵᠤᠵᠠᠭᠠᠳᠭᠠᠨ᠎ᠠ᠃ ᠳᠤᠮᠳᠠᠳᠤ᠎ᠶ᠋ᠢᠨ ᠪᠣᠯᠪᠠᠰᠤᠨ ᠶᠡᠷᠦ᠍᠎ᠡᠴᠡ ᠬᠥᠮᠦᠨ᠎ᠦ ᠦᠨ᠎ᠡ ᠦᠷᠳᠡᠭ᠎ᠢ ᠴᠢᠬᠤᠯᠠᠴᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ ᠬᠠᠮᠲᠤ᠎ᠪᠠᠷ ᠡᠳ᠋ᠯᠡᠳᠡᠭ᠃ ᠣᠳᠣᠬᠢᠴᠢᠯᠠᠯᠲᠠ᠎ᠶ᠋ᠢᠨ ᠡᠴᠦᠰ᠎ᠦᠨ ᠬᠠᠷᠠᠯᠲᠠ ᠪᠣᠯ ᠬᠥᠮᠦᠨ᠎ᠦ ᠡᠷᠬᠡ ᠴᠢᠯᠥᠭᠡ ᠪᠠ ᠪᠦᠬᠦ᠌ ᠲᠠᠯ᠎ᠠ᠎ᠶ᠋ᠢᠨ ᠬᠥᠭ᠌ᠵᠢᠯᠲᠡ ᠵᠢ ᠪᠡᠶᠡᠯᠡᠭᠦᠯᠵᠤ᠂ ᠲᠡᠭᠦᠨ᠎ᠦ ᠮᠥᠨ ᠴᠢᠨᠠᠷ ᠪᠣᠯ ᠬᠥᠮᠦᠨ᠎ᠦ ᠣᠳᠣᠬᠢᠴᠢᠯᠠᠯᠲᠠ ᠪᠤᠯᠤᠨ᠎ᠠ᠃
ᠬᠠᠭᠤᠴᠢᠨ᠎ᠢ ᠥᠭᠡᠷᠡᠴᠢᠯᠡᠵᠦ᠍ ᠱᠢᠨ᠎ᠡ᠎ᠶ᠋ᠢ ᠪᠠᠢᠭᠤᠯᠬᠤ ᠨᠢ ᠪᠣᠯᠪᠠᠰᠤᠨ ᠬᠦᠭᠵᠢᠯᠳᠡ ᠵᠢᠨ ᠠᠮᠢᠵᠢᠷᠠᠯ᠎ᠤᠨ ᠬᠦᠴᠦᠨ᠎ᠢ ᠡᠭᠦᠷᠢᠳᠡ ᠪᠠᠲᠤᠯᠠᠨ᠎ᠠ᠃ ᠳᠤᠮᠳᠠᠳᠤ᠎ᠶ᠋ᠢᠨ ᠪᠣᠯᠪᠠᠰᠤᠨ ᠲᠡᠦᠬᠡᠨ᠎ᠡᠴᠡ᠎ᠪᠡᠨ ᠠᠪᠤᠭᠠᠳ ᠱᠢᠨ᠎ᠡ᠎ᠶ᠋ᠢ ᠡᠭᠦᠳᠬᠦ᠌᠎ᠶ᠋ᠢ ᠴᠢᠬᠤᠯᠠᠴᠢᠯᠠᠵᠤ᠂ ᠦᠵᠡᠯ ᠰᠠᠨᠠᠭᠠᠨ᠎ᠤ ᠱᠢᠰᠲ᠋ᠧᠮ ᠦᠷᠭᠦᠯᠵᠢᠯᠡᠨ ᠤᠯᠠᠷᠢᠨ ᠬᠥᠭ᠌ᠵᠢᠪᠡ᠃ 《ᠬᠣᠶᠠᠳᠤᠭᠠᠷ ᠤᠶᠠᠯᠳᠤᠯ》 ᠤ᠋ᠨ ᠳᠤᠮᠳᠠ᠂ ᠮᠠᠷᠺᠰ᠎ᠤᠨ ᠦᠵᠡᠯ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠴᠡᠢ᠃
ᠬᠦᠭᠵᠢᠭᠰᠡᠨ ᠪᠣᠯᠪᠠᠰᠤᠨ᠎ᠢ ᠱᠠᠭᠠᠷᠳᠠᠬᠤ ᠮᠦᠷᠲᠡᠭᠡᠨ ᠨᠡᠩ ᠴᠤ᠌ ᠪᠣᠯᠪᠠᠰᠤᠨ᠎ᠢ ᠬᠦᠭᠵᠢᠬᠦᠯᠬᠦ ᠵᠢ ᠱᠠᠭᠠᠷᠳᠠᠨ᠎ᠠ
ᠰᠤᠷᠪᠤᠯᠵᠢᠯᠠᠭ᠎ᠠ ᠬᠦᠯᠢᠶᠡᠭ᠌ᠰᠡᠨ ᠲᠤᠰᠭᠠᠢ ᠮᠡᠷᠭᠡᠵᠢᠯᠲᠡᠨ᠂ ᠡᠷᠳᠡᠮᠲᠡᠳ᠎ᠦᠨ ᠦᠵᠡᠬᠦ᠌᠎ᠪᠡᠷ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠴᠠᠭ ᠦᠶ᠎ᠡ᠎ᠶ᠋ᠢᠨ ᠰᠡᠳᠦᠪᠲᠦ᠂ ᠪᠣᠯᠪᠠᠰᠤᠨᠬᠦᠭᠵᠢᠯᠳᠡ ᠵᠢᠨ ᠤᠨᠤᠯ ᠨᠢ 《ᠪᠣᠯᠪᠠᠰᠤᠨ ᠬᠠᠮᠢᠭᠠᠰᠢ᠎ᠪᠠᠨ ᠬᠦᠭᠵᠢᠬᠦ ᠪᠤᠢ》 ᠭᠡᠬᠦ᠌ ᠳᠡᠯᠡᠬᠡᠢ᠎ᠶ᠋ᠢᠨ ᠠᠰᠠᠭᠤᠯᠲᠠ᠎ᠳᠤ ᠬᠠᠷᠢᠭᠤᠯᠲᠠ ᠥᠭ᠌ᠴᠦ᠂ 《ᠭᠡᠷᠬᠢᠨ ᠬᠥᠭ᠌ᠵᠢᠬᠦ ᠪᠤᠢ》 ᠭᠡᠬᠦ᠌ ᠳᠣᠷᠣᠨᠠᠳᠠᠬᠢᠨ᠎ᠤ ᠬᠠᠷᠢᠭᠤᠯᠲᠠ᠎ᠶ᠋ᠢ ᠬᠠᠩᠭᠠᠬᠤ᠎ᠪᠠᠷ ᠵᠣᠷᠢᠯᠲᠠ᠎ᠪᠠᠨ ᠪᠣᠯᠭᠠᠵᠠᠢ᠃
ᠪᠡᠭᠡᠵᠢᠩ ᠶᠡᠬᠡ ᠰᠤᠷᠭᠠᠭᠤᠯᠢ᠎ᠶ᠋ᠢᠨ ᠭᠦᠨ ᠤᠬᠠᠭᠠᠨ᠎ᠤ ᠰᠠᠯᠪᠤᠷᠢ᠎ᠶ᠋ᠢᠨ ᠫᠷᠤᠹᠧᠰᠰᠤᠷ ᠹᠧᠩ ᠽᠢ ᠢ᠂ ᠲᠣᠰ ᠮᠡᠳᠡᠭᠦᠯᠦᠯᠲᠡ᠎ᠨᠢ ᠪᠣᠯᠪᠠᠰᠤᠨᠬᠦᠭᠵᠢᠯᠳᠡᠪᠡᠷ ᠭᠤᠤᠯ ᠰᠡᠳᠦᠪ ᠪᠣᠯᠭᠠᠨ ᠰᠤᠳᠤᠯᠵᠤ᠂ ᠴᠢᠬᠤᠯᠠ ᠣᠨᠣᠯ᠎ᠤᠨ ᠦᠨ᠎ᠡ ᠥᠷᠲᠡᠭ ᠪᠠ ᠪᠣᠳᠠᠲᠤ ᠠᠴᠢ ᠬᠣᠯᠪᠣᠭ᠍ᠳᠠᠯ᠎ᠲᠠᠶ ᠶᠤᠮ᠃ ᠳᠤᠮᠳᠠᠳᠤ ᠤᠯᠤᠰ᠎ᠤᠨ ᠬᠥᠭ᠌ᠵᠢᠯᠲᠡ ᠪᠣᠯ ᠨᠢᠭᠡ ᠵᠦᠢᠯ᠎ᠦᠨ 《ᠪᠣᠯᠪᠠᠰᠤᠨ ᠬᠥᠭ᠌ᠵᠢᠯᠲᠡ》 ᠪᠣᠯᠬᠤ᠎ᠪᠠᠷ ᠪᠠᠷᠠᠬᠤ ᠦᠭᠡᠢ᠂ ᠪᠠᠰᠠ ᠨᠢᠭᠡ ᠵᠦᠢᠯ᠎ᠦᠨ 《ᠪᠤᠯᠪᠠᠰᠤᠨ ᠤ᠋ ᠬᠦᠭᠵᠢᠭᠦᠯᠦᠯᠳᠡ》 ᠮᠥᠨ᠂ ᠲᠡᠷᠡ ᠨᠢ ᠬᠦᠭᠵᠢᠯᠲᠡᠵᠢᠪᠣᠯᠪᠠᠰᠤᠨ ᠪᠣᠯᠭᠠᠨ ᠬᠥᠭ᠌ᠵᠢᠭᠦᠯᠬᠦ᠌᠎ᠶ᠋ᠢᠨ ᠬᠠᠮᠲᠤ ᠪᠣᠯᠪᠠᠰᠤᠨ᠎ᠤ ᠲᠤᠰ ᠪᠡᠶ᠎ᠡ᠎ᠶ᠋ᠢᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠪᠣᠯᠪᠠᠰᠤᠨ᠎ᠢ ᠨᠢᠭᠡᠨ ᠱᠢᠨ᠎ᠡ ᠲᠡᠦᠬᠡᠨ ᠦᠨᠳᠦᠷᠴᠡ᠎ᠳᠤ ᠬᠦᠷᠭᠡᠭ᠌ᠰᠡᠨ ᠪᠠᠢᠨ᠎ᠠ ᠭᠡᠵᠦ ᠵᠢᠭᠠᠵᠤ ᠭᠠᠷᠭᠠᠪᠠ᠃
ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠦᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠴᠥᠭᠡᠳᠭᠡᠬᠦ᠌ ᠬᠠᠷᠠᠯᠲᠠ᠎ᠶ᠋ᠢ 10 ᠵᠢᠯ ᠤᠷᠢᠳᠴᠢᠯᠠᠨ ᠪᠡᠶᠡᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠶᠠᠭ 《ᠳᠠᠭᠠᠨ ᠭᠦᠶᠦᠬᠦ᠌》 ᠡᠴᠡ 《ᠵᠡᠷᠭᠡᠴᠡᠨ ᠭᠦᠶᠦᠬᠦ᠌》 ᠴᠢᠨᠠᠭ᠍ᠰᠢᠯᠠᠨ 《ᠳᠠᠭᠠᠭᠤᠯᠤᠨ ᠭᠦᠶᠦᠬᠦ᠌》 ᠳᠠᠪᠠᠯᠲᠠ᠎ᠶ᠋ᠢ ᠪᠡᠶᠡᠯᠡᠭᠦᠯᠵᠠᠢ᠃
ᠳᠤᠮᠳᠠᠳᠤ ᠤᠯᠤᠰ ᠠᠵᠤ ᠠᠬᠤᠢ᠎ᠶ᠋ᠢᠨ ᠨᠡᠮᠡᠭ᠌ᠳᠡᠯ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠨᠢᠭᠡᠳᠦᠯᠲᠡᠢ ᠴᠢᠨᠠᠷ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠭ᠍ᠰᠠᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠴᠢᠷᠮᠠᠢᠨ ᠥᠷᠨᠢᠭᠦᠯᠵᠦ᠍ ᠪᠠᠢᠨ᠎ᠠ᠃ ᠱᠠᠩᠬᠠᠶ ᠬᠣᠲᠠ᠎ᠶ᠋ᠢᠨ ᠬᠢᠨ 《ᠠᠷᠠᠳ᠎ᠤᠨ ᠬᠣᠲᠠ᠎ᠶ᠋ᠢᠨ ᠬᠡᠷᠡᠭ ᠵᠥᠪᠯᠡᠬᠦ᠌ ᠲᠢᠩᠬᠢᠮ》 ᠢ᠋ᠢᠡᠷ ᠳᠠᠮᠵᠢᠭᠤᠯᠤᠨ ᠰᠠᠭᠤᠭᠠᠯᠢ ᠠᠷᠠᠳ᠎ᠤᠨ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠬᠠᠮᠲᠤ᠎ᠪᠠᠷ ᠵᠥᠪᠳᠡᠯᠴᠡᠬᠦ᠌᠎ᠶ᠋ᠢ ᠠᠬᠢᠭᠤᠯᠵᠤ᠂ ᠵᠧᠵᠢᠶᠠᠩ᠎ᠤᠨ ᠬᠢᠨ ᠱᠢᠨ᠎ᠡ ᠴᠠᠭ ᠦᠶ᠎ᠡ᠎ᠶ᠋ᠢᠨ 《ᠹᠸᠩᠴᠢᠶᠤᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍ ᠪᠠᠢᠭᠠᠳ ᠵᠥᠷᠢᠴᠡᠯ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠵᠡᠶ᠂ ᠶᠦᠨᠨᠠᠨ ᠮᠤᠵᠢ᠎ᠶ᠋ᠢᠨ ᠬᠢᠨ 4900 ᠭᠠᠷᠤᠶ ᠲᠠᠯᠠᠪᠠᠶ 《ᠬᠦᠷᠢᠶ᠎ᠠ ᠬᠠᠱᠢᠯᠭ᠎ᠠ᠎ᠶ᠋ᠢᠨ ᠵᠥᠪᠯᠡᠯᠭᠡ》 ᠪᠡᠷ ᠳᠠᠮᠵᠢᠭᠤᠯᠤᠨ 1.3 ᠲᠦᠮᠡ ᠭᠠᠷᠤᠶ ᠵᠦᠶ᠋ᠯ᠎ᠦᠨ ᠠᠷᠠᠳ᠎ᠤᠨ ᠠᠮᠢᠳᠤᠷᠠᠯ᠎ᠤᠨ ᠵᠦᠢᠯᠡᠰ᠎ᠢ ᠠᠬᠢᠭᠤᠯᠤᠨ ᠱᠢᠶ᠋ᠳᠪᠦᠷᠢᠯᠡᠵᠡᠶ᠃ ᠡᠳᠡᠭᠡᠷ ᠦᠢᠯᠡᠳᠦᠯᠭᠡ ᠨᠢ ᠳᠤᠮᠳᠠᠳᠤ ᠤᠯᠤᠰ᠎ᠤᠨ ᠮᠠᠶᠢᠭ᠎ᠤᠨ ᠠᠷᠠᠳᠴᠢᠯᠠᠯᠳᠤ ᠠᠮᠢᠵᠢᠷᠠᠯ᠎ᠤᠨ ᠬᠦᠴᠦᠨ ᠣᠯᠭᠣᠵᠤ᠂ ᠬᠥᠮᠦᠨ ᠲᠥᠷᠥᠯᠬᠢᠲᠡᠨ᠎ᠦ ᠤᠯᠤᠰ ᠲᠦᠷᠦ᠍᠎ᠶ᠋ᠢᠨ ᠪᠣᠯᠪᠠᠰᠤᠨ᠎ᠤ ᠠᠷᠭ᠎ᠠ ᠵᠠᠮ᠎ᠢ ᠥᠷᠭᠡᠳᠭᠡᠭ᠌ᠰᠡᠨ ᠪᠠᠢᠨ᠎ᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭ᠍ᠰᠠᠨ ᠣᠳᠣᠬᠢᠴᠢᠯᠠᠯᠲᠠ ᠮᠥᠨ᠃ ᠤᠢ᠍ᠢᠷ᠎ᠠ᠎ᠶ᠋ᠢᠨ ᠵᠢᠯ᠎ᠡᠴᠡ᠂ ᠺᠢᠨᠣ᠋ 《ᠨᠸ ᠵᠠ ᠳᠠᠯᠠᠢ᠎ᠶ᠋ᠢ ᠲᠦᠢᠪᠡᠭᠡᠭ᠌ᠰᠡᠨ ᠨᠢ》 ᠠᠮᠵᠢᠯᠲᠠ ᠣᠯᠵᠤ᠂ ᠲᠣᠭ᠍ᠯᠠᠭᠠᠮ 《ᠬᠠᠷᠠᠩᠭᠤᠢ ᠲᠤᠮᠤᠭ᠄ ᠡᠦ ᠺᠦᠩ》 ᠨᠢ ᠭᠠᠳᠠᠭᠠᠳᠤ᠎ᠳᠤ ᠬᠥᠮᠦᠰ᠎ᠦᠨ ᠠᠩᠬᠠᠷᠤᠯ᠎ᠢ ᠥᠷᠭᠡᠨ᠎ᠢᠶᠡᠷ ᠲᠠᠲᠠᠵᠤ᠂ 《ᠲᠣᠰᠭᠣᠨ᠎ᠤ BA》᠂ 《ᠬᠥᠳᠡᠭᠡ ᠲᠣᠰᠭᠣᠨ᠎ᠤ ᠬᠦᠯ ᠪᠦᠮᠪᠦᠭᠡ᠎ᠶᠢᠨ ᠬᠡᠲᠦ ᠲᠡᠰ᠎ᠤᠨ ᠬᠤᠯᠪᠤᠭᠠᠲᠤ ᠤᠷᠤᠯᠳᠤᠭᠠᠨ》 ᠵᠡᠷᠭᠡ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠨᠢ ᠨᠤᠲᠤᠭ᠎ᠤᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ 2024 ᠣᠨ᠎ᠳᠤ᠂ ᠪᠥᠬᠥ᠌ ᠤᠯᠤᠰ᠎ᠤᠨ ᠮᠦᠽᠧᠶ᠎ᠶ᠋ᠢᠨ ᠭᠥᠯᠢᠶᠡᠨ ᠠᠪᠤᠭ᠍ᠰᠠᠨ ᠦᠵᠡᠭ᠌ᠴᠢᠳ 14.9 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠵᠠᠯᠠᠭᠤᠴᠤᠳ ᠬᠢᠲᠠᠳ ᠬᠤᠪᠴᠠᠰᠤ ᠡᠮᠦᠰᠴᠦ᠍᠂ ᠬᠢᠲᠠᠳ ᠬᠡᠯᠡ ᠰᠤᠷᠴᠤ᠌᠂ ᠤᠯᠠᠮᠵᠢᠯᠠᠯᠲᠤ ᠰᠣᠶᠣᠯ᠎ᠤᠨ ᠣᠲᠣ ᠦᠶ᠎ᠡ᠎ᠶ᠋ᠢᠨ ᠢᠯᠡᠳᠭᠡᠯᠲᠡ᠎ᠶ᠋ᠢ ᠠᠬᠢᠭᠤᠯᠪᠠ᠃
ᠬᠠᠤᠯᠢ᠎ᠪᠡᠷ ᠵᠠᠰᠠᠬᠤ ᠪᠠᠢᠭᠤᠯᠤᠯᠲᠠ ᠨᠢ ᠨᠡᠢᠭᠡᠮ᠎ᠦᠨ ᠠᠮᠤᠷ ᠲᠣᠭ᠍ᠲᠠᠭᠤᠨ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ᠎ᠶ᠋ᠢᠨ ᠬᠠᠮᠲᠤ᠂ ᠳᠤᠮᠳᠠᠳᠤ ᠤᠯᠤᠰ ᠪᠠᠰᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠳᠦ ᠬᠣᠯᠪᠣᠭ᠍ᠳᠠᠬᠤ ᠦᠨᠳᠦᠰᠦᠨ ᠶᠡᠬᠡ ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ᠎ᠶ᠋ᠢᠨ ᠴᠢᠨᠠᠷᠲᠠᠢ ᠠᠵᠢᠯ᠎ᠢ ᠥᠷᠨᠢᠭᠦᠯᠦᠭ᠌ᠰᠡᠨ ᠪᠥᠭᠡᠳ ᠪᠦᠬᠦ᠌ ᠪᠥᠮᠪᠥᠷᠴᠡᠭ᠎ᠦᠨ ᠠᠮᠢ ᠠᠬᠤᠢ᠎ᠶ᠋ᠢᠨ ᠵᠠᠰᠠᠯᠲᠠ᠎ᠳᠤ ᠢᠳᠡᠪᠬᠢᠲᠡᠢ ᠣᠷᠣᠯᠴᠠᠪᠠ᠃ ᠠᠮᠧᠷᠢᠺᠠ᠎ᠶ᠋ᠢᠨ ᠠᠯᠳᠠᠷᠲᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠰᠤᠳᠤᠯᠭᠠᠨ᠎ᠤ ᠲᠤᠰᠭᠠᠢ ᠮᠡᠷᠭᠡᠵᠢᠯᠲᠡᠨ ᠺᠸᠯᠢᠹᠦ᠋ᠳ᠋ᠸ·ᠺᠸᠪᠦ᠋᠂ ᠳᠤᠮᠳᠠᠳᠤ ᠤᠯᠤᠰ ᠠᠮᠢ ᠠᠬᠤᠢ᠎ᠶ᠋ᠢᠨ ᠪᠣᠯᠪᠠᠰᠤᠨ᠎ᠤ ᠣᠢᠯᠠᠭᠠᠭ᠍ᠳᠠᠬᠤᠨ᠎ᠢᠶᠠᠷ ᠳᠡᠯᠡᠬᠡᠢ ᠳ᠋ᠠᠬᠢᠨ᠎ᠳᠤ ᠢᠳᠡᠪᠬᠢᠲᠡᠢ ᠨᠥᠯᠥᠭᠡ ᠦᠵᠡᠭᠦᠯᠵᠦ᠍᠂ ᠬᠥᠮᠦᠰ᠎ᠦᠨ ᠰᠠᠢ᠌ᠨ ᠰᠠᠢᠬᠠᠨ ᠢᠷᠡᠭᠡᠳᠦᠢ᠎ᠶ᠋ᠢᠨ ᠲᠤᠬᠠᠢ ᠬᠦᠰᠡᠯ ᠡᠷᠡᠮᠡᠯᠵᠡᠯ᠎ᠢ ᠬᠥᠭ᠌ᠵᠢᠭᠡᠵᠦ᠍ ᠪᠠᠢᠨ᠎ᠠ ᠭᠡᠵᠦ ᠢᠯᠡᠳᠭᠡᠪᠡ᠃
ᠪᠣᠯᠪᠠᠰᠤᠨ᠎ᠤ ᠬᠠᠯᠬᠠᠪᠴᠢ᠎ᠶ᠋ᠢ ᠭᠠᠷ ᠬᠣᠯᠪᠣᠨ ᠳᠠᠪᠠᠵᠤ ᠢᠷᠡᠭᠡᠳᠦᠢ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠡ
ᠮᠡᠳᠡᠭᠦᠯᠦᠯᠲᠡ᠎ᠳᠦ᠂ ᠬᠥᠮᠦᠨ ᠲᠥᠷᠥᠯᠬᠢᠲᠡᠨ᠎ᠦ ᠪᠣᠯᠪᠠᠰᠤᠨ ᠬᠥᠭ᠌ᠵᠢᠯᠲᠡ᠎ᠳᠦ ᠲᠦᠷᠪᠡᠨ ᠬᠠᠷᠠᠭᠠᠰᠤ ᠪᠤᠢ᠄ ᠬᠥᠮᠦᠨ᠎ᠢᠶᠡᠷ ᠦᠨᠳᠦᠰᠦ ᠪᠣᠯᠭᠠᠬᠤ ᠪᠣᠯ ᠦᠷᠳᠡᠭ᠎ᠦᠨ ᠬᠠᠨᠳᠤᠰᠢ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠪᠣᠯ ᠱᠢᠨᠵᠢᠯᠡᠬᠦ᠌ ᠤᠬᠠᠭᠠᠨᠴᠢ ᠠᠷᠭ᠎ᠠ ᠵᠠᠮ᠂ ᠨᠡᠭᠡᠭᠡᠯᠲᠡᠲᠡᠢ ᠪᠠᠭ᠍ᠲᠠᠭᠠᠮᠵᠢᠲᠠᠢ ᠪᠠᠢᠬᠤ ᠪᠣᠯ ᠬᠥᠳᠡᠯᠭᠡᠬᠦ᠌ ᠬᠦᠴᠦᠨ᠎ᠦ ᠡᠬᠢ ᠪᠤᠯᠠᠭ᠂ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠪᠣᠯ ᠵᠥᠪ ᠵᠠᠮ ᠮᠥᠨ ᠭᠡᠵᠦ ᠦᠵᠡᠪᠡ᠃
《ᠳᠤᠮᠳᠠᠳᠤ ᠤᠯᠤᠰ᠎ᠤᠨ ᠪᠣᠯᠪᠠᠰᠤᠨ ᠬᠥᠭ᠌ᠵᠢᠯᠲᠡ ᠨᠢ ᠣᠳᠣᠬᠢᠴᠢᠯᠠᠯᠲᠠ᠎ᠶ᠋ᠢᠨ ᠠᠬᠢᠴᠠ ᠳᠤᠮᠳᠠᠬᠢ ᠬᠥᠮᠦᠨ ᠬᠢᠭᠡᠳ ᠪᠠᠢᠭᠠᠯᠢ᠂ ᠬᠥᠮᠦᠨ ᠬᠢᠭᠡᠳ ᠨᠡᠢᠭᠡᠮ᠂ ᠬᠥᠮᠦᠨ ᠬᠢᠭᠡᠳ ᠥᠪᠡᠷ ᠪᠡᠶ᠎ᠡ᠎ᠶᠢᠨ ᠬᠠᠷᠢᠴᠠᠭ᠎ᠠ ᠵᠡᠷᠭᠡ ᠠᠳᠠᠯᠢ ᠪᠤᠰᠤ ᠬᠠᠷᠠᠭᠠᠰᠤ ᠵᠢᠨ ᠠᠰᠠᠭᠤᠳᠠᠯ᠎ᠳᠤ ᠱᠢᠭᠤᠳ ᠬᠠᠨᠳᠤᠵᠤ᠂ ᠬᠥᠮᠦᠨ ᠲᠥᠷᠥᠯᠬᠢᠲᠡᠨ᠎ᠦ ᠪᠣᠯᠪᠠᠰᠤᠨ ᠬᠥᠭ᠌ᠵᠢᠯᠲᠡ᠎ᠳᠦ ᠳᠤᠮᠳᠠᠳᠤ ᠤᠯᠤᠰ᠎ᠤᠨ ᠤᠶᠤᠨ ᠤᠬᠠᠭᠠᠨ ᠪᠠ ᠳᠤᠮᠳᠠᠳᠤ ᠤᠯᠤᠰ᠎ᠤᠨ ᠲᠥᠰᠦᠯ᠎ᠢ ᠬᠠᠩᠭᠠᠵᠠᠢ》 ᠭᠡᠵᠦ᠍ ᠵᠦᠩ ᠱᠠᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠱᠸᠨ ᠴᠧᠩ ᠹᠸᠢ ᠬᠡᠯᠡᠪᠡ᠃
ᠸᠢᠶ᠍ᠸᠲ᠋ᠨᠠᠮ᠎ᠤᠨ ᠭᠦᠨ ᠤᠬᠠᠭᠠᠨ᠎ᠤ ᠨᠡᠢᠭᠡᠮᠯᠢᠭ᠎ᠦᠨ ᠪᠠᠢᠩᠭᠤ᠎ᠶ᠋ᠢᠨ ᠳᠡᠳ᠋ ᠳᠠᠷᠤᠭ᠎ᠠ ᠹᠠᠨ ᠸᠸᠨ ᠳ᠋ᠸ᠂ ᠪᠣᠯᠪᠠᠰᠤᠨᠮᠠᠨᠳᠤᠵᠤ ᠪᠠᠭᠤᠷᠠᠬᠤ ᠰᠣᠯᠪᠢᠴᠠᠭ᠍ᠰᠠᠨ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ᠂ ᠳᠤᠮᠳᠠᠳᠤ ᠤᠯᠤᠰ ᠳᠣᠷᠣᠨᠠᠳᠠᠬᠢᠨ᠎ᠤ ᠰᠣᠶᠣᠯ ᠪᠣᠯᠤᠨ ᠬᠥᠮᠦᠨ ᠲᠥᠷᠥᠯᠬᠢᠲᠡᠨ᠎ᠦ ᠪᠣᠯᠪᠠᠰᠤᠨ᠎ᠢ ᠤᠶᠠᠯᠳᠤᠭᠤᠯᠤᠭ᠍ᠰᠠᠨ ᠦᠢᠯᠡᠳᠦᠯᠭᠡ ᠪᠡᠷ ᠬᠥᠮᠦᠨ ᠲᠥᠷᠥᠯᠬᠢᠲᠡᠨ᠎ᠦ ᠪᠣᠯᠪᠠᠰᠤᠨ᠎ᠤ ᠮᠥᠷᠭᠥᠯᠳᠦᠭᠡᠨ᠎ᠦ ᠤᠨᠠᠭᠤᠯᠢ᠎ᠡᠴᠡ ᠳᠠᠪᠠᠬᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠪᠣᠯᠤᠮᠵᠢᠲᠤ ᠲᠥᠰᠦᠯ ᠬᠠᠩᠭᠠᠭ᠍ᠰᠠᠨ ᠪᠥᠭᠡᠳ ᠸᠢᠶ᠍ᠸᠲ᠋ᠨᠠᠮ ᠱᠢᠭ᠋ ᠡᠢᠮᠦᠷᠬᠦᠦ ᠬᠥᠭ᠌ᠵᠢᠵᠦ᠍ ᠪᠠᠢᠭ᠎ᠠ ᠤᠯᠤᠰ᠎ᠲᠤ ᠴᠢᠬᠤᠯᠠ ᠯᠠᠪᠯᠠᠯᠲᠠ ᠬᠠᠩᠭᠠᠪᠠ ᠭᠡᠵᠡᠢ᠃
《ᠪᠢᠳᠡᠨ᠎ᠦ ᠥᠨᠥᠳᠦᠷ᠎ᠦᠨ ᠲᠤᠯᠭᠠᠷᠠᠵᠤ ᠪᠠᠢᠭ᠎ᠠ ᠪᠣᠯ ᠪᠦᠬᠦ᠌ ᠪᠥᠮᠪᠥᠷᠴᠡᠭ᠎ᠦᠨ ᠲᠣᠭ᠍ᠲᠠᠭᠠᠯᠲᠦ ᠪᠤᠰᠤ ᠴᠢᠨᠠᠷ ᠪᠣᠯᠤᠨ᠎ᠠ᠂ ᠳᠤᠮᠳᠠᠳᠤ ᠤᠯᠤᠰ᠎ᠤᠨ ᠰᠠᠨᠠᠭᠠᠴᠢᠯᠠᠭ᠎ᠠ ᠨᠢ ᠳᠡᠯᠡᠬᠡᠢ᠎ᠶ᠋ᠢᠨ ᠢᠷᠡᠭᠡᠳᠦᠢ᠎ᠳᠦ ᠨᠢᠭᠡ ᠵᠦᠢᠯ᠎ᠦᠨ ᠱᠢᠨ᠎ᠡ ᠠᠷᠭ᠎ᠠ ᠵᠠᠮ ᠬᠠᠩᠭᠠᠪᠠ》᠃ ᠲᠦᠷᠺ᠎ᠦᠨ ᠠᠨᠺᠠᠷᠠ ᠵᠢᠨ ᠪᠦᠬᠦ᠌ ᠪᠥᠮᠪᠥᠷᠴᠡᠭ᠎ᠦᠨ ᠵᠥᠪᠯᠡᠯᠭᠡ ᠥᠭ᠌ᠬᠦ ᠪᠦᠯᠦᠭ᠌ᠯᠡᠯ᠎ᠦᠨ ᠨᠡᠷ᠎ᠡ ᠬᠦᠨᠳᠦᠲᠦ ᠤᠯᠠᠨ ᠤᠯᠤᠰ᠎ᠤᠨ ᠠᠰᠠᠭᠤᠳᠠᠯ᠎ᠤᠨ ᠲᠤᠰᠭᠠᠢ ᠮᠡᠷᠭᠡᠵᠢᠯᠲᠡᠨ ᠾᠸᠦᠰᠠᠢ᠌ᠨ·ᠪᠠᠵᠸ᠂ ᠡᠨᠡ ᠨᠢ ᠬᠥᠮᠦᠨ ᠲᠥᠷᠥᠯᠬᠢᠲᠡᠨ᠎ᠦ 21 ᠳ᠋ᠤᠭᠡᠷ ᠵᠠᠭᠤᠨ᠎ᠳᠤ ᠬᠠᠮᠲᠤ᠎ᠶ᠋ᠢᠨ ᠥᠷᠢᠰᠥᠯᠳᠦᠭᠡᠨ᠎ᠢ ᠱᠢᠢᠳᠪᠦᠷᠢᠯᠡᠵᠦ᠍᠂ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠥᠨᠢ ᠤᠳᠠᠭᠠᠨ᠎ᠤ ᠦᠵᠡᠯ ᠰᠠᠨᠠᠭᠠᠨ᠎ᠤ ᠬᠥᠳᠡᠯᠭᠡᠬᠦ᠌ ᠬᠦᠴᠦᠨ ᠬᠠᠩᠭᠠᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠢ ᠰᠣᠯᠢᠯᠴᠠᠭ᠎ᠠ ᠲᠤᠯᠢᠳᠠᠯ᠎ᠤᠨ ᠳᠤᠮᠳᠠ ᠬᠠᠮᠲᠤ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠪᠣᠯᠭᠠᠨ᠎ᠠ ᠭᠡᠵᠦ᠍ ᠬᠡᠯᠡᠪᠡ᠃
ᠲᠥᠪ᠎ᠦᠨ ᠨᠠᠮ᠎ᠤᠨ ᠰᠤᠷᠭᠠᠭᠤᠯᠢ᠎ᠶ᠋ᠢᠨ ᠰᠣᠶᠣᠯ ᠲᠡᠦᠬᠡ ᠵᠢᠭᠠᠬᠤ᠎ᠶ᠋ᠢ ᠰᠤᠳᠤᠯᠬᠤ ᠬᠡᠯᠲᠡᠰ᠎ᠦᠨ ᠳᠤᠮᠳᠠᠳᠤ ᠤᠯᠤᠰ᠎ᠤᠨ ᠲᠡᠦᠬᠡ ᠵᠢᠭᠠᠬᠤ᠎ᠶ᠋ᠢ ᠰᠤᠳᠤᠯᠬᠤ ᠲᠠᠰᠤᠭ᠎ᠤᠨ ᠡᠷᠬᠢᠯᠡᠭ᠌ᠴᠢ ᠸᠠᠩ ᠱᠢᠤᠸᠠᠢ ᠪᠢᠨ᠂ ᠪᠣᠯᠪᠠᠰᠤᠨ᠎ᠤ ᠠᠭᠤᠰᠤᠯᠴᠠᠯ᠎ᠤᠨ ᠤᠨᠤᠯ᠎ᠡᠴᠡ ᠪᠣᠯᠪᠠᠰᠤᠨᠬᠦᠭᠵᠢᠯᠳᠡ ᠵᠢᠨ ᠤᠨᠤᠯ ᠬᠦᠷᠲᠡᠯ᠎ᠡ᠂ ᠬᠣᠶᠠᠭᠤᠯᠠ᠎ᠪᠠᠨ 《ᠪᠣᠯᠪᠠᠰᠤᠨ᠎ᠤ ᠮᠥᠷᠭᠥᠯᠳᠦᠭᠡᠨ᠎ᠦ ᠤᠨᠤᠯ》 ᠤ᠋ᠨ ᠡᠰᠡᠷᠭᠦᠴᠡᠯᠳᠦᠬᠦ᠌ ᠯᠣᠭᠢᠭ᠎ᠢ ᠱᠢᠭᠦᠮᠵᠢᠯᠡᠭ᠌ᠰᠡᠨᠢᠶᠡᠷ ᠪᠠᠷᠠᠬᠤ ᠦᠭᠡᠢ ᠪᠠᠰᠠ 《ᠪᠣᠯᠪᠠᠰᠤᠨ᠎ᠢ ᠭᠠᠭ᠍ᠴᠠᠭᠠᠷᠳᠠᠭᠤᠯᠬᠤ ᠤᠨᠤᠯ》 ᠤ᠋ᠨ ᠲᠦᠭ᠌ᠵᠢᠮᠡᠯ ᠦᠵᠡᠯ ᠰᠠᠨᠠᠭ᠎ᠠ᠎ᠶ᠋ᠢ ᠳᠠᠪᠠᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ 《ᠮᠥᠷᠭᠥᠯᠳᠦᠨᠡᠰᠡᠷᠭᠦᠴᠡᠯᠳᠦᠬᠦ》 ᠡᠴᠡ 《ᠬᠠᠮᠲᠤ᠎ᠪᠠᠷ ᠣᠷᠣᠱᠢᠵᠤ ᠬᠠᠮᠲᠤ᠎ᠪᠠᠷ ᠴᠡᠴᠡᠭ᠌ᠯᠡᠨ ᠬᠥᠭ᠌ᠵᠢᠬᠦ᠌》 ᠲᠡᠢᠰᠢ ᠤᠷᠤᠭ᠍ᠰᠢᠯᠠᠬᠤ᠎ᠳᠤ ᠡᠯᠪᠡᠭ ᠪᠠᠶᠠᠯᠢᠭ ᠦᠨ᠎ᠡ ᠦᠷᠳᠡᠭ᠎ᠲᠡᠶ ᠵᠢᠯᠣᠭᠣᠳᠤᠮᠵᠢ ᠬᠠᠩᠭᠠᠪᠠ ᠭᠡᠵᠡᠢ᠃
ᠠᠯᠤᠰ᠎ᠤᠨ ᠵᠠᠮ᠎ᠳᠤ ᠭᠠᠭ᠍ᠴᠠᠭᠠᠷᠳᠠᠬᠤ ᠦᠭᠡᠢ᠂ ᠣᠯᠠᠨᠢᠶᠡᠷᠢᠶᠡᠨ ᠠᠯᠤᠰ᠎ᠢ ᠵᠣᠷᠢᠨ ᠬᠤᠯᠠ ᠠᠶᠠᠯᠠᠨ᠎ᠠ᠃ ᠬᠥᠭ᠌ᠵᠢᠯᠲᠡ᠎ᠪᠡᠷ ᠭᠣᠣᠯ ᠪᠣᠯᠭᠠᠭ᠍ᠰᠠᠨ ᠱᠢᠨ᠎ᠡ ᠮᠠᠶᠢᠭ᠎ᠤᠨ ᠪᠣᠯᠪᠠᠰᠤᠨ᠎ᠤ ᠦᠵᠡᠯᠲᠡ᠎ᠶ᠋ᠢᠨ ᠵᠢᠯᠤᠭᠤᠳᠤᠯᠭ᠎ᠠ ᠳᠣᠣᠷ᠎ᠠ᠂ ᠡᠯ᠎ᠡ ᠤᠯᠤᠰ ᠭᠠᠷ ᠬᠣᠯᠪᠣᠨ ᠪᠣᠯᠪᠠᠰᠤᠨ᠎ᠤ ᠬᠠᠯᠬᠠᠪᠴᠢ᠎ᠶ᠋ᠢ ᠳᠠᠪᠠᠵᠤ᠂ ᠬᠠᠮᠲᠤ᠎ᠶ᠋ᠢᠨ ᠥᠷᠢᠰᠥᠯᠳᠦᠭᠡᠨ᠎ᠢ ᠠᠷᠭᠠᠴᠠᠭᠠᠵᠤ᠂ ᠨᠡᠩ ᠭᠡᠷᠡᠯ ᠰᠠᠴᠤᠷᠠᠩᠭᠤᠢ ᠢᠷᠡᠭᠡᠳᠦᠢ᠎ᠶ᠋ᠢᠨ ᠬᠠᠭᠤᠳᠠᠰᠤ᠎ᠶ᠋ᠢ ᠪᠢᠴᠢᠭ᠌ᠯᠡᠬᠦ᠌ ᠪᠣᠯᠤᠨ᠎ᠠ!
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ )