ᠡᠭᠡ ᠪᠠᠢᠭᠠᠯᠢ ᠪᠠᠨ ᠨᠢᠳᠤᠨ ᠤ᠋ ᠪᠠᠨ ᠴᠡᠴᠡᠭᠡᠢ ᠪᠠᠨ ᠰᠢᠭ ᠬᠠᠢᠷᠠᠯᠠᠨ ᠬᠠᠮᠠᠭᠠᠯᠠᠶ᠎ᠠ !
ᠣᠢᠷ᠎ᠠ ᠳ᠋ᠤ᠌᠂ ᠤᠯᠠᠭᠠᠨᠴᠠᠪ ᠬᠤᠳᠠ ᠵᠢᠨ ᠤᠯᠠᠭᠠᠨᠬᠠᠳᠠ ᠵᠢᠨ ᠭᠠᠯᠲᠤ ᠠᠭᠤᠯᠠ ᠵᠢᠨ ᠦᠵᠡᠮᠵᠢ ᠵᠢ ᠰᠤᠨᠢᠷᠬᠠᠬᠤ ᠪᠡᠷ ᠬᠦᠷᠦᠯᠴᠡᠵᠤ ᠢᠷᠡᠭᠰᠡᠨ ᠵᠢᠭᠤᠯᠴᠢᠯᠠᠭᠰᠠᠳ 《ᠮᠠᠨᠤ ᠮᠠᠯᠲᠠᠭᠰᠠᠨ》 ᠬᠡᠷᠡᠭ ᠤᠴᠢᠷ ᠢ᠋ ᠲᠤᠰᠬᠠᠭᠰᠠᠨ ᠪᠢᠴᠢᠯᠭᠡ ᠰᠦᠯᠵᠢᠶᠠᠨ ᠲᠡᠭᠡᠷ᠎ᠠ ᠰᠠᠴᠤᠭᠳᠠᠨ᠎ᠠ᠃
ᠤᠰᠤ ᠵᠢ ᠨᠢ ᠤᠤᠭᠤᠪᠠᠯ ᠶᠤᠰᠤ ᠵᠢ ᠨᠢ ᠳᠠᠭᠠᠨ᠎ᠠ ᠭᠡᠳᠡᠭ᠃ ᠤᠯᠤᠰ ᠤ᠋ᠨ AAA ᠳᠡᠰ ᠤ᠋ᠨ ᠵᠢᠭᠤᠯᠴᠢᠯᠠᠯ ᠤ᠋ᠨ ᠦᠵᠡᠮᠵᠢ ᠵᠢᠨ ᠣᠷᠣᠨ ᠪᠣᠯᠤᠭᠰᠠᠨ ᠤᠯᠠᠭᠠᠨᠬᠠᠳᠠ ᠵᠢᠨ ᠭᠠᠯᠲᠤ ᠠᠭᠤᠯᠠ ᠵᠢᠨ ᠰᠦᠷᠦᠭᠵᠢᠯ ᠨᠢ ᠭᠠᠵᠠᠷ ᠳᠣᠣᠷ᠎ᠠ ᠪᠤᠯᠠᠭᠳᠠᠵᠤ ᠪᠠᠢᠭ᠎ᠠ 《ᠡᠷᠳᠡᠨᠢᠰ ᠤ᠋ᠨ ᠰᠠᠩ》 ᠪᠢᠰᠢ ᠶᠤᠮ᠂ ᠲᠡᠭᠦᠨ ᠤ᠋ ᠦᠨ᠎ᠡ ᠥᠷᠲᠡᠭ ᠨᠢ ᠣᠨᠴᠠᠭᠠᠢ ᠭᠠᠵᠠᠷ ᠰᠢᠨᠵᠢᠯᠡᠭᠡᠨ ᠤ᠋ ᠦᠵᠡᠮᠵᠢ ᠪᠠ ᠬᠡᠪᠡᠷᠡᠭ ᠠᠮᠢ ᠠᠬᠤᠢ ᠵᠢᠨ ᠰᠢᠰᠲ᠋ᠸᠮ ᠳ᠋ᠦ᠍ ᠤᠷᠤᠰᠢᠵᠤ ᠪᠠᠢᠬᠤ ᠳ᠋ᠤ ᠪᠤᠢ᠃ ᠲᠤᠬᠠᠢ ᠵᠢᠨ ᠭᠠᠵᠠᠷ ᠤ᠋ᠨ ᠬᠢᠨ ᠭᠠᠵᠠᠷ ᠤ᠋ᠨ ᠭᠠᠳᠠᠷᠭᠤ ᠳᠡᠭᠡᠷ᠎ᠡ ᠳᠠᠷᠬᠠᠵᠤ ᠪᠠᠢᠬᠤ ᠮᠠᠨᠤ ᠵᠢ ᠲᠡᠭᠦᠵᠦ ᠪᠤᠯᠬᠤ ᠵᠢ ᠵᠥᠪᠰᠢᠶᠡᠷᠡᠭᠰᠡᠨ ᠪᠤᠯᠪᠠᠴᠦ ᠪᠠᠭᠠᠵᠢ ᠬᠡᠷᠡᠭᠯᠡᠨ ᠬᠦᠷᠦᠰᠤ ᠮᠠᠯᠲᠠᠬᠤ ᠵᠢ ᠲᠣᠳᠣᠷᠬᠠᠢ ᠴᠠᠭᠠᠵᠠᠯᠠᠭᠰᠠᠨ ᠪᠠᠢᠳᠠᠭ᠂ ᠭᠡᠳᠡᠯ᠎ᠡ ᠵᠠᠷᠢᠮᠡᠳ ᠨᠢ ᠨᠢᠳᠤᠨ ᠡᠮᠤᠨᠡᠬᠢ ᠠᠰᠢᠭ ᠲᠦ᠍ ᠲᠤᠷᠠᠯᠠᠵᠤ ᠳᠦᠷᠢᠮ ᠲᠤᠭᠳᠠᠭᠠᠯ ᠡᠴᠡ ᠵᠦᠷᠢᠴᠠᠨ ᠪᠠᠢᠭᠠᠯᠢ ᠠᠬᠤᠢ ᠳ᠋ᠤ ᠡᠪᠳᠡᠯᠠᠭᠡ ᠬᠢᠵᠤ ᠪᠠᠢᠭ᠎ᠠ ᠨᠢ ᠮᠡᠳᠡᠭᠡᠵᠢᠵᠢᠨ ᠭᠡᠷᠡᠭ ᠪᠤᠯᠠᠢ᠃
ᠡᠭᠡ ᠪᠠᠢᠭᠠᠯᠢ ᠪᠠᠨ ᠬᠠᠮᠠᠭᠠᠯᠠᠬᠤ ᠪᠤᠯ ᠪᠦᠬᠦ ᠬᠦᠮᠦᠨ ᠪᠦᠬᠦᠨᠤ ᠬᠠᠮᠳᠤ ᠵᠢᠨ ᠡᠭᠦᠷᠭᠡ ᠮᠦᠨ᠂ ᠪᠣᠯᠪᠠᠰᠤᠨ ᠵᠢᠭᠤᠯᠴᠢᠯᠠᠯ ᠨᠢ ᠵᠥᠪᠬᠡᠨ ᠯᠡ ᠤᠷᠢᠶ᠎ᠠ ᠪᠤᠰᠤ᠂ ᠬᠠᠷᠢᠨ ᠬᠥᠮᠦᠨ ᠪᠦᠬᠦᠨ ᠦᠢᠯᠡ ᠠᠵᠢᠯᠯᠠᠭᠠᠨ ᠤ᠋ ᠪᠠᠨ ᠪᠠᠷᠢᠮᠵᠢᠶ᠎ᠠ ᠪᠤᠯᠭᠠᠪᠠᠯ ᠵᠤᠬᠢᠨ᠎ᠠ᠃ ᠬᠦᠷᠦᠰᠤ ᠵᠢ ᠮᠠᠯᠳᠠᠭᠰᠠᠨ ᠨᠦᠭᠡ ᠪᠦᠷᠢ ᠨᠢ ᠴᠦᠮ ᠳᠠᠯ᠎ᠠ ᠨᠤᠳᠤᠭ ᠤ᠋ᠨ ᠰᠢᠷᠬ᠎ᠠ ᠰᠤᠷᠪᠢ᠂ ᠮᠠᠯᠳᠠᠭᠳᠠᠵᠤ ᠶᠠᠪᠤᠭᠰᠠᠨ ᠮᠠᠨᠤ ᠨᠢ ᠴᠦᠮ ᠭᠠᠵᠠᠷ ᠰᠢᠨᠵᠢᠯᠡᠭᠡᠨ ᠤ᠋ ᠦᠪ ᠬᠦᠷᠦᠩᠭᠡ ᠵᠢᠨ ᠬᠤᠬᠢᠷᠠᠯ ᠪᠤᠯᠬᠤ ᠶᠤᠮ᠃ ᠡᠢᠨ ᠬᠦ᠌ ᠬᠦᠮᠦᠰ ᠤ᠋ᠨ ᠬᠤᠪᠢ ᠪᠡᠶ᠎ᠡ ᠵᠢᠨ ᠤᠬᠠᠮᠰᠠᠷ ᠲᠦ᠍ ᠲᠦᠰᠢᠭᠯᠡᠭᠦ ᠵᠢᠨ ᠳᠠᠭᠠᠤ ᠦᠵᠡᠮᠵᠢ ᠵᠢᠨ ᠣᠷᠣᠨ ᠨᠢ ᠲᠣᠭᠣᠷᠢᠨ ᠴᠠᠭᠳᠠᠬᠤ ᠡᠷᠴᠢᠮᠵᠢᠡᠨ ᠴᠢᠡᠭᠭᠠᠷᠠᠭᠤᠯᠵᠤ᠂ ᠬᠠᠤᠯᠢ ᠬᠡᠷᠡᠭᠵᠢᠭᠦᠯᠤᠯᠳᠠ ᠪᠠᠨ ᠴᠢᠡᠭᠭᠠᠳᠬᠠᠨ᠂ ᠳᠦᠷᠢᠮ ᠲᠣᠭᠲᠠᠭᠠᠯ ᠡᠴᠡ ᠵᠥᠷᠢᠴᠡᠭᠰᠡᠨ ᠦᠢᠯᠡ ᠠᠵᠢᠯᠯᠠᠭ᠎ᠠ ᠵᠢ ᠡᠷᠡᠰ ᠬᠣᠷᠢᠭᠯᠠᠬᠤ ᠵᠢᠨ ᠬᠠᠮᠲᠤ ᠢᠯᠡ ᠰᠡᠷᠡᠮᠵᠢᠯᠡᠭᠦᠯᠬᠦ ᠴᠢᠬᠤᠯᠠᠳᠠᠢ᠃ ᠭᠠᠯᠳᠤ ᠠᠭᠤᠯᠠ ᠵᠢᠨ ᠡᠷᠭᠢᠨ ᠲᠣᠭᠣᠷᠢᠨ ᠤ᠋ ᠬᠤᠳᠠᠯᠳᠤᠭᠠᠨ ᠤ᠋ ᠡᠷᠦᠬᠡ ᠵᠢ ᠬᠢᠨᠠᠨ ᠬᠠᠮᠢᠶᠠᠷᠬᠤ ᠰᠢᠰᠲ᠋ᠧᠮ ᠳ᠋ᠦ᠍ ᠣᠷᠣᠭᠤᠯᠵᠤ᠂ ᠬᠦᠷᠦᠰᠤ ᠵᠢ ᠮᠠᠯᠲᠠᠬᠤ ᠪᠠᠭᠠᠵᠢ ᠬᠡᠷᠡᠭᠰᠡᠯ ᠪᠣᠷᠣᠯᠠᠭᠤᠯᠤᠨ ᠬᠤᠳᠠᠯᠳᠤᠬᠤ ᠵᠢ ᠴᠠᠭᠠᠵᠠᠯᠠᠵᠤ᠂ ᠡᠪᠳᠡᠬᠦ ᠦᠢᠯᠡ ᠠᠵᠢᠯᠯᠠᠭ᠎ᠠ ᠵᠢ ᠡᠬᠢ ᠡᠭᠦᠰᠦᠯ ᠡᠴᠡ ᠨᠢ ᠴᠠᠭᠠᠵᠠᠯᠠᠪᠠᠯ ᠵᠤᠬᠢᠨ᠎ᠠ᠃
ᠪᠢᠳᠡ ᠡᠭᠡ ᠪᠠᠢᠭᠠᠯᠢ ᠪᠠᠨ ᠨᠢᠳᠤᠨ ᠤ᠋ ᠪᠠᠨ ᠴᠡᠴᠡᠭᠡᠢ ᠪᠠᠨ ᠰᠢᠭ ᠬᠠᠢᠷᠠᠯᠠᠨ ᠬᠠᠮᠠᠭᠠᠯᠠᠵᠤ᠂ ᠡᠪᠳᠡᠯᠠᠭᠡ ᠵᠢᠨ ᠴᠢᠨᠠᠷᠳᠠᠢ ᠠᠵᠢᠯᠯᠠᠭ᠎ᠠ ᠵᠢ ᠡᠷᠡᠰ ᠴᠠᠭᠠᠵᠠᠯᠠᠵᠤ᠂ ᠡᠭᠡ ᠪᠠᠢᠭᠠᠯᠢ ᠪᠠᠨ ᠡᠭᠦᠷᠢᠳᠡ ᠪᠦᠲᠦᠨ ᠵᠢᠡᠷ ᠵᠢᠡᠨ ᠪᠠᠢᠯᠭᠠᠶ᠎ᠠ!