《ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠭᠠᠵᠤ᠂ ᠠᠵᠢᠯ᠎ᠤᠨ ᠰᠤᠷᠲᠠᠯ᠎ᠢᠶᠠᠨ ᠰᠠᠢᠵᠢᠷᠠᠭᠤᠯᠵᠤ᠂ ᠤᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ᠌ ᠦᠵᠡᠯ ᠪᠣᠯᠤᠨ ᠱᠠᠯᠢᠨ ᠪᠦᠷᠢᠯᠭᠡᠬᠦ᠌ ᠰᠤᠷᠲᠠᠯ᠎ᠢ ᠡᠰᠡᠷᠭᠦᠴᠡᠵᠦ᠍᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠡᠳᠭᠢᠯ᠎ᠳᠡᠭᠡᠨ ᠬᠠᠳᠠᠩᠱᠢᠭᠤᠯᠵᠤ᠂ ᠠᠵᠢᠯᠯᠠᠭ᠎ᠠ ᠳᠠᠭᠠᠨ ᠨᠠᠢᠳᠠᠪᠤᠷᠢᠵᠢᠭᠤᠯᠦᠨᠠ》 ᠬᠡᠵᠤ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ 47 ᠳ᠋ᠤᠭᠠᠷ ᠬᠤᠭᠤᠴᠠᠭᠠᠨ ᠤ ᠰᠤᠷᠤᠯᠭᠠᠳᠠᠨ ᠵᠠᠯᠠᠭᠤ ᠨᠠᠮ᠎ᠦᠨ ᠬᠡᠰᠢᠬᠦᠨ ᠯᠢᠦᠢ ᠶᠠ ᠵᠢᠤᠸᠠᠨ ᠲᠡᠮᠳᠡᠭ᠌ᠯᠡᠯ ᠦᠨ ᠳᠡᠪᠲᠡᠷ ᠲᠡᠭᠡᠨ ᠪᠢᠴᠢᠭᠰᠡᠨ ᠪᠠᠢᠯ᠎ᠠ᠃ ᠲᠡᠷᠡ ᠲᠡᠮᠳᠡᠭᠯᠡᠯ᠎ᠤᠨ ᠲᠡᠪᠳᠡᠷ ᠲᠡᠭᠡᠨ《ᠵᠠᠰᠠᠭ᠎ᠦᠨ ᠠᠵᠢᠯ᠎ᠦᠨ ᠠᠮᠵᠢᠯᠳᠠ ᠪᠦᠳᠦᠮᠵᠢ ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠬᠤ》᠂《ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ ᠪᠠᠢᠬᠤ》᠂《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ》ᠵᠡᠷᠭᠡ ᠵᠠᠩᠭᠢᠯᠠᠭ᠎ᠠ᠎ᠶ᠋ᠢᠨ ᠦᠭᠡᠰ᠎ᠢ ᠨᠢᠭᠡᠳ ᠨᠢᠭᠡ᠎ᠪᠡᠷ ᠲᠠᠢᠯᠪᠤᠷᠢᠯᠠᠨ ᠪᠢᠴᠢᠭᠰᠡᠨ ᠪᠠᠢᠯ᠎ᠠ᠂ ᠡᠨᠡ ᠪᠣᠯ ᠮᠠᠨ᠎ᠤ ᠣᠷᠣᠨ᠎ᠤ ᠨᠠᠮ᠎ᠤᠨ ᠭᠡᠱᠢᠭᠦᠨ ᠺᠠᠳ᠋ᠷᠴᠤᠳ᠎ᠤᠨ ᠨᠠᠮᠴᠢ ᠴᠢᠨᠠᠷ᠎ᠦᠨ ᠪᠣᠯᠪᠠᠰᠤᠷᠠᠯ᠎ᠢᠶᠠᠨ ᠳᠠᠪᠲᠠᠨ ᠪᠣᠯᠪᠠᠰᠤᠷᠠᠭᠤᠯᠵᠤ᠂ ᠰᠤᠷᠲᠠᠯ᠎ᠤᠨ ᠪᠠᠢᠭᠤᠯᠤᠯᠳᠠ ᠵᠢ ᠬᠦᠨᠵᠡᠭᠡᠢᠷᠡᠬᠦᠯᠵᠤ ᠪᠠᠢᠭ᠎ᠠ ᠠᠮᠢᠳᠤᠯᠢᠭ ᠬᠤᠷᠢᠶᠠᠨᠭᠭᠤᠢᠯᠠᠯ ᠪᠤᠯᠤᠨ᠎ᠠ᠃
ᠰᠤᠷᠲᠠᠯ ᠤᠨ ᠠᠰᠠᠭᠤᠳᠠᠯ ᠪᠣᠯ ᠦᠨᠳᠦᠰᠦᠨ ᠳᠡᠭᠡᠷ᠎ᠡ᠎ᠪᠡᠨ ᠨᠠᠮᠴᠢ ᠴᠢᠨᠠᠷ᠎ᠤᠨ ᠠᠰᠠᠭᠤᠳᠠᠯ ᠮᠥᠨ᠂ ᠭᠠᠭ᠍ᠴᠠ ᠬᠦ᠌ ᠨᠠᠮᠴᠢ ᠴᠢᠨᠠᠷ᠎ᠢ ᠴᠢᠩᠭᠠᠳᠭᠠᠪᠠᠯ ᠰᠠᠶᠢ ᠰᠤᠷᠲᠠᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠨᠠᠮ᠎ᠤᠨ ᠭᠡᠱᠢᠭᠦᠨ ᠺᠠᠳ᠋ᠷᠴᠤᠳ ᠤᠨ ᠵᠠᠰᠠᠭ᠎ᠦᠨ ᠠᠵᠢᠯ᠎ᠤᠨ ᠠᠮᠵᠢᠯᠲᠠ ᠪᠦᠳᠦᠮᠵᠢ᠎ᠶ᠋ᠢᠨ ᠦᠵᠡᠯᠲᠡ ᠵᠢᠴᠢ ᠡᠬᠦᠷᠭᠡᠯᠡᠯ ᠬᠠᠷᠢᠭᠤᠴᠠᠯᠭ᠎ᠠ ᠵᠢᠨ ᠲᠠᠯ᠎ᠠ ᠳ᠋ᠤ ᠤᠷᠤᠰᠢᠵᠤ ᠪᠠᠢᠭ᠎ᠠ ᠠᠰᠠᠭᠤᠳᠠᠯ ᠢ ᠱᠢᠢᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠤᠨ ᠲᠥᠰᠦᠯ᠎ᠢ ᠲᠣᠭ᠍ᠲᠠᠭᠠᠨ ᠬᠡᠷᠡᠭ᠌ᠵᠢᠭᠦᠯᠵᠦ᠍᠂ 《ᠨᠠᠮᠴᠢ ᠴᠢᠨᠠᠷ᠎ᠤᠨ ᠬᠥᠮᠦᠵᠢᠯ ᠦᠨ ᠬᠢᠴᠢᠶᠡᠯ᠎ᠦᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠨᠠᠮᠴᠢ ᠴᠢᠨᠠᠷ ᠤᠨ ᠬᠥᠮᠦᠵᠢᠯ᠎ᠦᠨ ᠤᠨᠤᠯ ᠢ ᠪᠣᠳᠠᠲᠠᠢ᠎ᠲᠠᠶ ᠤᠶᠠᠯᠳᠤᠭᠤᠯᠬᠤ᠎ᠶ᠋ᠢ ᠠᠬᠢᠭᠤᠯᠬᠤ᠂ ᠨᠠᠮᠴᠢ ᠴᠢᠨᠠᠷ ᠤᠨ ᠬᠥᠮᠦᠵᠢᠯ ᠢ ᠪᠣᠯᠪᠠᠰᠤᠷᠠᠯ ᠬᠠᠮᠢᠶᠠᠷᠤᠯᠲᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠬᠤ》 ᠭᠤᠷᠪᠠᠨ ᠲᠠᠯ᠎ᠠ᠎ᠠᠴᠠ ᠨᠠᠷᠢᠯᠢᠭ ᠣᠨᠣᠴᠠᠲᠠᠢ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠨᠠᠮᠴᠢ ᠴᠢᠨᠠᠷ᠎ᠤᠨ ᠬᠥᠮᠦᠵᠢᠯ ᠤᠨ ᠠᠰᠠᠭᠤᠳᠠᠯ᠎ᠢ ᠬᠦᠴᠦᠯᠡᠨ ᠱᠢᠢᠳᠪᠦᠷᠢᠯᠡᠪᠡ᠃
《ᠪᠢᠳᠡ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠲᠠᠢ ᠬᠠᠮᠲᠤᠷᠠᠨ ᠨᠠᠮ᠎ᠦᠨ ᠬᠡᠰᠢᠬᠦᠨ ᠺᠠᠳ᠋ᠷᠴᠤᠳ ᠲᠸ᠋〈ᠨᠠᠮᠴᠢ ᠴᠢᠨᠠᠷ᠎ᠤᠨ ᠵᠠᠳᠠᠯᠤᠯᠲᠠ᠎ᠶ᠋ᠢᠨ ᠠᠵᠢᠯ᠎ᠤᠨ ᠲᠥᠰᠦᠯ (ᠲᠤᠷᠱᠢᠨ ᠬᠡᠷᠡᠭ᠌ᠵᠢᠭᠦᠯᠬᠦ᠌)〉 》 ᠂ 《ᠪᠥᠬᠥ᠌ ᠦᠶᠡᠯᠡᠯ᠎ᠦᠨ ᠬᠤᠭᠤᠴᠠᠭ᠎ᠠ ᠪᠥᠬᠥ᠌ ᠬᠡᠯᠬᠢᠶᠡᠨ᠎ᠦ ᠨᠠᠮᠴᠢ ᠴᠢᠨᠠᠷ᠎ᠤᠨ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ》᠂《ᠨᠠᠮᠴᠢ ᠴᠢᠨᠠᠷ᠎ᠤᠨ ᠪᠣᠯᠪᠠᠰᠤᠷᠠᠯ᠎ᠢ ᠬᠡᠮᠵᠢᠶᠡᠵᠢᠭᠦᠯᠦᠨ ᠬᠢᠨᠠᠨ ᠱᠢᠯᠭᠠᠬᠤ ᠭᠦᠶ᠋ᠴᠡᠳᠭᠡᠯ ᠲᠣᠭ᠎ᠠ》 ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠨᠠᠮ ᠦᠨ ᠬᠡᠰᠢᠬᠦᠨ ᠺᠠᠳ᠋ᠷᠴᠤᠳ᠎ᠦᠨ ᠪᠥᠬᠥ᠌ ᠶᠠᠪᠤᠴᠠ᠎ᠶ᠋ᠢᠨ ᠨᠠᠮᠴᠢ ᠴᠢᠨᠠᠷ ᠤᠨ ᠬᠥᠮᠦᠵᠢᠯ ᠬᠠᠮᠢᠶᠠᠷᠤᠯᠲᠠ᠎ᠶ᠋ᠢ ᠵᠢᠷᠤᠮᠵᠢᠭᠤᠯᠪᠠ᠃ 9 ᠰᠠᠷ᠎ᠠ᠎ᠶ᠋ᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠺᠠᠳ᠋ᠷ᠎ᠤᠨ ᠬᠥᠮᠦᠵᠢᠯ᠎ᠦᠨ ᠭᠠᠵᠠᠷ᠎ᠤᠨ ᠳᠠᠷᠤᠭ᠎ᠠ ᠶᠢᠨ ᠼᠦᠨ ᠯᠢᠶᠠᠩ ᠄《ᠨᠢᠭᠡ ᠢᠵᠢ ᠬᠠᠮ ᠠᠷᠭ᠎ᠠ ᠬᠡᠮᠵᠢᠶ᠎ᠡ ᠨᠢ ᠨᠠᠮᠴᠢ ᠴᠢᠨᠠᠷ᠎ᠤᠨ ᠬᠥᠮᠦᠵᠢᠯ ᠢ 〈ᠵᠥᠭᠡᠯᠡᠨ ᠱᠠᠭᠠᠷᠳᠠᠯᠭ᠎ᠠ〉ᠪᠢᠰᠢ ᠬᠠᠷᠢᠨ〈ᠬᠠᠲᠠᠭᠤ ᠬᠢᠵᠠᠭᠠᠷᠯᠠᠯ〉 ᠪᠣᠯᠭᠠᠵᠣ᠂ ᠨᠠᠮᠴᠢ ᠴᠢᠨᠠᠷ᠎ᠤᠨ ᠪᠣᠯᠪᠠᠰᠤᠷᠠᠯ ᠢ ᠲᠤᠭᠤᠰᠢᠳᠠᠢ ᠬᠡᠷᠡᠭᠵᠢᠬᠦᠯᠵᠦ᠂ ᠬᠠᠨᠳᠤᠯᠭᠠᠲᠤ ᠴᠢᠨᠠᠷ ᠢ ᠨᠠᠩ ᠣᠨᠣᠪᠴᠢᠲᠠᠶ᠂ ᠨᠠᠢᠳᠠᠪᠤᠷᠢᠵᠢᠭᠤᠯᠬᠤ ᠴᠡᠭ ᠢ ᠨᠠᠩ ᠪᠣᠳᠠᠲᠠᠶ ᠪᠣᠯᠭᠠᠵᠤ᠂ ᠨᠥᠯᠥᠭᠡᠯᠡᠬᠦ᠌ ᠬᠦᠴᠦᠨ᠎ᠢ ᠢᠯᠡᠳᠲᠡ ᠪᠤᠯᠭᠠᠵᠠᠢ 》 ᠭᠡᠵᠤ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠨᠠᠮ᠎ᠤᠨ ᠭᠡᠱᠢᠭᠦᠨ ᠺᠠᠳ᠋ᠷ᠎ᠤᠨ ᠨᠠᠮᠴᠢ ᠴᠢᠨᠠᠷ᠎ᠤᠨ ᠬᠥᠮᠦᠵᠢᠯ᠎ᠦᠨ ᠬᠢᠴᠢᠶᠡᠯ᠎ᠦᠨ ᠱᠢᠰᠲᠸᠮ᠎ᠤᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠲᠠᠢ ᠬᠠᠮᠲᠤᠷᠠᠨ ᠨᠠᠮᠴᠢ ᠴᠢᠨᠠᠷ᠎ᠤᠨ ᠬᠥᠮᠦᠵᠢᠯ ᠦᠨ ᠬᠢᠴᠢᠶᠡᠯ ᠢ ᠲᠤᠬᠢᠷᠠᠭᠤᠯᠵᠤ᠂ ᠭᠠᠵᠠᠷ ᠣᠷᠣᠨ᠎ᠤ ᠣᠨᠴᠠᠯᠢᠭ ᠪᠠ ᠳᠠᠪᠠᠭᠤᠯᠢᠭ᠎ᠢ ᠢᠯᠡᠷᠡᠭᠦᠯᠦᠭ᠌ᠰᠡᠨ ᠭᠤᠷᠪᠠᠨ ᠱᠠᠲᠤᠨ᠎ᠤ ᠨᠠᠮ ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠨᠠᠮᠴᠢ ᠴᠢᠨᠠᠷ᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶ᠋ᠢᠨ ᠬᠥᠲᠥᠯᠪᠦᠷᠢ ᠪᠠ ᠬᠢᠴᠢᠶᠡᠯ ᠦᠨ ᠱᠢᠰᠲᠸᠮ ᠢ ᠲᠣᠭ᠍ᠲᠠᠭᠠᠨ ᠲᠡᠭᠦᠯᠳᠡᠷᠵᠢᠭᠦᠯᠪᠡ᠃ 《ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ (ᠲᠤᠷᠱᠢᠨ ᠬᠡᠷᠡᠭ᠌ᠵᠢᠭᠦᠯᠬᠦ᠌)》 ᠂《ᠥᠪᠥᠷ ᠮᠣᠩᠭᠣᠯ᠎ᠤᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠦᠭᠰᠡᠨ ᠦᠶ᠋ᠯᠡᠳᠦᠯᠭᠡ᠎ᠶ᠋ᠢᠨ ᠵᠢᠱ᠌ᠢᠶ᠎ᠡ》ᠵᠡᠷᠭᠡ 9 ᠵᠢᠭᠠᠬᠤ ᠮᠠᠲ᠋ᠧᠷᠢᠶᠠᠯ᠎ᠤᠨ ᠬᠥᠲᠥᠯᠪᠦᠷᠢ᠎ᠶ᠋ᠢ ᠠᠱᠢᠭ᠍ᠯᠠᠯᠲᠠ᠎ᠳᠤ ᠣᠷᠣᠭᠤᠯᠵᠤ᠂ ᠨᠠᠮᠴᠢ ᠴᠢᠨᠠᠷ᠎ᠤᠨ ᠬᠥᠮᠦᠵᠢᠯ ᠪᠣᠯᠪᠠᠰᠤᠷᠠᠯ᠎ᠳᠤ ᠳᠡᠮᠵᠢᠯᠭᠡ ᠪᠠ ᠪᠠᠲᠤᠯᠠᠭ᠎ᠠ ᠬᠠᠩᠭᠠᠪᠠ᠃
ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠦᠶ᠋ᠯᠡᠳᠦᠯᠭᠡ ᠪᠡᠷ ᠤᠳᠤᠷᠢᠳᠤᠮᠵᠢ ᠪᠤᠯᠭᠠᠬᠤ ᠪᠠ ᠦᠷ᠎ᠡ ᠪᠦᠲᠦᠮᠵᠢ᠎ᠪᠡᠷ ᠤᠳᠤᠷᠢᠳᠤᠮᠵᠢ ᠪᠤᠯᠭᠠᠬᠤ ᠶ᠋ᠢ ᠪᠠᠷᠢᠮᠲᠠᠯᠠᠵᠤ᠂ ᠨᠢᠭᠡ ᠲᠠᠯ᠎ᠠ᠎ᠪᠠᠷ ᠣᠷᠣᠨ᠎ᠤ ᠳᠣᠲᠣᠷᠠᠬᠢ ᠬᠤᠪᠢᠰᠭᠠᠯ᠎ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠡᠯ᠎ᠡ ᠠᠢᠮᠠᠭ ᠬᠣᠲᠠ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠭᠤᠤᠯ ᠰᠡᠳᠦᠪ ᠲᠣᠪᠣᠢᠮ᠎ᠠ᠂ ᠠᠭᠤᠯᠤᠭ᠍ᠳᠠᠬᠤᠨ ᠡᠯᠪᠡᠭ ᠪᠠᠶᠠᠯᠢᠭ᠂ ᠲᠤᠬᠠᠶ᠎ᠶ᠋ᠢᠨ ᠲᠠᠯᠠᠪᠠᠶ᠎ᠶ᠋ᠢᠨ ᠲᠦᠷᠦᠭᠳᠡᠯ᠎ᠢᠶᠡᠷ ᠴᠢᠩᠭ᠎ᠠ ᠵᠢᠭᠠᠨ ᠰᠤᠷᠭᠠᠯᠲᠠ᠎ᠶ᠋ᠢᠨ ᠴᠡᠭ ᠪᠣᠯᠤᠨ ᠵᠢᠭᠠᠨ ᠰᠤᠷᠭᠠᠯᠲᠠ᠎ᠶ᠋ᠢᠨ ᠱᠤᠭᠤᠮ ᠢ ᠴᠢᠷᠮᠠᠢᠨ ᠡᠬᠦᠳᠴᠤ᠂ ᠰᠤᠷᠤᠭ᠍ᠴᠢᠳ᠎ᠤᠨ ᠬᠦᠮᠤᠵᠢᠯ ᠦᠢᠯᠡᠳᠦᠯᠭᠡ ᠵᠢᠨ ᠲᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠬᠦᠯᠬᠦ ᠵᠢ ᠠᠬᠢᠭᠤᠯᠪᠠ᠃ ᠨᠥᠭᠥᠭᠡ ᠲᠠᠯ᠎ᠠ᠎ᠪᠠᠷ ᠬᠡᠷᠡᠭ᠌ᠴᠡᠭᠡ ᠶᠣᠰᠣᠭᠠᠷ ᠵᠢᠭᠠᠨ ᠰᠤᠷᠭᠠᠵᠤ᠂ ᠲᠥᠷᠥᠯ ᠬᠤᠪᠢᠶᠠᠨ ᠵᠢᠯᠣᠭᠣᠳᠭᠤ᠎ᠶ᠋ᠢ ᠪᠠᠷᠢᠮᠲᠠᠯᠠᠵᠤ᠂ ᠤᠳᠤᠷᠢᠳᠭᠤ ᠺᠠᠳ᠋ᠷᠴᠤᠳ᠎ᠲᠤ ᠬᠠᠨᠳᠤᠭᠤᠯᠤᠨ᠂ ᠵᠠᠰᠠᠭ᠎ᠤᠨ ᠠᠵᠢᠯ᠎ᠤᠨ ᠦᠷ᠎ᠡ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠵᠡᠷᠭᠡ ᠠᠭᠤᠯᠭ᠎ᠠ᠎ᠲᠠᠶ ᠤᠶᠠᠯᠳᠤᠭᠤᠯᠤᠨ ᠬᠢᠴᠢᠶᠡᠯ ᠣᠷᠣᠵᠤ᠂ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠦᠪᠡᠷ᠎ᠢ ᠪᠡᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠵᠢ ᠨᠢ ᠴᠢᠩᠭ᠎ᠠ ᠡᠬᠦᠷᠭᠡᠯᠡᠬᠦᠯᠦᠨ ᠬᠠᠷᠢᠶᠠᠯᠠᠯ᠎ᠢ ᠨᠢ ᠴᠢᠨᠭᠭ᠎ᠠ ᠬᠠᠮᠢᠶᠠᠷᠤᠭᠤᠯᠪᠠ; ᠵᠠᠯᠠᠭᠤ ᠺᠠᠳ᠋ᠷᠴᠤᠳ᠎ᠲᠤ ᠬᠠᠨᠳᠤᠭᠤᠯᠤᠨ᠂ ᠨᠠᠮ᠎ᠤᠨ ᠱᠢᠯᠢᠳᠡᠭ ᠤᠯᠠᠮᠵᠢᠯᠠᠯ ᠪᠠ ᠰᠤᠷᠲᠠᠯ᠎ᠢ ᠪᠠᠳᠠᠷᠠᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠬᠢᠴᠢᠶᠡᠯ ᠣᠷᠣᠵᠤ᠂ ᠺᠠᠳ᠋ᠷᠴᠤᠳ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ᠌ ᠠᠷᠢᠭᠤᠨ ᠴᠢᠬᠡᠴᠢ᠎ᠪᠡᠷ ᠵᠠᠰᠠᠭᠪᠠᠷᠢᠬᠤ ᠵᠢᠨ《ᠠᠩᠬᠠᠨ᠎ᠤ ᠲᠣᠪᠴᠢ》 ᠵᠢ ᠰᠠᠢᠳᠤᠷ ᠲᠤᠪᠴᠢᠯᠠᠪᠠ; ᠦᠨᠳᠦᠰᠦᠨ ᠱᠠᠲᠤᠨ᠎ᠤ ᠺᠠᠳ᠋ᠷᠴᠤᠳ᠎ᠲᠤ ᠴᠢᠭᠯᠡᠬᠦᠯᠦᠨ ᠤᠯᠠᠨ ᠲᠦᠮᠡᠨᠴᠢ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠬᠢᠴᠢᠶᠡᠯ ᠣᠷᠣᠵᠤ᠂ ᠺᠠᠳ᠋ᠷᠴᠤᠳ᠎ᠤᠨ ᠵᠣᠷᠢᠯᠲᠠ᠎ᠶ᠋ᠢᠨ ᠤᠬᠠᠮᠰᠠᠷ᠎ᠢ ᠨᠢ ᠴᠢᠩᠭᠠᠳᠭᠠᠵᠤ᠂ ᠠᠷᠠᠳ᠎ᠤᠨ ᠲᠥᠯᠥᠭᠡ ᠵᠢᠳᠬᠦᠬᠦ ᠬᠠᠢᠷ᠎ᠠ ᠰᠡᠳᠭᠢᠯᠭᠡ᠎ᠶ᠋ᠢ ᠨᠢ ᠵᠤᠵᠠᠭᠠᠳᠭᠠᠪᠠ᠃ ᠡᠢᠮᠦᠷᠬᠦᠦ 《ᠨᠠᠷᠢᠯᠢᠭ ᠣᠨᠣᠴᠠᠲᠠᠶ᠎ᠪᠠᠷ ᠳᠤᠰᠤᠯᠭᠠᠨ ᠤᠰᠤᠯᠠᠬᠤ 》 ᠮᠠᠶᠢᠭ᠎ᠤᠨ ᠨᠠᠮᠴᠢ ᠴᠢᠨᠠᠷ᠎ᠤᠨ ᠬᠥᠮᠦᠵᠢᠯ ᠨᠢ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠳᠦᠭᠡᠯ᠎ᠢ ᠦᠨᠡᠨᠬᠦ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠤᠳᠠᠳᠠᠢ ᠦᠷ᠎ᠡ ᠠᠰᠢᠭ᠎ᠢ ᠢᠯᠡᠳᠳᠡ ᠨᠡᠮᠡᠭᠳᠡᠬᠦᠯᠪᠡ᠃