ᠲᠤᠳᠤᠨᠤ ᠪᠡᠷ ᠦᠢᠯᠡᠴᠢᠯᠡᠵᠤ ᠪᠤᠳᠠᠳᠤ ᠠᠵᠢᠯᠯᠠᠭ᠎ᠠ ᠪᠠᠷ ᠵᠢᠨᠨ ᠠᠵᠤ ᠠᠬᠤᠢᠯᠠᠯ ᠳ᠋ᠤ ᠲᠤᠰᠠᠯᠠᠨ᠎ᠠ
2025-09-07 09:32:14
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠤ᠋ᠨ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠦᠷᠬᠦᠯᠵᠢᠯᠡᠨ ᠰᠢᠯᠢᠳᠡᠭᠵᠢᠭᠦᠯᠵᠦ ᠪᠠᠢᠬᠤ ᠲᠤᠬᠠᠢ ᠲᠡᠮᠲᠡᠭᠯᠡᠪᠡ

           

ᠴᠢᠨᠠᠷ ᠰᠠᠢᠲᠠᠢ ᠬᠥᠭ᠌ᠵᠢᠯᠲᠡ ᠨᠢ ᠲᠡᠷᠢᠭᠦᠨ ᠤ᠋ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠡᠴᠡ ᠰᠠᠯᠵᠤ ᠴᠢᠳᠠᠬᠤ ᠦᠭᠡᠢ ᠶᠤᠮ᠃ ᠣᠢᠷ᠎ᠠ ᠶ᠋ᠢᠨ ᠡᠳᠦᠷ ᠤ᠋ᠳ ᠲᠦ᠍ ᠰᠤᠷᠪᠤᠯᠵᠢᠯᠠᠭ᠍ᠴᠢ ᠮᠠᠨ ᠤ᠋ ᠣᠷᠣᠨ ᠤ᠋ ᠤᠯᠤᠰ ᠲᠥᠷᠥ᠍ ᠬᠠᠤᠯᠢ ᠴᠠᠭᠠᠵᠠ ᠶ᠋ᠢᠨ ᠪᠠᠢᠭᠤᠯᠭ᠎ᠠ᠂ ᠠᠵᠤ ᠠᠬᠤᠢᠯᠠᠯ ᠤ᠋ᠨ ᠨᠢᠭᠡᠳᠦᠭᠡᠷ ᠹᠷᠤᠨᠲ ᠲᠦ᠍ ᠭᠦᠨᠵᠡᠭᠡᠢᠷᠡᠨ ᠰᠤᠷᠪᠤᠯᠵᠢᠯᠠᠬᠤ ᠳ᠋ᠤ 《ᠬᠠᠤᠯᠢ ᠪᠡᠷ ᠬᠤᠳᠠᠯᠳᠤᠭ᠎ᠠ ᠡᠷᠭᠢᠯᠡᠬᠦ᠌ ᠵᠢ ᠬᠠᠮᠠᠭᠠᠯᠠᠨ᠎ᠠ》 ᠭᠡᠵᠤ ᠶᠠᠷᠢᠬᠤ ᠵᠢ ᠣᠯᠠᠨ ᠤᠳᠠᠭ᠎ᠠ ᠰᠤᠨᠤᠰᠤᠯ᠎ᠠ᠃ ᠬᠠᠤᠯᠢ ᠴᠠᠭᠠᠵᠠ ᠶ᠋ᠢᠨ ᠲᠤᠯᠭᠠᠭᠤᠷᠢᠯᠠᠯ ᠬᠢᠬᠡᠳ ᠦᠢᠯᠡᠴᠢᠯᠡᠭᠡᠨ ᠤ᠋ ᠤᠶᠠᠯᠳᠤᠯ ᠤ᠋ᠨ ᠴᠡᠭ ᠢ᠋ ᠬᠡᠷᠬᠢᠨ ᠣᠨᠣᠪᠴᠢᠲᠠᠢ ᠣᠯᠵᠤ᠂ ᠬᠡᠷᠬᠢᠨ ᠴᠢᠨᠠᠷ ᠰᠠᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠪᠡᠷ ᠠᠵᠤ ᠠᠬᠤᠢᠯᠠᠯ ᠤ᠋ᠨ ᠴᠢᠨᠠᠷ ᠰᠠᠢᠲᠠᠢ ᠬᠥᠭ᠌ᠵᠢᠯᠲᠡ ᠵᠢ ᠪᠠᠲᠤᠯᠠᠬᠤ ᠲᠤᠬᠠᠢ ᠬᠠᠷᠢᠭᠤᠯᠲᠠ ᠵᠢ ᠲᠤᠬᠠᠢ ᠶ᠋ᠢᠨ ᠭᠠᠵᠠᠷ ᠤ᠋ᠨ ᠰᠤᠷᠪᠤᠯᠵᠢᠯᠠᠭ᠎ᠠ ᠡᠴᠡ ᠤᠯᠤᠭᠰᠠᠨ ᠶᠤᠮ᠃

ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠤᠢᠯᠠᠭᠠᠵᠤ ᠦᠶ᠋ᠯᠡᠴᠢᠯᠡᠭᠡᠨ ᠤ᠋ 《ᠣᠨᠣᠪᠴᠢ ᠶ᠋ᠢᠨ ᠬᠡᠮᠵᠢᠶ᠎ᠡ》 ᠵᠢ ᠨᠡᠮᠡᠭ᠌ᠳᠡᠭᠦᠯᠪᠡ

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠱᠢᠭᠦᠬᠦ᠌ ᠬᠣᠷᠢᠶ᠎ᠠ 7 ᠰᠠᠷ᠎ᠠ ᠶ᠋ᠢᠨ 21  ᠤ᠋ ᠡᠳᠦᠷ  12368 ᠵᠠᠷᠭᠤ ᠶ᠋ᠢᠨ ᠦᠶ᠋ᠯᠡᠴᠢᠯᠡᠭᠡᠨ ᠤ᠋ ᠬᠠᠯᠠᠮᠱᠢᠯ ᠤᠲᠠᠰᠤ ᠵᠢᠨ《ᠠᠵᠤ ᠠᠬᠤᠢᠯᠠᠯ ᠳ᠋ᠤ ᠬᠣᠯᠪᠣᠭ᠍ᠳᠠᠬᠤ ᠲᠤᠰᠭᠠᠶ ᠤᠲᠠᠰᠤ》 ᠵᠢ ᠨᠡᠪᠲᠡᠷᠡᠭᠦᠯᠤᠨ ᠨᠠᠩ ᠴᠢᠨᠠᠷ ᠰᠠᠢᠲᠠᠶ᠂ ᠥᠨᠳᠥᠷ ᠪᠦᠲᠦᠮᠵᠢᠲᠡᠶ᠂ ᠨᠠᠷᠢᠯᠢᠭ ᠤᠨᠤᠴᠠᠲᠠᠢ ᠬᠠᠤᠯᠢ ᠴᠠᠭᠠᠵᠠ ᠶ᠋ᠢᠨ ᠦᠶ᠋ᠯᠡᠴᠢᠯᠡᠭᠡ ᠬᠠᠩᠭᠠᠵᠤ᠂ ᠵᠠᠷᠭᠤ ᠳ᠋ᠤ ᠬᠣᠯᠪᠣᠭ᠍ᠳᠠᠭ᠍ᠰᠠᠨ ᠠᠵᠤ ᠠᠬᠤᠢᠯᠠᠯ ᠤ᠋ᠨ ᠬᠢᠨ ᠵᠠᠷᠭᠤᠯᠳᠤᠬᠤ ᠶᠠᠪᠤᠴᠠ ᠳ᠋ᠤ ᠠᠰᠠᠭᠤᠳᠠᠯ ᠲᠠᠢ ᠪᠤᠯ ᠤᠲᠠᠰᠤ ᠨᠡᠪᠲᠡᠷᠡᠵᠦ ᠳᠡᠢᠯᠬᠦ᠌᠂ ᠠᠰᠠᠭᠤᠵᠤ ᠤᠢᠯᠠᠭᠠᠵᠤ ᠳᠡᠢᠯᠬᠦ᠌᠂ ᠰᠠᠢᠲᠤᠷ ᠰᠢᠢᠳᠪᠦᠷᠢᠯᠡᠵᠤ ᠲᠠᠢᠯᠬᠦ ᠵᠢ ᠪᠠᠲᠤᠯᠠᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠶ᠋ᠢᠨ ᠲᠢᠩᠬᠢᠮ ᠣᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠢᠯᠠᠯ ᠢ᠋ ᠲᠤᠰᠠᠯᠠᠬᠤ ᠬᠠᠤᠯᠢ ᠴᠠᠭᠠᠵᠠ ᠶ᠋ᠢᠨ ᠦᠶ᠋ᠯᠡᠴᠢᠯᠡᠭᠡᠨ ᠤ᠋ ᠲᠤᠰᠭᠠᠶ ᠠᠩᠭᠢ ᠪᠠᠢᠭᠤᠯᠵᠤ᠂ ᠪᠥᠬᠥ᠌ ᠣᠷᠣᠨ ᠤ᠋ ᠴᠢᠬᠤᠯᠠ ᠶᠡᠬᠡ ᠲᠥᠷᠥᠯ ᠵᠦᠶ᠋ᠯ ᠳ᠋ᠤ ᠬᠠᠤᠯᠢ ᠴᠠᠭᠠᠵᠠ ᠶ᠋ᠢᠨ ᠰᠠᠨᠠᠯ ᠬᠠᠩᠭᠠᠨ᠂ ᠡᠯ᠎ᠡ ᠲᠥᠷᠥᠯ ᠤ᠋ᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠢᠯᠠᠩᠭᠤᠶ᠎ᠠ ᠭᠤᠤᠯᠳᠠᠯᠭ᠎ᠠ ᠲᠠᠢ ᠠᠵᠤ ᠠᠬᠤᠢᠯᠠᠯ᠂ ᠲᠤᠰᠬᠠᠢᠵᠢᠬᠰᠠᠨ ᠨᠠᠷᠢᠯᠢᠬᠵᠢᠬᠰᠠᠨ ᠣᠨᠴᠠᠯᠢᠬᠲᠤ ᠱᠢᠨ᠎ᠡ ᠠᠵᠤ ᠠᠬᠤᠢᠯᠠᠯ᠂ ᠳᠤᠮᠳᠠ ᠪᠠᠭ᠎ᠠ ᠵᠢᠵᠢᠭ ᠠᠵᠤ ᠠᠬᠤᠢᠯᠠᠯ ᠳ᠋ᠤ ᠬᠠᠤᠯᠢ ᠴᠠᠭᠠᠵᠠ ᠶ᠋ᠢᠨ ᠯᠠᠪᠯᠠᠭ᠎ᠠ ᠪᠠ ᠵᠠᠭᠤᠷᠠᠯᠳᠤᠭᠠᠨ ᠢ᠋ ᠡᠶᠡᠳᠡᠭᠦᠯᠬᠦ᠌ ᠵᠡᠷᠭᠡ ᠬᠠᠤᠯᠢ ᠴᠠᠭᠠᠵᠠ ᠶ᠋ᠢᠨ ᠦᠶ᠋ᠯᠡᠴᠢᠯᠡᠭᠡ ᠬᠠᠩᠭᠠᠵᠤ ᠪᠠᠢᠨ᠎ᠠ᠃

《ᠪᠠᠢᠴᠠᠭᠠᠬᠤ ᠪᠠᠢᠭᠤᠯᠭ᠎ᠠ ᠶ᠋ᠢᠨ ᠬᠢᠨ ᠲᠣᠭ᠍ᠲᠠᠭ᠍ᠰᠠᠨ ᠬᠤᠭᠤᠴᠠᠭ᠎ᠠ ᠲᠠᠢ ᠪᠠᠷ ᠮᠠᠨ ᠤ᠋ ᠠᠵᠤ ᠠᠬᠤᠢᠯᠠᠯ ᠢ᠋ᠶ᠋ᠡᠷ ᠰᠤᠷᠪᠤᠯᠵᠢᠯᠠᠵᠤ᠂ ᠪᠢᠳᠡᠨ ᠳ᠋ᠤ 〈ᠬᠠᠤᠯᠢᠵᠢᠯ ᠤ᠋ᠨ ᠪᠡᠶ᠎ᠡ ᠶ᠋ᠢᠨ ᠪᠠᠢᠴᠠᠭᠠᠯᠲᠠ〉 ᠵᠢᠨ ᠦᠢᠯᠡᠴᠢᠯᠡᠭᠡ ᠬᠠᠩᠭᠠᠵᠤ᠂ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠠᠶᠤᠯ ᠲᠦᠭ᠌ᠰᠢᠭᠦᠷᠢ ᠵᠢ ᠰᠡᠷᠭᠡᠢᠯᠡᠨ ᠠᠷᠢᠯᠭᠠᠬᠤ ᠳ᠋ᠤ ᠢᠳᠡᠪᠬᠢᠲᠡᠢ ᠦᠢᠯᠡᠳᠦᠯ ᠦᠵᠡᠭᠦᠯᠦᠭ᠌ᠰᠡᠨ ᠳ᠋ᠤ ᠲᠠᠯᠠᠷᠬᠠᠵᠤ ᠪᠠᠢᠨ᠎ᠠ》ᠭᠡᠵᠦ ᠬᠣᠣᠯᠢᠨ ᠭᠣᠣᠯ ᠬᠤᠲᠠ ᠶ᠋ᠢᠨ ᠬᠡᠰᠡᠭ ᠭᠣᠣᠯᠳᠠᠯᠭ᠎ᠠ ᠲᠠᠢ ᠠᠵᠤ ᠠᠬᠤᠢᠯᠠᠯ ᠤ᠋ᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠪᠠᠢᠴᠠᠭᠠᠬᠤ ᠪᠠᠢᠭᠤᠯᠭ᠎ᠠ ᠶ᠋ᠢᠨ ᠦᠢᠯᠡᠴᠢᠯᠡᠭᠡᠨ ᠤ᠋ ᠠᠵᠢᠯ ᠢ᠋ ᠭᠦᠢᠴᠡᠳ ᠮᠡᠳᠡᠷᠡᠵᠤ ᠪᠠᠢᠯ᠎ᠠ᠃

《〈ᠨᠢᠭᠡ ᠠᠵᠤ ᠠᠬᠤᠢᠯᠠᠯ ᠳ᠋ᠤ ᠨᠢᠭᠡ ᠱᠢᠭᠦᠭ᠌ᠴᠢ ᠲᠠᠢ ᠪᠠᠢᠬᠤ〉 ᠬᠠᠪᠰᠤᠷᠤᠯᠴᠠᠭ᠎ᠠ ᠪᠠᠢᠭᠤᠯᠬᠤ ᠦᠢᠯᠡᠴᠢᠯᠡᠭᠡ ᠨᠢ ᠠᠵᠤ ᠠᠬᠤᠢᠯᠠᠯ ᠳ᠋ᠤ ᠦᠨᠡᠨ ᠬᠦ᠌ ᠪᠣᠳᠠᠲᠤ ᠠᠱᠢᠭ ᠬᠦᠷᠲᠡᠭᠡᠪᠡ》 ᠭᠡᠵᠦ ᠪᠠᠶᠠᠨᠨᠠᠭᠤᠷ ᠤ᠋ᠨ ᠴᠤᠸᠠᠨ ᠨᠸᠩ ᠣᠷᠴᠢᠨ ᠲᠣᠭᠣᠷᠢᠨ ᠢ᠋ ᠬᠠᠮᠠᠭᠠᠯᠠᠬᠤ ᠡᠨᠧᠷᠭᠢ ᠶ᠋ᠢᠨ ᠬᠢᠵᠠᠭᠠᠷᠲᠤ ᠺᠣᠮᠫᠠᠨᠢ ᠶ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠱᠢᠤᠢ ᠮᠠᠨ ᠵᠢᠶᠠᠩ ᠱᠢᠭᠦᠬᠦ᠌ ᠬᠤᠷᠢᠶ᠎ᠠ ᠵᠢᠨ ᠠᠵᠤ ᠠᠬᠤᠢᠯᠠᠯ ᠳ᠋ᠤ ᠲᠤᠰᠠᠯᠠᠬᠤ ᠦᠢᠯᠡᠴᠢᠯᠡᠭᠡᠨ ᠤ᠋ ᠠᠵᠢᠯ ᠢ᠋ ᠶᠡᠬᠡᠲᠡ ᠮᠠᠭ᠍ᠲᠠᠵᠤ ᠪᠠᠢᠯ᠎ᠠ᠃

ᠪᠥᠬᠥ᠌ ᠣᠷᠣᠨ ᠤ᠋ ᠤᠯᠤᠰ ᠲᠥᠷᠥ᠍ ᠬᠠᠤᠯᠢ ᠴᠠᠭᠠᠵᠠ ᠶ᠋ᠢᠨ ᠪᠠᠢᠭᠤᠯᠭ᠎ᠠ ᠵᠢᠨ ᠬᠢᠨ ᠦᠶ᠋ᠯᠡᠴᠢᠯᠡᠭᠡᠨ ᠤ᠋ ᠣᠢᠯᠠᠭᠠᠭ᠍ᠳᠠᠬᠤᠨ ᠤ᠋ ᠲᠠᠯ᠎ᠠ ᠪᠡᠷ ᠣᠨᠣᠴᠠᠲᠠᠢ ᠪᠠᠢᠷᠢ ᠲᠣᠭ᠍ᠲᠠᠭᠠᠯᠲᠠ ᠬᠢᠵᠦ᠍᠂ ᠬᠠᠷᠢᠶ᠎ᠠ ᠣᠷᠣᠨ ᠤ᠋ ᠪᠠᠨ ᠠᠵᠤ ᠠᠬᠤᠢᠯᠠᠯ ᠳ᠋ᠤ ᠲᠣᠭ᠍ᠲᠠᠮᠠᠯ ᠬᠤᠭᠤᠴᠠᠭ᠎ᠠ ᠲᠠᠢ ᠪᠠᠷ ᠭᠦᠨᠵᠡᠭᠡᠢᠷᠡᠨ ᠰᠤᠷᠪᠤᠯᠵᠢᠯᠠᠵᠤ ᠪᠠᠢᠴᠠᠭᠠᠨ ᠰᠤᠳᠤᠯᠤᠯᠲᠠ ᠬᠢᠵᠦ᠍᠂ ᠶᠠᠷᠢᠯᠴᠠᠬᠤ ᠬᠤᠷᠠᠯ ᠬᠢᠵᠤ᠂ ᠠᠵᠤ ᠠᠬᠤᠢᠯᠠᠯ ᠤ᠋ᠨ ᠦᠶ᠋ᠯᠡᠳᠪᠦᠷᠢᠯᠡᠯ ᠡᠵᠡᠩᠨᠡᠯᠲᠡ ᠶ᠋ᠢᠨ ᠪᠠᠢᠳᠠᠯ ᠪᠠ ᠬᠠᠤᠯᠢ ᠴᠠᠭᠠᠵᠠ ᠶ᠋ᠢᠨ ᠬᠡᠷᠡᠭ᠌ᠴᠡᠭᠡ ᠱᠠᠭᠠᠷᠳᠠᠯᠭ᠎ᠠ ᠵᠢ ᠭᠦᠶ᠋ᠴᠡᠳ ᠣᠢᠯᠠᠭᠠᠵᠤ᠂ ᠠᠵᠤ ᠠᠬᠤᠢᠯᠠᠯ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠬᠠᠮᠠᠭᠠᠯᠠᠬᠤ᠂ ᠠᠶᠤᠯ ᠲᠦᠭ᠌ᠰᠢᠭᠦᠷᠢ ᠶ᠋ᠢᠨ ᠭᠡᠮ ᠰᠤᠭᠤᠭ ᠢ᠋ ᠰᠡᠷᠭᠡᠢᠯᠡᠨ ᠡᠵᠡᠮᠳᠡᠬᠦ᠌᠂ ᠡᠷᠡᠭᠦᠯ ᠲᠣᠭ᠍ᠲᠠᠭᠤᠨ ᠢ᠋ᠶ᠋ᠡᠷ ᠬᠥᠭ᠌ᠵᠢᠬᠦ᠌ ᠳ᠋ᠤᠨᠢ ᠬᠠᠤᠯᠢ ᠴᠠᠭᠠᠵᠠ ᠶ᠋ᠢᠨ ᠦᠶ᠋ᠯᠡᠴᠢᠯᠡᠭᠡ ᠬᠠᠩᠭᠠᠵᠤ᠂ ᠠᠵᠤ ᠠᠬᠤᠢᠯᠠᠯ ᠢ᠋ ᠬᠥᠲᠥᠯᠥᠨ ᠵᠢᠯᠣᠭᠣᠳᠴᠤ᠌ ᠪᠠᠢᠭᠠᠳ ᠬᠠᠤᠯᠢ ᠴᠠᠭᠠᠵᠠ ᠶ᠋ᠢᠨ ᠠᠶᠤᠯ ᠲᠦᠭ᠌ᠰᠢᠭᠦᠷᠢ ᠵᠢ ᠡᠵᠡᠮᠳᠡᠬᠦ᠌ ᠪᠣᠭᠣᠮᠲᠠ ᠵᠢ ᠤᠷᠤᠭ᠍ᠰᠢ ᠱᠢᠯᠵᠢᠭᠦᠯᠵᠦ᠍᠂ 《ᠬᠡᠷᠡᠭ ᠤ᠋ᠨ ᠳᠠᠷᠠᠭ᠎ᠠ ᠡᠷᠬᠡ ᠪᠠᠨ ᠬᠠᠮᠠᠭᠠᠯᠠᠬᠤ》 ᠡᠴᠡ 《ᠤᠷᠢᠳᠴᠢᠯᠠᠨ ᠰᠡᠷᠭᠡᠢᠯᠡᠬᠦ᠌》 ᠲᠡᠢᠰᠢ ᠬᠤᠪᠢᠷᠠᠭᠤᠯᠪᠠ᠃

ᠶᠠᠪᠤᠴᠠ ᠵᠢ ᠱᠢᠯᠢᠳᠡᠭ᠌ᠵᠢᠭᠦᠯᠵᠦ᠍ ᠠᠵᠢᠯ ᠶᠠᠪᠤᠳᠠᠯ ᠭᠦᠶ᠋ᠴᠡᠳᠭᠡᠬᠦ᠌ 《ᠲᠥᠬᠥᠮ ᠤ᠋ᠨ ᠬᠡᠮᠵᠢᠶ᠎ᠡ》 ᠵᠢ ᠳᠡᠭᠡᠭ᠌ᠰᠢᠯᠡᠭᠦᠯᠪᠡ

ᠪᠠᠶᠠᠨᠨᠠᠭᠤᠷ ᠬᠣᠲᠠ ᠶ᠋ᠢᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠶ᠋ᠢᠨ ᠳᠣᠲᠣᠭᠠᠳᠤ ᠵᠢ ᠬᠠᠮᠠᠭᠠᠯᠠᠬᠤ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪ ᠲᠦ᠍ ᠬᠦᠷᠪᠡᠯ᠂ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠦᠶ᠋ᠯᠡᠴᠢᠯᠡᠭᠡᠨ ᠤ᠋《ᠨᠢᠭᠡᠳᠦᠭᠡᠷ ᠴᠣᠩᠬᠣᠴᠢ》 ᠶ᠋ᠢᠨ ᠡᠮᠦᠨ᠎ᠡ ᠦᠶ᠋ᠯᠡᠴᠢᠯᠡᠭᠡᠨ ᠤ᠋ ᠵᠦᠶ᠋ᠯᠡᠰ ᠢ᠋ ᠭᠦᠶ᠋ᠴᠡᠳᠭᠡᠬᠦ᠌ ᠪᠡᠷ ᠢᠷᠡᠭ᠌ᠰᠡᠨ ᠠᠵᠤ ᠠᠬᠤᠢᠯᠠᠯ ᠤ᠋ᠨ ᠠᠵᠢᠯᠳᠠᠤᠨ ᠲᠠᠰᠤᠷᠠᠯᠲᠠ ᠥᠬᠡᠶ ᠴᠤᠪᠤᠷᠠᠨ᠎ᠠ᠃ ᠲᠣᠰ ᠴᠤᠩᠬᠤᠪᠴᠢ ᠶ᠋ᠢᠨ ᠠᠵᠢᠯ ᠢ᠋ ᠨᠢᠳᠤᠨᠤᠨ ᠡᠴᠡ ᠡᠬᠢᠯᠡᠭᠦᠯᠦᠭᠰᠡᠨ ᠡᠴᠡ ᠨᠠᠭᠠᠰᠢ᠂ ᠠᠵᠤ ᠠᠬᠤᠢᠯᠠᠯ ᠳ᠋ᠤ ᠨᠡᠢᠲᠡ 300 ᠭᠠᠷᠤᠶ ᠤᠳᠠᠭ᠎ᠠ ᠥᠨᠳᠥᠷ ᠪᠦᠲᠦᠮᠵᠢᠲᠡᠶ ᠪᠥᠭᠡᠳ ᠨᠠᠷᠢᠯᠢᠭ ᠣᠨᠣᠴᠠᠲᠠᠶ ᠦᠶ᠋ᠯᠡᠴᠢᠯᠡᠭᠡ ᠬᠠᠩᠭᠠᠵᠤ᠂ ᠭᠦᠶ᠋ᠴᠡᠳᠭᠡᠵᠦ᠍ ᠳᠠᠭᠤᠰᠭᠠᠭ᠍ᠰᠠᠨ ᠨᠣᠷᠮ᠎ᠠ᠂ ᠬᠠᠨᠤᠮᠵᠢᠲᠠᠶ ᠪᠠᠢᠬᠤ ᠨᠣᠷᠮ᠎ᠠ ᠨᠢ ᠴᠥᠮ 100%᠎ᠳ᠋ᠤ ᠬᠦᠷᠴᠦ᠍᠂ ᠨᠢᠭᠡᠨᠲᠡ ᠠᠵᠤ ᠠᠬᠤᠢᠯᠠᠯ ᠳ᠋ᠤ ᠦᠢᠯᠡᠴᠢᠯᠡᠬᠦ 《ᠰᠢᠵᠢᠷ ᠠᠯᠳᠠᠨ》 ᠴᠤᠨᠭᠬᠤᠪᠴᠢ ᠪᠣᠯᠵᠠᠶ᠃

ᠮᠡᠳᠡᠯᠭᠡ ᠶ᠋ᠢᠨ ᠦᠮᠴᠢᠯᠡᠯ ᠤ᠋ᠨ ᠡᠷᠬᠡ ᠵᠢ ᠬᠠᠮᠠᠭᠠᠯᠠᠬᠤ ᠪᠣᠯ ᠳᠠᠷᠤᠢ ᠱᠢᠨ᠎ᠡ ᠵᠢ ᠡᠭᠦᠳᠬᠦ᠌ ᠵᠢ ᠬᠠᠮᠠᠭᠠᠯᠠᠵᠤ ᠪᠠᠢᠭ᠎ᠠ ᠶᠠᠪᠤᠳᠠᠯ ᠮᠥᠨ᠃ ᠣᠢᠷ᠎ᠠ ᠶ᠋ᠢᠨ ᠵᠢᠯ ᠡᠴᠡ ᠨᠠᠭᠠᠰᠢ᠂ ᠪᠥᠬᠥ᠌ ᠣᠷᠣᠨ ᠤ᠋ ᠪᠠᠢᠴᠠᠭᠠᠬᠤ ᠪᠠᠢᠭᠤᠯᠭ᠎ᠠ ᠨᠤᠭᠤᠳ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠪᠠᠨ ᠲᠣᠭᠠᠴᠢᠬᠤ ᠵᠠᠮ ᠢ᠋ ᠰᠠᠭᠠᠳ ᠥᠬᠡᠶ ᠨᠡᠪᠲᠡᠷᠡᠭᠦᠯᠵᠦ᠍᠂ ᠬᠠᠤᠯᠢᠵᠢᠯ ᠤ᠋ᠨ ᠬᠠᠩᠭᠠᠯᠭ᠎ᠠ ᠵᠢ ᠲᠠᠰᠤᠷᠠᠯᠲᠠ ᠥᠬᠡᠶ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ᠂ ᠬᠥᠬᠡᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ᠂ ᠲᠦᠮᠡᠳ ᠵᠡᠭᠦᠨ ᠬᠣᠱᠢᠭᠤᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠤᠯᠤᠰ ᠤ᠋ᠨ ᠰᠦ ᠶ᠋ᠢᠨ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠲᠦ᠍ ᠪᠥᠬᠥ᠌ ᠣᠷᠣᠨ ᠤ᠋ ᠠᠩᠬᠠᠳᠠᠭ᠍ᠴᠢ 《ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠪᠠᠢᠴᠠᠭᠠᠬᠤ ᠠᠵᠢᠯ ᠤ᠋ᠨ ᠥᠷᠲᠡᠭᠡ》 ᠵᠢ ᠪᠠᠢᠭᠤᠯᠪᠠ; ᠬᠥᠬᠡᠬᠣᠲᠠ ᠶ᠋ᠢᠨ ᠢᠤᠢ᠍ᠢᠴᠢᠤᠸᠠᠨ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ᠂ ᠲᠣᠭ᠍ᠲᠠᠬᠤ ᠱᠢᠶᠠᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠥᠪᠥᠷ ᠮᠣᠩᠭᠣᠯ ᠤ᠋ᠨ ᠹᠦ᠋ ᠹᠸᠩ ᠠᠮᠢᠳᠤ ᠪᠣᠳᠠᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠵᠢᠦ ᠲᠠᠢ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠳ᠋ᠤ 《ᠮᠡᠳᠡᠯᠭᠡ ᠶ᠋ᠢᠨ ᠥᠮᠴᠢᠯᠡᠯ ᠤ᠋ᠨ ᠡᠷᠬᠡ ᠵᠢ ᠪᠠᠢᠴᠠᠭᠠᠬᠤ ᠬᠠᠮᠠᠭᠠᠯᠠᠬᠤ ᠬᠠᠷᠢᠯᠴᠠᠬᠤ ᠴᠡᠭ》 ᠪᠠᠢᠭᠤᠯᠤᠨ᠂ ᠠᠵᠤ ᠠᠬᠤᠢᠯᠠᠯ᠎ᠤᠨ 《ᠡᠭᠦᠳᠡ》 ᠳ᠋ᠤᠨᠢ ᠬᠦᠷᠴᠤ ᠪᠠᠢᠴᠠᠭᠠᠬᠤ ᠦᠢᠯᠡᠴᠢᠯᠡᠭᠡ ᠬᠦᠷᠲᠡᠭᠡᠵᠦ᠍᠂ ᠠᠵᠤ ᠠᠬᠤᠢᠯᠠᠯ ᠤ᠋ᠨ ᠱᠢᠨ᠎ᠡ ᠵᠢ ᠡᠭᠦᠳᠬᠦ᠌ ᠬᠥᠭ᠌ᠵᠢᠯᠲᠡ ᠳ᠋ᠤ ᠬᠦᠴᠦᠨ ᠨᠡᠮᠡᠷᠢᠯᠡᠪᠡ᠃

《ᠬᠥᠮᠦᠨ ᠪᠦᠬᠦᠨ ᠴᠦᠮ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ᠂ ᠶᠠᠪᠤᠳᠠᠯ ᠪᠦᠬᠦᠨ ᠴᠥᠮ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ᠂ ᠶᠠᠪᠤᠳᠠᠯ ᠪᠦᠬᠦᠨ ᠴᠥᠮ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ》᠃ ᠪᠥᠬᠥ᠌ ᠣᠷᠣᠨ ᠤ᠋ ᠤᠯᠤᠰ ᠲᠥᠷᠥ᠍ ᠬᠠᠤᠯᠢ ᠴᠠᠭᠠᠵᠠ ᠶ᠋ᠢᠨ ᠪᠠᠢᠭᠤᠯᠭ᠎ᠠ ᠠᠵᠤ ᠠᠬᠤᠢᠯᠠᠯ ᠳ᠋ᠤ ᠬᠣᠯᠪᠣᠭ᠍ᠳᠠᠬᠤ ᠦᠶ᠋ᠯᠡᠴᠢᠯᠡᠭᠡᠨ ᠤ᠋ ᠱᠢᠰᠲ᠋ᠧᠮ ᠢ᠋ ᠲᠡᠭᠦᠯᠳᠡᠷᠵᠢᠭᠦᠯᠬᠦ᠌᠂ ᠦᠶ᠋ᠯᠡᠴᠢᠯᠡᠭᠡᠨ ᠤ᠋ ᠶᠠᠪᠤᠴᠠ ᠵᠢ ᠱᠢᠯᠢᠳᠡᠭ᠌ᠵᠢᠭᠦᠯᠬᠦ᠌᠂ ᠠᠵᠢᠯ ᠶᠠᠪᠤᠳᠠᠯ ᠭᠦᠶ᠋ᠴᠡᠳᠭᠡᠬᠦ᠌ ᠳᠡᠰ ᠳᠠᠷᠠᠭᠠᠯᠠᠯ ᠢ᠋ ᠴᠤᠮᠬᠠᠳᠬᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠠᠱᠢᠭ᠍ᠯᠠᠨ ᠦᠶ᠋ᠯᠡᠴᠢᠯᠡᠭᠡᠨ ᠤ᠋ ᠶᠠᠰᠤ ᠴᠢᠨᠠᠷ ᠪᠠ ᠦᠷ᠎ᠡ ᠪᠦᠲᠦᠮᠵᠢ ᠵᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠪᠡᠷ ᠲᠠᠮᠵᠢᠨ ᠠᠵᠤ ᠠᠬᠤᠢᠯᠠᠯ ᠳ᠋ᠤ ᠲᠥᠬᠥᠮ ᠦᠵᠡᠭᠦᠯᠵᠦ᠍ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠠᠯᠢ ᠣᠯᠠᠨ ᠠᠷᠭ᠎ᠠ ᠬᠡᠮᠵᠢᠶ᠎ᠡ ᠵᠢ ᠲᠣᠭ᠍ᠲᠠᠭᠠᠨ ᠬᠡᠷᠡᠭᠵᠢᠬᠦᠯᠵᠤ᠂ ᠠᠵᠤ ᠠᠬᠤᠢᠯᠠᠯ ᠳ᠋ᠤ ᠪᠣᠳᠠᠲᠤ ᠠᠱᠢᠭ ᠬᠦᠷᠲᠡᠭᠡᠪᠡ᠃

ᠭᠣᠣᠯ ᠠᠵᠢᠯ ᠢ᠋ᠶ᠋ᠡᠨ ᠭᠦᠨᠵᠡᠭᠡᠢᠷᠡᠭᠦᠯᠵᠦ᠍ ᠠᠵᠤ ᠠᠬᠤᠢᠯᠠᠯ ᠢ᠋ ᠬᠠᠮᠠᠭᠠᠯᠠᠬᠤ 《ᠬᠤᠷᠳᠤᠳᠬᠠᠯ ᠤ᠋ᠨ ᠬᠡᠮᠵᠢᠶ᠎ᠠ》 ᠵᠢ ᠲᠦᠷᠭᠡᠳᠭᠡᠪᠡ

ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭ᠌ᠵᠢᠯᠲᠡ ᠨᠢ ᠰᠠᠢ᠌ᠨ ᠰᠠᠢᠬᠠᠨ ᠤᠷᠴᠢᠨ ᠨᠦᠬᠦᠴᠡᠯ ᠡᠴᠡ ᠰᠠᠯᠵᠤ ᠴᠢᠳᠠᠬᠤ ᠦᠭᠡᠢ᠂ ᠬᠠᠤᠯᠢᠵᠢᠯ ᠪᠣᠯ ᠳᠠᠷᠤᠢ ᠰᠠᠢᠨ ᠰᠠᠢᠬᠠᠨ ᠤᠷᠴᠢᠨ ᠨᠦᠬᠦᠴᠡᠯ ᠢ᠋ ᠪᠤᠢ ᠪᠤᠯᠭᠠᠬᠤ ᠦᠨᠳᠦᠰᠦᠨ ᠪᠠᠲᠤᠯᠠᠭ᠎ᠠ ᠪᠣᠯᠤᠨ᠎ᠠ᠃

ᠪᠥᠬᠥ᠌ ᠣᠷᠣᠨ ᠤ᠋ ᠤᠯᠤᠰ ᠲᠥᠷᠥ᠍ ᠬᠠᠤᠯᠢ ᠴᠠᠭᠠᠵᠠ ᠶ᠋ᠢᠨ ᠪᠠᠢᠭᠤᠯᠭ᠎ᠠ 《ᠬᠠᠤᠯᠢᠵᠢᠯ ᠪᠣᠯ ᠬᠠᠮᠤᠭ ᠤ᠋ᠨ ᠰᠠᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ》 ᠭᠡᠬᠦ᠌ ᠣᠢᠯᠠᠭᠠᠭ᠍ᠳᠠᠬᠤᠨ ᠢ᠋ ᠪᠠᠲᠤ ᠪᠣᠶ ᠪᠣᠯᠭᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳ᠋ᠠᠭᠠᠨ ᠰᠠᠭᠤᠷᠢᠯᠠᠨ᠂ ᠲᠥᠪ ᠭᠤᠤᠯᠴᠢ ᠱᠢᠳᠤᠷᠭᠤ ᠶᠣᠰᠣ ᠪᠡᠷ ᠠᠵᠤ ᠠᠬᠤᠢᠯᠠᠯ ᠢ᠋ ᠬᠠᠮᠠᠭᠠᠯᠠᠵᠤ᠂ ᠬᠠᠯᠠᠭᠤᠨ ᠳᠤᠯᠠᠭᠠᠨ ᠦᠢᠯᠡᠴᠢᠯᠡᠭᠡ ᠪᠡᠷ ᠠᠷᠠᠯᠵᠢᠶᠠᠴᠢᠨ ᠢ᠋ ᠠᠮᠤᠷᠵᠢᠭᠤᠯᠵᠤ᠂ ᠠᠵᠤ ᠠᠬᠤᠢᠯᠠᠯ ᠢ᠋ ᠲᠥᠪ ᠭᠤᠤᠯᠴᠢ᠂ ᠢᠯᠡ ᠲᠣᠳᠣ᠂ ᠵᠢᠱ᠌ᠢᠵᠦ᠍ ᠪᠣᠯᠬᠤᠢᠴᠠ ᠣᠷᠴᠢᠨ ᠨᠥᠬᠥᠴᠡᠯ ᠳ᠋ᠤ ᠰᠠᠨᠠᠭ᠎ᠠ ᠠᠮᠤᠷ ᠬᠥᠭ᠌ᠵᠢᠭᠦᠯᠵᠦ᠍᠂ ᠰᠠᠨᠠᠭ᠎ᠠ ᠠᠮᠤᠷ ᠡᠵᠡᠩᠨᠡᠭᠦᠯᠪᠡ᠃

ᠤᠷᠳᠤᠰ ᠬᠤᠳᠠ ᠶ᠋ᠢᠨ ᠱᠢᠭᠦᠬᠦ᠌ ᠬᠤᠷᠢᠶ᠎ᠠ ᠵᠢᠨ ᠱᠢᠰᠲ᠋ᠧᠮ ᠤ᠋ᠨ ᠬᠢᠨ 《ᠡᠶᠡᠳᠡᠭᠦᠯᠬᠦ᠂ ᠬᠡᠷᠡᠭ ᠪᠤᠯᠭᠠᠬᠤ᠂ ᠱᠢᠭᠦᠨ ᠲᠠᠰᠤᠯᠬᠤ᠂ ᠭᠦᠢᠴᠡᠳᠭᠡᠬᠦ》 ᠡᠯ᠎ᠡ ᠬᠦᠷᠢᠶᠡᠨ ᠤ᠋ ᠭᠣᠭ᠍ᠴᠣᠭ᠎ᠠ ᠳ᠋ᠤ ᠬᠠᠮᠵᠢᠯᠴᠠᠨ ᠬᠦᠴᠦᠯᠡᠵᠦ᠍᠂ ᠬᠠᠤᠯᠢ ᠴᠠᠭᠠᠵᠠ ᠪᠡᠷ ᠠᠵᠤ ᠠᠬᠤᠢᠯᠠᠯ ᠳ᠋ᠤ ᠲᠤᠰᠠᠯᠠᠬᠤ ᠴᠢᠳᠠᠪᠤᠷᠢ ᠵᠢ ᠲᠠᠰᠤᠷᠠᠯᠳᠠ ᠦᠭᠡᠢ ᠳᠠᠪᠲᠠᠨ ᠪᠣᠯᠪᠠᠰᠤᠷᠠᠭᠤᠯᠪᠠ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠣᠷᠳᠣᠰ ᠬᠣᠲᠠ ᠶ᠋ᠢᠨ ᠱᠢᠭᠦᠬᠦ᠌ ᠬᠤᠷᠢᠶ᠎ᠠ ᠵᠢᠨ ᠱᠢᠰᠲ᠋ᠧᠮ ᠤ᠋ᠨ ᠬᠢᠨ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠬᠡᠷᠡᠭ ᠢ᠋ ᠨᠡᠢᠲᠡ 20506 ᠬᠤᠪᠢ ᠱᠢᠭᠦᠨ ᠳᠠᠭᠤᠰᠭᠠᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 21.09% ᠪᠡᠷ ᠳᠡᠭᠡᠭ᠌ᠰᠢᠯᠡᠵᠦ᠍᠂ ᠠᠩᠬ᠎ᠠ ᠭᠦᠶ᠋ᠴᠡᠳᠭᠡᠬᠦ᠌ ᠬᠡᠷᠡᠭ ᠲᠦ᠍ ᠳᠤᠮᠳᠠᠴᠢ ᠪᠠᠷ 67.13 ᠡᠳᠦᠷ ᠬᠡᠷᠡᠭ᠌ᠰᠡᠨ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 11.81% ᠪᠡᠷ ᠪᠠᠭᠠᠰᠴᠤ᠌᠂ ᠠᠵᠤ ᠠᠬᠤᠢᠯᠠᠯ ᠤ᠋ᠨ ᠵᠠᠷᠭᠤ ᠢᠯᠠᠭᠰᠠᠨ ᠡᠷᠬᠡ ᠠᠱᠢᠭ  90.85 ᠳ᠋ᠦᠩᠱᠢᠭᠤᠷ ᠲᠥᠭᠥᠷᠢᠭ ᠲᠦ᠍ ᠬᠦᠷᠪᠡ᠃

ᠪᠥᠬᠥ᠌ ᠣᠷᠣᠨ ᠤ᠋ ᠳᠣᠲᠣᠭᠠᠳᠤ ᠵᠢ ᠬᠠᠮᠠᠭᠠᠯᠠᠬᠤ ᠪᠠᠢᠭᠤᠯᠭ᠎ᠠ 《ᠨᠠᠷᠢᠯᠢᠭ ᠣᠨᠣᠴᠠᠲᠠᠶ ᠪᠠᠷ ᠲᠤᠰᠠᠯᠠᠬᠤ》 ᠮᠠᠶᠢᠭ ᠤ᠋ᠨ ᠠᠵᠢᠯ ᠤ᠋ᠨ ᠠᠷᠭ᠎ᠠ ᠬᠡᠮᠵᠢᠶ᠎ᠡ ᠪᠡᠷ ᠠᠵᠤ ᠠᠬᠤᠢᠯᠠᠯ ᠤ᠋ᠨ ᠬᠥᠭ᠌ᠵᠢᠯᠲᠡ ᠳ᠋ᠤ ᠬᠥᠳᠡᠯᠭᠡᠬᠦ᠌ ᠬᠦᠴᠦᠨ ᠨᠡᠮᠡᠷᠢᠯᠡᠵᠦ᠍᠂ ᠠᠵᠤ ᠠᠬᠤᠢᠯᠠᠯ ᠢ᠋ ᠲᠤᠰᠠᠯᠠᠬᠤ ᠦᠶ᠋ᠯᠡᠴᠢᠯᠡᠭᠡ ᠵᠢ ᠰᠢᠯᠢᠳᠡᠭᠵᠢᠭᠦᠯᠪᠡ᠃

ᠬᠢᠩᠭᠠᠨ ᠠᠢᠮᠠᠭ ᠤ᠋ᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠶ᠋ᠢᠨ ᠳᠠᠪᠠᠭ᠎ᠠ ᠶ᠋ᠢᠨ ᠦᠪᠦᠷ ᠠᠲᠠᠷ ᠬᠠᠭᠠᠯᠪᠤᠷᠢᠯᠠᠯᠲᠠ ᠶ᠋ᠢᠨ ᠬᠤᠪᠢᠶᠠᠷᠢ ᠲᠣᠪᠴᠢᠶ᠎ᠠ ᠶ᠋ᠢᠨ ᠪᠦᠳᠦᠬᠦᠨᠬᠤᠸᠠ ᠮᠠᠯᠵᠢᠯ ᠤ᠋ᠨ ᠲᠠᠯᠠᠪᠠᠶ ᠶ᠋ᠢᠨ ᠲᠣᠮᠢᠯᠠᠭ᠍ᠰᠠᠨ ᠰᠠᠯᠪᠤᠷᠢ 《ᠨᠢᠭᠡ ᠠᠵᠤ ᠠᠬᠤᠢᠯᠠᠯ ᠳ᠋ᠤ ᠨᠢᠭᠡ ᠴᠠᠭ᠍ᠳᠠᠭ᠎ᠠ ᠪᠠᠢᠬᠤ》 ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠴᠠᠭ᠍ᠳᠠᠭᠠᠨ ᠤ᠋ ᠠᠵᠢᠯ ᠤ᠋ᠨ ᠪᠦᠲᠦᠮᠵᠢ ᠵᠢ ᠳᠡᠭᠡᠭ᠌ᠰᠢᠯᠡᠭᠦᠯᠬᠦ᠌ ᠪᠡᠷ 《ᠴᠠᠭ᠍ᠳᠠᠭᠠᠨ ᠤ᠋ ᠶᠠᠪᠤᠳᠠᠯ ᠤ᠋ᠨ ᠦᠶ᠋ᠯᠡᠴᠢᠯᠡᠭᠡᠨ ᠤ᠋ ᠪᠠᠢᠷᠢ》 ᠭᠠᠷᠭᠠᠪᠠ; ᠲᠦᠩᠯᠢᠶᠣᠤ ᠬᠣᠲᠠ ᠶ᠋ᠢᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠶ᠋ᠢᠨ ᠬᠣᠷᠴᠢᠨ ᠬᠤᠪᠢᠶᠠᠷᠢ ᠲᠣᠪᠴᠢᠶ᠎ᠠ ᠶ᠋ᠢᠨ ᠮᠡᠯᠡᠬᠡᠢᠲᠦ ᠲᠣᠮᠢᠯᠠᠭ᠍ᠰᠠᠨ ᠰᠠᠯᠪᠤᠷᠢ 《ᠭᠤᠤᠯ ᠰᠡᠷᠭᠡᠢᠯᠡᠯᠲᠡ》 ᠶ᠋ᠢᠨ ᠤᠢᠯᠠᠭᠠᠬᠳᠠᠬᠤᠨ ᠢ᠋ ᠭᠦᠨᠵᠡᠭᠡᠢᠷᠡᠭᠦᠯᠵᠦ᠍᠂ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠵᠥᠷᠢᠴᠡᠯ ᠵᠠᠭᠤᠷᠠᠯᠳᠤᠭᠠᠨ ᠢ᠋ ᠡᠷᠲᠡ ᠵᠢᠭ᠍ᠰᠠᠭᠠᠨ ᠪᠠᠢᠴᠠᠭᠠᠵᠤ᠂ ᠡᠷᠲᠡ ᠢᠯᠡᠷᠡᠭᠦᠯᠵᠦ᠍᠂ ᠡᠷᠲᠡ ᠡᠶᠡᠳᠡᠭᠦᠯᠦᠨ ᠱᠢᠶ᠋ᠳᠪᠦᠷᠢᠯᠡᠬᠦ ᠵᠢ ᠪᠡᠶᠡᠯᠡᠭᠦᠯᠪᠡ ᠁

 《ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠦᠨᠳᠦᠰᠦᠯᠡᠨ ᠢᠳᠡᠪᠬᠢᠲᠡᠢ ᠲᠤᠰᠠᠯᠠᠮᠵᠢ ᠬᠠᠨᠭᠭᠠᠨ᠎ᠠ》᠂ ᠪᠦᠬᠦ᠌ ᠣᠷᠣᠨ ᠤ᠋ ᠤᠯᠤᠰ ᠲᠦᠷᠦ᠍ ᠬᠠᠤᠯᠢ ᠴᠠᠭᠠᠵᠠ ᠶ᠋ᠢᠨ ᠪᠠᠢᠭᠤᠯᠭ᠎ᠠ ᠵᠢᠨ ᠬᠢᠨ ᠲᠠᠰᠤᠷᠠᠯᠲᠠ ᠦᠭᠡᠢ ᠱᠢᠨ᠎ᠡ ᠵᠢ ᠡᠭᠦᠳᠬᠦ᠌ ᠬᠠᠤᠯᠢ ᠴᠠᠭᠠᠵᠠ ᠶ᠋ᠢᠨ ᠦᠢᠯᠡᠳᠦᠯᠭᠡ ᠪᠡᠷ ᠳᠠᠮᠵᠢᠨ ᠠᠵᠤ ᠠᠬᠤᠢᠯᠠᠯ ᠳ᠋ᠤ ᠬᠠᠯᠠᠭᠤᠨ ᠳᠤᠯᠠᠭᠠᠨ ᠲᠤᠰᠠᠯᠠᠮᠵᠢ ᠬᠠᠨᠭᠭᠠᠵᠤ᠂ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠵᠢ ᠬᠠᠤᠯᠢ ᠴᠠᠭᠠᠵᠠ ᠶ᠋ᠢᠨ ᠦᠢᠯᠡᠴᠢᠯᠡᠭᠡᠨ ᠤ᠋ ᠪᠠᠲᠤᠯᠠᠭ᠎ᠠ ᠳᠣᠣᠷ᠎ᠠ ᠪᠣᠢᠵᠢᠭᠤᠯᠤᠨ ᠪᠤᠵᠠᠭᠠᠢᠷᠠᠭᠤᠯᠵᠤ᠂ ᠲᠦᠷᠭᠡᠨ ᠬᠦᠭᠵᠢᠯᠲᠡ ᠵᠢ ᠨᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号