ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠭ᠍ᠯᠠᠭ᠍ᠳᠠᠰᠢ ᠦᠭᠡᠢ
2025-09-06 11:18:49
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠶ ᠥᠭᠦᠯᠡᠬᠦ᠌ ᠨᠢ


9 ᠰᠠᠷ᠎ᠠ᠎ᠶ᠋ᠢᠨ 3 ᠤ᠋ ᠦᠳᠡ᠎ᠶ᠋ᠢᠨ ᠡᠮᠦᠨ᠎ᠡ᠂ ᠪᠡᠭᠡᠵᠢᠩ᠎ᠦᠨ ᠲᠢᠶᠠᠨ ᠠᠨ ᠮᠸᠨ ᠲᠠᠯᠠᠪᠠᠶ᠎ᠳᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠤᠯᠤᠰ᠎ᠳᠠᠶᠠᠭᠠᠷ᠎ᠢᠶᠡᠨ ᠲᠤᠷᠠᠰᠬᠠᠵᠤ᠂ ᠳᠡᠯᠡᠬᠡᠢ ᠳ᠋ᠠᠬᠢᠨ ᠤ᠋ ᠠᠩᠬᠠᠷᠤᠯ ᠢ᠋ ᠳᠠᠳᠠᠪᠠ᠂ ᠡᠨᠡ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠪᠦᠬᠦ᠌ ᠳᠡᠯᠡᠬᠡᠢ᠎ᠶ᠋ᠢᠨ ᠡᠩᠭᠡ ᠲᠠᠢᠪᠤᠩ᠎ᠢ ᠡᠷᠬᠢᠮᠯᠡᠳᠡᠭ ᠠᠯᠢᠪᠠ ᠤᠯᠤᠰ ᠪᠠ ᠠᠷᠠᠳ ᠲᠦᠮᠡᠨ᠎ᠦ ᠪᠠᠶᠠᠷ᠎ᠤᠨ ᠡᠳᠦᠷ ᠮᠥᠨ᠃

《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ!》᠂ ᠶᠡᠷᠦᠩᠬᠡᠢ ᠱᠦᠵᠢ ᠰᠢ ᠵᠢᠨ ᠫᠢᠩ᠎ᠦᠨ ᠲᠥᠪ ᠴᠢᠩᠭ᠎ᠠ ᠲᠤᠩᠬᠠᠭ᠍ᠯᠠᠯ ᠨᠢ ᠲᠡᠦᠬᠡ᠂ ᠤᠳᠤ ᠪᠠ ᠢᠷᠡᠭᠡᠳᠦᠢ ᠵᠢ ᠬᠤᠯᠪᠤᠨ ᠦᠬᠦᠯᠡᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠡᠷᠡᠰ ᠪᠠᠲᠤ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠳᠡᠯᠡᠬᠡᠢ᠎ᠶ᠋ᠢᠨ ᠠᠷᠠᠳ ᠲᠦᠮᠡᠨ᠎ᠦ ᠬᠠᠮᠲᠤ᠎ᠶ᠋ᠢᠨ ᠰᠡᠳᠭᠢᠯ᠎ᠦᠨ ᠲᠠᠭᠤᠨ᠎ᠢ ᠬᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠥᠯᠥᠭᠡ ᠲᠡᠮᠡᠴᠡᠬᠦ᠌ ᠰᠦᠷ ᠳᠠᠯᠠᠢᠴᠠᠲᠠᠢ ᠠᠤᠭ᠎ᠠ ᠬᠦᠴᠦᠨ᠎ᠢ ᠬᠥᠭ᠌ᠵᠢᠭᠡᠵᠡᠢ᠃

3 ᠡᠭ᠌ᠴᠡ ᠪᠤᠰᠬᠤ ᠨᠢᠰᠭᠡᠯ 《ᠱᠢᠳᠤᠷᠭᠤ ᠶᠣᠰᠣ ᠯᠠᠪᠲᠠᠢ ᠢᠯᠠᠨ᠎ᠠ》᠂ 《ᠡᠩᠬᠡ ᠲᠠᠢᠪᠤᠩ ᠯᠠᠪᠲᠠᠢ ᠢᠯᠠᠨ᠎ᠠ 》᠂ 《ᠠᠷᠠᠳ ᠲᠦᠮᠡᠨ ᠯᠠᠪᠲᠠᠢ ᠢᠯᠠᠨ᠎ᠠ》 ᠭᠡᠬᠦ᠌ ᠪᠢᠴᠢᠭᠡᠰᠦ ᠵᠢ ᠡᠯᠭᠦᠨ ᠤᠬᠳᠠᠷᠭᠤᠢ ᠪᠡᠷ ᠨᠢᠰᠦᠨ ᠥᠩᠭᠡᠷᠡᠬᠦ᠌ ᠦᠶ᠎ᠡ᠎ᠳᠦ᠂ 22 ᠵᠡᠪᠰᠡᠭ ᠲᠣᠨᠣᠭ᠍ᠯᠠᠯ᠎ᠤᠨ ᠵᠢᠭ᠍ᠰᠠᠭᠠᠯ ᠤ᠋ᠨ ᠡᠩᠨᠡᠭᠡ ᠵᠢᠩᠭᠢᠨᠢ ᠪᠠᠢ᠌ᠯᠳᠤᠭᠠᠨ ᠤ᠋ ᠬᠠᠮᠲᠤᠷᠠᠭ᠍ᠰᠠᠨ ᠳᠤᠭᠤᠢᠯᠠᠩ ᠶᠣᠰᠣᠭᠠᠷ ᠰᠦᠷ ᠳᠠᠯᠠᠢᠴᠠᠲᠠᠢ ᠬᠦᠷᠴᠦ᠍ ᠢᠷᠡᠬᠦ᠌ ᠦᠶ᠎ᠡ᠎ᠳᠦ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠬᠠᠮᠠᠳ ᠴᠡᠷᠢᠭ ᠵᠠᠯᠠᠭᠤ ᠪᠠᠢᠯᠳᠤᠭ᠍ᠴᠢᠳ᠎ᠤᠨ ᠠᠯᠬᠤᠭ᠎ᠠ ᠡᠴᠡ ᠰᠡᠷᠭᠦᠨ ᠮᠠᠨᠳᠤᠯᠲᠠ᠎ᠶ᠋ᠢᠨ ᠢᠳᠡᠷᠡᠭᠦᠨ ᠠᠯᠬᠤᠭ᠎ᠠ ᠵᠢᠨ ᠳᠠᠭᠤᠨ ᠢ᠋ ᠣᠯᠵᠤ ᠰᠣᠨᠣᠰᠭᠤ ᠦᠶ᠎ᠡ᠎ᠳᠦ ᠁ ᠪᠢᠳᠡ ᠦᠷᠡᠭ᠌ᠳᠡᠭ᠌ᠰᠡᠨ ᠪᠠᠭᠠᠲᠤᠷᠴᠤᠳ ᠵᠢᠡᠨ ᠤᠮᠤᠭᠰᠢᠯᠳᠠᠢ ᠪᠡᠷ ᠲᠠᠢᠳᠭᠤᠷᠠᠭᠤᠯᠵᠤ ᠪᠣᠯᠤᠨ᠎ᠠ ᠄ ᠶᠠᠮᠠᠷᠪᠠ ᠬᠦᠴᠢᠷ ᠪᠡᠷᠬᠡᠱᠢᠶᠡᠯ ᠬᠠᠷᠰᠢ ᠰᠠᠭᠠᠳ ᠭᠡᠳ ᠮᠠᠨ᠎ᠤ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠠᠬᠢᠭᠤᠯᠬᠤ ᠲᠡᠦᠬᠡᠨ ᠠᠬᠢᠴᠠ᠎ᠶ᠋ᠢ ᠬᠣᠷᠢᠭ᠍ᠯᠠᠵᠤ ᠳᠡᠢᠯᠬᠦ᠌ ᠦᠭᠡᠢ !

ᠥᠨᠥᠳᠦᠷ ᠬᠥᠮᠦᠰ᠂ ᠲᠤᠬᠠᠢ᠎ᠶ᠋ᠢᠨ ᠵᠢᠯ᠎ᠳᠦ ᠳᠤᠮᠳᠠᠳᠤ ᠤᠯᠤᠰ ᠶᠠᠳᠠᠭᠤ ᠪᠠᠭᠤᠷᠠᠢ ᠪᠠᠢᠭ᠍ᠰᠠᠨ ᠪᠠᠢᠲᠠᠯ᠎ᠠ ᠪᠠᠨ ᠳᠤᠮᠳᠠᠳᠤ ᠤᠯᠤᠰ᠎ᠤᠨ ᠠᠷᠠᠳ ᠲᠦᠮᠡᠨ ᠶᠠᠭᠠᠬᠢᠭᠠᠳ ᠲᠤᠢᠯ᠎ᠤᠨ ᠬᠠᠷᠭᠢᠰ ᠬᠡᠷᠴᠡᠭᠡᠢ ᠶᠠᠫᠣᠨ᠎ᠤ ᠴᠡᠷᠢᠭ᠌ᠯᠡᠬᠦ᠌ ᠦᠵᠡᠯ᠎ᠦᠨ ᠲᠦᠷᠢᠮᠡᠬᠡᠢᠯᠡᠭ᠌ᠴᠢᠳ᠎ᠢ ᠢᠯᠠᠵᠤ᠂ ᠤᠢ᠍ᠢᠷ᠎ᠠ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭᠰᠡᠨ ᠠᠩᠬ᠎ᠠ ᠤᠳᠠᠭ᠎ᠠ ᠵᠢᠨ ᠪᠦᠷᠢᠨ ᠢᠯᠠᠯᠲᠠ᠎ᠶ᠋ᠢ ᠣᠯᠵᠤ ᠴᠢᠳᠠᠭ᠍ᠰᠠᠨ ᠪᠤᠢ? ᠭᠡᠵᠤ ᠲᠡᠤᠬᠡ ᠡᠴᠡ ᠠᠰᠠᠭᠤᠨ᠎ᠠ᠃

ᠲᠡᠦᠬᠡ ᠠᠯᠢ ᠬᠡᠳᠦᠢᠨ ᠬᠠᠷᠢᠭᠤᠯᠲᠠ ᠥᠭ᠌ᠴᠡᠢ᠂ ᠪᠣᠳᠠᠲᠤ ᠠᠬᠤᠢ ᠡᠨᠡ ᠬᠦ᠌ ᠬᠠᠷᠢᠭᠤᠯᠲᠠ᠎ᠶ᠋ᠢ ᠠᠬᠢᠨ ᠲᠠᠬᠢᠨ ᠭᠡᠷᠡᠴᠢᠯᠡᠵᠤ ᠪᠤᠢ᠃

ᠳᠤᠮᠳᠠᠳᠤ ᠤᠯᠤᠰ᠎ᠤᠨ ᠡᠪ ᠬᠠᠮᠲᠤ ᠨᠠᠮ ᠴᠠᠭ᠎ᠤᠨ ᠪᠠᠢᠳᠠᠯ ᠳ᠋ᠤ ᠵᠤᠬᠢᠴᠠᠨ ᠮᠡᠨᠳᠦᠯᠡᠭᠰᠡᠨ ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠦ ᠦᠨᠳᠦᠰᠦᠲᠡᠨ᠎ᠦ ᠲᠤᠰᠠᠭᠠᠷ ᠲᠣᠭ᠍ᠲᠠᠨᠢᠯ᠂ ᠠᠷᠠᠳ ᠲᠦᠮᠡᠨ᠎ᠦ ᠴᠢᠯᠥᠭᠡᠯᠡᠯᠲᠡ ᠪᠠ ᠤᠯᠤᠰ ᠣᠷᠣᠨ᠎ᠤ ᠪᠠᠶᠠᠵᠢᠯ ᠬᠦᠴᠦᠷᠬᠡᠭ᠌ᠵᠢᠯ᠂ ᠠᠷᠠᠳ ᠲᠦᠮᠡᠨ᠎ᠦ ᠵᠣᠯ ᠵᠢᠷᠭᠠᠯ ᠵᠢᠡᠨ ᠡᠷᠢᠯᠬᠢᠯᠡᠬᠦ ᠲᠡᠮᠡᠴᠡᠯ ᠨᠢ ᠲᠦᠱᠢᠭ ᠲᠤᠯᠭᠠᠭᠤᠷᠢ᠎ᠲᠠᠶ ᠪᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠢᠭ᠍ᠰᠠᠨ ᠡᠴᠡ᠎ᠪᠠᠨ ᠰᠠᠨᠠᠭᠠᠴᠢᠯᠠᠭᠠᠳᠤ ᠪᠠᠢᠳᠠᠯ᠎ᠳᠤ ᠱᠢᠯᠵᠢᠪᠡ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠠᠴᠢᠯᠠᠨ ᠪᠠᠢᠭᠤᠯᠤᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ ᠤ᠋ᠨ ᠲᠤᠭ᠎ᠤᠨ ᠳᠣᠣᠷ᠎ᠠ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ ᠭᠠᠯᠲᠤ ᠠᠭᠤᠯᠠ ᠲᠡᠯᠪᠡᠷᠡᠭᠰᠡᠨ ᠮᠡᠲᠦ ᠣᠷᠭᠢᠯᠵᠤ᠂ ᠳᠠᠢᠰᠤᠨ᠎ᠤ ᠫᠤᠤ ᠲᠡᠢᠨ᠎ᠤ ᠭᠠᠯ᠎ᠤᠨ ᠳᠤᠮᠳᠠᠭᠤᠷ ᠤᠯᠤᠰ ᠬᠡᠷ ᠵᠢᠡᠨ ᠠᠶᠤᠯ ᠡᠴᠡ ᠠᠪᠤᠷᠠᠬᠤ ᠪᠡᠷ ᠭᠠᠪᠰᠢᠭᠠᠢᠯᠠᠨ ᠳᠠᠭᠠᠷᠢᠵᠤ᠂ ᠲᠦᠷᠢᠮᠡᠬᠡᠢᠯᠡᠭ᠌ᠴᠢᠳ᠎ᠲᠡᠶ ᠡᠴᠦᠰ᠎ᠲᠦᠨᠢ ᠲᠤᠯᠲᠠᠯ᠎ᠠ ᠴᠢᠰᠤᠳᠤ ᠪᠠᠢᠯᠳᠤᠭᠠᠨ ᠬᠢᠬᠦ ᠪᠡᠷ ᠰᠢᠳᠤ ᠵᠠᠭᠤᠵᠤ᠂ ᠠᠭᠤᠯᠠ ᠤᠰᠤ᠎ᠶ᠋ᠢ ᠳᠣᠩᠰᠣᠯᠭᠠᠭ᠍ᠰᠠᠨ ᠪᠠᠭᠠᠲᠤᠷᠯᠢᠭ ᠳᠠᠭᠤᠯᠠᠯ᠎ᠢ ᠬᠠᠩᠭᠢᠨᠠᠭᠤᠯᠪᠠ᠃

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠲᠤᠯᠭᠠᠭᠤᠷᠢ᠎ᠶ᠋ᠢᠨ ᠦᠢᠯᠡᠳᠦᠯ᠎ᠢᠶᠡᠨ ᠪᠠᠳᠠᠷᠠᠭᠤᠯᠤᠭ᠍ᠰᠠᠨ ᠠᠭᠤᠤ ᠶᠡᠬᠡ ᠢᠯᠠᠯᠲᠠ ᠮᠥᠨ᠂ ᠲᠡᠷᠡ ᠨᠢ ᠳᠤᠮᠳᠠᠳᠤ᠎ᠶ᠋ᠢᠨ ᠦᠨᠳᠦᠰᠦᠲᠡᠨ᠎ᠦ ᠤᠢ᠍ᠢᠷ᠎ᠠ ᠦᠶ᠎ᠡ᠎ᠡᠴᠡ ᠨᠠᠭᠠᠱᠢᠬᠢ ᠬᠦᠨᠳᠦ ᠨᠣᠴᠢᠲᠠᠢ ᠬᠢᠮᠤᠷᠠᠯ ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ᠎ᠳᠤ ᠲᠡᠦᠬᠡ᠎ᠶ᠋ᠢᠨ ᠡᠷᠭᠢᠯᠲᠡ᠎ᠶ᠋ᠢᠨ ᠴᠡᠭ᠎ᠢ ᠲᠣᠭ᠍ᠲᠠᠭᠠᠵᠤ᠂ ᠡᠷᠲᠡᠨ᠎ᠦ ᠳᠤᠮᠳᠠᠳᠤ ᠤᠯᠤᠰ᠎ᠤᠨ ᠬᠠᠳᠠᠭᠤ ᠰᠢᠯᠭᠠᠯᠳᠠ ᠵᠢ ᠲᠤᠭᠤᠯᠤᠨ᠂ ᠬᠠᠳᠠᠨ ᠪᠠᠳᠤ ᠪᠤᠯᠵᠤ ᠲᠠᠪᠳᠠᠬᠳᠠᠭᠰᠠᠨ ᠲᠡᠦᠬᠡ᠎ᠶ᠋ᠢᠨ ᠱᠢᠨ᠎ᠡ ᠠᠶᠠᠨ᠎ᠢ ᠡᠬᠢᠯᠡᠭᠦᠯᠦᠭ᠌ᠰᠡᠨ ᠪᠠᠢᠨ᠎ᠠ᠃

80 ᠵᠢᠯ᠎ᠦᠨ ᠲᠤᠷᠰᠢ᠂ ᠳᠤᠮᠳᠠᠳᠤ ᠤᠯᠤᠰ ᠲᠤ᠌ ᠲᠩᠷᠢ ᠭᠠᠵᠠᠷ᠎ᠢ ᠳᠣᠩᠰᠣᠯᠭᠠᠬᠰᠠᠨ ᠬᠤᠪᠢᠷᠠᠯᠲᠠ ᠭᠠᠷᠴᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ 《ᠬᠣᠶᠠᠷ ᠶᠡᠬᠡ ᠭᠠᠢᠬᠠᠮᠱᠢᠭ》 ᠢ᠋ ᠡᠭᠦᠳᠴᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢ ᠠᠮᠵᠢᠯᠲᠠ᠎ᠲᠠᠶ ᠨᠡᠭᠡᠭᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠶ᠋ᠢ ᠡᠭᠦᠳᠦᠨ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭᠰᠠᠨ᠎ᠡᠴᠡ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠨᠢ ᠬᠤᠷᠢᠬᠯᠠᠬᠳᠠᠰᠢ ᠦᠭᠡᠢ ᠲᠡᠦᠬᠡ᠎ᠶ᠋ᠢᠨ ᠠᠬᠢᠴᠠ᠎ᠳᠤ ᠣᠷᠣᠪᠠ᠃

ᠲᠡᠦᠬᠡ ᠭᠦᠢᠴᠡᠳ ᠬᠠᠷᠠᠭᠤᠯᠤᠭ᠍ᠰᠠᠨ ᠨᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠰᠠᠯᠬᠢ ᠪᠣᠷᠣᠭᠠᠨ ᠢᠷᠡᠬᠦ᠌ ᠦᠶ᠎ᠡ᠎ᠶ᠋ᠢᠨ ᠪᠦᠬᠦ᠌ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠱᠢᠭ ᠲᠤᠯᠭᠠᠭᠤᠷᠢ ᠮᠥᠨ᠂ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠨᠠᠮ ᠪᠣᠯᠤᠨ ᠠᠷᠠᠳ ᠲᠦᠮᠡᠨ ᠬᠠᠮᠲᠤ᠎ᠪᠠᠷ ᠴᠢᠷᠮᠠᠢᠵᠤ᠂ ᠬᠢᠵᠦ ᠪᠦᠲᠦᠭᠡᠵᠦ᠂ ᠲᠡᠮᠡᠴᠡᠵᠦ᠍ ᠪᠠᠢᠭᠠᠳ ᠣᠯᠤᠭ᠍ᠰᠠᠨ ᠶᠤᠮ᠂ ᠡᠨᠡ ᠨᠢ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠢᠴᠡᠳ ᠢᠯᠡᠷᠡᠭᠦᠯᠵᠡᠢ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠨᠠᠮ ᠪᠣᠯᠤᠨ ᠠᠷᠠᠳ ᠲᠦᠮᠡᠨ ᠢᠮᠠᠭ᠍ᠲᠠ ᠬᠠᠮᠲᠤ ᠵᠣᠭ᠍ᠰᠣᠵᠤ᠂ ᠬᠠᠮᠲᠤ ᠰᠡᠳᠬᠢᠵᠤ᠂ ᠬᠠᠮᠲᠤ ᠠᠵᠢᠯᠯᠠᠳᠠᠭ ᠯᠠ ᠶᠤᠮ ᠪᠣᠯ᠂ ᠶᠠᠮᠠᠷᠪᠠ ᠰᠠᠯᠬᠢ ᠳᠠᠪᠠᠯᠭᠠᠨ ᠭᠡᠳ ᠪᠢᠳᠡᠨ᠎ᠦ ᠬᠠᠳᠠᠨ ᠵᠣᠷᠢᠭ᠎ᠢ ᠭᠤᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠢᠷ ᠪᠡᠷᠬᠡᠱᠢᠶᠡᠯ ᠭᠡᠳ ᠪᠢᠳᠡᠨ᠎ᠦ ᠢᠳᠡᠷᠡᠭᠦᠨ ᠠᠯᠬᠤᠭ᠎ᠠ᠎ᠶ᠋ᠢ ᠬᠣᠷᠢᠭ᠍ᠯᠠᠵᠤ ᠴᠢᠳᠠᠬᠤ ᠦᠭᠡᠢ ᠶᠤᠮ᠃

ᠲᠡᠦᠬᠡ᠎ᠶ᠋ᠢ ᠪᠠᠲᠤ ᠴᠡᠭᠡᠵᠢᠯᠡᠬᠦ᠌ ᠨᠢ ᠪᠢᠳᠡᠨ᠎ᠦ ᠥᠩᠭᠡᠷᠡᠭᠦᠯᠦᠭ᠌ᠰᠡᠨ ᠬᠠᠯᠠ ᠵᠣᠪᠠᠯᠠᠩ᠎ᠡᠴᠡ ᠪᠣᠯᠤᠭ᠍ᠰᠠᠨ ᠲᠡᠳᠦᠢ ᠪᠢᠰᠢ᠂ ᠨᠡᠩ ᠴᠤ᠌ ᠲᠠᠰᠤᠷᠠᠰᠢ ᠦᠭᠡᠢ ᠦᠷᠭᠦᠯᠵᠢᠯᠡᠭ᠌ᠰᠡᠨ ᠵᠣᠷᠢᠭ ᠰᠠᠨᠠᠭ᠎ᠠ ᠪᠠ ᠦᠶ᠎ᠡ ᠤᠯᠠᠷᠢᠨ ᠣᠷᠣᠱᠢᠨ ᠲᠣᠭ᠍ᠲᠠᠨᠢᠬᠤ ᠬᠦᠰᠡᠯ ᠡᠷᠡᠮᠡᠯᠵᠡᠯ᠎ᠡᠴᠡ ᠪᠣᠯᠤᠭ᠍ᠰᠠᠨ ᠶᠤᠮ᠃ 《ᠮᠡᠷᠳᠡᠵᠤ ᠪᠤᠯᠤᠰᠢ ᠦᠬᠡᠢ ᠦᠨᠢᠲᠡ ᠴᠡᠭᠡᠵᠢᠯᠡᠵᠦ᠂ ᠡᠩᠬᠡ ᠲᠠᠢᠪᠤᠩ᠎ᠢ ᠬᠦᠰᠡᠨ ᠳᠠᠭᠠᠳᠬᠠᠨ᠎ᠠ᠃ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠦᠨ᠎ᠡ》᠃ ᠡᠨᠡ ᠪᠣᠯ ᠨᠠᠨᠵᠢᠩ᠎ᠤᠨ ᠶᠡᠬᠡ ᠬᠢᠳᠤᠯᠭ᠎ᠠ᠎ᠳᠤ ᠬᠣᠣᠷᠯᠠᠭ᠍ᠳᠠᠭ᠍ᠰᠠᠳ᠎ᠢ ᠭᠠᠱᠢᠭᠤᠳᠠᠬᠤ ᠤᠯᠤᠰ᠎ᠤᠨ ᠨᠡᠢᠲᠡ᠎ᠶ᠋ᠢᠨ ᠲᠠᠬᠢᠯᠭ᠎ᠠ᠎ᠶ᠋ᠢᠨ ᠬᠦᠯᠢᠰ ᠳᠡᠭᠡᠷᠡᠬᠢ ᠪᠢᠴᠢᠭᠡᠰᠦ ᠪᠣᠯᠤᠨ᠎ᠠ᠃ ᠠᠭᠤᠯᠠ ᠤᠰᠤ ᠡᠭᠦᠷᠢᠳᠡ ᠭᠡᠷᠡᠴᠢᠯᠡᠨ᠎ᠠ᠂ ᠦᠩᠬᠡᠷᠡᠭᠰᠡᠨ ᠣᠨ ᠵᠢᠯ ᠦᠨᠢᠳᠡ ᠮᠠᠷᠳᠠᠬᠳᠠᠰᠢ ᠦᠬᠡᠢ᠂《ᠲᠡᠳᠡᠨ᠎ᠦ ᠢᠲᠡᠭᠡᠯ ᠪᠢᠱᠢᠷᠡᠯ ᠬᠦᠰᠡᠯᠡᠩ ᠶᠠᠭ ᠪᠡᠶᠡᠯᠡᠭ᠌ᠳᠡᠵᠦ᠍ ᠪᠤᠢ᠂ ᠲᠡᠳᠡᠨ᠎ᠦ ᠡᠭᠦᠳᠦᠨ ᠪᠦᠲᠦᠭᠡᠭᠰᠡᠨ ᠦᠢᠯᠡᠰ ᠶᠠᠭ ᠦᠷᠭᠦᠯᠵᠢᠯᠡᠵᠦ᠍ ᠪᠤᠢ᠂ ᠲᠡᠳᠡᠨ᠎ᠦ ᠪᠢᠴᠢᠭ᠌ᠰᠡᠨ ᠲᠡᠦᠬᠡ᠎ᠶ᠋ᠢ ᠪᠢᠳᠡ ᠯᠠᠪᠲᠠᠢ ᠦᠷᠭᠦᠯᠵᠢᠯᠡᠨ ᠪᠢᠴᠢᠭᠯᠡᠨ᠎ᠡ》᠃

ᠲᠡᠭ᠌ᠰᠢ ᠳᠠᠷᠳᠠᠩ ᠵᠠᠮ ᠭᠡᠵᠦ᠍ ᠦᠭᠡᠢ᠂ ᠠᠭᠤᠯᠠ ᠳᠠᠪᠠᠵᠤ ᠤᠰᠤ ᠭᠠᠲᠤᠯᠬᠤ ᠠᠶᠠᠨ ᠯᠠ ᠦᠷᠬᠦᠯᠵᠢᠯᠡᠨ᠎ᠡ᠃ ᠥᠨᠥᠳᠦᠷ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠣᠢᠷᠠᠳᠴᠤ᠌᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠂ ᠡᠭᠦᠨ᠎ᠦ ᠬᠠᠮᠲᠤ ᠡᠷᠬᠡᠪᠰᠢ ᠨᠡᠩ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ᠃ ᠢᠷᠡᠭᠡᠳᠦᠢ᠎ᠪᠡᠨ ᠪᠠᠷᠠᠯᠠᠵᠤ᠂ ᠳᠡᠯᠡᠬᠡᠢ ᠳ᠋ᠠᠬᠢᠨ᠎ᠢ ᠪᠠᠷᠠᠯᠠᠵᠤ᠂ ᠲᠡᠦᠬᠡ᠎ᠶ᠋ᠢᠨ ᠵᠥᠪ ᠲᠠᠯ᠎ᠠ᠎ᠳᠤ ᠡᠷᠡᠰ ᠵᠣᠭ᠍ᠰᠣᠵᠤ᠂ ᠬᠥᠮᠦᠨ ᠲᠥᠷᠥᠯᠬᠢᠲᠡᠨ᠎ᠦ ᠪᠣᠯᠪᠠᠰᠤᠨ ᠲᠠᠪᠱᠢᠯᠳᠠ᠎ᠶ᠋ᠢᠨ ᠲᠠᠯ᠎ᠠ᠎ᠳᠤ ᠵᠣᠭ᠍ᠰᠣᠵᠤ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠪᠡᠯ᠂ ᠮᠠᠨ᠎ᠤ ᠦᠢᠯᠡᠰ ᠯᠠᠪᠳᠠᠢ ᠢᠯᠠᠭ᠍ᠳᠠᠰᠢ ᠦᠭᠡᠢ!

ᠨᠡᠢᠭᠡᠮ ᠵᠢᠷᠤᠮᠲᠤ ᠳᠤᠮᠳᠠᠳᠤ ᠤᠯᠤᠰ ᠳᠡᠯᠡᠬᠡᠶ᠎ᠶ᠋ᠢᠨ ᠳᠣᠷᠣᠨᠠᠳᠠᠬᠢᠨ᠎ᠳᠤ ᠰᠡᠬᠦᠢᠨ ᠰᠦᠨᠳᠡᠷᠯᠡᠵᠦ᠍᠂ ᠲᠡᠦᠬᠡ᠎ᠶ᠋ᠢᠨ ᠪᠤᠤᠬᠢᠶ᠎ᠠ᠎ᠶ᠋ᠢ ᠮᠠᠨ᠎ᠤ ᠡᠨᠡ ᠨᠢᠭᠡ ᠦᠶ᠎ᠡ᠎ᠶ᠋ᠢᠨ ᠬᠥᠮᠦᠰ᠎ᠲᠦ ᠭᠠᠷᠳᠠᠭᠤᠯᠪᠠ᠃ ᠨᠠᠮ᠎ᠤᠨ ᠲᠤᠭ᠎ᠤᠨ ᠳᠣᠣᠷ᠎ᠠ 《ᠪᠤᠯᠤᠳ ᠬᠠᠨ᠎ᠠ ᠲᠡᠮᠦᠷ ᠬᠡᠷᠡᠮ》 ᠪᠣᠯᠵᠤ ᠪᠦᠯᠬᠦᠮᠳᠡᠵᠦ᠍᠂ ᠠᠯᠢᠪᠠ ᠬᠦᠴᠢᠷ ᠪᠡᠷᠬᠡᠱᠢᠶᠡᠯ᠎ᠢ ᠢᠯᠠᠨ ᠳᠠᠪᠠᠵᠦ ᠬᠦᠴᠢᠷ ᠪᠡᠷᠬᠡᠱᠢᠶᠡᠯ᠎ᠤᠨ ᠡᠮᠦᠨ᠎ᠡ ᠨᠤᠭᠤᠷᠠᠬᠤ ᠦᠭᠡᠢ ᠡᠷᠡᠰ ᠵᠣᠷᠢᠭ ᠪᠠ ᠰᠥᠰᠥ᠍ ᠵᠣᠷᠢᠭ᠎ᠢᠶᠠᠷ᠂ ᠵᠣᠷᠢᠭ᠍ᠲᠠᠢ ᠲᠡᠮᠡᠴᠡᠵᠦ᠍᠂ ᠴᠢᠳᠠᠮᠠᠭᠠᠢ᠎ᠪᠠᠷ ᠡᠭᠦᠳᠦᠨ ᠪᠦᠲᠦᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠵᠦᠭ ᠡᠷᠡᠮᠡᠬᠡᠢᠯᠡᠨ ᠤᠷᠤᠭ᠍ᠰᠢᠯᠠᠬᠤ᠎ᠳᠤ ᠪᠢᠳᠡ ᠢᠲᠡᠭᠡᠯ ᠲᠡᠭᠦᠯᠳᠡᠷ᠂ ᠤᠮᠤᠭ ᠲᠡᠭᠦᠯᠳᠡᠷ᠂ ᠬᠦᠴᠦᠨ ᠴᠢᠳᠠᠯ ᠲᠡᠭᠦᠯᠳᠡᠷ!

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 3᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号