ᠪᠦᠬᠦ ᠣᠷᠣᠨ᠎ᠤ ᠰᠢᠭᠦᠬᠦ ᠬᠣᠷᠢᠶ᠎ᠠ ᠵᠢᠨ ᠺᠠᠳ᠋ᠷ ᠴᠠᠭᠳᠠᠭ᠎ᠠ᠎ᠶᠢᠨ ᠰᠦᠯᠵᠢᠶᠡᠨ᠎ᠦ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠪᠠ ᠴᠢᠳᠠᠪᠤᠷᠢ᠎ᠶᠢ ᠴᠢᠨᠠᠬᠰᠢᠲᠠ ᠲᠡᠭᠡᠭᠰᠢᠯᠡᠭᠦᠯᠤᠨ᠂ ᠡᠳᠦᠷ ᠢᠷᠡᠬᠦᠶ᠎ᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠤ ᠪᠠᠢᠭ᠎ᠠ ᠰᠦᠯᠵᠢᠶᠡᠨ᠎ᠦ ᠠᠮᠤᠷ ᠲᠦᠪᠰᠢᠨ᠎ᠦ ᠪᠠᠢᠳᠠᠯ᠎ᠢ ᠪᠦᠲᠦᠮᠵᠢᠲᠡᠢ ᠠᠷᠭᠠᠴᠠᠭᠠᠬᠤ ᠢ᠋ᠢᠨ ᠲᠦᠯᠦᠭᠡ᠂ 9 ᠰᠠᠷ᠎ᠠ᠎ᠶᠢᠨ 19 ᠤ᠋ ᠡᠳᠦᠷ᠂ ᠰᠦᠯᠵᠢᠶᠡᠨ ᠦ ᠠᠮᠤᠷ ᠲᠦᠪᠰᠢᠨ ᠦ ᠤᠬᠠᠭᠤᠯᠭ᠎ᠠ᠎ᠶᠢᠨ ᠭᠠᠷᠠᠭ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ《ᠥᠪᠥᠷ ᠮᠣᠩᠭᠣᠯ ᠤᠨ ᠰᠢᠭᠦᠬᠦ ᠬᠣᠷᠢᠶ᠎ᠠ·ᠡᠭᠦᠯᠡᠨ ᠬᠢᠴᠢᠶᠡᠯ᠎ᠦᠨ ᠲᠠᠩᠬᠢᠮ》︱ ᠰᠦᠯᠵᠢᠶᠡᠨ᠎ᠦ ᠠᠮᠤᠷ ᠲᠦᠪᠰᠢᠨ᠎ᠦ ᠲᠤᠰᠬᠠᠢ ᠰᠡᠳᠦᠪᠲᠦ ᠲᠠᠢᠯᠤᠮᠵᠢ ᠡᠷᠬᠢᠯᠡᠵᠦ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠮᠡᠳᠡᠭᠡ ᠵᠠᠩᠭᠢ᠎ᠶᠢᠨ ᠲᠥᠪ᠎ᠦᠨ ᠮᠡᠳᠡᠭᠡ ᠵᠠᠩᠭᠢ᠎ᠶᠢᠨ ᠠᠮᠤᠷ ᠲᠦᠪᠰᠢᠨ ᠦ ᠭᠠᠵᠠᠷ᠎ᠤᠨ ᠳᠠᠷᠤᠭ᠎ᠠ ᠯᠠᠢ ᠵᠢᠶᠠᠩ ᠯᠢᠶᠠᠩ ᠢ᠋ ᠤᠷᠢᠵᠦ ᠬᠢᠴᠢᠶᠡᠯ ᠳᠠᠢᠯᠤᠮᠵᠢ ᠬᠢᠯᠭᠡᠪᠡ᠃
ᠪᠣᠯᠪᠠᠰᠤᠷᠠᠯ ᠳᠤᠮᠳᠠ᠂ ᠯᠠᠢ ᠵᠢᠶᠠᠩ ᠯᠢᠶᠠᠩ ᠪᠥᠬᠥ ᠤᠯᠤᠰ ᠤᠨ 《ᠨᠢᠭᠡ ᠰᠦᠯᠵᠢᠶ᠎ᠡ》 ᠢ᠋ᠢᠨ ᠪᠦᠲᠦᠴᠡ ᠳᠣᠣᠷᠠᠬᠢ ᠰᠦᠯᠵᠢᠶᠡᠨ᠎ᠦ ᠠᠮᠤᠷ ᠲᠦᠪᠰᠢᠨ ᠬᠢᠭᠡᠳ ᠠᠮᠤᠷ ᠲᠦᠪᠰᠢᠨ᠎ᠦ ᠡᠵᠡᠩᠨᠡᠯᠲᠡ᠎ᠶᠢᠨ ᠭᠣᠣᠯ ᠰᠡᠳᠦᠪ ᠦᠨ ᠲᠣᠭᠣᠷᠢᠨ᠎ᠳᠤ ᠠᠭᠤᠯᠭ᠎ᠠ᠎ᠪᠠᠷ ᠪᠠᠶᠠᠯᠢᠭ᠋᠂ ᠭᠦᠨᠵᠡᠭᠡᠢ ᠪᠥᠭᠡᠳ ᠣᠢᠯᠠᠭᠠᠮᠵᠢᠲᠠᠢ᠂ ᠵᠢᠯᠣᠭᠣᠳᠬᠤ ᠴᠢᠨᠠᠷ᠎ᠢᠶᠠᠷ ᠮᠠᠰᠢ ᠴᠢᠩᠭ᠎ᠠ ᠬᠢᠴᠢᠶᠡᠯ ᠣᠷᠣᠪᠠ᠃ ᠬᠢᠴᠢᠶᠡᠯ ᠨᠢ ᠥᠨᠳᠥᠷ᠎ᠲᠦ ᠵᠣᠭᠰᠣᠨ ᠠᠯᠤᠰ᠎ᠢ ᠪᠠᠷᠠᠯᠠᠬᠰᠠᠨ ᠤᠨᠤᠯ᠎ᠤᠨ ᠥᠭᠦᠯᠡᠯᠲᠡ ᠪᠠᠢᠬᠤ ᠮᠥᠷᠲᠡᠭᠡᠨ ᠪᠠᠰᠠ ᠪᠣᠳᠠᠲᠠᠢ᠎ᠲᠠᠢ ᠨᠡᠢᠴᠡᠭᠰᠡᠨ ᠬᠡᠷᠡᠭ᠎ᠦᠨ ᠵᠢᠱ᠌ᠢᠶ᠎ᠡ᠎ᠶᠢᠨ ᠵᠠᠳᠠᠯᠤᠯᠲᠠ ᠪᠠᠢᠬᠤ ᠪᠥᠭᠡᠳ ᠨᠡᠩ ᠴᠤ᠌ ᠬᠠᠨᠳᠤᠯᠭᠠᠲᠤ ᠴᠢᠨᠠᠷ᠎ᠢᠶᠠᠷ ᠲᠤᠢᠯ᠎ᠤᠨ ᠴᠢᠩᠭ᠎ᠠ ᠦᠢᠯᠡᠳᠦᠯᠭᠡ᠎ᠶᠢᠨ ᠰᠠᠨᠠᠭᠤᠯᠭ᠎ᠠ᠎ᠲᠠᠢ ᠪᠠᠢᠵᠤ᠂ ᠪᠦᠬᠦ ᠣᠷᠣᠨ᠎ᠤ ᠰᠢᠭᠦᠬᠦ ᠬᠣᠷᠢᠶ᠎ᠠ᠎ᠶᠢᠨ ᠳᠠᠷᠠᠭᠠᠴᠢ᠎ᠶᠢᠨ ᠠᠯᠬᠤᠮ᠎ᠤᠨ ᠰᠦᠯᠵᠢᠶᠡᠨ᠎ᠦ ᠠᠮᠤᠷ ᠲᠦᠪᠰᠢᠨ᠎ᠦ ᠠᠵᠢᠯ᠎ᠢ ᠰᠠᠢᠲᠤᠷ ᠬᠢᠬᠦ᠎ᠳᠦ ᠰᠡᠳᠬᠢᠴᠡ᠎ᠶᠢ ᠲᠣᠳᠣᠷᠬᠠᠢᠯᠠᠵᠤ᠂ ᠴᠢᠭᠯᠡᠯ ᠢ ᠲᠣᠳᠣᠷᠬᠠᠢ ᠵᠢᠭᠠᠵᠠᠢ᠃
ᠪᠣᠯᠪᠠᠰᠤᠷᠠᠯ᠎ᠳᠤ ᠣᠷᠣᠯᠴᠠᠭᠰᠠᠨ ᠺᠠᠳ᠋ᠷ ᠴᠠᠭᠳᠠᠭ᠎ᠠ ᠨᠠᠷ᠂ ᠲᠣᠰ ᠤᠳᠠᠭᠠᠨ ᠤ ᠪᠣᠯᠪᠠᠰᠤᠷᠠᠯᠢ᠋ᠢᠡᠷ ᠲᠠᠮᠵᠢᠨ《ᠨᠢᠭᠡ ᠰᠦᠯᠵᠢᠶ᠎ᠡ》 ᠵᠢ ᠠᠮᠤᠷ ᠲᠦᠪᠰᠢᠨ ᠵᠢᠷᠤᠮᠵᠢᠯ᠎ᠲᠠᠢ ᠬᠡᠷᠡᠭᠯᠡᠬᠦ ᠲᠤᠬᠠᠢ ᠣᠢᠯᠠᠭᠠᠯᠲᠠ ᠶᠢ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠰᠦᠯᠵᠢᠶᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢ ᠨᠠᠩ ᠪᠠᠲᠤᠳᠬᠠᠵᠠᠢ᠃ ᠪᠣᠯᠪᠠᠰᠤᠷᠠᠯ᠎ᠤᠨ ᠠᠭᠤᠯᠭ᠎ᠠ᠎ᠶᠢ ᠨᠠᠷᠢᠨ ᠬᠢᠨᠠᠮᠠᠭᠠᠢ ᠰᠢᠩᠭᠡᠬᠡᠨ ᠠᠪᠴᠤ᠂ ᠠᠵᠢᠯ᠎ᠤᠨ ᠪᠠᠢᠷᠢ᠎ᠶᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠬᠦ ᠣᠷᠣᠨ᠎ᠤ ᠰᠢᠭᠦᠬᠦ ᠬᠣᠷᠢᠶ᠎ᠠ ᠵᠢᠨ ᠰᠢᠰᠲᠸᠮᠳᠦ 《ᠨᠢᠭᠡ ᠰᠦᠯᠵᠢᠶ᠎ᠡ》 ᠵᠢ ᠠᠮᠤᠷ ᠲᠦᠪᠰᠢᠨ᠂ ᠲᠣᠭᠲᠠᠭᠤᠨ᠂ ᠥᠨᠳᠥᠷ ᠪᠦᠲᠦᠮᠵᠢᠲᠡᠢ ᠠᠵᠢᠯᠯᠠᠭᠤᠯᠬᠤ᠎ᠶᠢ ᠦᠨᠡᠨᠬᠦ ᠪᠠᠲᠤᠯᠠᠨ᠎ᠠ ᠭᠡᠵᠦ ᠢᠯᠡᠳᠬᠡᠵᠡᠭᠡᠪᠡ᠃