— ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠵᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠵᠢ ᠲᠠᠨᠢᠯᠴᠠᠭᠤᠯᠵᠠᠢ
ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠪᠣᠯ ᠠᠷᠠᠳ᠎ᠤᠨ ᠠᠮᠢᠳᠤᠷᠠᠯ᠎ᠤᠨ ᠠᠮᠤᠷ ᠲᠦᠪᠱᠢᠨ᠎ᠦ ᠲᠣᠣᠷ ᠪᠠ ᠨᠡᠢᠭᠡᠮ᠎ᠦᠨ ᠠᠵᠢᠯᠯᠠᠭᠠᠨ᠎ᠤ ᠲᠣᠭ᠍ᠲᠠᠪᠤᠷᠢᠵᠢᠭᠤᠯᠤᠭ᠍ᠴᠢ ᠮᠥᠨ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠵᠢᠨ ᠰᠣᠨᠢᠨ ᠮᠡᠳᠡᠭᠡᠨ᠎ᠦ ᠠᠯᠪᠠᠨ ᠬᠡᠷ 26᠎ᠤ᠋ ᠡᠳᠦᠷ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠲᠠᠨᠢᠯᠴᠠᠭᠤᠯᠪᠠ᠃
ᠠᠵᠢᠯ ᠣᠯᠭᠣᠯᠲᠠ᠎ᠶ᠋ᠢᠨ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠪᠠ
ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠰᠠᠢᠳ ᠸᠠᠩ ᠱᠢᠶᠤᠤ ᠫᠢᠩ᠂ ᠠᠵᠢᠯ ᠣᠯᠭᠣᠯᠲᠠ᠎ᠶ᠋ᠢᠨ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠠᠵᠢᠯ ᠣᠯᠭᠣᠯᠲᠠ᠎ᠶ᠋ᠢᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠠᠵᠢᠯ ᠣᠯᠭᠣᠯᠲᠠ᠎ᠶ᠋ᠢᠨ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠪᠡ᠃ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠬᠤᠳᠠ ᠪᠠᠯᠭᠠᠰᠤᠨ᠎ᠤ 5921 ᠲᠦᠮᠡᠨ ᠬᠥᠮᠦᠨ ᠱᠢᠨ᠎ᠡ᠎ᠪᠡᠷ ᠠᠵᠢᠯ ᠣᠯᠵᠦ᠂ 5500 ᠲᠦᠮᠡᠨ ᠬᠥᠮᠦᠨ᠎ᠦ ᠬᠠᠷᠠᠯᠲᠠ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠪᠡ᠃ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠵᠢᠨ ᠲᠦᠷᠦᠭᠦᠦ ᠳᠥᠷᠪᠡᠨ ᠵᠢᠯ᠎ᠦᠨ ᠳᠤᠮᠳᠠᠴᠢ ᠬᠡᠮᠵᠢᠭ᠌ᠳᠡᠯ᠎ᠨᠢ 5.3% ᠪᠠᠢᠵᠤ᠂ 5.5%᠎ᠶ᠋ᠢᠨ ᠵᠢᠱ᠌ᠢᠭ᠌ᠰᠡᠨ ᠬᠢᠵᠠᠭᠠᠷᠯᠠᠬᠤ ᠬᠠᠷᠠᠯᠲᠠ᠎ᠡᠴᠡ ᠳᠤᠤᠷ᠎ᠠ ᠪᠤᠯᠵᠠᠢ ᠭᠡᠪᠡ᠃
ᠨᠠᠷᠢᠯᠢᠭ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠦᠨ ᠲᠦᠷᠦᠯ ᠬᠤᠪᠢᠶᠠᠨ ᠬᠠᠪᠰᠤᠷᠤᠨ ᠲᠡᠳᠬᠦᠬᠦ᠌᠎ᠶ᠋ᠢ ᠴᠢᠬᠤᠯᠠᠴᠢᠯᠠᠵᠤ᠂ ᠭᠣᠣᠯᠳᠠᠯᠭ᠎ᠠ᠎ᠲᠠᠶ ᠬᠦᠮᠦᠰ᠎ᠤᠨ ᠠᠵᠢᠯ ᠣᠯᠭᠣᠯᠲᠠ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠪᠠ᠃ ᠸᠠᠩ ᠱᠢᠶᠤᠤ ᠫᠢᠩ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠲᠥᠷᠥ᠎ᠶ᠋ᠢᠨ ᠪᠣᠳᠣᠯᠭ᠎ᠠ ᠪᠢᠴᠢᠭ ᠮᠠᠲ᠋ᠧᠷᠢᠶᠠᠯ᠎ᠢ ᠵᠠᠯᠭᠠᠭ᠎ᠠ᠎ᠪᠠᠷ ᠨᠡᠢᠲᠡᠯᠡᠵᠦ᠍᠂ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠨ᠂ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ ᠪᠠᠢᠳᠠᠯ᠎ᠢ ᠲᠣᠭ᠍ᠲᠠᠪᠤᠷᠢᠵᠢᠭᠤᠯᠪᠠ᠃ ᠡᠭᠦᠨ᠎ᠦ ᠬᠠᠮᠲᠤ᠂ ᠬᠥᠯᠥᠰᠥᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠵᠠᠮ ᠶᠠᠪᠤᠬᠤ ᠲᠤᠳᠤᠮ ᠥᠷᠭᠡᠵᠢᠵᠦ᠍᠂ ᠶᠠᠳᠠᠭᠤ᠎ᠡᠴᠡ ᠠᠩᠭᠢᠵᠢᠷᠠᠭᠰᠠᠨ ᠬᠥᠮᠦᠨ ᠠᠮᠠ᠎ᠶ᠋ᠢᠨ ᠬᠥᠯᠥᠰᠥᠨ ᠠᠵᠢᠯ ᠬᠢᠬᠦ᠌ ᠬᠡᠪᠴᠢᠢ᠎ᠡ 3000 ᠲᠦᠮᠡᠨ ᠬᠦᠮᠦᠨ᠎ᠡᠴᠡ ᠳᠡᠭᠡᠭ᠌ᠰᠢ ᠪᠠᠢᠬᠤ᠎ᠶ᠋ᠢ ᠪᠠᠲᠤᠯᠠᠵᠠᠢ ᠭᠡᠪᠡ᠃
ᠪᠦᠬᠦ᠌ ᠲᠠᠯ᠎ᠠ᠎ᠶ᠋ᠢᠨ ᠠᠵᠢᠯ ᠣᠯᠭᠣᠯᠲᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠬᠤ ᠲᠠᠯ᠎ᠠ᠎ᠪᠠᠷ᠂ 9000 ᠱᠢᠬᠠᠮ ᠠᠷᠰᠠᠷ ᠠᠵᠢᠯ᠎ᠤᠨ ᠵᠠᠬ᠎ᠠ ᠳᠡᠯᠭᠡᠭᠦᠷ᠎ᠢ ᠪᠠᠢᠭᠤᠯᠵᠤ᠂ ᠦᠢᠯᠡᠴᠢᠯᠡᠭᠡᠨ᠎ᠦ ᠡᠬᠢ ᠪᠠᠶᠠᠯᠢᠭ᠎ᠢ ᠦᠨᠳᠦᠰᠦᠨ ᠱᠠᠳᠤ ᠲᠡᠢᠰᠢ ᠤᠷᠲᠤᠳᠭᠠᠬᠤ᠂ ᠬᠥᠳᠡᠭᠡ ᠲᠣᠰᠭᠣᠨ ᠲᠡᠢᠰᠢ ᠬᠠᠮᠤᠷᠬᠤ᠎ᠶ᠋ᠢ ᠠᠬᠢᠭᠤᠯᠪᠠ; 《10 + N》 ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠠᠵᠤ ᠠᠬᠤᠢᠯᠠᠯ ᠪᠠ ᠬᠥᠳᠡᠯᠮᠦᠷᠢᠴᠢᠳ᠎ᠲᠦ ᠵᠢᠯ ᠪᠦᠷᠢ ᠳ᠋ᠦᠩᠱᠢᠭᠤᠷ ᠱᠢᠬᠠᠮ ᠤᠳᠠᠭ᠎ᠠ ᠠᠵᠢᠯ ᠣᠯᠭᠣᠯᠲᠠ᠎ᠶ᠋ᠢᠨ ᠦᠢᠯᠡᠴᠢᠯᠡᠭᠡ ᠬᠠᠩᠭᠠᠪᠠ᠃
ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠨᠡᠩ ᠲᠡᠭᠦᠯᠳᠡᠷᠵᠢᠭᠦᠯᠪᠡ
ᠸᠠᠩ ᠱᠢᠶᠤᠤ ᠫᠢᠩ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠥᠬᠥ᠌ ᠤᠯᠤᠰ᠎ᠲᠤ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠡᠶᠡᠯᠡᠭᠦᠯᠵᠦ᠍᠂ ᠠᠵᠢᠯ ᠠᠯᠳᠠᠯᠲᠠ᠎ᠶ᠋ᠢᠨ ᠳᠠᠭᠠᠳᠭᠠᠯ᠂ ᠠᠵᠢᠯ᠎ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠡᠶᠡᠯᠡᠭᠦᠯᠵᠦ᠍᠂ ᠬᠤᠪᠢ ᠬᠥᠮᠦᠨ᠎ᠦ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢᠨ ᠲᠦᠷᠢᠮ᠎ᠢ ᠪᠠᠢᠭᠤᠯᠤᠨ ᠬᠡᠷᠡᠭ᠌ᠵᠢᠭᠦᠯᠵᠦ᠍᠂ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ᠎ᠵᠢᠨ ᠴᠡᠭ᠎ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ 8 ᠰᠠᠷ᠎ᠠ᠎ᠶ᠋ᠢᠨ ᠡᠴᠦᠰ ᠪᠣᠯᠲᠠᠯ᠎ᠠ᠂ ᠪᠥᠬᠥ᠌ ᠤᠯᠤᠰ᠎ᠤᠨ ᠨᠠᠰᠤᠵᠢᠯ᠎ᠤᠨ ᠦᠨᠳᠦᠰᠦᠨ ᠠᠰᠠᠷᠠᠮᠵᠢ᠂ ᠠᠵᠢᠯ ᠠᠯᠳᠠᠯᠲᠠ᠂ ᠠᠵᠢᠯ᠎ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠲᠣᠰ ᠲᠣᠰ 10.72 ᠳ᠋ᠦᠩᠱᠢᠭᠤᠷ᠂ 2.46 ᠳ᠋ᠦᠩᠱᠢᠭᠤᠷ ᠪᠠ 3.02 ᠳ᠋ᠦᠩᠱᠢᠭᠤᠷ᠎ᠲᠤ ᠬᠦᠷᠴᠡᠶ ᠭᠡᠵᠦ ᠲᠠᠨᠢᠯᠴᠠᠭᠤᠯᠪᠠ᠃
ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠳᠡᠳ᠋ ᠰᠠᠢᠳ ᠯᠢ ᠵᠥᠩ᠂ ᠣᠳᠣᠬᠠᠨ᠎ᠳᠤ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠲᠠᠶ ᠬᠥᠮᠦᠨ᠎ᠦ ᠲᠣᠭ᠎ᠠ ᠨᠢᠭᠡᠨᠲᠡ 13.9 ᠳ᠋ᠦᠩᠱᠢᠭᠤᠷ᠎ᠲᠤ ᠬᠦᠷᠴᠡᠶ᠃ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ ᠨᠢ ᠤᠯᠠᠮ ᠤᠯᠠᠨ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠎ᠵᠢ ᠠᠴᠢᠶᠠᠯᠠᠵᠤ ᠪᠠᠢᠨ᠎ᠠ᠂ ᠵᠢᠱ᠌ᠢᠶᠡᠯᠡᠪᠡᠯ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠠᠷ ᠳᠠᠮᠵᠢᠭᠤᠯᠤᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠣᠯᠭᠣᠬᠤ᠂ ᠺᠠᠷᠲ᠎ᠢᠶᠠᠷ᠎ᠢᠶᠠᠨ ᠲᠣᠰ ᠭᠠᠵᠠᠷ ᠣᠷᠣᠨ ᠪᠠ ᠮᠤᠵᠢ ᠠᠯᠤᠰᠯᠠᠨ ᠤᠨᠳᠤᠤ ᠭᠠᠵᠠᠷ᠎ᠲᠤ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ ᠵᠡᠷᠭᠡ ᠪᠣᠯᠤᠨ᠎ᠠ ᠭᠡᠵᠦ ᠲᠠᠨᠢᠯᠴᠠᠭᠤᠯᠪᠠ᠃
ᠪᠡᠯᠡ ᠮᠥᠩᠭᠥ᠌ ᠴᠤᠭ᠍ᠯᠠᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠪᠡ᠃ ᠸᠠᠩ ᠱᠢᠶᠤᠤ ᠫᠢᠩ ᠲᠠᠨᠢᠯᠴᠠᠭᠤᠯᠬᠤ᠎ᠳᠠᠭᠠᠨ᠂ ᠮᠠᠨ᠎ᠤ ᠤᠯᠤᠰ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠂ ᠠᠵᠢᠯ ᠠᠯᠳᠠᠯᠲᠠ᠂ ᠠᠵᠢᠯ᠎ᠡᠴᠡ ᠪᠣᠯᠤᠭ᠍ᠰᠠᠨ ᠭᠡᠮᠲᠦᠯ ᠵᠡᠷᠭᠡ ᠭᠤᠷᠪᠠᠨ ᠵᠦᠶ᠋ᠯ᠎ᠦᠨ ᠨᠡᠢᠭᠡᠮ᠎ᠦᠨ ᠳᠠᠭᠠᠳᠭᠠᠯ᠎ᠤᠨ ᠰᠠᠭᠤᠷᠢ ᠮᠥᠩᠭᠥ᠌ ᠲᠤᠬᠠᠶ᠎ᠶ᠋ᠢᠨ ᠬᠤᠭᠤᠴᠠᠭᠠᠨ᠎ᠤ ᠣᠷᠣᠯᠭ᠎ᠠ ᠨᠢ ᠵᠠᠷᠤᠯᠭᠠᠡᠴᠡᠪᠠᠨ ᠶᠡᠬᠡ ᠪᠠᠢᠬᠤ ᠪᠠᠢᠳᠠᠯ᠎ᠢᠶᠠᠨ ᠪᠠᠲᠤᠯᠠᠵᠤ᠂ 8 ᠰᠠᠷ᠎ᠠ᠎ᠶ᠋ᠢᠨ ᠰᠡᠬᠦᠯᠴᠢ ᠪᠣᠯᠲᠠᠯ᠎ᠠ ᠨᠡᠢᠲᠡ 9.81 ᠲᠦᠮᠡᠨ ᠳ᠋ᠦᠩᠱᠢᠭᠤᠷ ᠲᠥᠭᠥᠷᠢᠭ᠎ᠦᠨ ᠦᠯᠡᠳᠡᠪᠦᠷᠢ᠎ᠲᠡᠶ ᠪᠣᠯᠵᠠᠶ᠃ ᠲᠥᠪ᠎ᠦᠨ ᠡᠳ᠋᠎ᠦᠨ ᠵᠠᠰᠠᠭ᠎ᠤᠨ ᠨᠥᠬᠥᠪᠥᠷᠢ ᠮᠥᠩᠭᠥ᠎ᠶ᠋ᠢᠨ ᠲᠣᠭ᠎ᠠ ᠦᠷᠭᠦᠯᠵᠢᠯᠡᠨ ᠨᠡᠮᠡᠭ᠌ᠳᠡᠵᠦ᠍᠂ 2024 ᠣᠨ᠎ᠳᠤ ᠲᠥᠪ᠎ᠦᠨ ᠡᠳ᠋᠎ᠦᠨ ᠵᠠᠰᠠᠭ᠎ᠡᠴᠡ ᠠᠵᠤ ᠠᠬᠤᠢᠯᠠᠯ᠎ᠤᠨ ᠠᠵᠢᠯᠳᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠳᠤ ᠥᠭ᠌ᠬᠦᠭᠰᠡᠨ ᠨᠥᠬᠥᠪᠥᠷᠢ 7300 ᠭᠠᠷᠤᠢ ᠳ᠋ᠦᠩᠱᠢᠭᠤᠷ ᠲᠥᠭᠥᠷᠢᠭ᠎ᠲᠦ ᠬᠦᠷᠴᠦ᠍᠂ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠣᠷᠣᠭᠤᠯᠤᠯᠲᠠ᠎ᠶ᠋ᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠡᠴᠡ ᠠᠯᠬᠤᠮ ᠠᠯᠬᠤᠮ᠎ᠢᠶᠠᠷ ᠪᠦᠷᠢᠨᠱᠢᠪᠡ ᠭᠡᠵᠡᠢ᠃
ᠬᠥᠮᠦᠨ ᠠᠮᠠ᠎ᠶ᠋ᠢᠨ ᠠᠱᠢᠭ᠎ᠢ ᠴᠢᠳᠠᠪᠤᠷᠢᠲᠠᠨ᠎ᠤ ᠠᠱᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠮᠦᠨ ᠠᠮᠠ᠎ᠶ᠋ᠢᠨ ᠬᠥᠭ᠌ᠵᠢᠯᠲᠡ ᠱᠢᠨ᠎ᠡ ᠬᠡᠪ ᠪᠠᠢᠳᠠᠯ᠎ᠳᠤ ᠣᠷᠣᠪᠠ᠃ 《ᠪᠢᠳᠡ ᠬᠠᠤᠯᠢ᠎ᠳᠤ ᠲᠣᠭ᠍ᠲᠠᠭᠠᠭ᠍ᠰᠠᠨ ᠠᠵᠢᠯ᠎ᠡᠴᠡ᠎ᠪᠠᠨ ᠪᠠᠭᠤᠵᠤ ᠠᠮᠠᠷᠠᠬᠤ ᠨᠠᠰᠤ᠎ᠶ᠋ᠢ ᠠᠭᠠᠵᠢᠮ᠎ᠢᠶᠠᠷ ᠤᠷᠲᠤᠳᠭᠠᠬᠤ ᠲᠦᠷᠦ᠍᠎ᠶ᠋ᠢᠨ ᠪᠤᠳᠤᠯᠭ᠎ᠠ᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠶ ᠬᠡᠷᠡᠭ᠌ᠵᠢᠭᠦᠯᠵᠦ᠍᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠡᠴᠡ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠪᠡ》᠃ ᠸᠠᠩ ᠱᠢᠶᠤᠤ ᠫᠢᠩ᠂ ᠵᠠᠬ᠎ᠠ ᠳᠡᠯᠭᠡᠭᠦᠷ᠎ᠦᠨ ᠬᠠᠨᠳᠤᠰᠢ᠎ᠶ᠋ᠢ ᠳᠠᠭᠠᠨ 72 ᠱᠢᠨ᠎ᠡ ᠠᠵᠢᠯ ᠮᠡᠷᠭᠡᠵᠢᠯ᠎ᠢ ᠨᠡᠢᠲᠡᠯᠡᠵᠦ᠍᠂ 328 ᠤᠯᠤᠰ᠎ᠤᠨ ᠠᠵᠢᠯ ᠮᠡᠷᠭᠡᠵᠢᠯ᠎ᠦᠨ ᠪᠠᠷᠢᠮᠵᠢᠶ᠎ᠠ᠎ᠶ᠋ᠢ ᠨᠡᠢᠲᠡᠯᠡᠵᠦ᠍᠂ ᠡᠯ᠎ᠡ ᠲᠦᠷᠦᠯ᠎ᠦᠨ ᠴᠢᠳᠠᠪᠤᠷᠢᠲᠠᠨ᠎ᠤ ᠠᠵᠢᠯ ᠬᠢᠵᠦ᠍ ᠦᠢᠯᠡᠰ ᠪᠤᠰᠭᠠᠬᠤ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭ᠌ᠵᠢᠭᠡᠪᠡ ᠭᠡᠵᠡᠢ᠃
ᠤᠷ᠎ᠠ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠣᠯ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢᠨ ᠴᠢᠬᠤᠯᠠ ᠠᠷᠭ᠎ᠠ ᠵᠠᠮ ᠮᠥᠨ᠃ ᠲᠠᠨᠢᠯᠴᠠᠭᠤᠯᠤᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ ᠶᠡᠬᠡ ᠬᠡᠪᠴᠢᠶᠡᠨ᠎ᠦ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠢ ᠶᠠᠪᠤᠭᠳᠠᠭᠤᠯᠵᠤ᠂ ᠦᠶ᠋ᠯᠡᠳᠪᠦᠷᠢᠯᠡᠯ ᠵᠢᠭᠠᠨ ᠰᠤᠷᠭᠠᠯᠲᠠ ᠦᠨᠡᠯᠡᠯᠲᠡ᠎ᠶᠢᠨ ᠤᠷ᠎ᠠ ᠴᠢᠳᠠᠪᠤᠷᠢ᠎ᠶ᠋ᠢᠨ ᠠᠮᠢ ᠠᠬᠤᠶ᠎ᠶ᠋ᠢᠨ ᠬᠡᠯᠬᠢᠶ᠎ᠡ᠎ᠶ᠋ᠢ ᠪᠠᠢᠭᠤᠯᠤᠨ᠂ 《ᠱᠢᠨ᠎ᠡ ᠨᠠᠶ᠋ᠮᠠᠳᠤᠭᠠᠷ ᠳᠡᠰ᠎ᠤᠨ ᠠᠵᠢᠯᠴᠢᠨ》᠎ᠤ᠋ ᠲᠦᠷᠢᠮ᠎ᠢ ᠬᠡᠷᠡᠭ᠌ᠵᠢᠭᠦᠯᠵᠦ᠍᠂ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠵᠠᠮ᠎ᠢ ᠰᠠᠭᠠᠳ ᠥᠬᠡᠶ ᠨᠡᠪᠲᠡᠷᠡᠭᠦᠯᠦᠨ᠂ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠢ ᠬᠥᠬᠢᠭᠦᠯᠦᠨ ᠤᠷᠮᠠᠱᠢᠭᠤᠯᠵᠤ᠂ ᠤᠷ᠎ᠠ ᠴᠢᠳᠠᠪᠤᠷᠢ᠎ᠪᠠᠷ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ᠌ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠪᠠ᠃
ᠱᠢᠨ᠎ᠡ ᠠᠵᠤ ᠦᠶ᠋ᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠲᠠᠰᠤᠷᠠᠯᠲᠠ ᠥᠬᠡᠶ ᠢᠯᠡᠷᠡᠵᠦ᠍᠂ ᠱᠢᠨ᠎ᠡ ᠠᠵᠢᠯ ᠮᠡᠷᠭᠡᠵᠢᠯ ᠴᠦ᠍ ᠳᠠᠭᠠᠯᠳᠤᠨ ᠪᠦᠷᠢᠯᠳᠦᠨ ᠬᠥᠭ᠌ᠵᠢᠪᠡ᠃ 《ᠪᠢᠳᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠱᠢᠨ᠎ᠡ ᠠᠵᠢᠯ ᠮᠡᠷᠭᠡᠵᠢᠯ᠎ᠦᠨ ᠤᠯᠤᠰ᠎ᠤᠨ ᠪᠠᠷᠢᠮᠵᠢᠶ᠎ᠠ᠎ᠶ᠋ᠢ ᠨᠡᠭᠡᠭᠡᠨ ᠬᠥᠭ᠌ᠵᠢᠭᠦᠯᠬᠦ᠌᠎ᠶ᠋ᠢ ᠲᠦᠷᠭᠡᠳᠭᠡᠨ᠎ᠡ》᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠳᠡᠳ᠋ ᠰᠠᠢᠳ ᠶᠠᠨ ᠴᠢᠩ ᠬᠣᠶ᠂ ᠡᠭᠦᠨ᠎ᠦ ᠬᠠᠮᠲᠤ ᠱᠢᠨ᠎ᠡ ᠠᠵᠢᠯ ᠮᠡᠷᠭᠡᠵᠢᠯ᠎ᠢ ᠪᠣᠯᠪᠠᠰᠤᠷᠠᠯ᠎ᠤᠨ ᠭᠤᠤᠯᠳᠠᠯᠭ᠎ᠠ᠎ᠲᠠᠶ ᠬᠦᠷᠢᠶ᠎ᠡ ᠪᠣᠯᠭᠠᠵᠤ᠂ ᠡᠯ᠎ᠡ ᠭᠠᠵᠠᠷ᠎ᠤᠨ ᠠᠵᠢᠯ᠎ᠤᠨ ᠪᠠᠢᠷᠢᠪᠠ ᠬᠥᠮᠦᠨ᠎ᠦ ᠪᠠᠢᠳᠠᠯ᠎ᠢ ᠦᠨᠳᠦᠰᠦᠯᠡᠨ ᠨᠠᠷᠢᠯᠢᠭ ᠣᠨᠣᠴᠠᠲᠠᠶ ᠪᠣᠯᠪᠠᠰᠤᠷᠠᠯ ᠥᠷᠨᠢᠭᠦᠯᠬᠦ᠌᠎ᠶ᠋ᠢ ᠵᠢᠯᠣᠭᠣᠳᠤᠨ᠎ᠠ ᠭᠡᠵᠡᠶ᠃
ᠬᠥᠳᠡᠯᠮᠦᠷᠢᠴᠢᠳ᠎ᠦᠨ ᠡᠷᠬᠡ ᠠᠱᠢᠭ᠎ᠢ ᠪᠠᠲᠤᠯᠠᠬᠤ ᠪᠠᠢᠭᠤᠯᠤᠯ᠎ᠢ ᠨᠡᠩ ᠢᠯᠡᠭᠦᠦ ᠲᠡᠭᠦᠯᠳᠡᠷᠵᠢᠭᠦᠯᠪᠡ
ᠮᠠᠨ᠎ᠤ ᠤᠯᠤᠰ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠥᠪᠳᠡᠯᠴᠡᠨ ᠵᠣᠬᠢᠴᠠᠭᠤᠯᠬᠤ᠂ ᠬᠢᠨᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌ ᠵᠡᠷᠭᠡ ᠲᠣᠭ᠍ᠲᠡᠴᠡ᠎ᠶ᠋ᠢ ᠲᠠᠰᠤᠷᠠᠯᠲᠠ ᠥᠬᠡᠶ ᠪᠦᠷᠢᠨᠰᠢᠭᠦᠯᠵᠦ᠍᠂ ᠲᠤᠰᠭᠠᠶ ᠲᠦᠷᠢᠮ ᠲᠣᠭ᠍ᠲᠠᠭᠠᠯ᠎ᠢ ᠰᠤᠳᠤᠯᠤᠨ ᠲᠣᠭ᠍ᠲᠠᠭᠠᠵᠤ ᠪᠠᠢᠭᠠᠳ ᠨᠠᠰᠤ ᠬᠡᠲᠦᠷᠡᠭ᠌ᠰᠡᠨ ᠬᠥᠳᠡᠯᠮᠦᠷᠢᠴᠢᠳ᠎ᠦᠨ ᠦᠨᠳᠦᠰᠦᠨ ᠡᠷᠬᠡ ᠠᠱᠢᠭ᠂ ᠪᠥᠬᠥ᠌ ᠬᠡᠯᠬᠢᠶ᠎ᠡ᠎ᠪᠡᠷ ᠬᠢᠨᠠᠨ ᠬᠠᠮᠢᠶᠠᠷᠬᠤ᠂ ᠬᠡᠪ᠎ᠡᠴᠡ ᠬᠡᠲᠦᠷᠡᠭ᠌ᠰᠡᠨ ᠠᠷᠭ᠎ᠠ ᠬᠡᠮᠵᠢᠶ᠎ᠡ᠎ᠪᠡᠷ ᠴᠠᠯᠢᠩ ᠥᠷᠢᠲᠦᠬᠦ᠌ ᠠᠰᠠᠭᠤᠳᠠᠯ᠎ᠢ ᠵᠠᠰᠠᠬᠤ ᠠᠵᠢᠯ᠎ᠢ ᠴᠢᠩᠭᠠᠳᠬᠠᠬᠤ᠎ᠵᠢ ᠠᠩᠬ᠎ᠠ ᠤᠳᠠᠭ᠎ᠠ ᠲᠣᠳᠣᠷᠬᠠᠶ ᠲᠣᠭ᠍ᠲᠠᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠬᠦᠨᠳᠦ ᠶᠡᠬᠡ ᠴᠠᠯᠢᠩ ᠥᠷᠢᠲᠦᠬᠦ᠌ ᠬᠠᠤᠯᠢ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ 1 ᠲᠦᠮᠡ ᠭᠠᠷᠤᠶ ᠨᠡᠢᠲᠡᠯᠡᠨ ᠱᠢᠶ᠋ᠳᠪᠦᠷᠢᠯᠡᠵᠦ᠍᠂ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ ᠥᠭ᠌ᠬᠦ᠎ᠶ᠋ᠢ ᠲᠡᠪᠴᠢᠭ᠌ᠰᠡᠨ ᠶᠠᠯ᠎ᠠ ᠬᠢᠭ᠌ᠰᠡᠨ᠎ᠢᠶᠡᠷ ᠰᠡᠵᠢᠭ᠌ᠯᠡᠭ᠌ᠳᠡᠭ᠌ᠰᠡᠨ ᠬᠡᠷᠡᠭ᠎ᠢ 1.4 ᠲᠦᠮᠡ ᠭᠠᠷᠤᠶ ᠱᠢᠯᠵᠢᠭᠦᠯᠦᠨ ᠬᠦᠷᠭᠡᠵᠦ᠍᠂ ᠮᠠᠭᠤ ᠰᠠᠨᠠᠭ᠎ᠠ᠎ᠪᠠᠷ ᠴᠠᠯᠢᠩ ᠥᠷᠢᠲᠦᠬᠦ᠌ ᠦᠶ᠋ᠯᠡ ᠠᠵᠢᠯᠯᠠᠭ᠎ᠠ᠎ᠶ᠋ᠢ ᠪᠦᠲᠦᠮᠵᠢᠲᠡᠶ ᠬᠣᠷᠢᠭ᠍ᠯᠠᠪᠠ᠃
ᠰᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶ᠋ᠢᠨ ᠬᠥᠮᠦᠰ᠎ᠦᠨ ᠡᠷᠬᠡ ᠠᠱᠢᠭ᠎ᠤᠨ ᠪᠠᠲᠤᠯᠠᠭ᠎ᠠ ᠨᠢ ᠡᠯ᠎ᠡ ᠲᠠᠯ᠎ᠠ᠎ᠶ᠋ᠢᠨ ᠬᠢᠨ᠎ᠦ ᠠᠩᠬᠠᠷᠤᠯ᠎ᠢ ᠲᠠᠲᠠᠵᠤ ᠪᠠᠢᠨ᠎ᠠ᠃ 《ᠪᠢᠳᠡ ᠰᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶ᠋ᠢᠨ ᠬᠥᠳᠡᠯᠮᠦᠷᠢᠴᠢᠳ᠎ᠦᠨ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠡᠷᠬᠡ ᠠᠱᠢᠭ᠎ᠢ ᠬᠠᠮᠠᠭᠠᠯᠠᠬᠤ ᠵᠢᠯᠣᠭᠣᠳᠭᠤ ᠰᠠᠨᠠᠯ᠎ᠢ ᠲᠣᠭ᠍ᠲᠠᠭᠠᠵᠤ᠂ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ᠂ ᠰᠦᠯᠵᠢᠶ᠎ᠡ᠎ᠪᠡᠷ ᠪᠣᠯᠵᠣᠬᠤ ᠮᠠᠱᠢᠨ ᠲᠡᠷᠭᠡᠨ᠎ᠦ ᠵᠢᠯᠣᠭᠣᠴᠢ ᠵᠡᠷᠭᠡ ᠭᠤᠤᠯᠳᠠᠯᠭ᠎ᠠ᠎ᠲᠠᠶ ᠬᠥᠮᠦᠰ᠎ᠦᠨ ᠲᠤᠰᠭᠠᠶ ᠡᠷᠬᠡ ᠠᠱᠢᠭ᠎ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠠᠵᠤ ᠠᠬᠤᠢᠯᠠᠯ᠎ᠤᠨ ᠬᠥᠳᠡᠯᠮᠦᠷᠢ᠎ᠶ᠋ᠢᠨ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠂ ᠠᠮᠠᠷᠠᠯᠲᠠ᠂ ᠬᠥᠳᠡᠯᠮᠦᠷᠢ᠎ᠶ᠋ᠢᠨ ᠠᠮᠤᠷ ᠲᠦᠪᠱᠢᠨ ᠵᠡᠷᠭᠡ ᠦᠨᠳᠦᠰᠦᠨ ᠡᠷᠬᠡ ᠠᠱᠢᠭ᠎ᠢ ᠪᠠᠲᠤᠯᠠᠬᠤ ᠲᠦᠷᠢᠮ᠎ᠢ ᠪᠦᠷᠢᠨᠱᠢᠭᠦᠯᠵᠠᠢ》 ᠭᠡᠵᠦ᠍ ᠯᠢ ᠵᠥᠩ ᠬᠡᠯᠡᠪᠡ᠃
(ᠰᠢᠨᠬᠤᠸᠠ ᠬᠤᠷᠢᠶ᠎ᠠ᠎ᠵᠢᠨ ᠪᠡᠭᠡᠵᠢᠩ᠎ᠤᠨ 9 ᠰᠠᠷ᠎ᠠ᠎ᠵᠢᠨ 26᠎ᠤ᠋ ᠴᠠᠬᠢᠯᠭᠠᠨ ᠮᠡᠳᠡᠭᠡ ᠡᠴᠡ)