ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭᠯᠠᠭᠠᠨ — ᠦᠪᠦᠷ ᠮᠤᠩᠭᠤᠯ᠎ᠤᠨ ᠬᠦᠭᠵᠢᠯᠳᠡ ᠵᠢᠨ ᠰᠢᠨ᠎ᠠ ᠠᠵᠠ ᠲᠤᠬᠢᠶᠠᠯ
2025-09-04 11:27:38
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

10 ᠵᠢᠯ ᠤ᠋ᠨ ᠴᠢᠷᠮᠠᠢᠯᠭ᠎ᠠ ᠪᠡᠷ ᠳᠡᠮᠵᠢᠨ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢᠭᠡᠨᠲᠡ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠪᠠ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ ᠪᠡᠷ ᠪᠥᠲᠥᠭᠡᠨ ᠪᠠᠢᠭᠤᠯᠬᠤ ᠵᠢ ᠠᠬᠢᠭᠤᠯᠬᠤ ᠴᠢᠬᠤᠯᠠ ᠲᠠᠪᠴᠠᠩ ᠪᠣᠯᠵᠣ᠂ ᠳᠤᠮᠳᠠᠳᠤ ᠮᠣᠩᠭᠣᠯ ᠬᠣᠶᠠᠷ ᠤᠯᠤᠰ᠂ ᠵᠡᠭᠦᠨ ᠬᠣᠢᠲᠤ ᠠᠽᠢᠶ᠎ᠠ ᠴᠢᠨᠠᠭ᠍ᠰᠢᠯᠠᠪᠠᠯ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠤᠯᠤᠰ ᠤ᠋ᠳ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠪᠠ ᠰᠣᠶᠣᠯ ᠢᠷᠭᠡᠨᠱᠢᠯ ᠤ᠋ᠨ ᠰᠣᠯᠢᠯᠴᠠᠭ᠎ᠠ ᠵᠢ ᠠᠬᠢᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠪᠡ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠪᠥᠷ ᠮᠣᠩᠭᠣᠯ ᠴᠣ ᠱᠢᠨ᠎ᠡ ᠣᠪᠣᠷ ᠪᠠᠢᠳᠠᠯ ᠶ᠋ᠢᠡᠷ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠶ᠋ᠢᠡᠷ ᠴᠢᠬᠤᠯᠠ ᠭᠠᠷᠳᠠᠴᠠ ᠪᠣᠯᠭᠠᠵᠤ᠂ ᠣᠷᠣᠨ ᠪᠠᠢᠷᠢ ᠪᠣᠯᠤᠨ ᠡᠬᠢ ᠪᠠᠶᠠᠯᠢᠭ ᠤ᠋ᠨ ᠳᠠᠪᠠᠭᠤᠯᠢᠭ᠎ᠲᠠᠭᠠᠨ ᠲᠦᠱᠢᠭ᠌ᠯᠡᠨ᠂ ᠬᠢᠯᠢ ᠠᠯᠤᠰᠯᠠᠭ᠍ᠰᠠᠨ ᠠᠷᠠᠯᠵᠢᠶᠠᠨ ᠤ᠋ ᠳᠥᠭᠥᠮᠴᠢᠯᠡᠯᠲᠡ ᠶ᠋ᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠦᠶ᠋ᠯᠡᠰ ᠤ᠋ᠨ ᠬᠠᠮᠲᠤᠷᠠᠯᠴᠠᠭᠠᠨ ᠤ᠋ ᠲᠠᠪᠴᠠᠩ ᠢ᠋ ᠪᠠᠢᠭᠤᠯᠤᠨ᠂ ᠡᠨᠧᠷᠭᠢ᠂ ᠮᠠᠯ ᠠᠵᠤ ᠠᠬᠤᠶ ᠲᠠᠷᠢᠶᠠᠯᠠᠩ᠂ ᠲᠣᠭᠠᠴᠢᠯᠠᠭ᠍ᠰᠠᠨ ᠠᠵᠤ ᠠᠬᠤᠶ ᠶ᠋ᠢᠨ ᠭᠦᠨᠵᠡᠭᠡᠶ ᠬᠠᠮᠵᠢᠯᠴᠠᠭ᠎ᠠ ᠵᠢ ᠠᠬᠢᠭᠤᠯᠵᠤ᠂ ᠰᠤᠷᠭᠠᠨ ᠬᠥᠮᠦᠵᠢᠯ᠂ ᠡᠮᠴᠢᠯᠡᠭᠡᠨ᠎ᠦ ᠬᠦᠷᠢᠶᠡᠨ᠎ᠦ ᠰᠣᠯᠢᠯᠴᠠᠭ᠎ᠠ᠎ᠪᠠᠨ ᠴᠢᠩᠭᠠᠳᠭᠠᠨ᠂ ᠲᠣᠰ ᠪᠡᠶ᠎ᠡ ᠶ᠋ᠢᠨ ᠳᠠᠪᠠᠭᠤᠯᠢᠭ ᠶ᠋ᠢᠡᠨ ᠬᠠᠮᠲᠤᠷᠠᠯᠴᠠᠭᠠᠨ ᠤ᠋ ᠳᠠᠪᠠᠭᠤᠯᠢᠭ ᠪᠣᠯᠭᠠᠨ ᠬᠤᠪᠢᠷᠠᠭᠤᠯᠬᠤ ᠪᠡᠷ ᠴᠢᠷᠮᠠᠢᠵᠤ᠂ ᠣᠷᠣᠨ ᠪᠦᠰᠡ ᠶ᠋ᠢᠨ ᠬᠠᠮᠵᠢᠯᠴᠠᠨ ᠬᠥᠭ᠌ᠵᠢᠬᠦ᠌ ᠳ᠋ᠦ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠬᠦ ᠪᠤᠯᠤᠨ᠎ᠠ᠃


QQ截图20240904155222.png


ᠮᠤᠩᠭᠤᠯ ᠤᠯᠤᠰ᠎ᠤᠨ ᠲᠡᠯᠭᠡᠨ ᠪᠤᠷᠤᠯᠠᠭᠤᠯᠭ᠎ᠠ᠎ᠶ᠋ᠢᠨ ᠲᠤᠭᠤᠷᠢᠭ


ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ — ᠮᠣᠩᠭᠣᠯ ᠤᠯᠤᠰ ᠤ᠋ᠨ ᠦᠵᠡᠰᠭᠦᠯᠡᠩ ᠤ᠋ᠨ ᠴᠤᠭᠯᠠᠭᠠᠨ ᠬᠥᠬᠡᠬᠣᠲᠠ᠎ᠳᠤ ᠬᠦᠷ ᠬᠦᠭᠵᠢᠶᠡᠨ ᠲᠠᠢ ᠶᠠᠪᠤᠭᠳᠠᠯ᠎ᠠ᠃ ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ᠎ᠨᠢ ᠳᠤᠮᠳᠠᠳᠤ ᠮᠣᠩᠭᠣᠯ ᠤ᠋ᠨ ᠬᠠᠷᠢᠯᠴᠠᠭ᠎ᠠ ᠪᠠᠢᠭᠤᠯᠤᠭ᠍ᠰᠠᠨ 76 ᠵᠢᠯ ᠤ᠋ᠨ ᠣᠶ ᠬᠢᠭᠡᠳ ᠦᠵᠡᠰᠭᠦᠯᠡᠩ᠎ᠤᠨ ᠴᠤᠭᠯᠠᠭᠠᠨ᠎ᠢ ᠡᠭᠦᠰᠭᠡᠨ ᠪᠠᠢᠭᠤᠯᠤᠭ᠍ᠰᠠᠨ ᠠᠷᠪᠠᠨ ᠵᠢᠯ ᠤ᠋ᠨ ᠣᠶ᠎ᠵᠢ ᠳᠤᠷᠠᠰᠬᠠᠭᠰᠠᠨ ᠶ᠋ᠢᠡᠷ ᠪᠠᠷᠠᠬᠤ ᠥᠬᠡᠶ᠂ ᠨᠠᠩ ᠴᠤ᠌ ᠳᠤᠮᠳᠠᠳᠤ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ ᠶ᠋ᠢᠨ ᠭᠦᠨᠵᠡᠭᠡᠶ ᠦᠶ᠋ᠯᠡᠳᠦᠯᠭᠡ ᠪᠤᠯᠪᠠ᠃ ᠲᠤᠰ ᠦᠵᠡᠰᠬᠦᠯᠡᠡᠭ᠎ᠤᠨ ᠴᠤᠬᠯᠠᠭᠠᠨ ᠤ᠋ ᠬᠤᠭᠤᠴᠠᠭᠠᠨ ᠳ᠋ᠤ᠌᠂  ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠡᠯ᠎ᠡ ᠵᠦᠶ᠋ᠯ ᠤ᠋ᠨ ᠠᠵᠢᠯᠯᠠᠭ᠎ᠠ ᠳ᠋ᠤ 32 ᠲᠥᠷᠥᠯ ᠵᠦᠶ᠋ᠯ ᠤ᠋ᠨ ᠬᠡᠷ᠎ᠠ ᠲᠤᠭᠳᠠᠵᠤ᠂ ᠬᠡᠷ᠎ᠠ ᠲᠤᠭᠳᠠᠭᠰᠠᠨ ᠵᠣᠭᠣᠰ ᠤ᠋ᠨ ᠲᠣᠭ᠎ᠠ 658.6 ᠳ᠋ᠦᠩᠱᠢᠭᠤᠷ ᠲᠥᠭᠥᠷᠢᠭ ᠲᠦ᠍ ᠬᠦᠷᠴᠡᠢ; ᠦᠵᠡᠰᠬᠦᠯᠡᠡᠭ᠎ᠤᠨ ᠴᠤᠬᠯᠠᠭᠠᠨ᠎ᠳᠤ ᠲᠤᠭᠤᠷᠢᠵᠤ ᠠᠷᠠᠯᠵᠢᠶᠠᠯᠠᠭᠰᠠᠨ ᠬᠦᠮᠦᠨ ᠤ᠋ ᠲᠣᠭ᠎ᠠ 32.5 ᠲᠦᠮᠡ (ᠤᠳᠠᠭ᠎ᠠ) ᠳ᠋ᠦ ᠬᠦᠷᠴᠦ᠂ ᠲᠡᠯᠬᠡᠨ ᠪᠤᠷᠤᠯᠠᠭᠤᠯᠭ᠎ᠠ ᠢ᠋ᠢᠨ ᠶᠡᠷᠦᠨᠭᠬᠡᠢ ᠬᠡᠮᠵᠢᠶ᠎ᠡ 2.52 ᠳ᠋ᠦᠩᠱᠢᠭᠤᠷ ᠲᠥᠭᠥᠷᠢᠭ ᠲᠦ᠍ ᠬᠦᠷᠴᠤ᠂ ᠪᠠᠰᠠ 2.67 ᠳ᠋ᠦᠩᠱᠢᠭᠤᠷ ᠲᠥᠭᠥᠷᠢᠭ ᠤ᠋ᠨ ᠰᠠᠨᠠᠮᠵᠢ ᠢ᠋ᠢᠨ ᠠᠷᠠᠯᠵᠢᠶ᠎ᠡ ᠪᠦᠳᠤᠵᠠᠢ᠃ ᠡᠬᠦᠨ ᠳ᠋ᠤ᠌ ᠲᠤᠬᠠᠢ ᠢ᠋ᠢᠨ ᠲᠠᠯᠠᠪᠤᠷ ᠤ᠋ᠨ ᠪᠣᠷᠣᠯᠠᠭᠤᠯᠭ᠎ᠠ ᠵᠢᠨ ᠬᠡᠮᠵᠢᠶ᠎ᠡ 6054 ᠲᠦᠮᠡᠨ ᠲᠥᠭᠥᠷᠢᠭ᠂ ᠰᠦᠯᠵᠢᠶᠡᠨ ᠲᠠᠬᠡᠷᠡᠬᠢ ᠪᠣᠷᠣᠯᠠᠭᠤᠯᠭ᠎ᠠ ᠵᠢᠨ ᠬᠡᠮᠵᠢᠶ᠎ᠡ 19111 ᠲᠦᠮᠡᠨ ᠲᠥᠭᠥᠷᠢᠭ ᠲᠦ᠍ ᠬᠦᠷᠦᠭᠰᠡᠨ ᠪᠠᠢᠨ᠎ᠠ᠃


QQ截图20250828104401.png


ᠥᠪᠥᠷ ᠮᠣᠩᠭᠣᠯ ᠤ᠋ᠨ ᠣᠷᠣᠨ ᠪᠠᠢᠷᠢ ᠶ᠋ᠢᠨ ᠦᠨ᠎ᠡ ᠥᠷᠲᠡᠭ᠎ᠢ ᠳᠠᠬᠢᠨ ᠴᠤᠭᠴᠠᠯᠠᠪᠠ

ᠥᠪᠥᠷ ᠮᠣᠩᠭᠣᠯ ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠶ ᠵᠠᠯᠭᠠᠯᠳᠤᠵᠤ᠂ ᠭᠠᠳᠠᠭ᠍ᠰᠢ᠎ᠪᠠᠨ ᠤᠷᠤᠰ ᠮᠣᠩᠭᠣᠯ᠎ᠲᠠᠶ ᠬᠦᠷᠰᠢᠯᠡᠵᠦ᠂ ᠲᠡᠦᠬᠡᠨ ᠳᠡᠭᠡᠷ᠎ᠡ 《ᠲᠠᠯ᠎ᠠ ᠨᠤᠲᠤᠭ ᠤ᠋ᠨ ᠲᠣᠷᠭᠠᠨ ᠵᠠᠮ》 ᠪᠣᠯᠤᠨ 《ᠲᠦᠮᠡᠨ ᠭᠠᠵᠠᠷ ᠤ᠋ᠨ ᠴᠠᠢ ᠶ᠋ᠢᠨ ᠵᠠᠮ》 ᠤ᠋ᠨ ᠬᠦᠢᠰᠦ ᠪᠠᠢᠵᠠᠢ᠃ 10 ᠵᠢᠯ ᠤ᠋ᠨ ᠴᠢᠷᠮᠠᠢᠯᠭ᠎ᠠ ᠪᠡᠷ ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠨᠢ ᠡᠨᠡ ᠬᠦ᠌ ᠣᠷᠣᠨ ᠪᠠᠢᠷᠢ ᠶ᠋ᠢᠨ ᠳᠠᠪᠠᠭᠤᠯᠢᠭ᠎ᠢ ᠦᠨᠡᠨ ᠪᠣᠳᠠᠲᠠᠶ ᠭᠠᠳᠠᠭᠠᠳᠤ ᠨᠡᠭᠡᠭᠡᠯᠲᠡ ᠬᠢᠬᠦ᠌ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃

ᠡᠷᠢᠶᠡᠨ ᠬᠣᠲᠠ — ᠵᠠᠮ ᠤ᠋ᠨ ᠡᠭᠦᠳᠡ᠎ᠬᠦᠷᠬᠦ ᠬᠢᠯᠢ ᠠᠯᠤᠰᠯᠠᠭ᠍ᠰᠠᠨ ᠠᠵᠤ ᠠᠬᠤᠶ ᠶ᠋ᠢᠨ ᠬᠠᠮᠲᠤᠷᠠᠯᠴᠠᠭᠠᠨ ᠤ᠋ ᠣᠷᠣᠨ᠎ᠳᠤ᠂ AGV ᠵᠢᠯᠣᠭᠣᠴᠢ ᠥᠬᠡᠶ ᠮᠠᠱᠢᠨ ᠲᠡᠷᠭᠡ ᠨᠠᠭᠠᠰᠢ ᠴᠠᠭᠠᠰᠢ  ᠰᠦᠯᠵᠢᠯᠳᠦᠵᠦ᠍᠂ ᠬᠢᠯᠢ ᠶ᠋ᠢᠨ ᠪᠣᠭᠣᠮᠲᠠ ᠪᠡᠷ ᠥᠩᠭᠡᠷᠡᠬᠦ᠌ ᠳ᠋ᠦ 《ᠰᠧᠺᠦ᠋ᠨ᠋ᠳ᠋ ᠵᠢᠡᠷ ᠬᠡᠮᠵᠢᠶᠡᠯᠡᠬᠦ ᠴᠠᠭ ᠦᠶ᠎ᠡ》 ᠳ᠋ᠦ ᠣᠷᠣᠪᠠ; ᠭᠠᠭ᠍ᠴᠠᠮᠤᠳᠤ ᠬᠢᠯᠢ ᠶ᠋ᠢᠨ ᠪᠣᠭᠣᠮᠲᠠ ᠶ᠋ᠢᠨ ᠬᠣᠶᠠᠳᠤᠭᠠᠷ ᠵᠤᠷᠪᠤᠰ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠲᠡᠮᠦᠷ ᠵᠠᠮ ᠤ᠋ᠨ ᠪᠦᠲᠦᠭᠡᠨ ᠪᠠᠢᠭᠤᠯᠤᠯᠲᠠ ᠬᠦᠷ ᠬᠥᠭ᠌ᠵᠢᠶᠡᠨ᠎ᠲᠡᠶ ᠶᠠᠪᠤᠭᠳᠠᠨ᠎ᠠ ᠁ ᠤᠳᠤᠬᠠᠨ ᠳ᠋ᠦ᠂ ᠦᠪᠦᠷ ᠮᠤᠡᠭᠭᠤᠯ ᠤ᠋ᠨ ᠬᠢᠯᠢ ᠶ᠋ᠢᠨ ᠱᠤᠭᠤᠮ ᠶ᠋ᠢᠡᠷ 20 ᠭᠠᠳᠠᠭᠠᠳᠤ ᠨᠡᠭᠡᠭᠡᠯᠲᠡ ᠶ᠋ᠢᠨ ᠬᠢᠯᠢ ᠶ᠋ᠢᠨ ᠪᠤᠭᠤᠮᠳᠠ ᠲᠠᠯ᠎ᠠ ᠶ᠋ᠢᠨ ᠰᠤᠪᠤᠳ ᠰᠢᠤᠬᠠᠨ ᠰᠢᠭᠢᠳᠭᠡᠭᠡᠷᠯᠡᠨ ᠬᠢᠯᠠᠯᠵᠠᠵᠤ᠂ 40 ᠭᠠᠷᠤᠢ ᠤᠯᠠᠨ ᠤᠯᠤᠰ ᠤ᠋ᠨ ᠠᠶᠠᠯᠠᠯ ᠤ᠋ᠨ ᠱᠤᠭᠤᠮ ᠠᠽᠢᠶ᠎ᠠ ᠧᠦ᠋ᠷᠣᠫᠠ ᠵᠢ ᠬᠣᠯᠪᠣᠭ᠍ᠰᠠᠨ ᠪᠠᠷᠠᠭᠠᠨ ᠤ᠋ ᠭᠦᠢᠯᠭᠡᠭᠡ ᠵᠢᠨ ᠲᠣᠣᠷ᠎ᠢ ᠰᠦᠯᠵᠢᠵᠦ᠂ ᠡᠬᠡ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢᠨ ᠠᠵᠤ ᠠᠬᠤᠶ ᠠᠷᠠᠯᠵᠢᠶ᠎ᠠ ᠬᠤᠳᠠᠯᠳᠤᠭᠠᠨ ᠤ᠋ ᠠᠮᠢᠵᠢᠷᠠᠯ ᠤ᠋ᠨ ᠬᠦᠴᠦᠨ ᠢ᠋ ᠪᠢᠯᠬᠠᠭᠤᠯᠤᠨ᠎ᠠ᠃

ᠳᠤᠮᠳᠠᠳᠤ ᠮᠣᠩᠭᠣᠯ ᠤ᠋ᠨ ᠬᠠᠮᠤᠭ ᠤ᠋ᠨ ᠶᠡᠬᠡ ᠡᠬᠡ ᠬᠠᠭᠤᠷᠠᠶ ᠶ᠋ᠢᠨ ᠬᠢᠯᠢ ᠶ᠋ᠢᠨ ᠪᠣᠭᠣᠮᠲᠠ ᠪᠤᠯᠬᠤ ᠡᠷᠢᠶᠡᠨ ᠬᠢᠯᠢ ᠶ᠋ᠢᠨ ᠪᠣᠭᠣᠮᠳᠠ ᠳ᠋ᠤ ᠦᠷ ᠤ᠋ᠨ ᠭᠡᠭᠡ ᠲᠠᠳᠠᠬᠤ ᠳ᠋ᠦ ᠱᠢᠨ᠎ᠡ ᠰᠣᠷᠭᠣᠭ ᠵᠢᠮᠢᠰ ᠪᠠ ᠢᠳᠡᠰᠢᠨ ᠨᠤᠭᠤᠭ᠎ᠠ ᠵᠢ ᠲᠦᠬᠦᠷᠳᠡᠯ᠎ᠠ ᠲᠡᠭᠡᠭᠡᠭ᠌ᠰᠡᠨ ᠪᠠᠷᠠᠭᠠᠨ ᠤ᠋ ᠮᠠᠰᠢᠨ ᠲᠡᠷᠭᠡ ᠨᠤᠬᠦᠳ ᠨᠢᠭᠡᠨᠲᠡ ᠮᠥᠷᠯᠡᠨ ᠵᠢᠭᠳᠡᠷᠡᠵᠦ᠂ ᠪᠣᠭᠣᠮᠲᠠ ᠪᠡᠷ ᠥᠩᠭᠡᠷᠡᠬᠦ᠌ ᠭᠠᠷ ᠭᠦᠶ᠋ᠴᠡᠳᠭᠡᠯ ᠶ᠋ᠢᠡᠨ ᠲᠠᠭᠤᠰᠬᠠᠮᠠᠭᠴᠠ ᠤᠯᠠᠭᠠᠨᠪᠠᠭᠠᠲᠤᠷ ᠢ᠋ ᠵᠤᠷᠢᠵᠤ ᠴᠤᠪᠤᠷᠠᠨ ᠲᠠᠪᠬᠢᠵᠠᠭᠠᠨ᠎ᠠ᠃ ᠳᠠᠷᠠᠭ᠎ᠠ ᠥᠷᠯᠥᠭᠡ ᠨᠢ ᠪᠤᠯᠬᠤ ᠳ᠋ᠤ ᠡᠳᠡᠬᠡᠷ ᠰᠢᠨ᠎ᠡ ᠰᠤᠷᠭᠤᠭ ᠵᠢᠮᠢᠰ ᠪᠠ ᠢᠳᠡᠰᠢᠨ ᠨᠤᠭᠤᠭ᠎ᠠ ᠠᠯᠢ ᠬᠡᠳᠤᠢᠨ ᠮᠣᠩᠭᠣᠯ ᠤᠯᠤᠰ ᠤ᠋ᠨ ᠤᠯᠠᠭᠠᠨᠪᠠᠭᠠᠲᠤᠷ ᠤ᠋ᠨ ᠡᠯ᠎ᠠ ᠶᠡᠬᠡ ᠬᠤᠳᠠᠯᠳᠤᠭᠠᠨ ᠤ᠋ ᠳᠡᠯᠭᠡᠭᠦᠷ ᠲᠦ᠍ ᠲᠠᠯᠬᠡᠭᠳᠡᠵᠤ᠂ ᠲᠤᠬᠠᠶ ᠶ᠋ᠢᠨ ᠭᠠᠵᠠᠷ ᠤ᠋ᠨ ᠰᠠᠭᠤᠭᠠᠯᠢ ᠠᠷᠠᠳ ᠦᠪᠡᠷ ᠤ᠋ᠨ ᠲᠤᠷᠠᠳᠠᠢ ᠵᠢᠮᠢᠰ ᠢᠳᠡᠰᠢᠨ ᠨᠤᠭᠤᠭ᠎ᠠ ᠪᠠᠨ ᠬᠤᠳᠠᠯᠳᠤᠨ ᠠᠪᠴᠠᠭᠠᠨ᠎ᠠ᠃ ᠪᠦᠷᠢᠳᠬᠡᠯ ᠵᠢᠡᠷ᠂ ᠡᠨᠡ ᠵᠢᠯ ᠤ᠋ᠨ ᠲᠦᠷᠦᠭᠦᠦ 7 ᠰᠠᠷ᠎ᠠ ᠳ᠋ᠤ ᠡᠷᠢᠶᠡᠨ ᠎ᠤ ᠵᠠᠰᠠᠮᠠᠯ ᠵᠠᠮ ᠤ᠋ᠨ ᠬᠢᠯᠢ ᠵᠢᠨ ᠪᠤᠭᠤᠮᠲᠠ ᠪᠡᠷ ᠭᠠᠳᠠᠭᠠᠳᠤ ᠳ᠋ᠤ ᠭᠠᠷᠭᠠᠭᠰᠠᠨ ᠵᠢᠮᠢᠰ ᠢᠳᠡᠰᠢᠨ ᠨᠣᠭᠣᠭ᠎ᠠ 10.5 ᠲᠦᠮᠡᠨ ᠲᠣᠨ ᠳ᠋ᠤ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 17.9% ᠪᠡᠷ ᠨᠡᠮᠡᠭᠳᠡᠨ᠂ ᠪᠠᠷᠠᠭ᠎ᠠ ᠶ᠋ᠢᠨ ᠥᠷᠲᠡᠭ ᠨᠢ 1.96 ᠳ᠋ᠦᠩᠰᠢᠭᠤᠷ ᠲᠥᠭᠥᠷᠢᠭ ᠲᠦ᠍ ᠬᠦᠷᠴᠠᠢ᠃ ᠬᠦᠭᠵᠢᠶᠡᠨ ᠨᠠᠷᠬᠢᠶᠠᠨ ᠵᠢᠡᠷ ᠪᠢᠯᠬᠠᠭᠰᠠᠨ ᠵᠢᠮᠢᠰ ᠢᠳᠡᠰᠢᠨ ᠨᠤᠭᠤᠭ᠎ᠠ ᠵᠢᠨ ᠠᠷᠠᠯᠵᠢᠶ᠎ᠠ ᠬᠤᠳᠠᠯᠳᠤᠭ᠎ᠠ ᠨᠢ ᠦᠪᠦᠷ ᠮᠤᠡᠭᠭᠤᠯ ᠤ᠋ᠨ ᠬᠢᠯᠢ ᠶ᠋ᠢᠨ ᠪᠤᠭᠤᠮᠳᠠ ᠶ᠋ᠢᠨ ᠳᠤᠮᠳᠠᠳᠤ ᠮᠣᠩᠭᠣᠯ ᠤ᠋ᠨ ᠠᠵᠤ ᠠᠬᠤᠶ ᠠᠷᠠᠯᠵᠢᠶᠠᠨ ᠤ᠋ ᠥᠷᠨᠢᠩᠭᠦᠶ ᠬᠥᠭ᠌ᠵᠢᠯᠲᠡ ᠳ᠋ᠦ ᠦᠵᠡᠭᠦᠯᠵᠦ ᠪᠠᠢᠭ᠎ᠠ ᠴᠢᠬᠤᠯᠠ ᠦᠢᠯᠡᠳᠦᠯ ᠢ᠋ ᠲᠤᠳᠤᠬᠠᠨ ᠭᠡᠷᠡᠴᠢᠯᠡᠵᠤ ᠪᠤᠢ᠃

ᠠᠷᠪᠠᠨ ᠵᠢᠯ ᠤ᠋ᠨ ᠬᠤᠭᠤᠴᠠᠭᠠᠨ᠎ᠳᠤ᠂ ᠥᠪᠥᠷ ᠮᠣᠩᠭᠣᠯ ᠤ᠋ᠨ ᠬᠢᠯᠢ ᠶ᠋ᠢᠨ ᠪᠣᠭᠣᠮᠲᠠ ᠶ᠋ᠢᠨ ᠪᠠᠷᠠᠭᠠᠨ ᠤ᠋ ᠲᠡᠭᠡᠭᠡᠪᠦᠷᠢ ᠶ᠋ᠢᠨ ᠬᠡᠮᠵᠢᠶ᠎ᠡ 2015 ᠣᠨ᠎ᠳᠤ 6500 ᠲᠦᠮᠡᠨ ᠲᠣᠨ ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 2024 ᠣᠨ᠎ᠳᠤ 1.2 ᠳ᠋ᠦᠩᠱᠢᠭᠤᠷ ᠲᠣᠨ ᠪᠣᠯᠵᠣ᠂ ᠳᠤᠮᠳᠠᠳᠤ ᠧᠦ᠋ᠷᠣᠫᠠ ᠶ᠋ᠢᠨ ᠵᠢᠱ᠋ᠢᠶᠠᠨ ᠤ᠋ ᠭᠠᠯᠲᠤ ᠲᠡᠷᠭᠡ ᠨᠡᠢᠲᠡ 5 ᠲᠦᠮᠡᠨ ᠴᠤᠪᠤᠭ᠎ᠠ ᠨᠡᠪᠲᠡᠷᠡᠪᠡ᠃ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠵᠢᠨ ᠳᠡᠰ ᠳᠡᠪᠰᠢᠯᠲᠡ ᠨᠢ 《ᠤᠮᠠᠷᠠᠰᠢ ᠨᠡᠭᠡᠭᠡᠯᠲᠡ ᠬᠢᠬᠦ᠌》 ᠵᠢ ᠵᠢᠷᠤᠭ ᠲᠥᠰᠦᠪ᠎ᠡᠴᠡ ᠰᠠᠭᠠᠳ ᠥᠬᠡᠶ ᠨᠡᠪᠲᠡᠷᠡᠬᠦ᠌ ᠪᠣᠳᠠᠲᠤ ᠬᠣᠩᠭᠢᠯ ᠪᠣᠯᠭᠠᠨ ᠬᠤᠪᠢᠷᠠᠭᠤᠯᠪᠠ᠃

2024  ᠣᠨ᠎ᠳᠤ᠂ ᠥᠪᠥᠷ ᠮᠣᠩᠭᠣᠯ 168 ᠤᠯᠤᠰ (ᠭᠠᠵᠠᠷ ᠣᠷᠣᠨ) ᠲᠠᠢ ᠠᠷᠠᠯᠵᠢᠶ᠎ᠠ ᠥᠷᠨᠢᠭᠦᠯᠵᠦ᠍᠂ 《ᠨᠢᠭᠡ ᠪᠦᠰᠡ ᠨᠢᠭᠡ ᠵᠠᠮ》 ᠤ᠋ᠨ ᠤᠯᠤᠰ ᠎ᠯᠤᠭ᠎ᠠ ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠥᠷᠲᠡᠭ 8150 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠶᠡᠷᠦᠩᠬᠡᠶ ᠥᠷᠲᠡᠭ ᠤ᠋ᠨ 60.4% ᠵᠢ ᠡᠵᠡᠯᠡᠪᠡ; ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠦ᠂ ᠥᠪᠥᠷ ᠮᠣᠩᠭᠣᠯ ᠤ᠋ᠨ ᠮᠣᠩᠭᠣᠯ ᠤᠯᠤᠰ᠎ᠯᠤᠭ᠎ᠠ ᠶ᠋ᠢᠨ ᠠᠷᠠᠯᠵᠢᠶᠠᠨ ᠤ᠋ ᠲᠣᠭ᠎ᠠ ᠨᠢᠭᠡᠨᠲᠡ ᠳᠤᠮᠳᠠᠳᠤ ᠮᠣᠩᠭᠣᠯ ᠤ᠋ᠨ ᠠᠷᠠᠯᠵᠢᠶᠠᠨ ᠤ᠋ ᠶᠡᠷᠦᠩᠬᠡᠶ ᠲᠣᠭᠠᠨ ᠤ᠋ 60% ᠭᠠᠷᠤᠢ ᠵᠢ ᠡᠵᠡᠯᠡᠪᠡ᠃ ᠦᠵᠡᠰᠭᠦᠯᠡᠩ ᠤ᠋ᠨ ᠴᠤᠭᠯᠠᠭᠠᠨ ᠤ᠋ ᠪᠣᠰᠭᠠᠭ᠍ᠰᠠᠨ ᠬᠠᠮᠲᠤᠷᠠᠯᠴᠠᠭᠠᠨ ᠤ᠋ ᠬᠥᠭᠥᠷᠭᠡ ᠨᠢ ᠬᠦᠷᠰᠢ ᠵᠡᠷᠭᠡᠯᠡᠳᠡᠭᠡ ᠭᠠᠵᠠᠷ ᠵᠦᠢ ᠶ᠋ᠢᠨ ᠠᠰᠢᠭ ᠢ᠋ ᠤᠷᠤᠨ ᠪᠦᠰᠡ ᠶ᠋ᠢᠨ ᠬᠠᠮᠲᠤ ᠪᠡᠷ ᠬᠦᠭᠵᠢᠬᠦ ᠠᠰᠢᠭ ᠪᠤᠯᠭᠠᠨ ᠬᠤᠪᠢᠷᠠᠭᠤᠯᠵᠤ ᠪᠤᠢ᠃


QQ截图20250224163936.png


ᠬᠢᠩᠭᠠᠨ ᠠᠢᠮᠠᠬ᠎ᠤᠨ ᠲᠡᠯᠭᠡᠨ ᠪᠤᠷᠤᠯᠠᠭᠤᠯᠭ᠎ᠠ ᠵᠢᠨ ᠲᠤᠭᠤᠷᠢᠭ


ᠬᠣᠶᠠᠷ ᠲᠠᠯ᠎ᠠ ᠪᠡᠷ ᠶ᠋ᠢᠡᠨ ᠬᠠᠮᠲᠤ ᠪᠠᠷ ᠠᠱᠢᠭ ᠬᠦᠷᠳᠡᠬᠦ᠌᠎ᠡᠴᠡ ᠤᠯᠠᠨ ᠲᠠᠯ᠎ᠠ ᠪᠡᠷ ᠶ᠋ᠢᠡᠨ ᠬᠠᠮᠲᠤ ᠪᠠᠷ ᠡᠳ᠋ᠯᠡᠬᠦ᠌ ᠪᠤᠯᠪᠠ

ᠬᠠᠷᠢᠯᠴᠠᠨ ᠠᠰᠢᠭᠳᠠᠢ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ ᠬᠠᠮᠳᠤᠷᠠᠯᠴᠠᠨ ᠬᠠᠮᠲᠤ ᠪᠡᠷ ᠠᠰᠢᠭ ᠬᠦᠷᠲᠡᠬᠦ ᠵᠢ ᠠᠬᠢᠭᠤᠯᠬᠤ ᠳ᠋ᠦ ᠤᠬᠢ ᠰᠠᠢᠨ ᠬᠠᠮᠳᠤᠷᠠᠯᠴᠠᠭᠠᠨ ᠤ᠋ ᠲᠠᠪᠴᠠᠡᠭ ᠪᠠᠢᠬᠤ ᠴᠢᠬᠤᠯᠠᠳᠠᠢ᠃ ᠡᠭᠦᠨ ᠳ᠋ᠦ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢᠭᠡᠨᠲᠡ ᠳᠤᠮᠳᠠᠳᠤ ᠮᠣᠩᠭᠣᠯ ᠤ᠋ᠨ ᠠᠵᠤ ᠠᠬᠤᠢ ᠠᠷᠠᠯᠵᠢᠶ᠎ᠠ ᠵᠢᠨ ᠬᠠᠮᠲᠤᠷᠠᠯᠴᠠᠭᠠᠨ ᠤ᠋ ᠴᠢᠬᠤᠯᠠ ᠲᠠᠪᠴᠠᠩ ᠵᠢᠴᠢ ᠪᠦᠬᠦ᠌ ᠪᠥᠮᠪᠥᠷᠴᠡᠭ ᠲᠦ᠍ ᠬᠠᠨᠳᠤᠭᠤᠯᠤᠭ᠍ᠰᠠᠨ ᠤᠯᠠᠨ ᠤᠯᠤᠰ ᠤ᠋ᠨ ᠴᠢᠨᠠᠷᠲᠠᠢ ᠦᠵᠡᠰᠭᠦᠯᠡᠩ ᠤ᠋ᠨ ᠴᠤᠭᠯᠠᠭᠠᠨ ᠪᠤᠯᠵᠤ᠂ 2015 ᠣᠨ ᠳ᠋ᠦ ᠡᠬᠢᠯᠡᠭᠦᠯᠦᠭᠰᠡᠨ ᠡᠴᠡ ᠨᠠᠭᠠᠰᠢᠬᠢ 10 ᠵᠢᠯ ᠳ᠋ᠤ ᠬᠤᠳᠠᠯᠠ ᠤᠯᠠᠨ ᠳ᠋ᠤ ᠱᠠᠭᠰᠢᠭᠳᠠᠭᠰᠠᠨ ᠡᠯᠪᠡᠭ ᠪᠠᠶᠠᠯᠢᠭ ᠦᠷ᠎ᠡ ᠪᠦᠲᠦᠭᠡᠯ ᠲᠠᠢ ᠪᠤᠯᠵᠠᠢ᠃

ᠠᠷᠪᠠᠨ ᠵᠢᠯ ᠤ᠋ᠨ ᠲᠤᠷᠰᠢ᠂ ᠦᠵᠡᠰᠭᠦᠯᠡᠩ ᠤ᠋ᠨ ᠴᠤᠭ᠍ᠯᠠᠭᠠᠨ᠎ᠳᠤ 40 ᠭᠠᠷᠤᠢ ᠤᠯᠤᠰ ᠪᠠ ᠭᠠᠵᠠᠷ ᠤᠷᠤᠨ ᠤ᠋ 8000 ᠭᠠᠷᠤᠢ ᠠᠵᠤ ᠠᠬᠤᠢᠯᠠᠯ᠂ 4 ᠲᠦᠮᠡ ᠱᠢᠬᠠᠮ ᠠᠷᠠᠯᠵᠢᠶᠠᠴᠢᠨ ᠣᠷᠣᠯᠴᠠᠵᠤ᠂ ᠭᠡᠷ᠎ᠡ ᠲᠣᠭ᠍ᠲᠠᠭ᠍ᠰᠠᠨ ᠲᠦᠷᠦᠯ ᠵᠦᠢᠯ 600 ᠤᠷᠴᠢᠮ ᠪᠠᠢᠵᠤ᠂ 3800 ᠳ᠋ᠦᠩᠱᠢᠭᠤᠷ ᠭᠠᠷᠤᠶ ᠲᠥᠭᠥᠷᠢᠭ ᠤ᠋ᠨ ᠠᠵᠤ ᠠᠬᠤᠢ ᠠᠷᠠᠯᠵᠢᠶᠡᠨ ᠤ᠋ ᠭᠡᠷ᠎ᠡ ᠲᠤᠭᠲᠠᠪᠠ᠃ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠳ᠋ᠦ ᠮᠤᠩᠭᠤᠯ ᠤᠯᠤᠰ ᠡᠴᠡ ᠭᠠᠳᠠᠨ᠎ᠠ ᠤᠷᠤᠰ᠂ ᠪᠷᠠᠽᠢᠯ᠂ ᠢᠷᠡᠨ᠂ ᠭᠠᠨᠠ᠂ ᠢᠲ᠋ᠠᠯᠢ᠂ ᠫᠤᠯᠠᠨᠳ᠋᠂ ᠺᠤᠷᠢᠶᠠ᠂ ᠸᠢᠶᠸᠲ᠋ᠨᠠᠮ᠂ ᠰᠢᠨ᠎ᠡ ᠽᠢᠯᠠᠨᠳ᠋᠂ ᠠᠦ᠋ᠰᠲᠷᠡᠯᠢᠶ᠎ᠡ᠂ ᠥᠷᠥ᠋ᠭᠤᠸᠠᠢ᠂ ᠺᠠᠽᠠᠭᠰᠲ᠋ᠠᠨ᠂ ᠰᠸᠷᠪᠢᠶ᠎ᠡ᠂ ᠲᠠᠢ ᠤᠯᠤᠰ᠂ ᠮᠠᠯᠠᠢᠰᠢᠶ᠎ᠡ᠂ ᠪᠸᠯᠤᠷᠦ᠋ᠰ ᠵᠡᠷᠭᠡ 16 ᠤᠯᠤᠰ ᠤᠷᠤᠯᠴᠠᠵᠤ᠂ ᠣᠷᠣᠨ ᠪᠦᠰᠡ ᠶ᠋ᠢᠨ ᠴᠢᠨᠠᠷ᠂ ᠨᠡᠭᠡᠭᠡᠯᠲᠡᠲᠦ ᠴᠢᠨᠠᠷ ᠪᠠ ᠣᠯᠠᠨ ᠡᠱᠢᠲᠦ ᠴᠢᠨᠠᠷ ᠢ᠋ ᠳᠣᠪᠣᠢᠯᠭᠠᠵᠤ᠂ ᠲᠤᠮᠳᠠᠳᠤ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠲᠠᠪᠴᠠᠩ᠂ ᠣᠷᠣᠨ ᠪᠦᠰᠡ ᠶ᠋ᠢᠨ ᠠᠵᠤ ᠦᠶ᠋ᠯᠡᠰ ᠤ᠋ᠨ ᠬᠡᠯᠬᠢᠶ᠎ᠠ ᠬᠠᠩᠭᠠᠯᠭ᠎ᠠ ᠶ᠋ᠢᠨ ᠬᠡᠯᠬᠢᠶ᠎ᠡ ᠶ᠋ᠢᠨ ᠬᠠᠮᠲᠤᠷᠠᠯᠴᠠᠭᠠᠨ ᠤ᠋ ᠱᠢᠨ᠎ᠡ ᠬᠣᠯᠪᠣᠭᠠᠰᠤ᠂ ᠵᠡᠭᠦᠨ ᠬᠣᠢᠲᠤ ᠠᠽᠢᠶ᠎ᠠ ᠶ᠋ᠢᠨ ᠣᠷᠣᠨ ᠪᠦᠰᠡ ᠶ᠋ᠢᠨ ᠬᠠᠮᠲᠤᠷᠠᠯᠴᠠᠭᠠᠨ ᠤ᠋ ᠱᠢᠨ᠎ᠡ ᠲᠤᠯᠭᠠᠭᠤᠷᠢᠯᠠᠯ ᠴᠡᠭ ᠢ᠋ ᠬᠦᠴᠦᠯᠡᠨ ᠴᠤᠭᠴᠠᠯᠠᠪᠠ᠃

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠠᠵᠢᠯᠯᠠᠭ᠎ᠠ᠎ᠳ᠋ᠦ ᠨᠡᠢᠲᠡ 32 ᠲᠥᠷᠥᠯ ᠵᠦᠶ᠋ᠯ ᠳ᠋ᠦ ᠭᠠᠷ ᠤ᠋ᠨ ᠥᠰᠥᠭ ᠵᠢᠷᠤᠵᠤ᠂ ᠵᠥᠪᠳᠡᠯᠴᠡᠬᠡᠷ ᠤ᠋ᠨ ᠵᠣᠭᠣᠰ ᠤ᠋ᠨ ᠲᠣᠭ᠎ᠠ 658.6 ᠳ᠋ᠦᠩᠱᠢᠭᠤᠷ ᠲᠥᠭᠥᠷᠢᠭ᠎ᠲᠦ ᠬᠦᠷᠴᠡᠶ᠃ ᠡᠭᠦᠨ ᠳ᠋ᠦ ᠂ ᠭᠤᠷᠪᠠᠳᠤᠭᠠᠷ ᠬᠤᠭᠤᠴᠠᠭᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠭᠡᠷ ᠤ᠋ᠨ ᠬᠤᠷᠠᠯ ᠤ᠋ᠨ ᠲᠤᠬᠠᠢ ᠶ᠋ᠢᠨ ᠲᠠᠯᠠᠪᠠᠢ ᠳ᠋ᠦ 21 ᠲᠥᠷᠥᠯ ᠵᠦᠶ᠋ᠯ ᠤ᠋ᠨ ᠭᠡᠷ᠎ᠡ ᠲᠣᠭ᠍ᠲᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 653 ᠳ᠋ᠦᠩᠱᠢᠭᠤᠷ ᠲᠥᠭᠥᠷᠢᠭ᠎ᠲᠦ ᠬᠦᠷᠪᠡ; ᠳᠤᠮᠳᠠᠳᠤ ᠤᠯᠤᠰ (ᠥᠪᠥᠷ ᠮᠣᠩᠭᠣᠯ) — ᠣᠷᠣᠰ ᠤ᠋ᠨ ᠪᠠᠯᠠ ᠣᠷᠣᠭᠤᠯᠤᠯᠲᠠ ᠠᠷᠠᠯᠵᠢᠶᠠᠨ ᠤ᠋ ᠬᠠᠮᠲᠤᠷᠠᠯᠴᠠᠭ᠎ᠠ ᠶ᠋ᠢᠨ ᠲᠠᠨᠢᠯᠴᠠᠭᠤᠯᠭ᠎ᠠ ᠶ᠋ᠢᠨ ᠬᠤᠷᠠᠯ᠎ᠳᠤ᠂ ᠳᠤᠮᠳᠠᠳᠤ ᠭᠠᠳᠠᠭᠠᠳᠤ ᠶ᠋ᠢᠨ ᠡᠯ᠎ᠡ ᠲᠠᠯ᠎ᠠ ᠶ᠋ᠢᠨ᠎ᠬᠢᠨ 6 ᠲᠦᠷᠦᠯ ᠵᠦᠢᠯ ᠤ᠋ᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ 5 ᠳ᠋ᠦᠩᠱᠢᠭᠤᠷ ᠲᠥᠭᠥᠷᠢᠭ᠎ᠲᠦ ᠬᠦᠷᠪᠠ; ᠳᠤᠮᠳᠠᠳᠤ ᠮᠣᠩᠭᠣᠯ ᠤ᠋ᠨ ᠠᠮᠢ ᠠᠬᠤᠶ ᠶ᠋ᠢᠨ ᠲᠥᠷᠥᠯ ᠵᠦᠶ᠋ᠯ ᠤ᠋ᠨ ᠪᠠᠯᠠ ᠣᠷᠣᠭᠤᠯᠤᠯᠲᠠ ᠬᠠᠮᠲᠤᠷᠠᠯᠴᠠᠭᠠᠨ ᠤ᠋ ᠲᠣᠭᠣᠷᠢᠭ ᠱᠢᠷᠡᠭᠡᠨ᠎ᠦ ᠬᠤᠷᠠᠯ᠎ᠳᠤ 5 ᠲᠥᠷᠥᠯ ᠵᠦᠶ᠋ᠯ ᠤ᠋ᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ᠎ᠨᠢ 0.6 ᠳ᠋ᠦᠩᠱᠢᠭᠤᠷ ᠲᠥᠭᠥᠷᠢᠭ᠎ᠲᠦ ᠬᠦᠷᠴᠡᠶ᠃ ᠴᠡᠯᠡᠭᠡᠷ ᠲᠠᠯ᠎ᠠ ᠶ᠋ᠢᠨ ᠬᠤᠷᠠᠯ ᠦᠵᠡᠰᠭᠦᠯᠡᠩ ᠤ᠋ᠨ ᠲᠥᠪ ᠶ᠋ᠢᠡᠷ ᠲᠤᠭᠤᠷᠢᠵᠤ ᠠᠷᠠᠯᠵᠢᠶᠠᠯᠠᠭᠰᠠᠨ ᠬᠦᠮᠦᠨ ᠤ᠋ ᠲᠣᠭ᠎ᠠ 32.5 ᠲᠦᠮᠡ (ᠤᠳᠠᠭ᠎ᠠ) ᠳ᠋ᠦ ᠬᠦᠷᠴᠦ᠂ ᠦᠵᠡᠰᠭᠦᠯᠡᠩ ᠤ᠋ᠨ ᠴᠤᠭ᠍ᠯᠠᠭᠠᠨ ᠤ᠋ ᠪᠣᠷᠣᠯᠠᠭᠤᠯᠭ᠎ᠠ ᠶ᠋ᠢᠨ ᠵᠤᠭᠤᠰ ᠤ᠋ᠨ ᠲᠣᠭ᠎ᠠ ᠨᠡᠢᠲᠡ 2.52 ᠳ᠋ᠦᠩᠱᠢᠭᠤᠷ ᠲᠥᠭᠥᠷᠢᠭ ᠪᠠᠢᠵᠤ᠂ ᠰᠠᠨᠠᠮᠵᠢ ᠶ᠋ᠢᠨ ᠭᠡᠷ᠎ᠡ ᠲᠤᠭᠲᠠᠭᠰᠠᠨ ᠪᠣᠷᠣᠯᠠᠭᠤᠯᠭ᠎ᠠ ᠶ᠋ᠢᠨ ᠵᠤᠭᠤᠰ ᠤ᠋ᠨ ᠲᠣᠭ᠎ᠠ 2.67 ᠳ᠋ᠦᠩᠱᠢᠭᠤᠷ ᠲᠥᠭᠥᠷᠢᠭ ᠲᠦ᠍ ᠬᠦᠷᠴᠦ᠂ ᠣᠷᠣᠨ ᠪᠦᠰᠡ ᠶ᠋ᠢᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠠᠭᠤᠰᠤᠯᠴᠠᠯ ᠤ᠋ᠨ ᠲᠦᠷᠭᠡᠳᠭᠡᠭᠦᠷ ᠪᠣᠯᠵᠠᠶ᠃


QQ截图20250731161406.png


ᠰᠢᠭᠤᠳ ᠨᠡᠪᠳᠡᠷᠡᠬᠦᠯᠭᠡ ᠪᠡᠷ  ᠪᠠᠷᠠᠭ᠎ᠠ ᠪᠤᠷᠤᠯᠠᠭᠤᠯᠤᠨ᠎ᠠ


ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠨᠢ ᠪᠠᠰᠠ ᠳᠤᠮᠳᠠᠳᠤ ᠤᠯᠤᠰ ᠤ᠋ᠨ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠰᠠᠨᠠᠭᠠᠴᠢᠯᠠᠭ᠎ᠠ ᠪᠣᠯᠤᠨ ᠮᠣᠩᠭᠣᠯ ᠤᠯᠤᠰ ᠤ᠋ᠨ 《ᠲᠠᠯ᠎ᠠ ᠨᠤᠲᠤᠭ ᠤ᠋ᠨ ᠵᠠᠮ》 ᠤ᠋ᠨ ᠪᠠᠢᠯᠳᠤᠬᠤ ᠪᠣᠳᠣᠯᠭ᠎ᠠ ᠶ᠋ᠢᠨ ᠵᠤᠯᠭᠠᠯᠴᠠᠭ᠎ᠠ ᠵᠢ ᠠᠬᠢᠭᠤᠯᠵᠤ᠂ ᠬᠠᠮᠲᠤᠷᠠᠯᠴᠠᠭᠠᠨ ᠤ᠋ ᠬᠦᠷᠢᠶ᠎ᠡ ᠬᠡᠪᠴᠢᠶ᠎ᠡ ᠵᠢ ᠡᠳᠤᠷ ᠲᠤᠳᠤᠮ ᠤ᠋ᠨ ᠬᠡᠷᠡᠭᠯᠡᠬᠡᠨ ᠤ᠋ ᠪᠠᠷᠠᠭ᠎ᠠ ᠲᠠᠸᠠᠷ᠂ ᠲᠠᠷᠢᠶᠠᠯᠠᠩ ᠤ᠋ᠨ ᠪᠦᠳᠦᠬᠡᠭᠳᠡᠬᠦᠨ᠂ ᠠᠭᠤᠷᠬᠠᠶ ᠶ᠋ᠢᠨ ᠭᠠᠷᠤᠯᠲᠠ ᠶ᠋ᠢᠨ ᠡᠬᠢ ᠪᠠᠶᠠᠯᠢᠭ ᠡᠴᠡ ᠡᠨᠧᠷᠭᠢ ᠴᠠᠬᠢᠯᠭᠠᠨ ᠬᠦᠴᠦ᠂ ᠮᠠᠰᠢᠨ ᠲᠡᠷᠭᠡ᠂ ᠪᠤᠳᠤᠯᠲᠠ ᠶ᠋ᠢᠨ ᠴᠢᠳᠠᠪᠤᠷᠢ ᠵᠡᠷᠭᠡ ᠬᠤᠰᠢᠭᠤᠷᠠᠯ ᠬᠦᠷᠢᠶ᠎ᠡ ᠳ᠋ᠦ ᠬᠦᠷᠲᠡᠯ᠎ᠡ ᠦᠷᠭᠡᠳᠭᠡᠪᠡ᠃

ᠤᠯᠤᠰ ᠤ᠋ᠨ 8 ᠶᠡᠬᠡ ᠪᠤᠳᠤᠯᠲᠠ ᠶ᠋ᠢᠨ ᠴᠢᠳᠠᠪᠤᠷᠢ ᠶ᠋ᠢᠨ ᠵᠠᠩᠭᠢᠯᠠᠭ᠎ᠠ ᠶ᠋ᠢᠨ ᠴᠡᠭ ᠤ᠋ᠨ ᠨᠢᠭᠡ ᠪᠣᠯᠤᠭ᠍ᠰᠠᠨ ᠤ᠋ ᠬᠤᠪᠢ᠎ᠳᠤ᠂ ᠥᠪᠥᠷ ᠮᠣᠩᠭᠣᠯ 《ᠵᠡᠭᠦᠨᠳᠡᠬᠢ ᠲᠤᠭ᠎ᠠ ᠵᠢ ᠪᠠᠷᠠᠭᠤᠨ ᠳ᠋ᠦ ᠪᠤᠳᠤᠬᠤ》 ᠢᠨᠵᠧᠨᠧᠷᠢᠩ᠎ᠵᠢᠡᠷ ᠬᠦᠳᠡᠯᠭᠡᠭᠦᠷ ᠪᠣᠯᠭᠠᠵᠤ᠂ ᠪᠥᠬᠥ᠌ ᠤᠯᠤᠰ ᠤ᠋ᠨ ᠬᠠᠮᠤᠭ ᠤ᠋ᠨ ᠶᠡᠬᠡ ᠡᠭᠦᠯᠡᠨ ᠪᠤᠳᠤᠯᠲᠠ ᠶ᠋ᠢᠨ ᠬᠦᠷᠢᠶᠡᠯᠡᠩ ᠲᠣᠭᠣᠷᠢᠭ᠎ᠢ ᠪᠠᠢᠭᠤᠯᠪᠠ᠃ ᠲᠠᠪᠤᠳᠤᠭᠠᠷ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠳ᠋ᠦ ᠪᠣᠬᠢᠷᠲᠤᠯ ᠥᠬᠡᠶ ᠪᠤᠳᠤᠯᠲᠠ ᠶ᠋ᠢᠨ ᠴᠢᠳᠠᠪᠤᠷᠢ ᠬᠢᠭᠡᠳ ᠵᠣᠬᠢᠶᠠᠮᠠᠯ ᠣᠶᠤᠨ ᠴᠢᠳᠠᠪᠤᠷᠢ ᠶ᠋ᠢᠨ ᠦᠵᠡᠭᠦᠯᠭᠡ ᠶ᠋ᠢᠨ ᠲᠣᠭᠣᠷᠢᠭ᠎ᠢ ᠠᠩᠬ᠎ᠠ ᠤᠳᠠᠭ᠎ᠠ ᠪᠠᠢᠷᠢᠯᠠᠭᠤᠯᠵᠤ᠂ 《ᠵᠡᠭᠦᠨᠳᠡᠬᠢ ᠲᠤᠭ᠎ᠠ ᠵᠢ ᠪᠠᠷᠠᠭᠤᠨ ᠳ᠋ᠦ ᠪᠤᠳᠤᠬᠤ》 ᠠᠰᠠᠭᠤᠳᠠᠯ᠎ᠢ ᠱᠢᠶ᠋ᠳᠪᠦᠷᠢᠯᠡᠬᠦ᠌ ᠲᠥᠰᠦᠯ ᠵᠢᠴᠢ ᠮᠣᠩᠭᠣᠯ ᠤᠯᠤᠰ ᠤ᠋ᠨ ᠱᠢᠨ᠎ᠡ ᠡᠨᠧᠷᠭᠢ ᠶ᠋ᠢᠨ ᠳ᠋ᠠᠢᠲ᠋ᠠ ᠶ᠋ᠢᠨ ᠲᠥᠪ ᠤ᠋ᠨ ᠲᠥᠯᠥᠪᠵᠢᠭᠦᠯᠭᠡ ᠵᠢ ᠳᠡᠯᠭᠡᠨ ᠦᠵᠡᠭᠦᠯᠵᠦ᠍᠂ 100 ᠭᠠᠷᠤᠶ ᠣᠯᠠᠨ ᠤᠯᠤᠰ ᠤ᠋ᠨ ᠠᠷᠠᠯᠵᠢᠶᠠᠴᠢᠨ ᠤ᠋ ᠵᠤᠯᠭᠠᠯᠴᠠᠭ᠎ᠠ ᠵᠢ ᠠᠬᠢᠭᠤᠯᠵᠤ᠂ ᠲᠣᠭᠠᠴᠢᠯᠠᠯᠲᠠ ᠪᠡᠷ ᠤᠯᠠᠮᠵᠢᠯᠠᠯᠲᠤ ᠠᠵᠤ ᠦᠶ᠋ᠯᠡᠰ᠎ᠢ ᠲᠠᠰ ᠳᠡᠪᠱᠢᠭᠦᠯᠪᠡ᠃ ᠨᠢᠩᠳ᠋ᠸ ᠵᠢᠨ ᠴᠠᠭ ᠦᠶ᠎ᠡ᠂ ᠯᠦᠩ ᠵᠶ᠋ᠢ ᠪᠤᠬᠢᠷᠳᠤᠯ ᠦᠭᠡᠢ ᠡᠨᠧᠷᠭᠢ ᠵᠡᠷᠭᠡ 20 ᠭᠠᠷᠤᠢ ᠳᠡᠯᠡᠬᠡᠢ ᠶ᠋ᠢᠨ 500 ᠬᠦᠴᠦᠷᠬᠡᠭ ᠠᠵᠤ ᠠᠬᠤᠢᠯᠠᠯ ᠮᠡᠷᠭᠡᠵᠢᠯ᠎ᠢᠶᠡᠨ ᠳᠡᠯᠭᠡᠨ ᠦᠵᠡᠭᠦᠯᠵᠦ᠂ ᠰᠠᠯᠬᠢ ᠭᠡᠷᠡᠯ ᠤ᠋ᠨ ᠡᠬᠢ ᠪᠠᠶᠠᠯᠢᠭ ᠪᠣᠯᠤᠨ ᠪᠤᠳᠤᠯᠲᠠ ᠶ᠋ᠢᠨ ᠴᠢᠳᠠᠪᠤᠷᠢ ᠬᠠᠮᠵᠢᠯᠴᠠᠭ᠍ᠰᠠᠨ ᠬᠢᠯᠢ ᠠᠯᠤᠰᠯᠠᠭ᠍ᠰᠠᠨ ᠠᠵᠤ ᠦᠢᠯᠡᠰ ᠤ᠋ᠨ ᠬᠡᠯᠬᠢᠶ᠎ᠡ ᠵᠢ ᠲᠦᠷᠭᠡᠳᠬᠡᠨ ᠪᠦᠷᠢᠯᠳᠦᠭᠦᠯᠵᠦ ᠪᠠᠢᠨ᠎ᠠ᠃


QQ截图20250828104424.png


ᠰᠢᠨ᠎ᠠ ᠽᠢᠯᠠᠨᠳ᠋᠎ᠤᠨ ᠲᠡᠯᠭᠡᠨ ᠪᠤᠷᠤᠯᠠᠭᠤᠯᠭ᠎ᠠ ᠵᠢᠨ ᠲᠤᠭᠤᠷᠢᠭ


ᠠᠷᠠᠳ ᠤ᠋ᠨ ᠰᠡᠳᠬᠢᠯ ᠢ᠋ ᠲᠤᠯᠠᠭᠠᠴᠠᠭᠤᠯᠵᠤ ᠬᠠᠮᠲᠤᠷᠠᠯᠴᠠᠭᠠᠨ ᠤ᠋ ᠰᠠᠭᠤᠷᠢ ᠵᠢ ᠪᠡᠬᠢᠵᠢᠭᠦᠯᠪᠡ

ᠨᠡᠭᠡᠭᠡᠯᠲᠡ ᠬᠢᠬᠦ᠌ ᠨᠢ ᠪᠠᠷᠠᠭ᠎ᠠ ᠶ᠋ᠢᠨ ᠭᠦᠶ᠋ᠯᠭᠡᠭᠡ ᠪᠣᠯᠬᠤ ᠪᠡᠷ ᠪᠠᠷᠠᠬᠤ ᠦᠭᠡᠢ᠂ ᠨᠠᠩ ᠴᠤ᠌ ᠠᠷᠠᠳ ᠤ᠋ᠨ ᠰᠡᠳᠬᠢᠯ ᠤ᠋ᠨ ᠵᠤᠯᠭᠠᠯᠴᠠᠭ᠎ᠠ ᠪᠣᠯᠤᠨ᠎ᠠ᠃ ᠣᠢᠷ᠎ᠠ ᠶ᠋ᠢᠨ ᠵᠢᠯ ᠳ᠋ᠦ ᠳᠤᠮᠳᠠᠳᠤ ᠤᠯᠤᠰ ᠮᠣᠩᠭᠣᠯ ᠤᠯᠤᠰ᠎ᠲᠤ ᠱᠢᠨ᠎ᠡ ᠨᠢᠰᠭᠡᠯ ᠤ᠋ᠨ ᠪᠠᠭᠤᠳᠠᠯ ᠤ᠋ᠨ ᠲᠦᠷᠭᠡᠨ ᠤ᠋ ᠵᠠᠰᠠᠮᠠᠯ ᠵᠠᠮ᠂ ᠵᠡᠮᠳᠡᠭ ᠬᠡᠦᠬᠡᠳ ᠤ᠋ᠨ ᠡᠷᠡᠭᠦᠯᠵᠢᠯ ᠤ᠋ᠨ ᠬᠥᠭ᠌ᠵᠢᠯᠲᠡ ᠶ᠋ᠢᠨ ᠲᠥᠪ ᠵᠡᠷᠭᠡ ᠣᠯᠠᠨ ᠲᠤᠰᠠᠯᠠᠮᠵᠢ ᠶ᠋ᠢᠨ ᠵᠦᠶ᠋ᠯᠡᠰ ᠢ᠋ ᠪᠡᠶᠡᠯᠡᠭᠦᠯᠵᠦ᠍᠂ ᠮᠣᠩᠭᠣᠯ ᠤᠯᠤᠰ ᠤ᠋ᠨ ᠬᠥᠭ᠌ᠵᠢᠯᠲᠡ ᠬᠢᠭᠡᠳ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ᠎ᠳᠤ ᠬᠦᠴᠦᠨ ᠨᠡᠮᠡᠷᠢᠯᠡᠪᠡ᠃

ᠮᠣᠩᠭᠣᠯ ᠤᠯᠤᠰ ᠤ᠋ᠨ ᠵᠡᠮᠳᠡᠭ ᠬᠡᠦᠬᠡᠳ ᠤ᠋ᠨ ᠡᠷᠡᠭᠦᠯᠵᠢᠯ ᠤ᠋ᠨ ᠬᠥᠭ᠌ᠵᠢᠯᠲᠡ ᠶ᠋ᠢᠨ ᠲᠥᠪ ᠤ᠋ᠨ ᠬᠠᠷᠢᠭᠤᠴᠠᠯᠭᠠᠲᠠᠨ ᠤ᠋ ᠲᠠᠨᠢᠯᠴᠠᠭᠤᠯᠬᠤ ᠪᠡᠷ᠂ 6 ᠵᠢᠯ ᠤ᠋ᠨ ᠲᠤᠷᠰᠢ ᠲᠤᠰ ᠲᠥᠪ ᠤ᠋ᠨ ᠬᠦᠯᠢᠶᠡᠨ ᠠᠪᠴᠤ᠌ ᠵᠠᠰᠠᠭ᠍ᠰᠠᠨ ᠬᠡᠦᠬᠡᠳ 4 ᠲᠦᠮᠡᠨ ᠬᠥᠮᠦᠨ ᠤᠳᠠᠭ᠎ᠠ ᠵᠢ ᠳᠠᠪᠠᠵᠤ᠂ ᠳᠤᠮᠳᠠᠳᠤ ᠤᠯᠤᠰ ᠡᠴᠡ ᠲᠠᠰᠤᠷᠠᠯᠲᠠ ᠦᠭᠡᠢ ᠡᠳ᠋ ᠪᠣᠳᠠᠰ ᠬᠠᠨᠳᠢᠪᠯᠠᠵᠤ᠂ ᠪᠣᠯᠪᠠᠰᠤᠷᠠᠯ ᠬᠠᠩᠭᠠᠵᠤ᠂ ᠵᠡᠮᠳᠡᠭ ᠬᠡᠦᠬᠡᠳ ᠤ᠋ᠨ ᠡᠷᠡᠭᠦᠯ ᠮᠡᠨᠳᠦ᠍ ᠶ᠋ᠢᠨ ᠲᠦᠪᠱᠢᠨ ᠢ᠋ ᠶᠡᠬᠡ ᠬᠡᠮᠵᠢᠶ᠎ᠡ ᠪᠡᠷ ᠳᠡᠭᠡᠭ᠌ᠰᠢᠯᠡᠭᠦᠯᠪᠡ᠃

ᠳᠤᠮᠳᠠᠳᠤ ᠤᠯᠤᠰ᠎ᠠᠴᠠ ᠮᠣᠩᠭᠣᠯ ᠤᠯᠤᠰ᠎ᠲᠤ ᠦᠵᠡᠭᠦᠯᠦᠭ᠌ᠰᠡᠨ ᠡᠮᠴᠢᠯᠡᠭᠡᠨ᠎ᠦ ᠲᠤᠰᠠᠯᠠᠮᠵᠢ ᠮᠣᠩᠭᠣᠯ ᠤᠯᠤᠰ ᠤ᠋ᠨ ᠠᠷᠠᠳ ᠤᠯᠠᠨ ᠤ᠋ ᠬᠦᠷᠢᠶᠡᠯᠡᠯ ᠢ᠋ ᠶᠡᠬᠡᠳᠡ ᠤᠯᠪᠠ᠃ ᠡᠨᠡ ᠵᠢᠯ ᠤ᠋ᠨ 5 ᠰᠠᠷ᠎ᠠ ᠶ᠋ᠢᠨ 21 ᠤ᠋ ᠡᠳᠦᠷ᠎ᠡᠴᠡ 23 ᠤ᠋ ᠡᠳᠦᠷ ᠪᠣᠯᠲᠠᠯ᠎ᠠ 2025 ᠣᠨ ᠤ᠋ 《ᠨᠢᠭᠡ ᠪᠦᠰᠡ ᠨᠢᠭᠡ ᠵᠠᠮ · ᠬᠡᠷᠡᠯ ᠭᠡᠭᠡ ᠶ᠋ᠢᠨ ᠠᠶᠠᠯᠠᠯ》 ᠤ᠋ᠨ ᠮᠣᠩᠭᠣᠯ ᠤᠯᠤᠰ᠎ᠲᠠᠬᠢ ᠠᠵᠢᠯᠯᠠᠭ᠎ᠠ ᠤᠯᠠᠭᠠᠨᠪᠠᠭᠠᠲᠤᠷ᠎ᠲᠤ ᠬᠦᠷᠴᠦ᠍᠂ ᠲᠤᠬᠠᠶ ᠶ᠋ᠢᠨ ᠭᠠᠵᠠᠷ ᠤ᠋ᠨ ᠠᠷᠠᠳ ᠢᠷᠭᠡᠳ ᠤ᠋ᠨ ᠴᠠᠭᠠᠨ ᠬᠠᠷᠠᠩ ᠡᠪᠡᠳᠴᠢᠲᠡᠨ ᠢ᠋ ᠱᠢᠭ᠌ᠰᠢᠨ ᠪᠠᠢᠴᠠᠭᠠᠬᠤ ᠵᠡᠷᠭᠡ ᠠᠵᠢᠯ ᠢ᠋ ᠥᠷᠨᠢᠭᠦᠯᠪᠡ᠃ ᠱᠢᠭ᠌ᠰᠢᠨ ᠪᠠᠢᠴᠠᠭᠠᠭ᠍ᠰᠠᠨ ᠪᠠᠢᠳᠠᠯ ᠢ᠋ ᠦᠨᠳᠦᠰᠦᠯᠡᠵᠦ᠂ ᠮᠡᠰᠡ ᠵᠠᠰᠠᠯ ᠤ᠋ᠨ ᠨᠥᠬᠥᠴᠡᠯ ᠳ᠋ᠦ ᠨᠡᠢᠴᠡᠬᠦ᠌ ᠮᠣᠩᠭᠣᠯ ᠤᠯᠤᠰ ᠤ᠋ᠨ 120 ᠴᠠᠭᠠᠨ ᠬᠠᠷᠠᠩ ᠡᠪᠡᠳᠴᠢᠲᠡᠨ 6 ᠰᠠᠷ᠎ᠠ ᠶ᠋ᠢᠨ ᠰᠡᠭᠦᠯᠴᠢ ᠪᠡᠷ ᠳᠤᠮᠳᠠᠳᠤ ᠤᠯᠤᠰ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠢᠶᠡᠨ ᠬᠣᠲᠠ ᠶ᠋ᠢᠨ ᠠᠷᠠᠳ ᠤ᠋ᠨ ᠡᠮᠨᠡᠯᠭᠡ ᠶ᠋ᠢᠨ ᠬᠣᠷᠢᠶ᠎ᠠ᠎ᠳᠤ ᠢᠷᠡᠵᠦ᠍ ᠦᠨ᠎ᠡ ᠲᠥᠯᠥᠪᠦᠷᠢ ᠥᠬᠡᠶ᠎ᠪᠡᠷ ᠬᠠᠷᠠᠭ᠎ᠠ ᠣᠷᠣᠭᠤᠯᠬᠤ ᠮᠡᠰᠡ ᠵᠠᠰᠠᠯ ᠬᠢᠯᠭᠡᠪᠡ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠪᠣᠯᠤᠨ ᠮᠣᠩᠭᠣᠯ ᠤᠯᠤᠰ ᠤ᠋ᠨ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠤ᠋ᠨ ᠬᠠᠮᠲᠤᠷᠠᠨ ᠪᠠᠢᠭᠤᠯᠤᠭ᠍ᠰᠠᠨ ᠤᠯᠤᠰ ᠠᠯᠤᠰᠯᠠᠭ᠍ᠰᠠᠨ ᠬᠥᠮᠦᠯᠢᠭ ᠦᠵᠡᠯ ᠤ᠋ᠨ ᠬᠠᠮᠲᠤᠷᠠᠯᠴᠠᠭᠠᠨ ᠤ᠋ ᠲᠥᠷᠥᠯ ᠵᠦᠶ᠋ᠯ ᠪᠣᠯᠤᠭ᠍ᠰᠠᠨ ᠤ᠋ ᠬᠤᠪᠢ᠎ᠳᠤ 《ᠨᠢᠭᠡ ᠪᠦᠰᠡ ᠨᠢᠭᠡ ᠵᠠᠮ· ᠨᠠᠷᠠᠨ ᠭᠡᠷᠡᠯ᠎ᠤᠨ ᠠᠶᠠᠯᠠᠯ》 ᠤ᠋ᠨ ᠮᠣᠩᠭᠣᠯ ᠤᠯᠤᠰ᠎ᠲᠠᠬᠢ ᠠᠵᠢᠯᠯᠠᠭ᠎ᠠ᠎ᠨᠢ 2019 ᠣᠨ᠎ᠳᠤ ᠡᠬᠢᠯᠡᠭ᠌ᠰᠡᠨ᠎ᠡᠴᠡ ᠨᠠᠭᠠᠰᠢ ᠨᠢᠭᠡᠨᠲᠡ ᠮᠣᠩᠭᠣᠯ ᠤᠯᠤᠰ ᠤ᠋ᠨ ᠴᠠᠭᠠᠨ ᠬᠠᠷᠠᠩ ᠡᠪᠡᠳᠴᠢᠲᠡᠨ ᠳ᠋ᠦ ᠰᠦᠶ᠋ᠳᠭᠡᠯ ᠬᠤᠷᠢᠶᠠᠬᠤ ᠥᠬᠡᠶ᠎ᠪᠡᠷ ᠬᠠᠷᠠᠭ᠎ᠠ ᠣᠷᠣᠭᠤᠯᠬᠤ ᠮᠡᠰᠡ ᠵᠠᠰᠠᠯ ᠢ᠋ 645 ᠬᠢᠵᠦ᠍ ᠥᠭ᠌ᠴᠡᠶ᠃ ᠡᠮᠴᠢᠯᠡᠭᠡᠨ᠎ᠦ ᠠᠪᠤᠷᠠᠨ ᠲᠤᠰᠠᠯᠠᠯᠲᠠ ᠥᠷᠨᠢᠭᠦᠯᠬᠦ᠌ ᠶ᠋ᠢᠨ ᠬᠠᠮᠲᠤ ᠪᠠᠰᠠ 《ᠨᠢᠭᠡ ᠪᠦᠰᠡ ᠨᠢᠭᠡ ᠵᠠᠮ》 ᠤ᠋ᠨ ᠮᠣᠩᠭᠣᠯ ᠤᠯᠤᠰ ᠤ᠋ᠨ ᠤᠯᠠᠭᠠᠨ ᠵᠠᠭᠠᠯᠮᠠᠢᠲᠠᠨ ᠤ᠋ ᠪᠠᠴᠢᠮ ᠪᠠᠢᠳᠠᠯ ᠢ᠋ ᠠᠷᠭᠠᠴᠠᠭᠠᠵᠤ ᠠᠪᠤᠷᠬᠠᠸ᠋ ᠪᠠᠭ᠍ᠰᠢ ᠶ᠋ᠢᠨ ᠪᠣᠯᠪᠠᠰᠤᠷᠠᠯ ᠢ᠋ ᠥᠷᠨᠢᠭᠦᠯᠪᠡ᠃ 2023 ᠣᠨ᠎ᠠᠴᠠ ᠨᠠᠭᠠᠰᠢ ᠮᠣᠩᠭᠣᠯ ᠤᠯᠤᠰ᠎ᠲᠤ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ 403 ᠪᠠᠭ᠍ᠰᠢ ᠳ᠋ᠦ ᠪᠤᠯᠪᠠᠰᠤᠷᠠᠯ ᠬᠦᠷᠲᠡᠭᠡᠵᠡᠢ᠃ 《ᠲᠠᠬᠢᠨᠢ ᠶ᠋ᠢᠨ ᠠᠶᠠᠯᠠᠯ — 〈ᠨᠢᠭᠡ ᠪᠦᠰᠡ ᠨᠢᠭᠡ ᠵᠠᠮ〉 ᠤ᠋ᠨ ᠬᠦᠨᠳᠦ ᠡᠪᠡᠳᠴᠢᠨ᠎ᠲᠡᠶ ᠬᠡᠦᠬᠡᠳ ᠲᠦ᠍ ᠬᠠᠨᠳᠤᠭᠤᠯᠤᠭᠰᠠᠨ ᠬᠥᠮᠦᠯᠢᠭ ᠦᠵᠡᠯ ᠤ᠋ᠨ ᠠᠪᠤᠷᠠᠨ ᠲᠤᠰᠠᠯᠠᠬᠤ ᠲᠥᠯᠥᠪᠯᠡᠭᠡ》 ᠶ᠋ᠢᠨ ᠮᠣᠩᠭᠣᠯ ᠤᠯᠤᠰ᠎ᠲᠠᠬᠢ ᠠᠵᠢᠯᠯᠠᠭ᠎ᠠ ᠵᠢ ᠬᠠᠮᠵᠢᠯᠴᠠᠨ ᠦᠷᠨᠢᠭᠦᠯᠪᠡ᠃ 2024 ᠣᠨ᠎ᠳᠤ ᠲᠥᠷᠥᠯᠬᠢ ᠵᠢᠷᠦᠬᠡᠨ ᠡᠪᠡᠳᠴᠢᠨ᠎ᠲᠡᠶ 270 ᠭᠠᠷᠤᠶ ᠬᠡᠦᠬᠡᠳ ᠢ᠋ ᠱᠢᠭ᠌ᠰᠢᠨ ᠪᠠᠢᠴᠠᠭᠠᠵᠤ ᠂ ᠡᠭᠦᠨ ᠳ᠋ᠦ ᠲᠥᠷᠥᠯᠬᠢ ᠵᠢᠷᠦᠬᠡᠨ ᠡᠪᠡᠳᠴᠢᠨ᠎ᠲᠡᠶ 25 ᠬᠡᠦᠬᠡᠳ ᠪᠡᠭᠡᠵᠢᠩ ᠳ᠋ᠦ ᠬᠦᠷᠴᠦ᠍ ᠮᠡᠰᠡ ᠵᠠᠰᠠᠯ ᠬᠢᠯᠭᠡᠵᠦ᠍᠂ ᠮᠡᠰᠡ ᠵᠠᠰᠠᠯ ᠤ᠋ᠨ ᠨᠥᠬᠥᠴᠡᠯ ᠳ᠋ᠦ ᠨᠡᠢᠴᠡᠬᠦ᠌ 22 ᠬᠡᠦᠬᠡᠳ᠎ᠨᠢ ᠮᠡᠰᠡ ᠵᠠᠰᠠᠯ ᠬᠢᠵᠦ᠍ ᠡᠷᠡᠭᠦᠯᠵᠢᠵᠦ᠍ ᠤᠯᠤᠰ᠎ᠲᠠᠭᠠᠨ ᠪᠤᠴᠠᠪᠠ᠃

ᠡᠭᠦᠨ ᠡᠴᠡ ᠭᠠᠳᠠᠨ᠎ᠠ᠂ ᠠᠷᠪᠠᠨ ᠵᠢᠯ ᠤ᠋ᠨ ᠬᠤᠭᠤᠴᠠᠭᠠᠨ᠎ᠳᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠤᠷᠤᠯᠭ᠎ᠠ ᠶ᠋ᠢᠨ ᠱᠠᠩᠨᠠᠯ ᠤ᠋ᠨ ᠮᠥᠩᠭᠥ᠌》 ᠨᠢ ᠮᠣᠩᠭᠣᠯ ᠤᠯᠤᠰ ᠤ᠋ᠨ 2000 ᠭᠠᠷᠤᠢ ᠰᠤᠷᠤᠭ᠍ᠴᠢ ᠶ᠋ᠢᠨ ᠳᠤᠮᠳᠠᠳᠤ ᠤᠯᠤᠰ ᠲᠦ᠍ ᠰᠤᠷᠤᠯᠴᠠᠬᠤ᠎ᠳᠤ ᠬᠦᠴᠦᠨ ᠨᠡᠮᠡᠷᠢᠯᠡᠪᠡ; ᠳᠤᠮᠳᠠᠳᠤ ᠮᠣᠩᠭᠣᠯ ᠤ᠋ᠨ ᠬᠠᠮᠲᠤᠷᠠᠭ᠍ᠰᠠᠨ ᠲᠤᠷᠱᠢᠯᠲᠠ ᠶ᠋ᠢᠨ ᠲᠠᠰᠤᠭ ᠠᠮᠢᠳᠤ ᠪᠣᠳᠠᠰ ᠤ᠋ᠨ ᠳᠡᠭᠡᠳᠦ ᠮᠣᠯᠧᠺᠦ᠋ᠯ ᠤ᠋ᠨ ᠮᠡᠷᠭᠡᠵᠢᠯ ᠤ᠋ᠨ ᠨᠠᠢᠳᠠᠪᠤᠷᠢᠵᠢᠭᠤᠯᠤᠯᠲᠠ ᠵᠢ ᠠᠬᠢᠭᠤᠯᠪᠠ᠃ 2024 ᠣᠨ᠎ᠳᠤ ᠬᠢᠯᠢ ᠶ᠋ᠢᠨ ᠠᠷᠠᠳ ᠤ᠋ᠨ ᠵᠠᠬ᠎ᠠ ᠶ᠋ᠢᠨ ᠠᠷᠠᠯᠵᠢᠶᠠᠨ ᠤ᠋ ᠵᠤᠭᠤᠰ ᠤ᠋ᠨ ᠲᠤᠭ᠎ᠠ 7.8 ᠳ᠋ᠦᠩᠱᠢᠭᠤᠷ ᠲᠥᠭᠥᠷᠢᠭ᠎ᠲᠦ ᠬᠦᠷᠴᠦ᠍᠂ 15.8 ᠲᠦᠮᠡᠨ (ᠬᠦᠮᠦᠨ ᠤᠳᠠᠭ᠎ᠠ) ᠬᠢᠯᠢ ᠶ᠋ᠢᠨ ᠠᠷᠠᠳ ᠵᠠᠬ᠎ᠠ ᠳᠡᠯᠭᠡᠭᠦᠷ ᠤ᠋ᠨ ᠠᠷᠠᠯᠵᠢᠶ᠎ᠠ ᠳ᠋ᠦ ᠤᠷᠤᠯᠴᠠᠵᠤ᠂ ᠨᠡᠭᠡᠭᠡᠯᠲᠡ ᠶ᠋ᠢᠨ ᠦᠷ᠎ᠡ ᠪᠦᠲᠦᠭᠡᠯ᠎ᠢ ᠡᠬᠡᠯ ᠠᠷᠠᠳ᠎ᠲᠤ ᠡᠳ᠋ᠯᠡᠭᠦᠯᠦᠭᠰᠡᠨ ᠪᠠᠢᠨ᠎ᠠ᠃

ᠦᠪᠦᠷ ᠮᠣᠩᠭᠣᠯ ᠬᠢᠯᠢ ᠶ᠋ᠢᠨ ᠠᠷᠠᠯᠵᠢᠶᠠᠨ ᠤ᠋ 25 ᠵᠦᠶ᠋ᠯ ᠤ᠋ᠨ ᠱᠢᠨ᠎ᠡ ᠵᠢ ᠡᠭᠦᠳᠬᠦ᠌ ᠠᠷᠭ᠎ᠠ ᠬᠡᠮᠵᠢᠶ᠎ᠡ ᠭᠠᠷᠭᠠᠵᠤ᠂ 《ᠪᠥᠬᠥ᠌ ᠶᠠᠪᠤᠴᠠ ᠶ᠋ᠢᠨ ᠠᠮᠤᠷ ᠲᠦᠪᠱᠢᠨ ᠦᠢᠯᠡᠴᠢᠯᠡᠭᠡ》 ᠵᠢ ᠱᠢᠯᠢᠳᠡᠭ᠌ᠵᠢᠭᠦᠯᠦᠨ᠂ ᠳᠡᠯᠭᠡᠨ ᠦᠵᠡᠭᠦᠯᠬᠦ᠌ ᠡᠳ᠋ ᠪᠠᠷᠠᠭ᠎ᠠ ᠵᠢ ᠲᠡᠭᠡᠭᠡᠪᠦᠷᠢᠯᠡᠬᠦ᠌᠎ᠡᠴᠡ ᠪᠣᠭᠣᠮᠲᠠ᠎ᠳᠤ ᠮᠡᠳᠡᠭᠦᠯᠦᠨ ᠪᠣᠭᠣᠮᠲᠠ ᠪᠡᠷ ᠥᠩᠭᠡᠷᠡᠭᠦᠯᠬᠦ᠌ ᠪᠥᠬᠥ᠌ ᠶᠠᠪᠤᠴᠠ᠎ᠳᠤ ᠣᠷᠣᠯᠠᠨ ᠭᠦᠶ᠋ᠴᠡᠳᠭᠡᠬᠦ ᠪᠤᠯᠵᠠᠢ; ᠠᠷᠠᠯᠵᠢᠶᠠᠴᠢᠳ᠎ᠲᠦ ᠬᠠᠨᠳᠤᠭᠤᠯᠤᠨ ᠨᠢᠭᠡᠳ ᠨᠢᠭᠡ ᠪᠡᠷ ᠦᠢᠯᠡᠴᠢᠯᠡᠬᠦ ᠦᠢᠯᠡᠴᠢᠯᠡᠭᠡ ᠬᠠᠡᠭᠭᠠᠵᠤ᠂ ᠬᠠᠩᠭᠠᠯᠭ᠎ᠠ ᠬᠡᠷᠡᠭ᠌ᠴᠡᠭᠡ ᠵᠢ ᠣᠨᠣᠪᠴᠢᠲᠠᠶ ᠵᠤᠯᠭᠠᠭᠤᠯᠵᠤ ᠪᠠᠢᠨ᠎ᠠ᠃

ᠦᠵᠡᠰᠭᠦᠯᠡᠩ ᠤ᠋ᠨ ᠴᠤᠭ᠍ᠯᠠᠭᠠᠨ ᠤ᠋ ᠲᠠᠪᠴᠠᠩ᠎ᠳᠤ ᠲᠦᠱᠢᠭ᠌ᠯᠡᠨ᠂ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠠᠵᠤ ᠠᠬᠤᠶ ᠶ᠋ᠢᠨ ᠬᠠᠮᠲᠤᠷᠠᠯᠴᠠᠭᠠᠨ ᠤ᠋ ᠣᠷᠣᠨ᠂ ᠲᠡᠮᠦᠷ ᠵᠠᠮ ᠵᠡᠷᠭᠡ ᠰᠠᠭᠤᠷᠢ ᠲᠥᠬᠥᠭᠡᠷᠦᠮᠵᠢ ᠵᠢ ᠲᠦᠷᠭᠡᠳᠭᠡᠨ ᠨᠠᠢᠳᠠᠪᠤᠷᠢᠵᠢᠭᠤᠯᠪᠠ᠃ ᠳᠤᠮᠳᠠᠳᠤ ᠮᠣᠩᠭᠣᠯ ᠤ᠋ᠨ ᠡᠷᠢᠶᠡᠨ ᠬᠣᠲᠠ — ᠵᠠᠮ ᠤ᠋ᠨ ᠡᠭᠦᠳᠡ ᠬᠦᠷᠬᠦ ᠠᠵᠤ ᠠᠬᠤᠶ ᠶ᠋ᠢᠨ ᠬᠠᠮᠲᠤᠷᠠᠯᠴᠠᠭᠠᠨ ᠤ᠋ ᠲᠣᠭᠣᠷᠢᠭ ᠵᠥᠪᠱᠢᠶᠡᠷᠡᠯ ᠣᠯᠵᠤ᠂ ᠮᠠᠨᠵᠤᠤᠷ ᠤ᠋ᠨ ᠳᠠᠷᠠᠭᠠᠬᠢ ᠪᠠᠰᠠ ᠨᠢᠭᠡᠨ ᠬᠢᠯᠢ ᠠᠯᠤᠰᠯᠠᠭ᠍ᠰᠠᠨ ᠬᠠᠮᠲᠤᠷᠠᠯᠴᠠᠭᠠᠨ ᠤ᠋ ᠬᠡᠪ ᠳᠠᠭᠤᠷᠢᠶᠠᠯ ᠪᠣᠯᠪᠠ᠃ ᠳᠤᠮᠳᠠᠳᠤ ᠮᠤᠡᠭᠭᠤᠯ ᠤ᠋ᠨ ᠭᠠᠭ᠍ᠴᠠᠮᠤᠳᠤ — ᠭᠠᠱᠢᠭᠤᠨᠰᠤᠬᠠᠢ᠌ᠳᠤ ᠬᠦᠷᠬᠦ᠌ ᠲᠡᠮᠦᠷ ᠵᠠᠮ ᠢ᠋ ᠡᠬᠢᠯᠡᠨ ᠪᠠᠢᠭᠤᠯᠵᠤ᠂ 《ᠨᠢᠭᠡ ᠪᠦᠰᠡ ᠨᠢᠭᠡ ᠵᠠᠮ》 ᠪᠠ 《ᠲᠠᠯ᠎ᠠ ᠨᠤᠲᠤᠭ ᠤ᠋ᠨ ᠵᠠᠮ》 ᠤ᠋ᠨ ᠭᠦᠨᠵᠡᠭᠡᠢ ᠵᠤᠯᠭᠠᠯᠴᠠᠭ᠎ᠠ ᠵᠢ ᠠᠬᠢᠭᠤᠯᠤᠨ᠎ᠠ᠃ 2015 — 2024 ᠣᠨ᠎ᠪᠤᠯᠲᠠᠯ᠎ᠠ᠂ ᠥᠪᠥᠷ ᠮᠣᠩᠭᠣᠯ ᠤ᠋ᠨ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠤᠯᠤᠰ᠎ᠯᠤᠭ᠎ᠠ ᠶ᠋ᠢᠨ ᠭᠠᠳᠠᠭᠠᠳᠤ ᠠᠷᠠᠯᠵᠢᠶᠠᠨ ᠤ᠋ ᠣᠷᠣᠭᠤᠯᠤᠯᠲᠠ ᠭᠠᠷᠭᠠᠯᠲᠠ ᠶ᠋ᠢᠨ ᠥᠷᠲᠡᠭ 8150 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠶᠡᠷᠦᠩᠬᠡᠶ ᠲᠣᠭᠠᠨ ᠤ᠋ 60.4% ᠵᠢ ᠡᠵᠡᠯᠡᠪᠡ᠂ ᠡᠭᠦᠨ ᠳ᠋ᠦ 60% ᠡᠴᠡ ᠳᠡᠭᠡᠭ᠌ᠰᠢᠬᠢ᠎ᠨᠢ ᠳᠤᠮᠳᠠᠳᠤ ᠮᠣᠩᠭᠣᠯ ᠤ᠋ᠨ ᠠᠷᠠᠯᠵᠢᠶ᠎ᠠ ᠪᠣᠯᠤᠨ᠎ᠠ᠃

ᠢᠷᠡᠭᠡᠳᠦᠢ ᠳ᠋ᠦ᠂ ᠦᠪᠦᠷ ᠮᠤᠡᠭᠭᠤᠯ ᠨᠡᠩ ᠨᠡᠭᠡᠭᠡᠯᠲᠡᠲᠦ ᠳᠦᠷᠰᠦ ᠪᠠᠢᠳᠠᠯ᠎ᠢᠶᠠᠷ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠬᠢᠭᠡᠳ ᠬᠠᠮᠲᠤ ᠪᠡᠷ ᠠᠱᠢᠭ ᠬᠦᠷᠳᠡᠬᠦ᠌ ᠱᠢᠨ᠎ᠡ ᠬᠠᠭᠤᠳᠠᠰᠤ ᠵᠢ ᠪᠢᠴᠢᠭ᠌ᠯᠡᠬᠦ᠌ ᠪᠣᠯᠤᠨ᠎ᠠ᠃


QQ截图20250825102216.png


ᠪᠡᠭᠡᠵᠢᠩ᠎ᠤᠨ ᠲᠡᠯᠭᠡᠨ ᠪᠤᠷᠤᠯᠠᠭᠤᠯᠭ᠎ᠠ ᠵᠢᠨ ᠲᠤᠭᠤᠷᠢᠭ

(ᠭᠡᠷᠡᠯ ᠵᠢᠷᠤᠭ᠎ᠦᠳ᠎ᠢ ᠰᠤᠷᠪᠤᠯᠵᠢᠯᠠᠭᠴᠢ ᠪᠢᠯᠢᠭᠲᠦ ᠰᠡᠭᠦᠳᠡᠷᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号