ᠲᠤᠯᠠᠭᠠᠨ ᠬᠤᠳᠠ ᠵᠢᠨ ᠲᠡᠯᠭᠡᠷ ᠨᠠᠭᠠᠳᠤᠮ
2025-09-08 11:31:32
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 12 — 21᠎ᠤ᠋ ᠡᠳᠦᠷ ᠪᠤᠯᠳᠠᠯ᠎ᠠ᠂ 《ᠤᠮᠠᠷᠠᠲᠤ ᠬᠢᠯᠢ᠎ᠶ᠋ᠢᠨ ᠤᠶᠠᠩᠭᠠᠲᠤ ᠲᠠᠭᠤᠤ ᠬᠦᠳᠡᠭᠡ ᠲᠠᠯ᠎ᠠ ᠳ᠋ᠦ ᠴᠤᠤᠷᠢᠶᠠᠲᠤᠨᠠᠮ》 2025 ᠣᠨ᠎ᠤ ᠣᠷᠳᠣᠰ ᠳᠤᠯᠠᠭᠠᠨ ᠬᠣᠲᠠ᠎ᠶ᠋ᠢᠨ ᠨᠠᠭᠠᠳᠤᠮ ᠤᠷᠳᠤᠰ ᠬᠤᠳᠠ ᠵᠢᠨ ᠣᠲᠣᠭ ᠬᠣᠱᠢᠭᠤᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠭᠤᠳᠠᠮ ᠲᠠᠯᠠᠪᠠᠶ᠎ᠳᠤ ᠶᠠᠪᠤᠭ᠍ᠳᠠᠪᠠ᠃ ᠲᠦᠷᠪᠡᠨ ᠵᠦᠭ ᠨᠢ᠋ᠮᠠᠨ ᠵᠤᠪᠬᠢᠰ ᠡᠴᠡ ᠢᠷᠡᠭᠰᠡᠨ ᠵᠢᠭᠤᠯᠴᠢᠯᠠᠬᠰᠠᠳ ᠲᠠᠯ᠎ᠠ ᠨᠤᠲᠤᠭ᠎ᠤᠨ ᠨᠠᠭᠠᠳᠤᠮ᠎ᠤᠨ ᠷᠢᠳᠢ ᠱᠢᠳᠢ᠎ᠶ᠋ᠢ ᠪᠡᠶᠡᠴᠢᠯᠡᠨ ᠣᠢᠯᠠᠭᠠᠪᠠ᠃


QQ20250908-112243.png


ᠥᠩᠭᠡᠲᠦ ᠲᠤᠭ᠂ ᠬᠥᠬᠡ ᠲᠩᠷᠢ᠂ ᠴᠠᠭᠠᠨ ᠡᠭᠦᠯᠡ᠂ ᠠᠵᠢᠨᠠᠶ ᠬᠦᠯᠦᠭ ᠁ ᠬᠥᠷ ᠬᠥᠭ᠌ᠵᠢᠶᠡᠨ᠎ᠲᠡᠶ ᠠᠭᠤᠷ ᠠᠮᠢᠰᠭᠤᠯ᠎ᠤᠨ ᠳᠤᠮᠳᠠ᠂ ᠤᠯᠤᠰ᠎ᠤᠨ ᠲᠣᠭ᠎ᠤᠨ ᠵᠢᠭ᠍ᠰᠠᠭᠠᠯ᠎ᠤᠨ ᠡᠩᠨᠡᠭᠡ᠂ ᠦᠪᠡᠳᠡᠭ᠌ᠰᠢ ᠶᠣᠰᠣᠯᠠᠯ᠎ᠤᠨ ᠵᠣᠴᠢᠨ ᠤᠭ᠍ᠲᠤᠬᠤ ᠵᠢᠭ᠍ᠰᠠᠭᠠᠯ᠎ᠤᠨ ᠡᠩᠨᠡᠭᠡ᠂ ᠳᠤᠯᠠᠭᠠᠨ ᠬᠣᠲᠠ ᠣᠷᠳᠣᠰ᠎ᠤᠨ ᠬᠣᠱᠢᠭᠤ ᠲᠣᠭᠣᠷᠢᠭ᠎ᠤᠨ ᠲᠥᠯᠥᠭᠡᠯᠡᠭ᠌ᠴᠢᠳ᠎ᠦᠨ ᠵᠢᠭ᠍ᠰᠠᠭᠠᠯ᠎ᠤᠨ ᠡᠩᠨᠡᠭᠡ᠂ ᠪᠤᠬ᠎ᠠ ᠲᠡᠷᠭᠡᠨ᠎ᠦ ᠵᠢᠭ᠍ᠰᠠᠭᠠᠯ᠎ᠤᠨ ᠡᠩᠨᠡᠭᠡ᠂ ᠨᠠᠭᠠᠳᠤᠮ᠎ᠤᠨ ᠬᠤᠷᠠᠯ᠎ᠤᠨ ᠵᠢᠭ᠍ᠰᠠᠭᠠᠯ᠎ᠤᠨ ᠡᠩᠨᠡᠭᠡ ᠬᠤᠷᠠᠯ᠎ᠤᠨ ᠲᠠᠯᠠᠪᠠᠶ᠎ᠳᠤ ᠳᠠᠷᠠᠭᠠᠯᠠᠨ ᠣᠷᠣᠪᠠ᠃ ᠠᠵᠢᠨᠠᠶ ᠬᠦᠯᠦᠭ ᠦᠦᠷᠰᠡᠵᠦ᠍᠂ ᠥᠪᠡᠷᠮᠢᠴᠡ ᠣᠨᠴᠠᠯᠢᠭ᠎ᠪᠦᠬᠦᠢ᠂ ᠬᠥᠷ ᠨᠠᠷᠭᠢᠶᠠᠨ᠎ᠲᠠᠶ ᠮᠣᠷᠢᠨ ᠮᠡᠷᠭᠡᠵᠢᠯ᠎ᠦᠨ ᠲᠣᠭ᠍ᠯᠠᠯᠲᠠ ᠭᠣᠢᠳᠠ ᠰᠠᠢᠬᠠᠨ ᠶᠠᠪᠤᠭ᠍ᠳᠠᠵᠤ᠂ 20 ᠮᠣᠷᠢᠨ ᠮᠡᠷᠭᠡᠵᠢᠯ᠎ᠦᠨ ᠬᠥᠮᠦᠨ ᠮᠣᠷᠢ᠎ᠤᠨᠤᠨ ᠲᠠᠯᠠᠪᠠᠶ᠎ᠳᠤ ᠤᠷᠤᠵᠤ᠂ ᠨᠢᠰᠭᠦ ᠮᠡᠲᠦ ᠲᠦᠷᠭᠡᠨ ᠳᠠᠪᠬᠢᠵᠤ᠂ ᠮᠣᠷᠢᠨ ᠨᠢᠷᠤᠭᠤᠨ ᠳᠡᠭᠡᠷ᠎ᠡ ᠵᠣᠭ᠍ᠰᠣᠬᠤ᠂ ᠮᠣᠷᠢᠨ ᠨᠢᠷᠤᠭᠤᠨ ᠳᠡᠭᠡᠷ᠎ᠡ ᠲᠣᠩᠭᠣᠷᠤᠤ ᠵᠣᠭ᠍ᠰᠣᠬᠤ᠂ ᠮᠣᠷᠢᠨ ᠳᠡᠭᠡᠷ᠎ᠡ ᠡᠴᠡ ᠬᠠᠳᠠᠭ ᠰᠢᠭᠦᠷᠭᠦ ᠵᠡᠷᠭᠡ ᠠᠯᠢ ᠣᠯᠠᠨ ᠬᠦᠴᠢᠷ ᠲᠦᠪᠡᠭ᠌ᠲᠡᠶ ᠬᠥᠳᠡᠯᠦᠯ ᠨᠢ ᠲᠤᠬᠠᠶ᠎ᠶ᠋ᠢᠨ ᠲᠠᠯᠠᠪᠠᠶ᠎ᠶ᠋ᠢᠨ ᠤᠤᠬᠠᠢᠯᠠᠯ ᠬᠠᠰᠬᠢᠷᠤᠯ᠂ ᠠᠯᠠᠭ᠎ᠠ ᠲᠡᠱᠢᠯᠲᠡ᠎ᠶ᠋ᠢ ᠣᠯᠵᠤ᠂ ᠣᠷᠳᠣᠰ ᠨᠤᠲᠤᠭ᠎ᠤᠨ ᠴᠤᠴᠠᠯᠲᠠ ᠦᠭᠡᠢ ᠤᠷᠤᠭ᠍ᠰᠢᠯᠠᠬᠤ ᠵᠣᠷᠢᠭ ᠰᠠᠨᠠᠭ᠎ᠠ᠎ᠶ᠋ᠢ ᠪᠡᠯᠭᠡᠳᠡᠵᠦ᠍ ᠪᠠᠢᠯ᠎ᠠ᠃


QQ20250908-112228.png


ᠨᠠᠭᠠᠳᠤᠮ᠎ᠤᠨ ᠬᠤᠷᠠᠯ ᠪᠣᠯ ᠲᠠᠯ᠎ᠠ ᠨᠤᠲᠤᠭ᠎ᠤᠨ ᠦᠪᠡᠳᠡᠭ᠌ᠰᠢ ᠶᠡᠬᠡ ᠴᠤᠭ᠍ᠯᠠᠭᠠᠨ᠂ ᠰᠣᠶᠣᠯ᠎ᠤᠨ ᠦᠪᠡᠳᠡᠭ᠌ᠰᠢ ᠶᠡᠬᠡ ᠳᠠᠢᠯᠠᠯᠭ᠎ᠠ ᠮᠥᠨ᠂ ᠦᠨᠳᠦᠰᠦᠲᠡᠨ᠎ᠦ ᠪᠦᠯᠬᠦᠮᠳᠡᠯ ᠎ᠢ ᠠᠬᠢᠭᠤᠯᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ ᠎ᠢ ᠠᠬᠢᠭᠤᠯᠬᠤ᠂ ᠦᠨᠳᠦᠰᠦᠲᠡᠨ᠎ᠦ ᠵᠠᠩ ᠦᠶ᠋ᠯᠡ᠎ᠶ᠋ᠢ ᠢᠯᠡᠷᠡᠭᠦᠯᠬᠦ᠌ ᠴᠢᠬᠤᠯᠠ ᠠᠴᠢᠶᠠᠯᠠᠪᠤᠷᠢ ᠮᠥᠨ᠃  ᠨᠠᠭᠠᠳᠤᠮ᠎ᠤᠨ ᠬᠤᠷᠠᠯ ᠡᠴᠡ  ᠦᠨᠳᠦᠰᠦᠲᠡᠨ᠎ᠨᠦᠭᠦᠳ᠎ᠦᠨ ᠣᠯᠠᠨ ᠲᠦᠮᠡᠨ ᠦᠵᠡᠰᠭᠦᠯᠡᠩᠲᠦ ᠰᠠᠢᠬᠠᠨ ᠳᠤᠯᠠᠭᠠᠨ ᠬᠣᠲᠠ᠎ᠶ᠋ᠢᠨ ᠬᠦᠭᠵᠢᠯᠲᠡ ᠬᠤᠪᠢᠷᠠᠯᠲᠠ᠂ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ᠎ᠶ᠋ᠢ ᠭᠦᠶ᠋ᠴᠡᠳ ᠤᠢᠯᠠᠭᠠᠵᠤ ᠪᠤᠯᠳᠠᠬ᠃


QQ20250908-112213.png


ᠨᠠᠭᠠᠳᠤᠮ᠎ᠤᠨ  ᠬᠤᠷᠠᠯ᠎ᠤᠨ ᠬᠤᠭᠤᠴᠠᠭᠠᠨ᠎ᠳᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠂ ᠣᠯᠠᠨ ᠲᠦᠮᠡᠨᠴᠢ ᠰᠣᠶᠣᠯ ᠵᠢᠭᠤᠯᠴᠢᠯᠠᠯ᠂ ᠠᠯᠲᠠᠨ ᠨᠠᠮᠤᠷ᠎ᠤᠨ ᠲᠠᠷᠢᠶᠠᠯᠠᠩ᠎ᠢ ᠲᠤᠰᠠᠯᠠᠬᠤ ᠬᠡᠷᠡᠭ᠌ᠯᠡᠭᠡ᠂ 《ᠠᠮᠲᠠᠲᠤ ᠢᠳᠡᠭᠡᠨ ᠪᠦᠬᠦᠢ ᠳᠤᠯᠠᠭᠠᠨ ᠬᠣᠲᠠ·ᠪᠦᠲᠦᠭᠡᠯᠴᠢ ᠲᠥᠰᠦᠪᠯᠡᠯ ᠪᠦᠬᠦᠢ ᠵᠠᠬ᠎ᠠ ᠳᠡᠯᠭᠡᠭᠦᠷ》ᠠᠮᠲᠠᠲᠤ ᠢᠳᠡᠭᠡᠨ᠎ᠦ ᠰᠣᠶᠣᠯ᠎ᠤᠨ ᠭᠠᠷᠠᠭ ᠵᠡᠷᠭᠡ ᠠᠵᠢᠯᠯᠠᠭ᠎ᠠ ᠵᠢ ᠥᠷᠨᠢᠭᠦᠯᠪᠡ᠃ ᠤᠷᠳᠤᠰ᠎ᠤᠨ ᠨᠠᠢᠷ ᠨᠢ ᠥᠪᠡᠷᠮᠢᠴᠡ ᠰᠣᠶᠣᠯ ᠤᠷᠠᠯᠢᠭ᠎ᠤᠨ ᠬᠡᠯᠪᠡᠷᠢ᠎ᠪᠡᠷ᠎ᠢᠶᠡᠨ  ᠬᠠᠳᠤᠨ ᠭᠣᠣᠯ᠎ᠤᠷᠤᠰᠤᠨ ᠥᠩᠭᠡᠷᠡᠭᠡ ᠬᠠᠯᠠᠭᠤᠨ ᠬᠥᠷᠥᠰᠥ᠎ᠶ᠋ᠢ ᠮᠠᠭ᠍ᠲᠠᠨ ᠳᠠᠭᠤᠯᠠᠵᠤ᠂ ᠡᠨᠳᠡᠬᠢ ᠣᠷᠣᠨ ᠨᠤᠲᠤᠭ᠎ᠤᠨ ᠵᠠᠩ ᠵᠠᠩᠱᠢᠯ᠎ᠢ ᠬᠠᠷᠠᠭᠤᠯᠤᠭ᠍ᠰᠠᠨ ᠪᠠᠢᠨ᠎ᠠ᠃ ᠭᠤᠷᠪᠠᠨ ᠴᠢᠪᠬᠠᠳᠠᠰᠤᠲᠤ ᠬᠥᠭ᠌ᠵᠢᠮ᠂ ᠳᠥᠷᠪᠡᠨ ᠤᠲᠠᠰᠤᠲᠤ ᠬᠤᠭᠤᠷ ᠵᠡᠷᠭᠡ ᠤᠯᠠᠮᠵᠢᠯᠠᠯᠲᠤ ᠬᠦᠭ᠌ᠵᠢᠮᠳᠡᠬᠦᠷ᠎ᠢ ᠬᠠᠪᠰᠤᠷᠤᠨ ᠬᠥᠭ᠌ᠵᠢᠮᠳᠡᠬᠦ᠌᠂ ᠠᠷᠠᠳ᠎ᠤᠨ ᠳᠠᠭᠤᠤ᠎ᠶ᠋ᠢ ᠬᠠᠮᠲᠤᠷᠠᠨ ᠳᠠᠭᠤᠯᠠᠬᠤ ᠬᠥᠭ᠌ᠵᠢᠮ᠎ᠦᠨ ᠠᠶ᠎ᠠ ᠪᠠ ᠳᠠᠭᠤᠤ᠎ᠶ᠋ᠢᠨ ᠠᠶ᠎ᠠ ᠠᠪᠴᠠᠯᠳᠤᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯ ᠪᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠶ᠎ᠶ᠋ᠢ ᠭᠦᠶ᠋ᠴᠡᠳ ᠬᠠᠷᠠᠭᠤᠯᠪᠠ᠃

《ᠦᠨᠳᠦᠰᠦᠲᠡᠨ᠎ᠦ ᠣᠨᠴᠠᠯᠢᠭ》 ᠡᠴᠠ 《ᠪᠣᠳᠠᠰ᠎ᠤᠨ ᠪᠤᠰᠤ ᠰᠣᠶᠣᠯ᠎ᠤᠨ ᠥᠪ᠎ᠦᠨ ᠨᠢᠭᠤᠴᠠ᠎ᠶ᠋ᠢ ᠬᠠᠢᠬᠤ》 ᠬᠦᠷᠲᠡᠯ᠎ᠡ᠂ 《ᠲᠠᠯ᠎ᠠ ᠨᠤᠲᠤᠭ᠎ᠲᠤ ᠥᠪᠡᠷ᠎ᠢᠶᠡᠨ ᠲᠡᠷᠭᠡ ᠵᠢᠯᠣᠭᠣᠳᠬᠤ》 ᠡᠴᠠ 《ᠤᠤᠭᠠᠯ ᠵᠣᠬᠢᠶᠠᠨ ᠪᠦᠲᠦᠭᠡᠯᠭᠡ ᠵᠢᠨ ᠳᠠᠭᠤᠤ ᠬᠥᠭ᠌ᠵᠢᠮ᠎ᠦᠨ ᠴᠤᠭ᠍ᠯᠠᠭᠠᠨ》 ᠬᠦᠷᠲᠡᠯ᠎ᠡ᠂ ᠵᠢᠭᠤᠯᠴᠢᠯᠠᠭ᠍ᠰᠠᠳ ᠲᠠᠯ᠎ᠠ ᠨᠤᠲᠤᠭ᠎ᠢ ᠡᠷᠭᠡ ᠦᠭᠡᠢ ᠪᠠᠬᠠᠳᠤᠨ ᠪᠠᠬᠠᠷᠠᠨ᠎ᠠ᠃ ᠤᠷᠳᠤᠰ  ᠤᠯᠠᠮᠵᠢᠯᠠᠯᠲᠤ ᠨᠠᠭᠠᠳᠤᠮ᠎ᠢ ᠱᠢᠨ᠎ᠡ ᠳᠦᠷᠰᠦ ᠪᠠᠢᠳᠠᠯ ᠂ ᠱᠢᠨ᠎ᠡ ᠠᠮᠢᠯᠠᠯ ᠤᠯᠭᠤᠵᠤ᠂  ᠲᠠᠯ᠎ᠠ ᠨᠤᠲᠤᠭ᠎ᠤᠨ ᠦᠪᠡᠳᠡᠭ᠌ᠰᠢ ᠦᠵᠡᠮᠵᠢ ᠵᠢ ᠪᠦᠷᠢᠳᠦᠭᠦᠯᠦᠯ᠎ᠡ᠃

( ᠭᠡᠷᠡᠯ ᠵᠢᠷᠤᠭ ᠎ᠢ ᠰᠦᠯᠵᠢᠶᠡᠨ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号