— ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠳᠤᠮᠳᠠ ᠬᠠᠯᠠᠭᠤᠨ ᠲᠤᠰᠭᠠᠯ ᠭᠠᠷᠪᠠ
9 ᠰᠠᠷ᠎ᠠ᠎ᠶ᠋ᠢᠨ 3 ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠠᠭᠤᠳᠠᠮ ᠲᠠᠯᠠᠪᠠᠢ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠂ ᠲᠤᠰ ᠡᠳᠦᠷ ᠠᠷᠠᠳ᠎ᠤᠨ ᠴᠡᠷᠢᠭ ᠠᠩᠬᠢ ᠢᠷᠠᠭᠤ ᠠᠯᠳᠠᠷ ᠲᠠᠢ᠎ᠪᠠᠷ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ᠎ᠦᠨ ᠱᠢᠯᠭᠠᠨ ᠦᠵᠡᠬᠦ᠌᠎ᠶ᠋ᠢ ᠬᠦᠯᠢᠶᠡᠵᠦ᠍᠂ ᠨᠠᠮ ᠪᠣᠯᠤᠨ ᠠᠷᠠᠳ ᠲᠦᠮᠡᠨ᠎ᠦ ᠱᠢᠯᠭᠠᠨ ᠦᠵᠡᠬᠦ᠌᠎ᠶ᠋ᠢ ᠬᠦᠯᠢᠶᠡᠪᠡ᠃
ᠤᠢ᠍ᠢᠷ᠎ᠠ᠎ᠶ᠋ᠢᠨ ᠡᠳᠦᠷ᠎ᠦᠳ᠎ᠲᠦ᠂ ᠮᠠᠨ᠎ᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠬᠠᠮᠳᠤ ᠪᠡᠷ ᠱᠢᠭᠤᠳ ᠨᠡᠪᠲᠡᠷᠡᠭᠦᠯᠭᠡ᠎ᠶ᠋ᠢ ᠦᠵᠡᠬᠦ᠌᠂ ᠲᠤᠰᠭᠠᠢ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠢᠭᠤᠯᠬᠤ᠂ ᠣᠯᠤᠯᠲᠠ ᠲᠦᠷᠦᠭ᠌ᠳᠡᠯ᠎ᠢᠶᠡᠨ ᠪᠢᠴᠢᠬᠦ᠌ ᠵᠡᠷᠭᠡ ᠬᠡᠯᠪᠡᠷᠢ᠎ᠪᠡᠷ ᠲᠡᠷᠢᠭᠦᠯᠡᠭ᠌ᠴᠢ ᠰᠢ ᠵᠢᠨ ᠫᠢᠩ᠎ᠦᠨ ᠳᠤᠷᠠᠰᠭᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠲᠡᠦᠬᠡ᠎ᠶ᠋ᠢ ᠡᠷᠭᠢᠴᠡᠭᠦᠯᠵᠦ᠍᠂ ᠴᠡᠷᠢᠭ᠎ᠢ ᠬᠦᠴᠦᠷᠬᠡᠭ᠌ᠵᠢᠭᠦᠯᠬᠦ᠌ ᠬᠦᠴᠦᠨ᠎ᠢ ᠱᠢᠩᠭᠡᠭᠡᠨ ᠠᠪᠤᠪᠠ᠃ ᠣᠯᠠᠨ᠎ᠢᠶᠠᠷ᠎ᠢᠶᠠᠨ᠂ ᠲᠡᠦᠬᠡ᠎ᠵᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠶ ᠵᠢ ᠡᠭᠦᠳᠦᠨ ᠨᠡᠬᠡᠬᠡᠵᠤ᠂ ᠤᠯᠤᠰ᠎ᠢᠶᠠᠨ ᠬᠠᠢᠷᠠᠯᠠᠬᠤ ᠤᠷᠬᠢᠯᠤᠮ᠎ᠠ ᠬᠠᠯᠠᠭᠤᠨ ᠰᠡᠳᠭᠢᠯᠭᠡ᠎ᠪᠡᠨ ᠤᠬᠠᠮᠰᠠᠷ ᠡᠴᠡ᠎ᠪᠠᠨ ᠴᠡᠷᠢᠭ᠎ᠢ ᠬᠦᠴᠦᠷᠬᠡᠭ᠌ᠵᠢᠭᠦᠯᠬᠦ᠌ ᠦᠶ᠋ᠯᠡᠳᠦᠯᠭᠡ᠎ᠳᠦ ᠣᠷᠣᠯᠴᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ ᠲᠡᠦᠬᠡ᠎ᠶ᠋ᠢᠨ ᠱᠢᠨ᠎ᠡ ᠠᠸ᠋ᠭ᠎ᠠ ᠦᠶ᠋ᠯᠡᠰ᠎ᠢ ᠴᠣᠭ᠍ᠴᠠᠯᠠᠵᠤ᠂ ᠨᠠᠩ ᠶᠡᠬᠡ ᠱᠢᠨ᠎ᠡ ᠢᠯᠠᠯᠲᠠ᠎ᠶ᠋ᠢ ᠲᠡᠮᠡᠴᠡᠨ ᠤᠯᠤᠨ᠎ᠠ ᠭᠡᠵᠦ᠍ ᠰᠠᠨᠠᠯ ᠨᠢᠭᠡᠲᠡᠶ ᠦᠵᠡᠵᠡᠬᠡᠪᠡ᠃
ᠲᠡᠦᠬᠡ ᠵᠢ ᠪᠠᠲᠤ ᠴᠡᠭᠡᠵᠢᠯᠡᠵᠤ ᠢᠲᠡᠭᠡᠯ ᠪᠢᠱᠢᠷᠡᠯ ᠵᠢᠡᠨ ᠪᠠᠳᠤᠳᠬᠠᠨ᠎ᠠ
80 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠳᠡᠯᠡᠬᠡᠢ᠎ᠶ᠋ᠢᠨ ᠠᠷᠠᠳ ᠲᠦᠮᠡᠨ᠎ᠲᠡᠶ ᠬᠠᠮᠲᠤ᠎ᠪᠠᠷ ᠹᠠᠱ᠌ᠢᠰ ᠦᠵᠡᠯ᠎ᠢ ᠲᠤᠢᠯᠪᠤᠷᠢᠲᠠᠢ ᠢᠯᠠᠵᠤ᠂ ᠱᠢᠳᠤᠷᠭᠤ ᠶᠣᠰᠣ ᠨᠢ ᠬᠠᠷᠭᠢᠰ ᠬᠦᠴᠦᠨ᠎ᠢ ᠢᠯᠠᠵᠤ᠂ ᠭᠡᠭᠡᠨ ᠰᠠᠷᠠᠭᠤᠯ ᠨᠢ ᠲᠦᠨᠡᠷ ᠬᠠᠷᠠᠩᠭᠤᠢ᠎ᠶ᠋ᠢ ᠲᠡᠮᠡᠴᠡᠨ᠂ ᠳᠠᠪᠱᠢᠯᠲᠠ ᠨᠢ ᠲᠡᠷᠰᠯᠡᠭᠦᠦ᠍ᠶ᠋ᠢ ᠢᠯᠠᠭ᠍ᠰᠠᠨ ᠠᠭᠤᠤ ᠶᠡᠬᠡ ᠢᠯᠠᠯᠲᠠ᠎ᠶ᠋ᠢ ᠣᠯᠵᠠᠢ᠃ ᠳᠠᠷᠢ᠎ᠶ᠋ᠢᠨ ᠤᠲᠤᠭ᠎ᠠ ᠰᠠᠷᠨᠢᠭᠰᠠᠨ ᠴᠤ᠌ ᠵᠣᠷᠢᠭ ᠰᠠᠨᠠᠭ᠎ᠠ ᠮᠥᠩᠬᠡᠷᠡᠨᠠ᠃ ᠲᠡᠦᠬᠡ᠎ᠶ᠋ᠢ ᠬᠠᠮᠲᠤ᠎ᠪᠠᠷ ᠪᠠᠲᠤ ᠴᠡᠭᠡᠵᠢᠯᠡᠬᠦ᠌ ᠨᠢ ᠠᠭᠤᠤ ᠶᠡᠬᠡ ᠤᠯᠤᠰ ᠵᠢᠡᠨ ᠬᠠᠢᠷᠠᠯᠠᠬᠤ ᠦᠵᠡᠯ᠎ᠦᠨ ᠵᠣᠷᠢᠭ ᠰᠠᠨᠠᠭ᠎ᠠ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠭᠦᠨ᠎ᠦ ᠳᠤᠮᠳᠠ ᠡᠴᠡ ᠢᠷᠡᠭᠡᠳᠦᠢ᠎ᠶ᠋ᠢ ᠡᠭᠦᠳᠦᠨ ᠨᠡᠭᠡᠭᠡᠬᠦ᠌ ᠤᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠬᠤ ᠶᠠᠪᠤᠳᠠᠯ ᠪᠣᠯᠤᠨ᠎ᠠ᠃
《ᠲᠤᠬᠠᠢ᠎ᠶ᠋ᠢᠨ ᠲᠠᠯᠠᠪᠠᠢ᠎ᠳᠤ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠣᠨᠣᠰᠴᠤ᠌᠂ ᠰᠦᠷ ᠳᠠᠯᠠᠢᠴᠠᠲᠠᠢ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠢ ᠦᠵᠡᠭᠡᠳ ᠪᠢ ᠶᠡᠬᠡᠳᠡ ᠵᠣᠷᠢᠭ᠍ᠵᠢᠵᠤ᠂ ᠮᠠᠰᠢ ᠦᠩᠭᠡ ᠭᠡᠷᠡᠯᠲᠡᠶ ᠰᠠᠨᠠᠭ᠍ᠳᠠᠵᠤ ᠪᠠᠢᠨ᠎ᠠ》᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠪᠠᠶᠠᠨᠨᠠᠭᠤᠷ᠎ᠤᠨ ᠰᠠᠯᠪᠤᠷᠢ ᠠᠩᠬᠢ᠎ᠶ᠋ᠢᠨ ᠨᠢᠭᠡᠨ ᠶᠡᠬᠡ ᠠᠩᠬᠢ᠎ᠶ᠋ᠢᠨ ᠳᠠᠷᠤᠭ᠎ᠠ ᠪᠦᠬᠡᠳᠡᠮᠤᠷ᠂ ᠠᠬᠠᠮᠠᠳ ᠦᠶ᠎ᠡ᠎ᠶ᠋ᠢᠨ ᠬᠢᠨ ᠠᠷᠢᠭᠤᠨ ᠴᠢᠰᠤ᠎ᠪᠠᠷ᠎ᠢᠶᠠᠨ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠣᠯᠤᠨ ᠠᠷᠠᠳ ᠲᠦᠮᠡᠨ᠎ᠦ ᠴᠢᠯᠥᠭᠡᠯᠡᠯᠲᠡ᠎ᠶ᠋ᠢ ᠲᠡᠮᠡᠴᠡᠨ ᠠᠪᠴᠢᠷᠠᠪᠠ᠂ ᠱᠢᠨ᠎ᠡ ᠴᠠᠭ ᠦᠶ᠎ᠡ᠎ᠶ᠋ᠢᠨ ᠬᠤᠪᠢᠰᠭᠠᠯᠲᠤ ᠴᠡᠷᠢᠭ ᠪᠣᠯᠤᠭ᠍ᠰᠠᠨ᠎ᠤ ᠬᠤᠪᠢ᠎ᠳᠤ᠂ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠳᠦ ᠬᠠᠨᠳᠤᠵᠤ᠂ ᠳᠠᠢᠰᠤᠨ᠎ᠢ ᠤᠰᠠᠳᠭᠠᠬᠤ ᠴᠢᠳᠠᠪᠤᠷᠢ᠎ᠪᠠᠨ ᠬᠠᠲᠠᠭᠤᠵᠢᠯᠲᠠᠢ ᠪᠣᠯᠪᠠᠰᠤᠷᠠᠵᠤ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠷ ᠴᠡᠷᠢᠭ ᠪᠣᠯᠪᠠᠰᠤᠷᠠᠭᠤᠯᠤᠨ ᠳᠠᠢ᠌ᠨ᠎ᠳᠦ ᠪᠡᠯᠡᠳᠭᠡᠵᠦ᠍᠂ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠢ ᠠᠬᠢᠭᠤᠯᠬᠤ᠂ ᠳᠡᠯᠡᠬᠡᠢ᠎ᠶ᠋ᠢᠨ ᠲᠡᠷᠢᠭᠦᠨ ᠵᠡᠷᠬᠡ ᠵᠢᠨ ᠴᠡᠷᠢᠭ ᠠᠩᠬᠢ᠎ᠶ᠋ᠢ ᠪᠠᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠠ ᠭᠡᠵᠦ᠍ ᠢᠯᠡᠳᠭᠡᠪᠡ᠃
ᠴᠡᠷᠢᠭ᠎ᠦᠨ ᠵᠢᠭ᠍ᠰᠠᠭᠠᠯ᠎ᠢ ᠱᠢᠯᠭᠠᠨ ᠦᠵᠡᠬᠦ᠌ ᠶᠣᠰᠣᠯᠠᠯ᠎ᠤᠨ ᠦᠪᠡᠳᠡᠭ᠌ᠰᠢ ᠪᠠᠢᠳᠠᠯ ᠬᠥᠮᠦᠰ᠎ᠦᠨ ᠰᠡᠳᠭᠢᠯ᠎ᠢ ᠤᠷᠮᠠᠰᠢᠭᠤᠯᠵᠤ᠂ ᠲᠡᠦᠬᠡ᠎ᠶ᠋ᠢᠨ ᠢᠷᠠᠭᠤ ᠠᠯᠳᠠᠷ ᠡᠷᠡᠮᠡᠭᠡᠢᠯᠡᠨ ᠤᠷᠤᠬᠰᠢᠯᠠᠬᠤ ᠵᠢ ᠵᠣᠷᠢᠭ᠍ᠵᠢᠭᠤᠯᠤᠨ᠎ᠠ᠃ ᠣᠷᠳᠣᠰ ᠬᠣᠲᠠ᠎ᠶ᠋ᠢᠨ ᠬᠠᠩᠭᠢᠨ ᠬᠣᠱᠢᠭᠤᠨ᠎ᠤ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ᠎ᠦᠨ ᠡᠷᠦᠬᠡ᠎ᠶ᠋ᠢᠨ ᠴᠡᠷᠢᠭ᠎ᠤᠳ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ᠎ᠦ ᠠᠭᠤᠤ ᠶᠡᠬᠡ ᠢᠯᠠᠯᠲᠠ ᠨᠢ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠦᠴᠦᠲᠡᠶ ᠬᠠᠮᠠᠭᠠᠯᠠᠵᠤ᠂ ᠣᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠭᠡᠳ ᠤᠳᠠᠭ᠎ᠠ ᠳᠠᠷᠠᠭᠠᠯᠠᠨ ᠢᠯᠠᠭ᠍ᠳᠠᠭ᠍ᠰᠠᠨ ᠦᠨᠳᠦᠰᠦᠲᠡᠨ᠎ᠦ ᠢᠴᠢᠭᠦᠷᠢ ᠭᠤᠲᠤᠮᠱᠢᠭ᠎ᠢ ᠲᠤᠢᠯᠪᠤᠷᠢᠲᠠᠶ ᠠᠷᠢᠯᠭᠠᠵᠠᠶ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠦᠴᠦᠨ᠎ᠦ ᠨᠢᠭᠡ ᠬᠡᠰᠡᠭ ᠪᠣᠯᠤᠭ᠍ᠰᠠᠨ᠎ᠤ ᠬᠤᠪᠢ᠎ᠳᠤ᠂ ᠬᠣᠢᠱᠢᠳᠠ ᠴᠡᠷᠢᠭ᠎ᠦᠨ ᠶᠠᠪᠤᠳᠠᠯ᠎ᠤᠨ ᠬᠡᠪ ᠪᠣᠯᠪᠠᠰᠤᠷᠠᠯ ᠪᠣᠯᠤᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠵᠣᠷᠢᠭ᠍ᠲᠠᠢ᠎ᠪᠠᠷ ᠬᠠᠲᠠᠭᠤ ᠳᠠᠢᠯᠠᠯᠳᠤᠭᠠᠨ ᠬᠢᠵᠦ᠍ ᠲᠠᠭᠠᠷᠢᠯᠳᠠ ᠬᠢᠵᠦ᠍ ᠴᠢᠳᠠᠬᠤ ᠱᠢᠨ᠎ᠡ ᠴᠠᠭ ᠦᠶ᠎ᠡ᠎ᠶ᠋ᠢᠨ ᠡᠷᠦᠭᠡ᠎ᠶ᠋ᠢᠨ ᠴᠡᠷᠢᠭ ᠪᠣᠯᠤᠨ᠎ᠠ ᠭᠡᠵᠤ ᠰᠠᠨᠠᠯ ᠨᠢᠭᠡᠳᠠᠢ ᠦᠵᠡᠵᠡᠭᠡᠪᠡ᠃
《ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠬᠥᠮᠦᠰ᠎ᠢ ᠡᠷᠡᠮᠡᠭᠡᠢᠯᠡᠨ ᠤᠷᠤᠭ᠍ᠰᠢᠯᠠᠭᠤᠯᠵᠤ᠂ ᠤᠳᠤᠷᠢᠳᠤᠭ᠍ᠴᠢ᠎ᠶ᠋ᠢᠨ ᠬᠦᠰᠡᠯ ᠨᠠᠢᠳᠠᠯᠭ᠎ᠠ ᠬᠦᠨᠳᠤ ᠡᠴᠡ ᠬᠦᠨᠳᠦ》᠃ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠨᠢᠭᠡᠨ ᠱᠢᠭᠤᠳ ᠬᠠᠷᠢᠶ᠎ᠠ ᠨᠢᠭᠡᠴᠢ᠎ᠶ᠋ᠢᠨ ᠴᠠᠭ᠍ᠳᠠᠭᠤᠯ ᠴᠡᠷᠢᠭ ᠰᠦᠨ ᠬᠣᠶ ᠰᠤᠷᠤᠯᠴᠠᠵᠤ ᠶᠠᠷᠢᠯᠴᠠᠬᠤ ᠲᠤᠮᠳᠠ ᠪᠡᠨ᠄《ᠲᠡᠮᠦᠷ ᠮᠡᠲᠦ ᠴᠢᠩᠭ᠎ᠠ ᠰᠠᠬᠢᠯᠭ᠎ᠠ ᠪᠠᠲᠤ ᠪᠣᠯ ᠠᠷᠠᠳ᠎ᠤᠨ ᠴᠡᠷᠢᠭ ᠠᠩᠭᠢ᠎ᠶ᠋ᠢᠨ ᠳᠠᠢᠰᠤᠨ᠎ᠢ ᠳᠠᠷᠤᠵᠤ ᠢᠯᠠᠯᠲᠠ ᠤᠯᠬᠤ᠎ᠶ᠋ᠢᠨ ᠡᠷᠳᠡᠨᠢ ᠮᠥᠨ᠃ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌ ᠡᠮᠦᠨ᠎ᠡ ᠹᠷᠣᠨᠲ᠎ᠤᠨ ᠴᠡᠷᠢᠭ ᠪᠣᠯᠤᠭ᠍ᠰᠠᠨ᠎ᠤ ᠬᠤᠪᠢ᠎ᠳᠤ᠂ ᠪᠢ ᠪᠡᠶ᠎ᠡ᠎ᠪᠡᠨ ᠴᠢᠩᠭ᠎ᠠ ᠱᠠᠭᠠᠷᠳᠠᠵᠤ᠂ ᠲᠥᠪ ᠭᠤᠤᠯᠴᠢ᠎ᠪᠠᠷ ᠰᠠᠬᠢᠯᠭ᠎ᠠ ᠪᠠᠲᠤ ᠵᠢ ᠬᠡᠷᠡᠭ᠌ᠵᠢᠭᠦᠯᠵᠦ᠍᠂ ᠴᠡᠷᠢᠭ ᠠᠩᠭᠢ᠎ᠶ᠋ᠢᠨ ᠰᠠᠢᠨ ᠰᠠᠢᠬᠠᠨ ᠳᠦᠷᠢ ᠲᠥᠷᠬᠦ᠌᠎ᠶ᠋ᠢ ᠤᠬᠠᠮᠰᠠᠷ᠎ᠡᠴᠡ᠎ᠪᠠᠨ ᠬᠠᠮᠠᠭᠠᠯᠠᠵᠤ᠂ ᠴᠡᠷᠢᠭ ᠬᠥᠮᠦᠨ᠎ᠦ ᠢᠷᠠᠭᠤ ᠠᠯᠳᠠᠷ᠎ᠢ ᠡᠷᠡᠰ ᠬᠠᠮᠠᠭᠠᠯᠠᠨ᠎ᠠ》 ᠭᠡᠪᠡ᠃
ᠰᠡᠳᠭᠢᠯ ᠵᠢᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠰᠡᠷᠭᠦᠨ ᠮᠠᠨᠳᠤᠯᠳᠠ ᠵᠢ ᠪᠡᠶᠡᠯᠡᠬᠦᠯᠬᠦ ᠵᠢᠨ ᠲᠦᠯᠦᠭᠡ ᠴᠦᠬᠦᠷᠡᠰᠢ ᠦᠭᠡᠢ ᠴᠢᠷᠮᠠᠢᠨ᠎ᠠ
ᠲᠡᠦᠬᠡ᠎ᠶ᠋ᠢᠨ ᠲᠤᠬᠠᠢ ᠬᠠᠮᠤᠭ᠎ᠤᠨ ᠰᠠᠢ᠌ᠨ ᠵᠠᠯᠭᠠᠮᠵᠢᠯᠠᠯ ᠪᠣᠯ ᠳᠠᠷᠤᠢ ᠱᠢᠨ᠎ᠡ ᠲᠡᠦᠬᠡ᠎ᠶ᠋ᠢ ᠡᠭᠦᠳᠦᠨ ᠪᠦᠲᠦᠭᠡᠬᠦ᠌ ᠶᠠᠪᠤᠳᠠᠯ ᠪᠣᠯᠤᠨ᠎ᠠ᠂ ᠬᠤᠪᠢᠰᠭᠠᠯ᠎ᠤᠨ ᠠᠬᠠᠮᠠᠳ ᠦᠶ᠎ᠡ᠎ᠶ᠋ᠢᠨ ᠬᠢᠨ ᠪᠣᠯᠤᠨ ᠦᠷᠡᠭ᠌ᠳᠡᠭ᠌ᠰᠡᠨ ᠪᠠᠭᠠᠲᠤᠷᠴᠤᠳ᠎ᠤᠨ ᠲᠤᠬᠠᠢ ᠬᠠᠮᠤᠭ᠎ᠤᠨ ᠰᠠᠢ᠌ᠨ ᠲᠠᠢᠳᠭᠤᠷᠠᠭᠤᠯᠤᠯ ᠪᠣᠯ ᠳᠠᠷᠤᠢ ᠲᠡᠳᠡᠨ ᠤ᠋ ᠠᠮᠢ ᠪᠡᠶ᠎ᠡ᠎ᠪᠡᠨ ᠦᠷᠡᠭ᠌ᠳᠡᠭᠦᠯᠵᠦ᠍᠂ ᠲᠡᠭᠦᠨ᠎ᠦ ᠲᠥᠯᠥᠭᠡ ᠲᠡᠮᠡᠴᠡᠭᠰᠡᠨ ᠠᠭᠤᠤ ᠶᠡᠬᠡ ᠦᠢᠯᠡᠰ᠎ᠢ ᠠᠬᠢᠭᠤᠯᠤᠨ ᠤᠷᠤᠭ᠍ᠰᠢᠯᠠᠭᠤᠯᠬᠤ ᠶᠠᠪᠤᠳᠠᠯ ᠪᠣᠯᠤᠨ᠎ᠠ᠃
ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠳᠤ᠂ ᠨᠢᠭᠡᠨ ᠰᠠᠯᠠᠭ᠎ᠠ 《ᠬᠤᠪᠢᠯᠭᠠᠨ ᠣᠩᠭᠣᠴᠠ ᠵᠢᠨ ᠠᠶᠠᠯᠠᠯ ᠢ᠋ ᠬᠠᠮᠠᠭᠠᠯᠠᠬᠤ》 ᠡᠷᠦᠬᠡ᠎ᠶ᠋ᠢᠨ ᠴᠡᠷᠢᠭ᠎ᠦᠨ ᠬᠤᠪᠢᠶᠠᠷᠢ ᠠᠩᠬᠢ ᠪᠠᠢᠩᠭᠤ ᠥᠷᠭᠡᠨ ᠠᠭᠤᠳᠠᠮ ᠭᠣᠪᠢ ᠨᠤᠲᠤᠭ ᠪᠣᠯᠤᠨ ᠡᠯᠡᠰᠦᠨ ᠴᠦᠯ᠎ᠦᠨ ᠬᠣᠭᠣᠷᠣᠨᠳᠣ ᠶᠠᠪᠤᠵᠤ ᠡᠬᠦᠷᠬᠡ ᠬᠦᠢᠴᠡᠳᠬᠡᠵᠦ ᠪᠠᠢᠨ᠎ᠡ᠃ 9 ᠰᠠᠷ᠎ᠠ᠎ᠶ᠋ᠢᠨ 3᠎ᠤ᠋ ᠡᠳᠦᠷ᠂ ᠬᠤᠪᠢᠶᠠᠷᠢ ᠠᠩᠬᠢ ᠵᠢᠨ ᠭᠡᠱᠢᠭᠦᠳ ᠬᠤᠷᠠᠯ᠎ᠤᠨ ᠬᠡᠷ᠎ᠲᠡᠬᠡᠨ ᠴᠤᠭ᠍ᠯᠠᠷᠠᠵᠤ᠂ ᠳᠤᠷᠠᠰᠭᠠᠬᠤ ᠶᠡᠬᠡ ᠬᠤᠷᠠᠯ᠎ᠢ ᠪᠥᠬᠥ᠌ ᠶᠠᠪᠤᠴᠠ᠎ᠪᠠᠷ ᠨᠢ ᠭᠥᠯᠢᠶᠡᠨ ᠠᠪᠴᠤ᠌ ᠰᠤᠨᠢᠷᠬᠠᠪᠠ᠃ ᠣᠯᠠᠨ᠎ᠢᠶᠠᠷ᠎ᠢᠶᠠᠨ᠂ ᠬᠤᠪᠢᠯᠭᠠᠨ ᠣᠩᠭᠣᠴᠠ᠎ᠶ᠋ᠢ ᠬᠠᠷᠪᠤᠵᠤ ᠪᠤᠴᠠᠭᠠᠨ ᠠᠪᠴᠢᠷᠠᠬᠤ ᠡᠭᠦᠷᠭᠡ᠎ᠶ᠋ᠢ ᠪᠠᠲᠤᠯᠠᠬᠤ ᠡᠮᠦᠨ᠎ᠡ ᠹᠷᠣᠨᠲ᠎ᠤᠨ ᠡᠷᠦᠬᠡ᠎ᠶ᠋ᠢᠨ ᠴᠡᠷᠢᠭ ᠪᠣᠯᠤᠭ᠍ᠰᠠᠨ᠎ᠤ ᠬᠤᠪᠢ᠎ᠳᠤ᠂ ᠶᠠᠫᠣᠨ᠎ᠢ ᠡᠰᠡᠷᠭᠦᠴᠡᠬᠦ᠌ ᠲᠡᠢᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠡᠳᠦᠷ ᠲᠤᠲᠤᠮ᠎ᠤᠨ ᠲᠡᠢᠨ᠎ᠦ ᠪᠡᠯᠡᠳᠭᠡᠯ᠎ᠦᠨ ᠪᠣᠯᠪᠠᠰᠤᠷᠠᠯᠳ᠋ᠠᠭᠠᠨ ᠠᠭᠤᠰᠤᠯᠴᠠᠭᠤᠯᠵᠤ᠂ ᠡᠭᠦᠷᠭᠡ ᠪᠡᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠡᠷᠦᠬᠡ᠎ᠶ᠋ᠢᠨ ᠴᠡᠷᠢᠭ᠎ᠦᠨ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
ᠵᠢᠵᠢᠭᠦᠷᠯᠡᠬᠦ᠌ ᠡᠮᠦᠨ᠎ᠡ ᠹᠷᠣᠨᠲ᠎ᠲᠤ᠂ ᠳᠠᠷᠤᠭ᠎ᠠ ᠪᠠᠢᠯᠳᠤᠭ᠍ᠴᠢᠳ ᠶᠠᠫᠣᠨ᠎ᠢ ᠡᠰᠡᠷᠭᠦᠴᠡᠬᠦ᠌ ᠲᠠᠢ᠌ᠨ᠎ᠦ ᠵᠣᠷᠢᠭ ᠰᠠᠨᠠᠭ᠎ᠠ᠎ᠶ᠋ᠢ ᠠᠮᠤᠷ ᠲᠦᠪᠱᠢᠨ᠎ᠢ ᠬᠠᠮᠠᠭᠠᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃ 《ᠳᠤᠷᠠᠰᠭᠠᠬᠤ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠡᠨ ᠠᠪᠴᠤ᠌ ᠦᠵᠡᠭ᠌ᠰᠡᠨ᠎ᠦ ᠳᠠᠷᠠᠭ᠎ᠠ᠂ ᠡᠭᠦᠷᠭᠡ ᠦᠩᠬᠡ ᠬᠡᠷᠡᠯᠳᠡᠢ᠂ ᠬᠦᠨᠳᠤ ᠬᠠᠷᠢᠭᠤᠴᠠᠯᠭ᠎ᠠ ᠮᠥᠷᠥᠨ ᠳᠡᠭᠡᠷ᠎ᠡ ᠪᠠᠢᠨ᠎ᠠ ᠬᠡᠳᠡᠭ᠎ᠢ ᠪᠢ ᠭᠦᠨᠵᠡᠭᠡᠢ ᠮᠡᠳᠡᠷᠡᠪᠡ》᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠤᠯᠠᠭᠠᠨᠴᠠᠪ᠎ᠤᠨ ᠰᠠᠯᠪᠤᠷᠢ ᠠᠩᠬᠢ᠎ᠶ᠋ᠢᠨ ᠨᠢᠭᠡᠨ ᠶᠡᠬᠡ ᠠᠩᠬᠢ᠎ᠶ᠋ᠢᠨ ᠪᠠᠢᠯᠳᠤᠭ᠍ᠴᠢ ᠽᠸᠤ ᠴᠢᠨ ᠯᠸ᠂ ᠵᠢᠵᠢᠭᠦᠷᠯᠡᠬᠦ ᠪᠣᠯ ᠳᠠᠷᠤᠢ ᠪᠠᠢᠯᠳᠤᠭᠠᠨ ᠮᠥᠨ᠂ ᠠᠵᠢᠯ᠎ᠤᠨ ᠪᠠᠢᠷᠢ ᠪᠣᠯ ᠳᠠᠷᠤᠢ ᠲᠠᠢ᠌ᠨ᠎ᠦ ᠲᠠᠯᠠᠪᠤᠷ ᠮᠥᠨ ᠭᠡᠳᠡᠭ᠎ᠢ ᠢᠮᠠᠭ᠍ᠲᠠ ᠪᠠᠲᠤ ᠴᠡᠭᠡᠵᠢᠯᠡᠵᠦ᠍᠂ ᠤᠳᠠᠭ᠎ᠠ ᠪᠦᠷᠢ᠎ᠶ᠋ᠢᠨ ᠴᠠᠭ᠍ᠳᠠᠨ ᠪᠠᠢᠴᠠᠭᠠᠯᠲᠠ᠂ ᠤᠳᠠᠭ᠎ᠠ ᠪᠦᠷᠢ᠎ᠶ᠋ᠢᠨ ᠰᠡᠷᠭᠡᠢᠯᠡᠯᠲᠡ᠎ᠶ᠋ᠢ ᠴᠥᠮ ᠪᠣᠳᠠᠲᠤ ᠪᠠᠢᠯᠳᠤᠭᠠᠨ᠎ᠢᠶᠠᠷ ᠦᠵᠡᠵᠦ᠍᠂ ᠫᠤᠤᠳᠠᠯᠭ᠎ᠠ᠂ ᠪᠠᠢᠯᠳᠤᠬᠤ ᠠᠷᠭ᠎ᠠ᠂ ᠲᠠᠮᠢᠷ ᠲᠡᠩᠬᠡᠭᠡ ᠵᠡᠷᠭᠡ ᠦᠨᠳᠦᠰᠦᠨ ᠴᠢᠳᠠᠪᠤᠷᠢ᠎ᠪᠠᠨ ᠪᠣᠯᠪᠠᠰᠤᠷᠠᠭᠤᠯᠵᠤ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠠ ᠭᠡᠵᠦ᠍ ᠡᠷᠡᠰ ᠪᠠᠲᠤ ᠢᠯᠡᠳᠭᠡᠪᠡ᠃
ᠵᠡᠪᠰᠡᠭ ᠲᠣᠨᠣᠭ᠍ᠯᠠᠯ ᠪᠣᠯ ᠴᠡᠷᠢᠭ ᠠᠩᠭᠢ᠎ᠶ᠋ᠢᠨ ᠲᠠᠢ᠌ᠴᠢᠨ ᠬᠦᠴᠦᠨ᠎ᠦ ᠴᠢᠬᠤᠯᠠ ᠪᠦᠷᠢᠯᠳᠦᠬᠦᠨ ᠬᠡᠰᠡᠭ ᠮᠥᠨ᠃ ᠤᠯᠠᠭᠠᠨᠬᠠᠳᠠ ᠬᠣᠲᠠ᠎ᠶ᠋ᠢᠨ ᠡᠷᠦᠬᠡ᠎ᠶ᠋ᠢᠨ ᠴᠡᠷᠢᠭ᠎ᠦᠨ ᠲᠣᠨᠣᠭ᠍ᠯᠠᠯ᠎ᠤᠨ ᠬᠥᠮᠥᠷᠭᠡ᠎ᠶ᠋ᠢᠨ ᠠᠵᠢᠯᠲᠠᠨ ᠯᠢᠦ ᠱᠧᠩ ᠣᠯᠤᠯᠲᠠ ᠲᠥᠷᠥᠭ᠌ᠳᠡᠯᠤᠨᠢᠶᠡᠨ ᠲᠤᠬᠠᠢ᠂ ᠡᠷᠦᠬᠡ᠎ᠶ᠋ᠢᠨ ᠴᠡᠷᠢᠭ᠎ᠦᠨ ᠲᠣᠨᠣᠭ᠍ᠯᠠᠯ᠎ᠤᠨ ᠬᠥᠮᠥᠷᠭᠡ᠎ᠶ᠋ᠢᠨ ᠠᠵᠢᠯ ᠨᠢ ᠦᠵᠡᠬᠦ᠌᠎ᠳᠦ ᠡᠭᠡᠯ ᠵᠢᠷ᠎ᠦᠨ ᠪᠣᠯᠪᠠᠴᠤ᠌ ᠬᠠᠷᠢᠭᠤᠴᠠᠯᠭ᠎ᠠ ᠬᠦᠨᠳᠦ ᠶᠡᠬᠡ ᠶᠤᠮ᠃ ᠡᠷᠬᠡᠪᠰᠢ ᠨᠢᠭ᠍ᠲᠠ᠎ᠡᠴᠡ ᠨᠢᠭ᠍ᠲᠠ ᠪᠠᠢᠬᠤ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠥᠮᠥᠷᠭᠡ᠎ᠳᠦ ᠢᠯᠡᠭᠦᠦ ᠣᠷᠣᠵᠦ᠂ ᠪᠠᠢᠩᠭᠤ ᠲᠣᠭᠠᠯᠠᠨ ᠪᠦᠷᠢᠳᠭᠡᠵᠦ᠂ ᠦᠷᠭᠦᠯᠵᠢ ᠠᠷᠠᠴᠢᠯᠠᠨ ᠬᠠᠮᠠᠭᠠᠯᠠᠬᠤ᠎ᠶ᠋ᠢ ᠪᠠᠷᠢᠮᠲᠠᠯᠠᠵᠤ᠂ ᠲᠤᠨᠤᠬᠯᠠᠯ ᠨᠢᠬᠡ ᠪᠦᠷᠢ ᠵᠢ ᠲᠤᠳᠤᠷᠬᠠᠢ ᠪᠦᠷᠢᠳᠭᠡᠨ ᠴᠡᠬᠡᠵᠢᠯᠠᠵᠤ᠂ ᠠᠯᠳᠠᠬᠳᠠᠯ ᠦᠭᠡᠢ ᠪᠠᠢᠴᠠᠭᠠᠬᠤ᠎ᠶ᠋ᠢ ᠪᠡᠶᠡᠯᠡᠭᠦᠯᠵᠦ᠍᠂ ᠵᠡᠪᠰᠡᠭ ᠲᠣᠨᠣᠭ᠍ᠯᠠᠯ ᠴᠠᠭ ᠢᠮᠠᠭ᠍ᠲᠠ ᠰᠠᠢ᠌ᠨ ᠰᠠᠢᠬᠠᠨ ᠲᠠᠢ᠌ᠨ᠎ᠦ ᠪᠡᠯᠡᠳᠭᠡᠯ᠎ᠦᠨ ᠪᠠᠢᠳᠠᠯ᠎ᠳᠤ ᠪᠠᠢᠬᠤ᠎ᠶ᠋ᠢ ᠦᠨᠡᠨ ᠬᠦ᠌ ᠪᠠᠲᠤᠯᠠᠨ᠎ᠠ ᠭᠡᠵᠦ ᠪᠢᠴᠢᠪᠡ᠃
ᠤᠮᠠᠷᠠᠲᠤ ᠬᠢᠯᠢ᠎ᠳᠦ ᠪᠢ ᠪᠤᠢ ᠡᠬᠦᠷᠢᠳᠡ ᠦᠨᠡᠨᠴᠢ ᠱᠢᠳᠤᠷᠭᠤ
ᠴᠡᠷᠢᠭ᠎ᠠᠩᠬᠢ ᠵᠢ ᠱᠢᠯᠭᠠᠨ ᠦᠵᠡᠬᠦ᠌ ᠲᠠᠯᠠᠪᠠᠢ᠎ᠳᠤ᠂ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠶ᠋ᠢᠨ ᠠᠯᠬᠤᠭ᠎ᠠ ᠵᠢᠭ᠌ᠳᠡ᠂ ᠴᠤᠭ ᠪᠠᠳᠠᠷᠠᠨᠭᠭᠤᠢ ᠪᠠᠢᠵᠤ᠂ ᠱᠢᠨ᠎ᠡ ᠮᠠᠶᠢᠭ᠎ᠤᠨ ᠵᠡᠪᠰᠡᠭ ᠲᠣᠨᠣᠭ᠍ᠯᠠᠯ ᠰᠦᠷ ᠵᠢᠪᠬᠤᠭ᠎ᠠ᠎ᠲᠠᠶ ᠵᠢᠭ᠍ᠰᠠᠵᠤ᠂ ᠬᠥᠮᠦᠰ᠎ᠦᠨ ᠰᠡᠳᠭᠢᠯ᠎ᠢ ᠡᠷᠬᠡ ᠦᠬᠡᠢ ᠳᠣᠭ᠍ᠳᠣᠯᠤᠭᠤᠯᠤᠨ᠎ᠠ᠃ ᠱᠢᠭᠤᠳ ᠨᠡᠪᠲᠡᠷᠡᠭᠦᠯᠭᠡ ᠡᠴᠡ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ ᠱᠢᠯᠭᠠᠨ ᠦᠵᠡᠬᠦ᠌᠎ᠶ᠋ᠢ ᠬᠦᠯᠢᠶᠡᠬᠦ᠌ ᠦᠪᠡᠳᠡᠭᠰᠢ ᠪᠠᠢᠳᠠᠯ᠎ᠢ ᠬᠠᠷᠠᠬᠤ ᠦᠶ᠎ᠡ᠎ᠳᠦ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ᠂ ᠰᠤᠷᠤᠯᠴᠠᠯᠭ᠎ᠠ᠎ᠶ᠋ᠢᠨ ᠲᠠᠰᠤᠭ᠎ᠲᠤ ᠨᠢᠵᠢᠭᠢᠨᠡᠲᠡᠯ᠎ᠡ ᠠᠯᠠᠭ᠎ᠠ ᠲᠠᠱᠢᠬᠤ ᠲᠠᠭᠤᠨ ᠦᠷᠬᠦᠯᠵᠢᠯᠡᠨ᠎ᠡ᠃ ᠣᠯᠠᠨ᠎ᠢᠶᠠᠷ᠎ᠢᠶᠠᠨ᠂ ᠱᠢᠯᠭᠠᠨ ᠦᠵᠡᠬᠦ᠌᠎ᠶ᠋ᠢ ᠬᠦᠯᠢᠶᠡᠬᠦ᠌ ᠳᠠᠷᠤᠭ᠎ᠠ ᠪᠠᠢᠯᠳᠤᠭ᠍ᠴᠢ᠎ᠪᠠᠷ ᠳᠠᠭᠤᠷᠢᠶᠠᠯ ᠪᠣᠯᠭᠠᠵᠤ᠂ ᠠᠵᠢᠯ᠎ᠤᠨ ᠪᠠᠢᠷᠢ ᠪᠠᠨ ᠪᠠᠢᠯᠳᠤᠭᠠᠨ᠎ᠤ ᠪᠠᠢᠷᠢ ᠪᠡᠷ ᠦᠵᠡᠵᠤ᠂ ᠪᠣᠯᠪᠠᠰᠤᠷᠠᠯ᠎ᠢ ᠪᠣᠳᠠᠲᠤ ᠪᠠᠢᠯᠳᠤᠭᠠᠨ᠎ᠢᠶᠡᠷ ᠦᠵᠡᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨᠴᠢ ᠱᠢᠳᠤᠷᠭᠤ᠎ᠪᠠᠷ ᠪᠠᠲᠤ ᠴᠣᠭ᠍ᠴᠠᠯᠠᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
《ᠳᠤᠷᠠᠰᠭᠠᠬᠤ ᠶᠡᠬᠡ ᠬᠤᠷᠠᠯ᠎ᠢ ᠦᠵᠡᠭᠡᠳ᠂ ᠪᠢ 〈ᠦᠨᠡᠨᠴᠢ ᠱᠢᠳᠤᠷᠭᠤ〉 ᠭᠡᠬᠦ᠌ ᠦᠭᠡ᠎ᠶ᠋ᠢᠨ ᠬᠦᠨᠳᠦᠴᠡ᠎ᠶ᠋ᠢ ᠨᠡᠩ ᠭᠦᠨᠵᠡᠭᠡᠢ ᠣᠢᠯᠠᠭᠠᠪᠠ᠃ ᠨᠢᠭᠡᠨ ᠵᠢᠵᠢᠭᠦᠷᠯᠡᠬᠦ᠌ ᠬᠠᠷᠠᠭᠤᠯ᠎ᠤᠨ ᠴᠡᠷᠢᠭ ᠪᠣᠯᠤᠭ᠍ᠰᠠᠨ᠎ᠤ ᠬᠤᠪᠢ᠎ᠳᠤ᠂ ᠪᠢ ᠥᠪᠡᠷ᠎ᠦᠨ ᠡᠭᠦᠷᠭᠡᠯᠡᠵᠦ᠍ ᠪᠠᠢᠭ᠎ᠠ ᠬᠠᠷᠢᠭᠤᠴᠠᠯᠭ᠎ᠠ ᠬᠦᠨᠳᠦ ᠶᠡᠬᠡ ᠪᠥᠭᠡᠳ ᠡᠭᠦᠷᠭᠡ ᠬᠠᠲᠠᠭᠤ ᠪᠡᠷᠬᠡ ᠬᠡᠳᠡᠭ᠎ᠢ ᠭᠦᠨᠵᠡᠭᠡᠢ ᠣᠢᠯᠠᠭᠠᠵᠤ ᠪᠠᠢᠨ᠎ᠠ᠃ ᠭᠤᠷᠪᠠᠨ ᠲᠣᠬᠣᠢ ᠬᠠᠷᠠᠭᠤᠯ᠎ᠤᠨ ᠲᠠᠢᠰᠠ ᠪᠣᠯ ᠮᠢᠨᠦ᠍ ᠳᠠᠢᠨ᠎ᠤ ᠲᠠᠯᠠᠪᠤᠷ ᠮᠦᠨ》᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠱᠢᠯᠢ᠎ᠶ᠋ᠢᠨ ᠭᠤᠤᠯ᠎ᠤᠨ ᠰᠠᠯᠪᠤᠷᠢ ᠠᠩᠭᠢ᠎ᠶ᠋ᠢᠨ ᠨᠢᠭᠡᠨ ᠳᠤᠮᠳᠠ ᠠᠩᠭᠢ᠎ᠶ᠋ᠢᠨ ᠪᠠᠢᠯᠳᠤᠭ᠍ᠴᠢ ᠯᠢ ᠱᠢᠩ ᠶᠦᠩ᠂ ᠢᠮᠠᠭ᠍ᠲᠠ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠬᠠᠷᠢᠭᠤᠴᠠᠯᠭ᠎ᠠ ᠡᠭᠦᠷᠭᠡᠯᠡᠯ᠎ᠢᠶᠡᠷ ᠢᠯᠠᠯᠲᠠ ᠤᠯᠬᠤ ᠴᠢᠳᠠᠪᠤᠷᠢ᠎ᠪᠠᠨ ᠬᠠᠲᠠᠭᠤᠵᠢᠯᠲᠠᠶ ᠪᠣᠯᠪᠠᠰᠤᠷᠠᠵᠤ᠂ ᠠᠵᠢᠯ᠎ᠤᠨ ᠪᠠᠢᠷᠢ᠎ᠪᠠᠨ ᠪᠠᠳᠤ ᠰᠠᠬᠢᠵᠤ᠂ ᠵᠠᠯᠠᠭᠤ ᠨᠠᠰᠤ ᠪᠠ ᠬᠠᠯᠠᠭᠤᠨ ᠴᠢᠰᠤ᠎ᠪᠠᠷ᠎ᠢᠶᠠᠨ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠨ᠎ᠠ ᠭᠡᠵᠤ ᠢᠯᠡᠳᠭᠡᠪᠡ᠃
ᠪᠠᠢᠯᠳᠤᠭᠠᠨ᠎ᠤ ᠲᠤᠭ ᠨᠠᠮᠢᠷᠠᠵᠤ᠂ ᠬᠦᠴᠦᠲᠦ ᠴᠡᠷᠢᠭ ᠤᠷᠤᠭᠰᠢᠯᠠᠨ᠎ᠠ᠃ ᠳᠤᠷᠠᠰᠭᠠᠬᠤ ᠶᠡᠬᠡ ᠬᠤᠷᠠᠯ᠎ᠤᠨ ᠱᠢᠭᠤᠳ ᠨᠡᠪᠲᠡᠷᠡᠭᠦᠯᠭᠡ᠎ᠳᠦ ᠱᠢᠯᠭᠠᠨ ᠦᠵᠡᠬᠦ᠌ ᠶᠣᠰᠣᠯᠠᠯ᠎ᠤᠨ ᠲᠤᠭ᠎ᠤᠨ ᠵᠢᠭ᠍ᠰᠠᠭᠠᠯ᠎ᠤᠨ ᠡᠨᠭᠨᠡᠭᠡ ᠲᠢᠶᠠᠨ ᠠᠨ ᠮᠸᠨ ᠠᠰᠠᠷ᠎ᠢᠶᠠᠷ ᠥᠩᠭᠡᠷᠡᠬᠦ᠌ᠦᠶᠠ ᠳ᠋ᠤ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠪᠤᠭᠤᠲᠤ᠎ᠶ᠋ᠢᠨ ᠰᠠᠯᠪᠤᠷᠢ ᠠᠩᠬᠢ᠎ᠶ᠋ᠢᠨ ᠨᠢᠭᠡᠨ ᠳᠤᠮᠳᠠ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠶᠡᠬᠡᠳᠡ ᠵᠣᠷᠢᠭ᠍ᠵᠢᠪᠠ᠃ ᠳᠤᠷᠠᠰᠭᠠᠬᠤ ᠶᠡᠬᠡ ᠬᠤᠷᠠᠯ ᠲᠡᠭᠦᠰᠦᠭ᠌ᠰᠡᠨ᠎ᠦ ᠲᠠᠷᠠᠭ᠎ᠠ᠂ ᠲᠤᠰ ᠳᠤᠮᠳᠠ ᠠᠩᠬᠢ᠎ᠶ᠋ᠢᠨ ᠬᠢᠨ ᠲᠡᠷᠡ ᠳᠠᠷᠤᠢ᠎ᠳᠤ᠎ᠨᠢ 《ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠡᠴᠡ ᠶᠠᠭᠤ ᠰᠤᠷᠬᠤ ᠪᠤᠢ》 ᠭᠡᠬᠦ᠌ ᠲᠤᠰᠭᠠᠢ ᠰᠡᠳᠦᠪᠲᠦ ᠶᠠᠷᠢᠯᠴᠠᠭ᠎ᠠ᠎ᠶ᠋ᠢ ᠵᠣᠬᠢᠶᠠᠨ ᠪᠠᠢᠭᠤᠯᠪᠠ᠃ ᠳᠠᠷᠤᠭ᠎ᠠ ᠪᠠᠢᠯᠳᠤᠭ᠍ᠴᠢᠳ᠂ ᠨᠡᠩ ᠥᠨᠳᠥᠷ ᠪᠠᠷᠢᠮᠵᠢᠶ᠎ᠠ᠎ᠪᠠᠷ ᠢᠯᠠᠯᠲᠠ ᠤᠯᠬᠤ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠨᠡᠩ ᠴᠢᠩᠭ᠎ᠠ ᠱᠠᠭᠠᠷᠳᠠᠯᠭ᠎ᠠ᠎ᠪᠠᠷ ᠰᠥᠰᠥ᠍ ᠵᠣᠷᠢᠭ᠎ᠢᠶᠠᠨ ᠳᠠᠪᠲᠠᠨ ᠪᠣᠯᠪᠠᠰᠤᠷᠠᠭᠤᠯᠵᠤ᠂ ᠨᠡᠩ ᠪᠣᠳᠠᠲᠠᠢ ᠰᠤᠷᠲᠠᠯ᠎ᠢᠶᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠮ᠎ᠤᠨ ᠵᠢᠯᠤᠭᠤᠳᠤᠯᠭ᠎ᠠ᠎ᠶ᠋ᠢ ᠡᠷᠡᠰ ᠲᠠᠭᠠᠵᠤ᠂ ᠤᠮᠠᠷᠠᠲᠤ ᠬᠢᠯᠢ᠎ᠶ᠋ᠢᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃