ᠲᠦᠷᠦᠭᠦᠦ 8 ᠰᠠᠷ᠎ᠠ᠎ᠳᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ 0.9% ᠪᠠᠷ ᠨᠡᠮᠡᠭ᠌ᠳᠡᠪᠡ
2025-09-30 16:17:24
ᠵᠣᠬᠢᠶᠠᠭ᠍ᠴᠢ᠄
ᠸᠠᠩ ᠢᠦᠶ ᠱᠢᠶᠤᠤ
ᠣᠩᠱᠢᠭ᠍ᠰᠠᠨ ᠣᠳᠠᠭ᠎ᠠ᠄
★★★☆☆

ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ 27 ᠎ᠤ᠋ ᠡᠳᠦᠷ ᠨᠡᠢᠲᠡᠯᠡᠭ᠌ᠰᠡᠨ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠡᠷ᠂ 1 ᠰᠠᠷ᠎ᠠ᠎ᠡᠴᠡ 8 ᠰᠠᠷ᠎ᠠ ᠪᠣᠯᠲᠠᠯ᠎ᠠ᠂ ᠬᠣᠷᠸ᠎ᠠ ᠲᠥᠷᠥ᠎ᠶ᠋ᠢᠨ ᠪᠣᠳᠣᠯᠭ᠎ᠠ ᠵᠢᠨ ᠦᠢᠯᠡᠳᠦᠯ ᠢᠯᠡᠳᠳᠡ ᠪᠤᠯᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠭᠦᠨᠵᠡᠭᠡᠢᠷᠡᠨ ᠠᠭᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠳᠤᠤᠷ᠎ᠠ ᠰᠠᠭᠤᠷᠢ ᠲᠣᠭ᠎ᠠ ᠵᠡᠷᠭᠡ ᠣᠯᠠᠨ ᠳᠠᠪᠬᠤᠷ ᠬᠦᠴᠦᠨ ᠵᠦᠶ᠋ᠯ᠎ᠦᠨ ᠦᠢᠯᠡᠳᠦᠯ ᠳᠤᠤᠷ᠎ᠠ᠂ ᠪᠥᠬᠥ᠌ ᠤᠯᠤᠰ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠪᠡᠶᠡᠯᠡᠭᠦᠯᠦᠭ᠌ᠰᠡᠨ ᠠᠱᠢᠭ ᠬᠣᠨᠵᠢᠪᠣᠷᠢ᠎ᠶ᠋ᠢᠨ ᠪᠥᠬᠥ᠌ ᠲᠣᠭ᠎ᠠ 4699.7 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 0.9% ᠪᠡᠷ ᠨᠡᠮᠡᠭ᠌ᠳᠡᠪᠡ᠃

《1 ᠰᠠᠷ᠎ᠠ᠎ᠡᠴᠡ 8 ᠰᠠᠷ᠎ᠠ ᠪᠣᠯᠲᠠᠯ᠎ᠠ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ 1 ᠰᠠᠷ᠎ᠠ᠎ᠡᠴᠡ 7 ᠰᠠᠷ᠎ᠠ ᠪᠣᠯᠲᠠᠯ᠎ᠠ ᠠᠳᠠᠯᠢ ᠬᠤᠭᠤᠴᠠᠭᠠᠨ᠎ᠤ᠎ᠬᠢ᠎ᠡᠴᠡ᠎ᠪᠡᠨ 1.7% ᠪᠠᠷ ᠪᠠᠭᠤᠷᠠᠵᠤ ᠪᠠᠢᠭ᠍ᠰᠠᠨ᠎ᠡᠴᠡ᠎ᠪᠠᠨ 0.9% ᠪᠠᠷ ᠨᠡᠮᠡᠭ᠌ᠳᠡᠬᠦ᠌ ᠪᠣᠯᠵᠣ᠂ ᠡᠨᠡ ᠵᠢᠯ᠎ᠦᠨ 5 ᠰᠠᠷ᠎ᠠ᠎ᠡᠴᠡ ᠨᠠᠭᠠᠱᠢᠬᠢ ᠠᠵᠤ ᠠᠬᠤᠢᠯᠠᠯ᠎ᠤᠨ ᠠᠱᠢᠭ ᠬᠣᠨᠵᠢᠪᠣᠷᠢ ᠦᠷᠭᠦᠯᠵᠢᠯᠡᠨ ᠪᠠᠭᠤᠷᠠᠬᠤ ᠪᠠᠢᠳᠠᠯ᠎ᠢ ᠬᠤᠪᠢᠷᠠᠭᠤᠯᠵᠠᠢ》 ᠭᠡᠵᠦ᠍ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶᠠᠨ᠎ᠤ ᠠᠵᠤ ᠦᠢᠯᠡᠳᠪᠦᠷᠢ᠎ᠶ᠋ᠢᠨ ᠵᠤᠷᠭᠠᠨ᠎ᠤ ᠲᠡᠷᠢᠭᠦᠨ ᠪᠦᠷᠢᠳᠭᠡᠭ᠌ᠴᠢ ᠢᠦᠢ ᠸᠧᠢ ᠨᠢᠩ ᠬᠡᠯᠡᠪᠡ᠃

ᠢᠦᠢ ᠸᠧᠢ ᠨᠢᠩ ᠤ᠋ᠨ ᠲᠠᠨᠢᠯᠴᠠᠭᠤᠯᠤᠬᠰᠠᠨ ᠵᠢᠨᠷ᠂ ᠭᠤᠷᠪᠠᠨ ᠶᠡᠬᠡ ᠲᠦᠷᠦᠯ᠎ᠡᠴᠡ ᠦᠵᠡᠪᠡᠯ᠂ ᠦᠢᠯᠡᠳᠬᠦ᠌ ᠦᠢᠯᠡᠰ 7.4% ᠪᠡᠷ ᠨᠡᠮᠡᠭ᠌ᠳᠡᠵᠦ᠍᠂ 1ᠡᠴᠡ 7 ᠰᠠᠷ᠎ᠠ᠎ᠶ᠋ᠢᠨ ᠬᠢ᠎ᠡᠴᠡ ᠵᠠᠭᠤᠨ᠎ᠤ ᠬᠠᠷᠢᠴᠠᠯ᠎ᠢᠶᠠᠷ 2.6 ᠬᠤᠪᠢ ᠲᠦᠷᠭᠡᠳᠪᠡ;ᠴᠠᠬᠢᠯᠭᠠᠨ ᠬᠦᠴᠦᠨ᠂ ᠢᠯᠴᠢ᠎ᠶ᠋ᠢᠨ ᠬᠦᠴᠦᠨ᠂ ᠱᠢᠲᠠᠮᠠᠬᠠᠶ ᠬᠡᠶ ᠵᠢᠴᠢ ᠤᠰᠤᠨ᠎ᠤ ᠦᠶ᠋ᠯᠡᠳᠪᠦᠷᠢᠯᠡᠯ ᠪᠠ ᠬᠠᠩᠭᠠᠯᠭ᠎ᠠ᠎ᠶ᠋ᠢᠨ ᠦᠶ᠋ᠯᠡᠰ 9.4% ᠎ᠪᠠᠷ ᠨᠡᠮᠡᠭ᠌ᠳᠡᠵᠦ᠍᠂ ᠵᠠᠭᠤᠨ ᠤ᠋ ᠬᠠᠷᠢᠴᠠᠯ ᠵᠢᠨᠷ  5.5 ᠬᠤᠪᠢ ᠲᠦᠷᠭᠡᠳᠪᠡ; ᠠᠭᠤᠷᠬᠠᠶ ᠮᠠᠯᠲᠠᠬᠤ ᠦᠶ᠋ᠯᠡᠰ 30.6% ᠪᠡᠷ ᠪᠠᠭᠤᠷᠠᠵᠤ᠂ ᠪᠠᠭᠤᠷᠠᠯᠲᠠ᠎ᠶ᠋ᠢᠨ ᠬᠡᠮᠵᠢᠶ᠎ᠡ ᠨᠢ ᠵᠠᠭᠤᠨ ᠤ᠋ ᠬᠠᠷᠢᠴᠠᠯ ᠵᠢᠨᠷ 1.0 ᠬᠤᠪᠢ ᠪᠠᠭᠠᠰᠴᠠᠶ᠃ ᠰᠠᠷ᠎ᠠ᠎ᠶ᠋ᠢᠨ ᠪᠠᠢᠳᠠᠯ᠎ᠡᠴᠡ ᠦᠵᠡᠪᠡᠯ᠂ 8 ᠰᠠᠷ᠎ᠠ᠎ᠳᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ ᠬᠣᠶᠠᠷ ᠣᠷᠣᠨᠲᠤ ᠲᠣᠭ᠎ᠠ ᠨᠡᠮᠡᠭ᠌ᠳᠡᠵᠦ᠍᠂ 7 ᠰᠠᠷ᠎ᠠ᠎ᠳᠤ 1.5% ᠪᠠᠷ ᠪᠠᠭᠤᠷᠠᠵᠤ ᠪᠠᠢᠭ᠍ᠰᠠᠨ᠎ᠡᠴᠡ ᠪᠠᠨ 20.4% ᠪᠠᠷ ᠨᠡᠮᠡᠭ᠌ᠳᠡᠬᠦ᠌ ᠪᠣᠯᠵᠣ᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠲᠣᠰ ᠰᠠᠷ᠎ᠠ᠎ᠶ᠋ᠢᠨ ᠠᠱᠢᠭ ᠬᠣᠨᠵᠢᠪᠣᠷᠢ ᠢᠯᠡᠳᠲᠡ ᠰᠠᠢᠵᠢᠷᠠᠪᠠ᠃

ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ ᠲᠣᠭ᠍ᠲᠠᠭᠤᠨ᠎ᠢᠶᠠᠷ ᠨᠡᠮᠡᠭ᠌ᠳᠡᠵᠦ᠍᠂ 8 ᠰᠠᠷ᠎ᠠ᠎ᠳᠤ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ 1.9% ᠪᠡᠷ ᠨᠡᠮᠡᠭ᠌ᠳᠡᠵᠦ᠍᠂ 7 ᠰᠠᠷ᠎ᠠ᠎ᠶ᠋ᠢᠨ ᠬᠢ᠎ᠡᠴᠡ ᠵᠠᠭᠤᠨ᠎ᠤ ᠬᠠᠷᠢᠴᠠᠯ᠎ᠢᠶᠠᠷ 1.0 ᠬᠤᠪᠢ ᠲᠦᠷᠭᠡᠳᠴᠦ᠍᠂ ᠡᠵᠡᠩᠨᠡᠯᠲᠡ᠎ᠶ᠋ᠢᠨ ᠣᠷᠣᠯᠭ᠎ᠠ᠎ᠶ᠋ᠢᠨ ᠨᠡᠮᠡᠭ᠌ᠳᠡᠯ ᠲᠦᠷᠭᠡᠳᠴᠦ᠍᠂ ᠠᠵᠤ ᠠᠬᠤᠢᠯᠠᠯ᠎ᠤᠨ ᠠᠱᠢᠭ ᠣᠯᠵᠠᠪᠤᠷᠢ ᠦᠷᠭᠦᠯᠵᠢᠯᠡᠨ ᠰᠡᠷᠭᠦᠬᠦ᠌᠎ᠳᠦ ᠠᠱᠢᠭ᠍ᠲᠠᠢ ᠨᠥᠬᠥᠴᠡᠯ᠎ᠢ ᠪᠦᠷᠢᠯᠳᠦᠭᠦᠯᠵᠦ᠍ ᠥᠭ᠌ᠴᠡᠢ; ᠲᠣᠨᠣᠭ ᠲᠥᠬᠥᠭᠡᠷᠦᠮᠵᠢ ᠦᠶ᠋ᠯᠡᠳᠬᠦ᠌ ᠦᠶ᠋ᠯᠡᠰ᠎ᠦᠨ 《ᠲᠤᠭᠳᠠᠪᠤᠷᠢᠵᠢᠭᠤᠯᠤᠬᠴᠢ》 ᠶ᠋ᠢᠨ ᠦᠢᠯᠡᠳᠦᠯ ᠢᠯᠡᠳᠳᠡ ᠪᠠᠢᠵᠤ᠂ 1᠎ᠡᠴᠡ 8 ᠰᠠᠷ᠎ᠠ ᠪᠣᠯᠲᠠᠯ᠎ᠠ᠂ ᠬᠡᠪᠴᠢᠶᠡᠵᠢᠯ᠎ᠡᠴᠡ ᠳᠡᠭᠡᠭ᠌ᠰᠢᠬᠢ ᠲᠣᠨᠣᠭ ᠲᠥᠬᠥᠭᠡᠷᠦᠮᠵᠢ ᠦᠶ᠋ᠯᠡᠳᠬᠦ᠌ ᠦᠶ᠋ᠯᠡᠰ᠎ᠦᠨ ᠠᠱᠢᠭ ᠬᠣᠨᠵᠢᠪᠣᠷᠢ 7.2%᠎ᠵᠢᠨᠷ ᠨᠡᠮᠡᠭ᠌ᠳᠡᠵᠦ᠍᠂ ᠪᠥᠬᠥ᠌ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ᠎ᠶ᠋ᠢ ᠳᠠᠢᠴᠢᠯᠠᠨ ᠵᠠᠭᠤᠨ ᠤ᠋ ᠬᠠᠷᠢᠴᠠᠯ ᠵᠢᠨᠷ 2.5 ᠬᠤᠪᠢ ᠨᠡᠮᠡᠭ᠌ᠳᠡᠭᠦᠯᠵᠦ᠍᠂ ᠳᠠᠢᠴᠢᠯᠠᠬᠤ ᠦᠶ᠋ᠯᠡᠳᠦᠯ᠎ᠢᠶᠡᠷ ᠬᠠᠮᠤᠭ᠎ᠤᠨ ᠴᠢᠩᠭ᠎ᠠ ᠬᠡᠰᠡᠭ᠎ᠦᠨ ᠨᠢᠭᠡ ᠪᠣᠯᠵᠠᠶ᠃

ᠡᠭᠦᠨ᠎ᠡᠴᠡ ᠭᠠᠳᠠᠨ᠎ᠠ᠂ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢᠨ ᠨᠡᠮᠡᠭ᠌ᠳᠡᠯ᠂ ᠦᠨ᠎ᠡ ᠬᠠᠩᠰᠢ᠎ᠶ᠋ᠢᠨ ᠳᠡᠭᠡᠭ᠌ᠰᠢᠯᠡᠯᠲᠡ᠂ ᠥᠪᠡᠷ᠎ᠦᠨ ᠥᠷᠲᠡᠭ᠎ᠦᠨ ᠪᠠᠭᠤᠷᠠᠯᠲᠠ ᠵᠡᠷᠭᠡ ᠬᠦᠴᠦᠨ ᠵᠦᠶ᠋ᠯ᠎ᠦᠨ ᠳᠠᠢᠴᠢᠯᠠᠯᠲᠠ᠎ᠡᠴᠡ ᠪᠣᠯᠵᠣ᠂ 1 ᠡᠴᠡ 8 ᠰᠠᠷ᠎ᠠ ᠪᠣᠯᠲᠠᠯ᠎ᠠ᠂ ᠲᠦᠭᠦᠬᠡᠶ ᠮᠠᠲ᠋ᠧᠷᠢᠶᠠᠯ ᠦᠶ᠋ᠯᠡᠳᠬᠦ᠌ ᠦᠶ᠋ᠯᠡᠰ᠎ᠦᠨ ᠠᠱᠢᠭ ᠬᠣᠨᠵᠢᠪᠣᠷᠢ ᠠᠳᠠᠯᠢ ᠬᠤᠭᠤᠴᠠᠭᠠᠨ᠎ᠤ᠎ᠬᠢ᠎ᠡᠴᠡ 22.1% ᠪᠠᠷ ᠨᠡᠮᠡᠭ᠌ᠳᠡᠵᠦ᠍᠂ 1 ᠡᠴᠡ 7 ᠰᠠᠷ᠎ᠠ᠎ᠶ᠋ᠢᠨ ᠬᠢ᠎ᠡᠴᠡ ᠵᠠᠭᠤᠨ ᠤ᠋ ᠬᠠᠷᠢᠴᠠᠯ ᠵᠢᠨᠷ 10.0 ᠬᠤᠪᠢ ᠲᠦᠷᠭᠡᠳᠴᠦ᠍᠂ ᠪᠥᠬᠥ᠌ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ᠎ᠶ᠋ᠢᠨ ᠵᠠᠭᠤᠨ ᠤ᠋ ᠬᠠᠷᠢᠴᠠᠯ ᠵᠢᠨᠷ 2.5 ᠬᠤᠪᠢ ᠨᠡᠮᠡᠭ᠌ᠳᠡᠬᠦ᠌᠎ᠶ᠋ᠢ ᠳᠠᠢᠴᠢᠯᠠᠪᠠ; ᠬᠡᠷᠡᠭ᠌ᠯᠡᠭᠡᠨ᠎ᠦ ᠵᠦᠶ᠋ᠯ ᠤ᠋ᠨ ᠦᠶ᠋ᠯᠡᠳᠬᠦ᠌ ᠦᠶ᠋ᠯᠡᠰ᠎ᠦᠨ ᠠᠱᠢᠭ ᠬᠣᠨᠵᠢᠪᠣᠷᠢ 1 ᠰᠠᠷ᠎ᠠ᠎ᠡᠴᠡ 7 ᠰᠠᠷ᠎ᠠ ᠪᠣᠯᠲᠠᠯ᠎ᠠ 2.2% ᠵᠢᠨᠷ ᠪᠠᠭᠤᠷᠠᠵᠤ ᠪᠠᠢᠭ᠍ᠰᠠᠨ᠎ᠡᠴᠡ᠎ᠪᠠᠨ 1.4% ᠪᠡᠷ ᠨᠡᠮᠡᠭ᠌ᠳᠡᠬᠦ ᠪᠤᠯᠪᠠ᠃

ᠲᠣᠭ᠎ᠠ ᠪᠠᠷᠢᠮᠲᠠ᠎ᠳᠤ ᠪᠠᠰᠠ ᠬᠠᠷᠠᠭᠤᠯᠤᠭ᠍ᠰᠠᠨ᠎ᠢᠶᠠᠷ᠂ 1 ᠡᠴᠡ 8 ᠰᠠᠷ᠎ᠠ᠎ᠳᠤ᠂ ᠬᠤᠪᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠠᠱᠢᠭ ᠣᠯᠵᠠᠪᠤᠷᠢ 3.3% ᠪᠡᠷ ᠨᠡᠮᠡᠭ᠌ᠳᠡᠵᠦ᠍᠂ ᠪᠦᠬᠦ᠌ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠳᠤᠮᠳᠠᠴᠢ ᠲᠦᠪᠱᠢᠨ᠎ᠡᠴᠡ ᠵᠠᠭᠤᠨ᠎ᠤ ᠬᠠᠷᠢᠴᠠᠯ᠎ᠢᠶᠠᠷ 2.4 ᠬᠤᠪᠢ ᠥᠨᠳᠥᠷ ᠪᠠᠢᠵᠤ᠂ 1 ᠡᠴᠡ 7 ᠰᠠᠷ᠎ᠠ᠎ᠶ᠋ᠢᠨ ᠬᠢ᠎ᠡᠴᠡ ᠵᠠᠭᠤᠨ᠎ᠤ ᠬᠠᠷᠢᠴᠠᠯ᠎ᠢᠶᠠᠷ 1.5 ᠬᠤᠪᠢ ᠲᠦᠷᠭᠡᠳᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 27᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号