9 ᠰᠠᠷᠠ ᠢ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠡ ᠢ᠋ᠢᠨ ᠤᠬᠠᠭᠤᠯᠬᠤ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠡ ᠢ᠋ᠢᠨ ᠱᠢᠭᠤᠳ ᠬᠠᠷᠢᠶᠠ ᠪᠠᠢᠭᠤᠯᠭᠠ ᠢ᠋ᠢᠨ ᠠᠵᠢᠯ ᠤ᠋ᠨ ᠬᠤᠷᠢᠶᠡ ᠡᠴᠡ ᠬᠠᠮᠲᠤᠷᠠᠨ ᠡᠷᠬᠢᠯᠡᠭ᠌ᠰᠡᠨ 《 ᠨᠠᠮ ᠤ᠋ᠨ ᠠᠴᠢ ᠳ᠋ᠤ᠌ ᠲᠠᠯᠠᠷᠬᠠᠵᠤ᠂ ᠨᠠᠮ ᠤ᠋ᠨ ᠦᠭᠡ ᠢ᠋ᠢ ᠰᠣᠨᠣᠰᠴᠤ᠌᠂ ᠨᠠᠮ ᠢ᠋ᠢᠡᠨ ᠲᠠᠭᠠᠨ ᠤᠷᠤᠭᠰᠢᠯᠠᠨᠡ — 〈ᠰᠢ ᠵᠢᠨ ᠫᠢᠩ ᠲᠦᠷᠦ᠍ ᠢ᠋ᠢ ᠵᠠᠰᠠᠬᠤ ᠲᠤᠬᠠᠢ〉 ᠭᠡᠬᠦ᠌ ᠨᠣᠮ ᠤ᠋ᠨ ᠲᠠᠪᠤᠳᠤᠭᠠᠷ ᠪᠤᠳᠢ ᠢ᠋ᠢᠨ ᠦᠨᠳᠦᠰᠦᠨ ᠱᠠᠲᠤᠨ ᠳ᠋ᠤ᠌ ᠤᠬᠠᠭᠤᠯᠤᠨ ᠲᠠᠢᠯᠪᠤᠷᠢᠯᠠᠬᠤ》 ᠠᠵᠢᠯᠯᠠᠭᠠ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶᠠ ᠪᠠᠢᠭᠤᠯᠭᠠ ᠳ᠋ᠤ᠌ ᠶᠠᠪᠤᠭ᠍ᠳᠠᠪᠠ᠃
ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠥᠷ ᠮᠣᠩᠭᠣᠯ ᠤ᠋ᠨ ᠠᠵᠤ ᠦᠢᠯᠡᠳᠪᠦᠷᠢ ᠢ᠋ᠢᠨ ᠶᠡᠬᠡ ᠰᠤᠷᠭᠠᠭᠤᠯᠢ ᠢ᠋ᠢᠨ ᠮᠠᠷᠺᠰ ᠤ᠋ᠨ ᠦᠵᠡᠯᠦᠨ ᠳᠡᠭᠡᠳᠦ ᠰᠤᠷᠭᠠᠭᠤᠯᠢ ᠢ᠋ᠢᠨ ᠨᠠᠮ ᠤ᠋ᠨ ᠬᠤᠷᠢᠶᠡ ᠢ᠋ᠢᠨ ᠱᠦᠵᠢ ᠮᠠ ᠵᠢᠶᠦ᠋ᠨ ᠦᠪᠡᠷᠳᠡᠭᠡᠨ ᠵᠠᠰᠠᠬᠤ ᠣᠷᠣᠨ ᠤ᠋ ᠱᠢᠭᠤᠳ ᠬᠠᠷᠢᠶᠠ ᠪᠠᠢᠭᠤᠯᠭᠠ ᠢ᠋ᠢᠨ ᠨᠠᠮ ᠤ᠋ᠨ ᠭᠡᠱᠢᠭᠦᠨ ᠺᠠᠳ᠋ᠷ ᠤ᠋ᠨ ᠲᠥᠯᠥᠭᠡᠯᠡᠭ᠌ᠴᠢ ᠳ᠋ᠤ᠌ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠪᠡ᠃ ᠮᠠ ᠵᠢᠶᠦ᠋ᠨ 《ᠰᠢ ᠵᠢᠨ ᠫᠢᠩ ᠲᠦᠷᠦ᠍ ᠢ᠋ᠢ ᠵᠠᠰᠠᠬᠤ᠌ ᠲᠤᠬᠠᠢ》 ᠭᠡᠬᠦ᠌ ᠨᠣᠮ ᠤ᠋ᠨ ᠲᠠᠪᠤᠳᠤᠭᠠᠷ ᠪᠤᠳᠢ ᠢ᠋ᠢ ᠬᠡᠪᠯᠡᠨ ᠲᠠᠷᠬᠠᠭᠠᠭ᠍ᠰᠠᠨ ᠴᠠᠭ ᠦᠶᠡ ᠢ᠋ᠢᠨ ᠠᠬᠤᠢ ᠪᠠᠢᠳᠠᠯ ᠪᠣᠯᠤᠨ ᠴᠢᠬᠤᠯᠠ ᠶᠡᠬᠡ ᠠᠴᠢ ᠬᠣᠯᠪᠣᠭ᠍ᠳᠠᠯ᠂ ᠡᠯᠡ ᠲᠤᠰᠭᠠᠢ ᠰᠡᠳᠦᠪᠲᠦ ᠯᠣᠭᠢᠭ ᠤ᠋ᠨ ᠪᠦᠲᠦᠴᠡ ᠪᠣᠯᠤᠨ ᠦᠨᠳᠦᠰᠦᠨ ᠠᠭᠤᠯᠭᠠ ᠵᠡᠷᠭᠡ ᠲᠠᠯᠠ ᠪᠡᠷ ᠪᠠᠢᠭᠤᠯᠭᠠ ᠢ᠋ᠢᠨ ᠨᠠᠮ ᠤ᠋ᠨ ᠪᠠᠢᠭᠤᠯᠤᠯᠲᠠ ᠢ᠋ᠢ ᠴᠢᠩᠭᠠᠳᠭᠠᠬᠤ᠂ ᠪᠦᠬᠦ᠌ ᠲᠠᠯᠠ ᠪᠡᠷ ᠨᠠᠮᠢ ᠴᠢᠩᠭᠠ ᠵᠠᠰᠠᠬᠤ ᠢ᠋ᠢ ᠠᠬᠢᠭᠤᠯᠬᠤ ᠵᠡᠷᠭᠡ ᠠᠭᠤᠯᠭᠠᠲᠠᠶ ᠨᠢᠭ᠍ᠲᠠ ᠤᠶᠠᠯᠳᠤᠭᠤᠯᠤᠨ ᠲᠠᠢᠯᠪᠤᠷᠢᠯᠠᠯᠳᠡ ᠬᠢᠪᠡ᠃
ᠤᠬᠠᠭᠤᠯᠤᠨ ᠲᠠᠢᠯᠪᠤᠷᠢᠯᠠᠬᠤ ᠠᠵᠢᠯᠯᠠᠭᠠᠨᠢ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠤ᠋ᠨ ᠰᠢ ᠵᠢᠨ ᠫᠢᠩᠦᠨ ᠱᠢᠨᠡ ᠴᠠᠭ ᠦᠶᠡ ᠢ᠋ᠢᠨ ᠳᠤᠮᠳᠠᠳᠤ ᠤᠯᠤᠰ ᠤ᠋ᠨ ᠣᠨᠴᠠᠯᠢᠭᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭᠠ ᠵᠢᠴᠢ 《ᠥᠪᠥᠷ ᠮᠣᠩᠭᠣᠯ ᠤ᠋ᠨ ᠬᠠᠭᠤᠳᠠᠰᠤ》 ᠢ᠋ᠢ ᠴᠢᠷᠮᠠᠢᠨ ᠪᠢᠴᠢᠭᠯᠡᠬᠦ ᠳ᠋ᠤ᠌ ᠡᠮᠦᠨᠡᠨᠢ ᠬᠣᠱᠢᠭᠤᠷᠠᠨ ᠵᠢᠱ᠌ᠢᠶᠡ ᠦᠵᠡᠬᠦᠯᠵᠤ᠂ 《ᠬᠣᠶᠠᠷᠢ ᠲᠤᠭᠳᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠡᠢ ᠠᠴᠢ ᠬᠣᠯᠪᠣᠭ᠍ᠳᠠᠯᠢ ᠭᠦᠨᠵᠡᠭᠡᠶ ᠤᠢᠯᠠᠭᠠᠵᠤ᠂ 《ᠳᠥᠷᠪᠡᠨ ᠤᠬᠠᠮᠰᠠᠷ》 ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》ᠢ᠋ᠢᠡᠨ ᠪᠠᠲᠤᠳᠭᠠᠨ᠂ 《ᠬᠣᠶᠠᠷᠢ ᠬᠠᠮᠠᠭᠠᠯᠠᠬᠤ》 ᠢ᠋ᠢ ᠪᠡᠶᠡᠯᠡᠭᠦᠯᠵᠦ᠍᠂ ᠳᠤᠮᠳᠠᠳᠤ ᠢ᠋ᠢᠨ ᠦᠨᠳᠦᠰᠦᠲᠡᠨᠦ ᠬᠠᠮᠲᠤ ᠢ᠋ᠢᠨ ᠴᠣᠭ᠍ᠴᠠ ᠢ᠋ᠢᠨ ᠤᠬᠠᠮᠰᠠᠷᠢ ᠪᠠᠲᠤ ᠴᠣᠭ᠍ᠴᠠᠯᠠᠬᠤ ᠠᠵᠢᠯ ᠤ᠋ᠨ ᠭᠤᠤᠯ ᠱᠤᠭᠤᠮᠢ ᠲᠤᠭᠤᠱᠢᠯᠠᠭᠤᠯᠬᠤ ᠢ᠋ᠢᠨ ᠲᠣᠭᠣᠷᠢᠨ ᠳ᠋ᠤ᠌ ᠴᠤᠴᠠᠯᠲᠠ ᠥᠬᠡᠶ ᠤᠷᠤᠭ᠍ᠰᠢᠯᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠡᠯᠳᠡ ᠢ᠋ᠢᠨ ᠥᠪᠥᠷ ᠮᠣᠩᠭᠣᠯ ᠤ᠋ᠨ ᠱᠢᠨᠡ ᠬᠠᠭᠤᠳᠠᠰᠤ ᠢ᠋ᠢ ᠪᠢᠴᠢᠭ᠌ᠯᠡᠬᠦ᠌ ᠳ᠋ᠤ᠌ ᠬᠦᠴᠦᠨ ᠴᠢᠳᠠᠯ ᠢ᠋ᠢᠡᠨ ᠨᠡᠮᠡᠷᠢᠯᠡᠪᠡ᠃
《ᠡᠨᠡ ᠤᠳᠠᠭᠠᠨ ᠤ᠋ ᠤᠬᠠᠭᠤᠯᠤᠨ ᠲᠠᠢᠯᠪᠤᠷᠢᠯᠠᠯᠲᠠ ᠨᠢ ᠦᠵᠡᠯ ᠰᠠᠨᠠᠭᠠᠨ ᠤ᠋ ᠠᠷᠢᠭᠤᠰᠬᠠᠯ ᠪᠤᠯᠬᠤ ᠪᠦᠬᠡᠳ ᠪᠠᠰᠠ ᠴᠦ᠍ ᠠᠵᠢᠯ ᠤ᠋ᠨ ᠲᠠᠢᠴᠢᠯᠡᠯᠳᠡ ᠪᠤᠯᠬᠤ ᠶᠤᠮ》 ᠬᠡᠵᠤ ᠥᠪᠡᠷᠲᠡᠭᠡᠨ ᠵᠠᠰᠠᠬᠤ ᠣᠷᠣᠨ ᠤ᠋ ᠨᠡᠢᠭᠡᠮᠦᠨ ᠱᠢᠨᠵᠢᠯᠡᠬᠦ᠌ ᠤᠬᠠᠭᠠᠨ ᠤ᠋ ᠡᠳᠡᠭᠡᠳᠤᠨ ᠬᠢᠨᠤ ᠬᠣᠯᠪᠣᠭᠠ ᠢ᠋ᠢᠨ ᠪᠠᠢᠭᠤᠯᠭᠠ ᠢ᠋ᠢᠨ ᠨᠠᠮ ᠤ᠋ᠨ ᠬᠤᠷᠢᠶᠡ ᠢ᠋ᠢᠨ ᠲᠤᠰᠭᠠᠶ ᠲᠤᠱᠢᠶᠠᠯᠲᠤ ᠳᠡᠳ᠋ ᠱᠦᠵᠢ ᠰᠤᠷᠤᠨᠠ ᠬᠡᠯᠡᠨᠡ᠃ ᠲᠡᠬᠦᠨ ᠤ᠋ ᠬᠡᠯᠡᠬᠦ ᠪᠡᠷ ᠰᠤᠷᠤᠯᠴᠠᠯᠭᠠ ᠢ᠋ᠢᠨ ᠦᠷᠡ ᠪᠦᠲᠦᠭᠡᠯᠢ ᠦᠨᠡᠨ ᠬᠦ᠌ ᠠᠵᠢᠯ ᠢ᠋ᠢᠡᠨ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠠ ᠪᠣᠳᠠᠲᠠᠶ ᠦᠷᠡ ᠪᠦᠲᠦᠮᠵᠢ ᠪᠣᠯᠭᠠᠨ ᠬᠤᠪᠢᠷᠠᠭᠤᠯᠵᠤ᠂ ᠨᠠᠩ ᠴᠣᠭ ᠪᠠᠳᠠᠷᠠᠩᠭᠤᠶ ᠲᠡᠮᠡᠴᠡᠯᠦᠨ ᠵᠣᠷᠢᠭ᠂ ᠨᠠᠩ ᠪᠣᠳᠠᠲᠠᠶ ᠢ᠋ᠢ ᠡᠷᠬᠢᠮᠯᠡᠬᠦ᠌ ᠰᠤᠷᠲᠠᠯᠢᠶᠠᠷ ᠭᠤᠤᠯᠳᠠᠯᠭᠠ ᠢ᠋ᠢᠨ ᠲᠣᠭᠣᠷᠢᠨ ᠳ᠋ᠤ᠌᠂ ᠶᠡᠬᠡ ᠲᠠᠯᠠ ᠳ᠋ᠤ᠌ ᠦᠶ᠋ᠯᠡᠴᠢᠯᠡᠬᠦ᠌ ᠳᠤᠮᠳᠠ ᠨᠡᠢᠭᠡᠮᠦᠨ ᠱᠢᠨᠵᠢᠯᠡᠬᠦ᠌ ᠤᠬᠠᠭᠠᠨ ᠤ᠋ ᠣᠶᠤᠨ ᠤᠬᠠᠭᠠᠨ ᠢ᠋ᠢᠡᠨ ᠡᠷᠭᠦᠵᠦ᠍᠂ ᠨᠡᠢᠭᠡᠮᠦᠨ ᠱᠢᠨᠵᠢᠯᠡᠬᠦ᠌ ᠤᠬᠠᠭᠠᠨ ᠤ᠋ ᠦᠨᠡ ᠥᠷᠲᠡᠭᠢ ᠢᠯᠡᠷᠡᠭᠦᠯᠦᠨᠡ ᠬᠡᠵᠡᠢ᠃
ᠤᠬᠠᠭᠤᠯᠤᠨ ᠲᠠᠢᠯᠪᠤᠷᠢᠯᠠᠬᠤ ᠢ᠋ᠢ ᠰᠣᠨᠣᠰᠤᠭ᠍ᠰᠠᠨ ᠤ᠋ ᠳᠠᠷᠠᠭᠠ᠂ ᠥᠪᠥᠷ ᠮᠣᠩᠭᠣᠯ ᠤ᠋ᠨ ᠬᠡᠪᠯᠡᠯᠦᠨ ᠪᠦᠯᠦᠭ᠌ᠯᠡᠯᠦᠨ ᠨᠠᠮ ᠤ᠋ᠨ ᠬᠤᠷᠢᠶᠡ ᠢ᠋ᠢᠨ ᠤᠬᠠᠭᠤᠯᠬᠤ ᠬᠡᠯᠲᠡᠰᠦᠨ ᠳᠠᠷᠤᠭᠠ ᠰᠦᠨ ᠵᠢᠨ ᠵᠦ᠍᠄ 《ᠶᠡᠷᠦᠩᠬᠡᠢ ᠱᠦᠵᠢ ᠰᠢ ᠵᠢᠨ ᠫᠢᠩᠦᠨ ᠳᠤᠮᠳᠠᠳᠤ ᠢ᠋ᠢᠨ ᠰᠣᠶᠣᠯᠢ ᠨᠠᠨᠳᠢᠩᠨᠠᠨ ᠬᠠᠢᠷᠠᠯᠠᠬᠤ ᠪᠠ ᠳᠤᠮᠳᠠᠳᠤ ᠢ᠋ᠢᠨ ᠪᠣᠯᠪᠠᠰᠤᠨ ᠤ᠋ ᠲᠤᠬᠠᠢ ᠭᠦᠨᠵᠡᠭᠡᠢ ᠪᠣᠳᠣᠯᠬᠢᠯᠠᠯᠨᠢ ᠪᠢᠳᠡᠨᠦ ᠰᠣᠶᠣᠯ ᠤ᠋ᠨ ᠬᠠᠢᠷᠠ ᠰᠡᠳᠭᠢᠯᠭᠡᠪᠡᠨ ᠵᠤᠵᠠᠭᠠᠳᠭᠠᠵᠤ᠂ ᠰᠣᠶᠣᠯ ᠤ᠋ᠨ ᠡᠭᠦᠷᠭᠡᠯᠡᠯᠢᠶᠡᠨ ᠴᠢᠨᠭᠭᠠᠳᠬᠠᠨ᠂ ᠨᠡᠡᠭ᠌ ᠪᠦᠲᠦᠭᠡᠯᠴᠢ ᠴᠢᠨᠠᠷᠲᠠᠢ ᠪᠡᠷ ᠬᠤᠪᠢᠷᠠᠭᠤᠯᠬᠤ᠂ ᠱᠢᠨᠡ ᠢ᠋ᠢ ᠡᠭᠦᠳᠬᠦ᠌ ᠴᠢᠨᠠᠷᠲᠠᠢ ᠬᠦᠭᠵᠢᠯᠳᠡ ᠳᠤᠮᠳᠠ ᠳᠤᠮᠳᠠᠳᠤ ᠢ᠋ᠢᠨ ᠰᠣᠶᠣᠯ ᠤ᠋ᠨ ᠰᠤᠳᠠᠰᠤ ᠢ᠋ᠢ ᠵᠠᠯᠭᠠᠮᠵᠢᠯᠠᠬᠤ ᠢ᠋ᠢ ᠵᠤᠷᠢᠭᠵᠢᠭᠤᠯᠵᠡᠢ》 ᠬᠡᠵᠤ ᠬᠦᠨ ᠲᠦᠷᠦᠭᠳᠡᠯ ᠢ᠋ᠢᠡᠨ ᠬᠤᠪᠢᠶᠠᠯᠴᠡᠪᠡ᠃
《ᠪᠢᠳᠡ ᠲᠢᠩᠬᠢᠮᠦᠨ ᠱᠢᠰᠲ᠋ᠧᠮᠦᠨ ᠨᠠᠮ ᠤ᠋ᠨ ᠭᠡᠱᠢᠭᠦᠨ ᠺᠠᠳ᠋ᠷᠢ ᠵᠣᠬᠢᠶᠠᠨ ᠪᠠᠢᠭᠤᠯᠵᠤ 〈ᠨᠡᠢᠳᠡᠯᠢᠭ ᠵᠢᠱ᠌ᠢᠶᠡ ᠢ᠋ᠢᠨ ᠮᠠᠶᠢᠭ ᠤ᠋ᠨ ᠰᠤᠷᠤᠯᠴᠠᠯᠭᠠ〉 ᠥᠷᠨᠢᠭᠦᠯᠵᠦ᠍᠂ ᠰᠣᠷᠣᠭ᠍ᠰᠠᠨ ᠢ᠋ᠢᠡᠨ ᠬᠡᠷᠡᠭ᠌ᠯᠡᠬᠦ᠌᠂ ᠮᠡᠳᠡᠬᠦᠶ ᠬᠢᠬᠦᠶᠪᠡᠨ ᠨᠢᠭᠡᠳᠭᠡᠬᠦ᠌ ᠢ᠋ᠢ ᠪᠠᠷᠢᠮᠲᠠᠯᠠᠵᠤ᠂ 〈ᠰᠢ ᠵᠢᠨ ᠫᠢᠩ ᠲᠥᠷᠥ ᠢ᠋ᠢ ᠵᠠᠰᠠᠬᠤ ᠲᠤᠬᠠᠶ〉 ᠭᠡᠬᠦ᠌ ᠨᠣᠮ ᠤ᠋ᠨ ᠲᠠᠪᠤᠳᠤᠭᠠᠷ ᠪᠣᠲᠢ ᠢ᠋ᠢᠨ ᠦᠨᠡᠨ ᠶᠣᠰᠣᠨ ᠤ᠋ ᠬᠦᠴᠦᠨᠢ ᠮᠠᠯ ᠠᠵᠤ ᠠᠬᠤᠶᠲᠠᠷᠢᠶᠠᠯᠠᠨᠭ᠌ ᠤ᠋ᠨ ᠣᠳᠣᠬᠢᠴᠢᠯᠠᠯᠲᠠ ᠪᠠ ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠢ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠤᠨᠡ》 ᠬᠡᠵᠤ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮᠦᠨ ᠪᠠᠢᠭᠤᠯᠭᠠ ᠢ᠋ᠢᠨ ᠨᠠᠮ ᠤ᠋ᠨ ᠬᠤᠷᠢᠶᠡ ᠢ᠋ᠢᠨ ᠬᠣᠶᠠᠳᠤᠭᠠᠷ ᠳᠡᠰ ᠤ᠋ᠨ ᠡᠷᠬᠢᠯᠡᠭ᠌ᠴᠢ ᠭᠡᠱᠢᠭᠦᠨ ᠭᠦᠸᠧ ᠱ᠌ᠢ ᠱᠢᠨ ᠬᠡᠯᠡᠯᠠ᠃