《ᠪᠢᠳᠡ ᠪᠣᠳᠠᠲᠠᠢ ᠠᠵᠢᠯᠯᠠᠵᠤ ᠰᠠᠢ᠌ᠨ ᠰᠠᠢᠬᠠᠨ ᠡᠬᠢᠯᠡᠯᠲᠡ᠎ᠵᠢ ᠪᠠᠶᠠᠯᠠᠬᠦᠯᠬᠦ ᠪᠠᠷ ᠬᠦᠴᠤᠯᠠᠨ ᠴᠢᠷᠮᠠᠢᠨ᠎ᠠ !》
2026-01-10 10:59:05
ᠵᠣᠬᠢᠶᠠᠭ᠍ᠴᠢ᠄
ᠯᠢᠦ ᠶᠠᠩ
ᠣᠩᠱᠢᠭ᠍ᠰᠠᠨ ᠣᠳᠠᠭ᠎ᠠ᠄
★★★☆☆

1 ᠰᠠᠷ᠎ᠠ ᠶ᠋ᠢᠨ 7 ᠤ᠋ ᠡᠳᠦᠷ᠂ ᠳᠤᠮᠳᠠᠳᠤ ᠤᠯᠤᠰ ᠤ᠋ᠨ ᠴᠢᠯᠠᠭᠤᠨ ᠲᠣᠰᠣᠨ ᠤ᠋ ᠬᠥᠬᠡᠬᠣᠲᠠ ᠶ᠋ᠢᠨ ᠴᠢᠯᠠᠭᠤᠨ ᠲᠣᠰᠣ ᠬᠢᠮᠢ ᠶ᠋ᠢᠨ ᠠᠵᠤ ᠦᠶ᠋ᠯᠡᠳᠪᠦᠷᠢ ᠶ᠋ᠢᠨ ᠺᠣᠮᠫᠠᠨᠢ ᠶ᠋ᠢᠨ ᠦᠶ᠋ᠯᠡᠳᠪᠦᠷᠢ ᠶ᠋ᠢᠨ ᠲᠣᠭᠣᠷᠢᠭ᠎ᠲᠦ᠍ ᠪᠣᠯᠪᠠᠰᠤᠷᠠᠭᠤᠯᠬᠤ ᠰᠤᠪᠤᠷᠭ᠎ᠠ ᠰᠡᠬᠦᠢᠨ ᠰᠦᠨᠳᠡᠷᠯᠡᠵᠦ᠍᠂ ᠬᠣᠭᠣᠯᠠᠶ ᠬᠣᠩᠭᠢᠯ ᠬᠦᠨᠳᠡᠯᠡᠨ ᠭᠤᠯᠳᠤ ᠪᠠᠢᠷᠢᠯᠠᠨ᠂ ᠮᠠᠱᠢᠨ ᠲᠥᠬᠥᠭᠡᠷᠦᠮᠵᠢ ᠲᠠᠰᠤᠷᠠᠯᠲᠠ ᠥᠬᠡᠶ ᠠᠵᠢᠯᠯᠠᠵᠤ᠂ ᠲᠣᠰᠣ ᠰᠠᠪᠠᠯᠠᠬᠤ ᠲᠡᠷᠭᠡ ᠶᠠᠭᠠᠷᠠᠯᠲᠠᠶ ᠠᠵᠢᠯᠯᠠᠵᠤ ᠪᠠᠢᠯ᠎ᠠ᠃ ᠪᠥᠬᠥ᠌ ᠺᠠᠳ᠋ᠷ ᠠᠵᠢᠯᠲᠠᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠤᠳᠠᠭ᠎ᠠ᠎ᠵᠢᠨ ᠪᠥᠬᠥᠳᠡ ᠬᠤᠷᠠᠯ ᠵᠢᠴᠢ ᠪᠥᠬᠥ᠌ ᠣᠷᠣᠨ ᠤ᠋ ᠠᠵᠤ ᠠᠬᠤᠶ ᠶ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠠᠢᠷᠢᠯᠠᠭᠤᠯᠤᠯᠲᠠ ᠵᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠮᠤᠷ ᠲᠦᠪᠱᠢᠨ ᠢ᠋ᠶ᠋ᠡᠷ ᠦᠶ᠋ᠯᠡᠳᠪᠦᠷᠢᠯᠡᠯ ᠢ᠋ ᠲᠣᠭ᠍ᠲᠠᠪᠤᠷᠢᠵᠢᠭᠤᠯᠬᠤ᠂ ᠬᠠᠩᠭᠠᠯᠭ᠎ᠠ ᠵᠢ ᠥᠨᠳᠥᠷ ᠪᠦᠲᠦᠮᠵᠢᠲᠡᠶ ᠪᠠᠲᠤᠯᠠᠬᠤ ᠪᠣᠳᠠᠲᠠᠶ ᠦᠷ᠎ᠡ ᠪᠦᠲᠦᠮᠵᠢ ᠪᠡᠷ ᠤᠯᠤᠰ ᠤ᠋ᠨ ᠡᠨᠧᠷᠭᠢ ᠶ᠋ᠢᠨ ᠠᠮᠤᠷ ᠲᠦᠪᠱᠢᠨ ᠢ᠋ ᠪᠠᠲᠤᠯᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠵᠢᠯ ᠳ᠋ᠤ ᠰᠠᠢᠨ ᠰᠠᠢᠬᠠᠨ ᠡᠬᠢᠯᠡᠯᠲᠡ ᠎ᠵᠢ ᠪᠠᠶᠠᠯᠠᠬᠦᠯᠬᠦ ᠪᠠᠷ ᠬᠦᠴᠦᠯᠡᠨ ᠴᠢᠷᠮᠠᠢᠨ᠎ᠠ᠃

《ᠱᠢᠨ᠎ᠡ ᠤᠨ ᠤ᠋ ᠡᠬᠢᠯᠡᠯᠲᠡ ᠪᠣᠯ ᠳᠠᠷᠤᠶ ᠪᠠᠢᠯᠳᠤᠭᠠᠨ ᠤ᠋ ᠲᠠᠯᠠᠪᠤᠷ ᠪᠠᠢᠵᠤ᠂ ᠡᠨᠧᠷᠭᠢ ᠶ᠋ᠢᠨ ᠬᠠᠩᠭᠠᠯᠭ᠎ᠠ ᠵᠢ ᠪᠠᠲᠤᠯᠠᠬᠤ ᠪᠣᠯ ᠮᠠᠨ ᠤ᠋ ᠭᠤᠤᠯ ᠡᠭᠦᠷᠭᠡ ᠮᠥᠨ᠂ ᠡᠷᠬᠡᠪᠰᠢ ᠲᠥᠷᠥ ᠶ᠋ᠢᠨ ᠪᠣᠳᠣᠯᠭ᠎ᠠ ᠶ᠋ᠢᠨ ᠠᠱᠢᠭ ᠢ᠋ ᠦᠶ᠋ᠯᠡᠳᠪᠦᠷᠢᠯᠡᠯ ᠤ᠋ᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠶ!》 ᠭᠡᠰᠡᠨ ᠺᠣᠮᠫᠠᠨᠢ ᠶ᠋ᠢᠨ ᠨᠠᠮ ᠤ᠋ᠨ ᠬᠣᠷᠢᠶᠠᠨ ᠤ᠋ ᠱᠦᠵᠢ᠂ ᠭᠦᠢᠴᠡᠳᠭᠡᠭ᠌ᠴᠢ ᠬᠡᠷᠡᠭ ᠮᠡᠳᠡᠭ᠌ᠴᠢ ᠸᠠᠩ ᠱᠢᠶᠤᠤ ᠯᠦ᠍ ᠶ᠋ᠢᠨ ᠦᠢᠯᠡᠳᠪᠦᠷᠢᠯᠡᠯ ᠤ᠋ᠨ ᠲᠤᠬᠢᠷᠠᠭᠤᠯᠤᠯᠳᠠ ᠶ᠋ᠢᠨ ᠬᠤᠷᠠᠯ ᠳᠡᠭᠡᠷᠡᠬᠢ ᠲᠠᠢ᠌ᠴᠢᠯᠠᠯᠳᠠ ᠎ᠵᠢᠨ ᠦᠭᠡᠰ ᠨᠢ ᠺᠠᠳ᠋ᠷ ᠠᠵᠢᠯᠳᠠᠳ᠎ᠤ᠋ᠨ ᠡᠷᠴᠢ ᠵᠤᠷᠢᠭ ᠢ᠋ ᠬᠦᠪᠴᠢᠯᠡᠵᠦ ᠪᠠᠢᠯ᠎ᠠ᠃

ᠺᠣᠮᠫᠠᠨᠢ ᠶ᠋ᠢᠨ ᠬᠢᠨ ᠠᠶᠤᠯᠭᠦᠢ ᠦᠢᠯᠡᠳᠪᠦᠷᠢᠯᠡᠯ ᠢ᠋ ᠲᠡᠷᠢᠭᠦᠨ ᠳ᠋ᠤ ᠲᠠᠯᠪᠢᠬᠤ ᠵᠢ ᠪᠠᠷᠢᠮᠲᠠᠯᠠᠵᠤ᠂ ᠬᠣᠷᠢᠭ᠎ᠠ ᠱᠤᠭᠤᠮ ᠤ᠋ᠨ ᠰᠡᠳᠭᠢᠬᠦᠢ ᠵᠢ ᠪᠠᠲᠤ ᠴᠣᠭ᠍ᠴᠠᠯᠠᠪᠠ᠃ ᠡᠯ᠎ᠡ ᠦᠶ᠋ᠯᠡᠳᠪᠦᠷᠢᠯᠡᠯ ᠤ᠋ᠨ ᠨᠢᠭᠡᠴᠢ ᠶ᠋ᠢᠨ ᠬᠢᠨ ᠠᠵᠢᠯᠯᠠᠭᠠᠨ ᠢ᠋ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ ᠵᠢ ᠴᠢᠩᠭ᠎ᠠ ᠬᠡᠷᠡᠭ᠌ᠵᠢᠭᠦᠯᠵᠦ᠍᠂ ᠤᠷ᠎ᠠ ᠮᠡᠷᠭᠡᠰᠢᠯ᠂ ᠠᠵᠢᠯᠯᠠᠭ᠎ᠠ᠂ ᠬᠥᠳᠡᠯᠮᠦᠷᠢ ᠶ᠋ᠢᠨ 《ᠭᠤᠷᠪᠠᠨ ᠵᠦᠢᠯ ᠤ᠋ᠨ ᠰᠠᠬᠢᠯᠭ᠎ᠠ ᠪᠠᠲᠤ》 ᠵᠢ ᠦᠷᠭᠦᠯᠵᠢᠯᠡᠨ ᠴᠢᠩᠭᠠᠳᠭᠠᠵᠤ᠂ ᠲᠣᠭᠣᠷᠢᠨ ᠪᠠᠢᠴᠠᠭᠠᠬᠤ ᠳᠠᠪᠲᠠᠮᠵᠢ ᠤᠳᠠᠭ᠎ᠠ ᠪᠣᠯᠤᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠡᠷ ᠳᠠᠮᠵᠢᠨ ᠬᠡᠮ ᠰᠣᠭᠣᠭ ᠢ᠋ ᠵᠢᠭ᠍ᠰᠠᠭᠠᠨ ᠪᠠᠢᠴᠠᠭᠠᠬᠤ ᠳ᠋ᠤ ᠥᠨᠴᠥᠭ ᠪᠤᠯᠤᠩ ᠢ᠋ ᠭᠡᠭᠡᠭᠳᠡᠭᠦᠯᠬᠦ ᠦᠭᠡᠢ᠂ ᠠᠶᠤᠯ ᠲᠦᠭ᠌ᠰᠢᠭᠦᠷᠢ ᠵᠢ ᠬᠠᠮᠢᠶᠠᠷᠤᠨ ᠡᠵᠡᠮᠳᠡᠬᠦ᠌ ᠵᠢ ᠪᠦᠬᠦᠨ ᠢ᠋ ᠪᠦᠷᠬᠦᠭᠦᠯᠬᠦ᠌ ᠵᠢ ᠪᠡᠶᠡᠯᠡᠭᠦᠯᠪᠡ᠃ ᠦᠶ᠋ᠯᠡᠳᠪᠦᠷᠢᠯᠡᠯ᠂ ᠠᠮᠤᠷ ᠲᠦᠪᠱᠢᠨ᠂ ᠬᠠᠩᠭᠠᠨ ᠪᠣᠷᠣᠯᠠᠭᠤᠯᠬᠤ ᠵᠡᠷᠭᠡ ᠰᠠᠯᠠᠭ᠎ᠠ ᠮᠥᠴᠢᠷ ᠎ᠤ᠋ᠨ ᠬᠢᠨ 24 ᠴᠠᠭ ᠢ᠋ᠶ᠋ᠡᠷ ᠠᠵᠢᠯ ᠤ᠋ᠨ ᠪᠠᠢᠷᠢ ᠳ᠋ᠤ ᠵᠢᠵᠢᠭᠦᠷᠯᠡᠵᠦ᠍᠂ ᠡᠳᠦᠷ ᠪᠦᠷᠢ ᠦᠶ᠋ᠯᠡᠳᠪᠦᠷᠢᠯᠡᠯ ᠤ᠋ᠨ ᠥᠷᠯᠥᠭᠡ ᠶ᠋ᠢᠨ ᠬᠤᠷᠠᠯ ᠢ᠋ ᠬᠤᠷᠠᠯᠳᠤᠭᠤᠯᠤᠨ ᠦᠶ᠋ᠯᠡᠳᠪᠦᠷᠢᠯᠡᠯ ᠪᠣᠷᠣᠯᠠᠭᠤᠯᠭ᠎ᠠ ᠵᠢᠨ ᠡᠯ᠎ᠡ ᠭᠤᠬᠴᠤᠭ᠎ᠠ ᠵᠢ ᠵᠣᠯᠭᠠᠭᠤᠯᠵᠤ᠂ ᠡᠯ᠎ᠡ ᠵᠦᠶ᠋ᠯ ᠤ᠋ᠨ ᠡᠭᠦᠷᠭᠡ ᠵᠢ ᠤᠷᠢᠳᠴᠢᠯᠠᠨ ᠪᠣᠳᠠᠲᠠᠢᠵᠢᠭᠤᠯᠬᠤ ᠵᠢ ᠦᠨᠡᠨᠬᠦ᠌ ᠪᠠᠲᠤᠯᠠᠪᠠ᠃ ᠱᠢᠨ᠎ᠡ ᠤᠨ ᠡᠴᠡ ᠨᠠᠭᠠᠰᠢ  ᠡᠯ᠎ᠡ ᠲᠥᠷᠥᠯ ᠤ᠋ᠨ ᠠᠮᠤᠷ ᠲᠦᠪᠱᠢᠨ᠎ᠦ ᠪᠠᠢᠴᠠᠭᠠᠯᠲᠠ ᠪᠠ ᠭᠡᠮ ᠰᠤᠭᠤᠭ ᠢ᠋ ᠵᠠᠰᠠᠬᠤ ᠪᠡᠷ ᠳᠠᠮᠵᠢᠨ ᠠᠶᠤᠯ ᠲᠦᠭ᠌ᠰᠢᠭᠦᠷᠢ ᠵᠢ ᠬᠠᠮᠢᠶᠠᠷᠤᠨ ᠡᠵᠡᠮᠳᠡᠬᠦ᠌ ᠪᠦᠷᠬᠦᠴᠡ ᠶ᠋ᠢᠨ ᠨᠣᠷᠮ᠎ᠠ ᠵᠢ 100% ᠳ᠋ᠤ ᠬᠦᠷᠭᠡᠪᠡ᠃

ᠲᠣᠨᠣᠭ᠍ᠯᠠᠯ ᠤ᠋ᠨ ᠲᠤᠭᠤᠷᠢᠭ ᠤ᠋ᠨ ᠭᠠᠳᠠᠨ᠎ᠠ ᠲᠡᠭ ᠡᠴᠡ ᠳᠣᠷᠣᠭ᠍ᠰᠢ 10°C ᠣᠷᠴᠢᠮ ᠤ᠋ᠨ ᠳᠤᠤᠷ᠎ᠠ ᠳᠤᠯᠠᠭᠠᠨ ᠴᠦ᠍ ᠡᠷᠡᠯᠬᠡᠭ᠌ᠯᠡᠨ ᠤᠷᠤᠭ᠍ᠰᠢᠯᠠᠬᠤ ᠠᠯᠬᠤᠭ᠎ᠠ ᠵᠢ ᠬᠣᠷᠢᠭ᠍ᠯᠠᠵᠤ ᠳᠡᠢᠯᠬᠦ᠌ ᠥᠬᠡᠶ᠃ ᠲᠣᠰᠣ ᠪᠣᠯᠪᠠᠰᠤᠷᠠᠭᠤᠯᠬᠤ ᠬᠣᠶᠠᠳᠤᠭᠠᠷ ᠬᠡᠯᠲᠡᠰ ᠤ᠋ᠨ ᠴᠢᠶᠢᠦ ᠲᠣᠰᠣ ᠳ᠋ᠤ ᠤᠰᠤᠳᠦ᠋ᠷᠦᠭᠴᠢ ᠨᠡᠮᠡᠵᠦ ᠨᠠᠷᠢᠯᠢᠭ ᠦᠢᠯᠡᠳᠬᠦ ᠲᠥᠬᠥᠭᠡᠷᠦᠮᠵᠢ ᠶ᠋ᠢᠨ ᠠᠵᠢᠯᠲᠠᠨ ᠸᠠᠨ ᠼᠦᠩ ᠠᠵᠢᠯ ᠤ᠋ᠨ ᠬᠤᠪᠴᠠᠰᠤ ᠪᠠᠨ ᠰᠠᠢᠲᠤᠷ ᠡᠮᠦᠰᠴᠦ᠂ ᠭᠠᠷ ᠲᠠᠭᠠᠨ ᠲᠤᠭᠤᠷᠢᠨ ᠪᠠᠢᠴᠠᠭᠠᠬᠤ ᠬᠡᠮᠵᠢᠭᠦᠷᠯᠢᠭ ᠠᠳᠬᠤᠵᠤ ᠲᠣᠨᠣᠭ ᠲᠥᠬᠥᠭᠡᠷᠦᠮᠵᠢ ᠶ᠋ᠢᠨ ᠬᠣᠭᠣᠷᠣᠨᠳᠣ ᠰᠦᠯᠵᠢᠯᠳᠦᠵᠦ᠍᠂ ᠨᠡᠭᠡᠯᠡᠬᠡᠶ᠂ ᠬᠣᠭᠣᠯᠠᠶ ᠶ᠋ᠢᠨ ᠬᠡᠪ ᠤ᠋ᠨ ᠪᠤᠰᠤ ᠡᠰᠡᠬᠦ᠌ ᠵᠢ ᠨᠠᠷᠢᠨ ᠪᠠᠢᠴᠠᠭᠠᠨ᠎ᠠ᠃ 《ᠠᠭᠤᠷ ᠠᠮᠢᠰᠭᠤᠯ ᠬᠡᠳᠦᠶ ᠬᠦᠶ᠋ᠲᠡᠨ ᠪᠠᠢᠭ᠍ᠰᠠᠨ ᠴᠤ᠌ ᠲᠣᠭᠣᠷᠢᠨ ᠪᠠᠢᠴᠠᠭᠠᠬᠤ ᠪᠠᠷᠢᠮᠵᠢᠶ᠎ᠠ ᠵᠢ ᠪᠠᠭᠤᠷᠠᠭᠤᠯᠬᠤ ᠥᠬᠡᠶ᠃ ᠢᠯᠡᠭᠦᠦ ᠨᠢᠭᠡ ᠠᠯᠬᠤᠮ ᠶᠠᠪᠤᠵᠤ᠂ ᠢᠯᠡᠭᠦᠦ ᠨᠢᠭᠡ ᠭᠠᠵᠠᠷ ᠬᠠᠷᠠᠪᠠᠯ᠂ ᠠᠮᠤᠷ ᠲᠦᠪᠱᠢᠨ ᠢ᠋ ᠢᠯᠡᠭᠦᠦ ᠨᠢᠭᠡ ᠬᠤᠪᠢ ᠪᠠᠲᠤᠯᠠᠵᠤ ᠴᠢᠳᠠᠨ᠎ᠠ᠃ 》 ᠲᠡᠷᠡ ᠪᠥᠬᠥᠢᠵᠦ᠍ ᠳᠠᠷᠤᠯᠲᠠ ᠶ᠋ᠢᠨ ᠬᠦᠰᠦᠨᠦᠭ᠌ᠲᠦ᠍ ᠶ᠋ᠢᠨ ᠲᠣᠭ᠎ᠠ ᠪᠠᠷᠢᠮᠲᠠ ᠵᠢ ᠪᠠᠢᠴᠠᠭᠠᠨ ᠦᠵᠡᠵᠦ᠍᠂ ᠲᠣᠭᠣᠷᠢᠨ ᠪᠠᠢᠴᠠᠭᠠᠭ᠍ᠰᠠᠨ ᠲᠡᠮᠳᠡᠭ᠌ᠯᠡᠯ ᠤ᠋ᠨ ᠳᠡᠪᠲᠡᠷ ᠳᠡᠭᠡᠷ᠎ᠡ ᠲᠦᠷᠭᠡᠨ ᠲᠣᠳᠣᠷᠬᠠᠢᠯᠠᠯᠲᠠ ᠬᠢᠬᠦ ᠵᠠᠭᠤᠷ᠎ᠠ ᠬᠥᠯᠳᠡᠬᠦ᠌ ᠡᠴᠡ ᠰᠡᠷᠭᠡᠢᠯᠡᠬᠦ᠌ ᠵᠤᠵᠠᠭᠠᠨ ᠪᠡᠭᠡᠯᠡᠶ ᠳᠡᠭᠡᠷ᠎ᠡ ᠨᠢ ᠨᠢᠭᠡᠨᠲᠡ ᠴᠠᠭᠠᠨ ᠴᠠᠩ ᠰᠠᠭᠤᠪᠠ᠃ ᠺᠣᠮᠫᠠᠨᠢ ᠶ᠋ᠢᠨ ᠬᠢᠨ 《ᠴᠠᠭ ᠢᠮᠠᠭ᠍ᠲᠠ ᠰᠡᠳᠭᠢᠯ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ ᠡᠪᠤᠷᠯᠡᠵᠤ ᠠᠶᠤᠯᠭᠦᠢ ᠦᠢᠯᠡᠳᠪᠦᠷᠢᠯᠡᠯ ᠤ᠋ᠨ ᠪᠠᠲᠤ ᠪᠡᠬᠢ ᠰᠡᠷᠭᠡᠢᠯᠡᠯᠲᠡ ᠶ᠋ᠢᠨ ᠱᠤᠭᠤᠮ ᠢ᠋ ᠬᠠᠮᠲᠤᠪᠠᠷ ᠴᠣᠭ᠍ᠴᠠᠯᠠᠨ᠎ᠠ᠃

ᠲᠥᠪ ᠤ᠋ᠨ ᠡᠵᠡᠮᠳᠡᠯ ᠤ᠋ᠨ ᠲᠠᠰᠤᠭ ᠲᠦ᠍ ᠠᠵᠢᠯᠲᠠᠨ ᠳᠡᠯᠭᠡᠴᠡ ᠵᠢ ᠰᠢᠷᠳᠡᠵᠦ᠂ ᠡᠯ᠎ᠡ ᠵᠦᠶ᠋ᠯ ᠤ᠋ᠨ ᠪᠣᠯᠵᠣᠯᠲᠤ ᠲᠣᠭ᠎ᠠ ᠵᠢ ᠣᠨᠣᠴᠠᠲᠠᠢ ᠲᠣᠬᠢᠷᠠᠭᠤᠯᠤᠨ ᠡᠵᠡᠮᠳᠡᠵᠦ᠍᠂ ᠵᠠᠩᠭᠢᠯᠠᠭ᠎ᠠ ᠶ᠋ᠢᠨ ᠲᠥᠬᠥᠭᠡᠷᠦᠮᠵᠢ ᠶ᠋ᠢᠨ ᠠᠵᠢᠯᠯᠠᠭᠠᠨ ᠤ᠋ ᠲᠣᠭ᠍ᠲᠠᠭᠤᠨ ᠨᠣᠷᠮ᠎ᠠ ᠵᠢ 99.98% ᠡᠴᠡ ᠳᠡᠭᠡᠭ᠌ᠰᠢ ᠪᠠᠢᠯᠭᠠᠬᠤ ᠵᠢ ᠪᠠᠲᠤᠯᠠᠵᠤ ᠪᠠᠢᠨ᠎ᠠ᠃ 《ᠲᠣᠭ᠎ᠠ ᠪᠠᠷᠢᠮᠲᠠ ᠨᠢᠭᠡᠪᠦᠷᠢ ᠶ᠋ᠢᠨ ᠬᠡᠯᠪᠡᠯᠵᠡᠯ ᠢ᠋ ᠠᠩᠬᠠᠷᠬᠤ ᠪᠣᠯ ᠳᠠᠷᠤᠶ ᠠᠶᠤᠯᠭᠦᠶ ᠦᠶ᠋ᠯᠡᠳᠪᠦᠷᠢᠯᠡᠯ ᠤ᠋ᠨ ᠨᠢᠭᠡᠳᠦᠭᠡᠷ ᠪᠣᠭᠣᠮᠲᠠ ᠵᠢ ᠰᠠᠢᠲᠤᠷ ᠰᠠᠬᠢᠬᠤ ᠶᠠᠪᠤᠳᠠᠯ ᠪᠣᠯᠤᠨ᠎ᠠ᠃ ᠲᠣᠰᠣ ᠪᠣᠯᠪᠠᠰᠤᠷᠠᠭᠤᠯᠬᠤ ᠨᠢᠭᠡᠳᠦᠭᠡᠷ ᠬᠡᠯᠲᠡᠰ ᠤ᠋ᠨ ᠬᠡᠪ ᠤ᠋ᠨ ᠳᠠᠷᠤᠯᠲᠠ ᠶ᠋ᠢᠨ ᠲᠦᠭᠦᠭᠡᠷᠦᠮᠵᠢ ᠶ᠋ᠢᠨ ᠠᠵᠢᠯᠲᠠᠨ ᠶᠠᠩ ᠶᠠᠨ ᠴᠢᠩ ᠬᠤᠷᠤᠭᠤ᠎ᠪᠠᠨ ᠳᠠᠷᠤᠭᠤᠯ ᠤ᠋ᠨ ᠫᠠᠨᠰᠠ ᠳᠡᠭᠡᠷ᠎ᠡ ᠲᠦᠷᠭᠡᠨ ᠲᠣᠭ᠍ᠰᠢᠵᠤ᠂ ᠤᠷᠪᠠᠯ ᠤ᠋ᠨ ᠳᠤᠯᠠᠭᠠᠴᠠ ᠪᠠ ᠳᠠᠷᠤᠯᠲᠠ ᠵᠢ ᠴᠠᠭ ᠲᠤᠬᠠᠶ ᠳ᠋ᠤᠨᠢ ᠲᠣᠬᠢᠷᠠᠭᠤᠯᠤᠨ᠎ᠠ᠃ ᠱᠢᠨᠵᠢᠯᠡᠨ ᠱᠢᠯᠭᠠᠵᠤ ᠵᠠᠳᠠᠯᠤᠯᠲᠠ ᠬᠢᠬᠦ᠌ ᠲᠠᠰᠤᠭ ᠲᠦ᠍᠂ ᠵᠠᠳᠠᠯᠤᠯᠲᠠ ᠬᠢᠬᠦ᠌ ᠠᠵᠢᠯᠲᠠᠨ ᠡᠳᠦᠷ ᠪᠦᠷᠢ 200 ᠭᠠᠷᠤᠶ ᠦᠯᠢᠭᠡᠷ ᠬᠡᠪ ᠢ᠋ ᠱᠢᠯᠭᠠᠨ ᠪᠠᠢᠴᠠᠭᠠᠵᠤ᠂ ᠦᠶ᠋ᠯᠡᠳᠪᠦᠷᠢᠯᠡᠯ ᠤ᠋ᠨ ᠲᠣᠬᠢᠷᠠᠭᠤᠯᠤᠯᠲᠠ ᠳ᠋ᠤ ᠴᠠᠭ ᠲᠤᠬᠠᠶ ᠳ᠋ᠤᠨᠢ ᠤᠨᠤᠴᠠᠲᠠᠢ ᠲᠣᠭ᠎ᠠ ᠪᠠᠷᠢᠮᠲᠠ ᠶ᠋ᠢᠨ ᠲᠤᠯᠭᠠᠭᠤᠷᠢᠯᠠᠯ ᠬᠠᠩᠭᠠᠵᠤ ᠪᠠᠢᠨ᠎ᠠ᠃

ᠬᠠᠮᠠᠭᠠᠯᠠᠵᠤ ᠠᠷᠠᠴᠢᠯᠠᠬᠤ ᠨᠢᠭᠡᠴᠢ 24 ᠴᠠᠭ ᠪᠡᠷ ᠵᠢᠵᠢᠭᠦᠷᠯᠡᠵᠦ᠍᠂ ᠦᠷᠭᠦᠯᠵᠢᠯᠡᠬᠦ᠌ ᠴᠢᠨᠠᠷᠲᠠᠶ ᠦᠶ᠋ᠯᠡᠳᠪᠦᠷᠢᠯᠡᠯ ᠤ᠋ᠨ 《ᠬᠠᠮᠠᠭᠠᠯᠠᠭ᠍ᠴᠢ》 ᠪᠣᠯᠪᠠ᠃ ᠮᠸᠲ᠋ᠠ ᠠᠯᠳ᠋ᠸᠾᠢᠳ᠋᠎ᠤᠨ ᠪᠦᠭᠡᠭᠡᠨᠡᠪᠤᠷᠢ ᠵᠢᠨ ᠲᠣᠨᠣᠭ᠍ᠯᠠᠯ ᠤ᠋ᠨ A ᠱᠤᠭᠤᠮ ᠤ᠋ᠨ ᠪᠥᠭᠡᠭᠡᠨᠡᠷᠡᠭᠦᠯᠬᠦ᠌ ᠮᠠᠱᠢᠨ ᠤ᠋ ᠵᠤᠷᠱᠢᠯ ᠪᠠᠢᠴᠠᠭᠠᠯᠲᠠ ᠵᠢ ᠰᠠᠶᠢᠬᠠᠨ ᠪᠡᠶᠡᠯᠡᠭᠦᠯᠦᠭ᠌ᠰᠡᠨ ᠮᠠᠱᠢᠨ ᠴᠠᠬᠢᠯᠭᠠᠨ ᠤ᠋ ᠬᠡᠮᠵᠢᠭᠦᠷᠯᠢᠭ ᠤ᠋ᠨ ᠠᠵᠢᠯᠯᠠᠭᠠᠨ ᠤ᠋ ᠲᠥᠪ ᠤ᠋ᠨ ᠴᠠᠬᠢᠯᠭᠠᠨ ᠤ᠋ ᠠᠵᠢᠯᠯᠠᠭᠠᠨ ᠤ᠋ ᠨᠢᠭᠡᠳᠦᠭᠡᠷ ᠠᠨᠭᠭᠢ ᠮᠥᠬᠦᠯᠢᠭ᠌ᠵᠢᠭᠦᠯᠦᠭᠴᠢ ᠮᠠᠱᠢᠨ ᠤ᠋ ᠳᠤᠯᠠᠭᠠᠨ ᠤ᠋ ᠬᠡᠮᠵᠢᠶ᠎ᠡ ᠬᠡᠪ ᠤ᠋ᠨ ᠪᠤᠰᠤ ᠪᠠᠢᠬᠤ ᠪᠠᠴᠢᠮ ᠪᠠᠢᠳᠠᠯ ᠢ᠋ ᠠᠷᠭᠠᠴᠠᠭᠠᠬᠤ ᠮᠡᠳᠡᠭ᠌ᠳᠡᠯ ᠢ᠋ ᠣᠯᠤᠭ᠍ᠰᠠᠨ ᠤ᠋ ᠳᠠᠷᠠᠭ᠎ᠠ ᠠᠩᠭᠢ ᠶ᠋ᠢᠨ ᠳᠠᠷᠤᠭ᠎ᠠ ᠹᠦ᠋ ᠶᠤᠸᠠᠨ ᠳᠠᠷᠤᠢᠬᠠᠨ ᠠᠩᠭᠢ ᠶ᠋ᠢᠨ ᠭᠡᠱᠢᠭᠦᠳ ᠢ᠋ᠶ᠋ᠡᠨ ᠳᠠᠭᠠᠭᠤᠯᠤᠨ ᠲᠤᠬᠠᠶ ᠶ᠋ᠢᠨ ᠲᠠᠯᠠᠪᠠᠶ ᠳ᠋ᠤ ᠬᠦᠷᠴᠦ᠍ ᠱᠢᠶ᠋ᠳᠪᠦᠷᠢᠯᠡᠪᠠ᠃ 《ᠡᠬᠢᠯᠡᠯᠲᠡ ᠳ᠋ᠤ ᠶᠠᠭᠠᠬᠢᠭ᠍ᠰᠠᠨ ᠴᠤ᠌ ᠪᠤᠷᠤᠭᠤ ᠭᠠᠷᠭᠠᠵᠤ ᠪᠣᠯᠬᠤ ᠦᠭᠡᠢ!》 ᠭᠡᠬᠦ ᠪᠤᠳᠤᠯ ᠢ᠋ ᠡᠪᠦᠷᠯᠡᠨ ᠪᠦᠯᠬᠦᠮ ᠤ᠋ᠨ ᠭᠡᠱᠢᠭᠦᠳ ᠬᠠᠷᠢᠯᠴᠠᠨ ᠬᠠᠮᠵᠢᠯᠴᠠᠵᠤ᠂ ᠬᠡᠮᠵᠢᠯᠲᠡ ᠬᠢᠬᠦ᠂ ᠵᠠᠳᠠᠯᠬᠤ᠂ ᠰᠣᠯᠢᠬᠤ᠂ ᠲᠤᠬᠢᠷᠠᠭᠤᠯᠤᠨ ᠲᠤᠷᠰᠢᠬᠤ ᠠᠵᠢᠯ ᠢ᠋ ᠯᠠᠪᠳᠠᠭᠤᠨ ᠪᠠᠲᠤᠲᠠᠢ ᠦᠷᠨᠢᠭᠦᠯᠵᠦ᠂ ᠵᠥᠪᠬᠡᠨ 40 ᠮᠢᠨᠦ᠋ᠲ ᠬᠡᠷᠡᠭ᠌ᠰᠡᠭᠡᠳ ᠳᠠᠷᠤᠶ ᠠᠰᠠᠭᠤᠳᠠᠯ ᠢ᠋ ᠱᠢᠶ᠋ᠳᠪᠦᠷᠢᠯᠡᠵᠦ᠍᠂ ᠲᠥᠬᠥᠭᠡᠷᠦᠮᠵᠢ ᠶ᠋ᠢᠨ ᠲᠣᠭ᠍ᠲᠠᠭᠤᠨ ᠢ᠋ᠶ᠋ᠡᠷ ᠠᠵᠢᠯᠯᠠᠬᠤ ᠵᠢ ᠰᠡᠷᠭᠦᠭᠡᠪᠡ᠃ ᠣᠳᠣᠬᠠᠨ ᠪᠣᠯᠲᠠᠯ᠎ᠠ ᠤᠷᠢᠳᠴᠢᠯᠠᠨ ᠮᠡᠳᠡᠬᠦ᠌ ᠴᠢᠨᠠᠷᠲᠠᠶ ᠰᠡᠯᠪᠢᠨ ᠵᠠᠰᠠᠬᠤ ᠠᠵᠢᠯ ᠢ᠋ 31148 ᠤᠳᠠᠭ᠎ᠠ ᠪᠡᠶᠡᠯᠡᠭᠦᠯᠪᠠ᠃

ᠥᠪᠡᠷᠲᠡᠭᠡᠨ ᠵᠠᠰᠠᠬᠤ ᠣᠷᠣᠨ ᠤ᠋ ᠭᠤᠤᠯᠯᠠᠬᠤ ᠴᠢᠯᠠᠭᠤᠨ ᠲᠤᠰᠤ ᠪᠣᠯᠪᠠᠰᠤᠷᠠᠭᠤᠯᠤᠨ ᠦᠢᠯᠡᠳᠬᠦ ᠪᠠ ᠬᠢᠮᠢ ᠶ᠋ᠢᠨ ᠠᠵᠤ ᠦᠢᠯᠡᠳᠪᠦᠷᠢ ᠶ᠋ᠢᠨ ᠦᠢᠯᠡᠳᠬᠦᠨ ᠦᠢᠯᠡᠳᠪᠦᠷᠢᠯᠡᠬᠦ ᠠᠵᠤ ᠠᠬᠤᠢᠯᠠᠯ ᠪᠣᠯᠤᠭ᠍ᠰᠠᠨ ᠤ᠋ ᠬᠤᠪᠢ᠎ᠳᠤ ᠴᠡᠪᠡᠷ ᠲᠣᠰᠣᠨ ᠤ᠋ ᠦᠢᠯᠡᠳᠬᠦᠨ ᠤ᠋ ᠲᠣᠭ᠍ᠲᠠᠭᠤᠨ ᠬᠠᠩᠭᠠᠯᠭ᠎ᠠ ᠵᠢ ᠪᠠᠲᠤᠯᠠᠬᠤ ᠪᠣᠯ ᠬᠥᠬᠡᠬᠣᠲᠠ ᠶ᠋ᠢᠨ ᠴᠢᠯᠠᠭᠤᠨ ᠲᠣᠰᠣ ᠬᠢᠮᠢ ᠶ᠋ᠢᠨ ᠠᠵᠤ ᠦᠶ᠋ᠯᠡᠳᠪᠦᠷᠢ ᠶ᠋ᠢᠨ ᠺᠤᠮᠫᠠᠨᠢ ᠶ᠋ᠢᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠨᠢᠳᠤᠨᠤᠨ ᠡᠴᠡ ᠨᠠᠭᠠᠰᠢ ᠲᠦᠭᠦᠬᠡᠶ ᠴᠢᠯᠠᠭᠤᠨ ᠲᠣᠰᠣ ᠵᠢ ᠨᠡᠢᠲᠡ 415 ᠲᠦᠮᠡᠨ ᠲᠣᠨ ᠢᠯᠡᠭᠦᠦ ᠪᠣᠯᠪᠠᠰᠤᠷᠠᠭᠤᠯᠵᠤ᠂ ᠴᠢᠶᠢᠦ ᠲᠤᠰᠤ ᠴᠠᠢᠶᠢᠦ ᠲᠣᠰᠣ᠂ ᠫᠷᠤᠫᠸᠨ ᠤ᠋ ᠪᠥᠭᠡᠭᠡᠨᠡᠪᠦᠷᠢ ᠵᠡᠷᠭᠡ ᠡᠯ᠎ᠡ ᠲᠥᠷᠥᠯ ᠤ᠋ᠨ ᠦᠶ᠋ᠯᠡᠳᠬᠦᠨ ᠢ᠋ 380 ᠭᠠᠷᠤᠶ ᠲᠦᠮᠡᠨ ᠲᠣᠨ ᠦᠶ᠋ᠯᠡᠳᠪᠦᠷᠢᠯᠡᠵᠦ᠍᠂ ᠡᠯ᠎ᠡ ᠦᠶ᠋ᠯᠡᠳᠬᠦᠨ᠎ᠦ ᠦᠶ᠋ᠯᠡᠳᠪᠦᠷᠢ ᠡᠴᠡ ᠭᠠᠷᠬᠤ ᠳ᠋ᠤ ᠬᠢᠷᠢ ᠲᠡᠩᠴᠡᠭ᠌ᠰᠡᠨ ᠨᠣᠷᠮ᠎ᠠ 100% ᠳ᠋ᠤ ᠬᠦᠷᠴᠦ᠍᠂ ᠥᠪᠥᠷ ᠮᠣᠩᠭᠣᠯ ᠵᠢᠴᠢ ᠡᠷᠬᠢᠨ ᠲᠣᠭᠣᠷᠢᠨ ᠤ᠋ ᠭᠠᠵᠠᠷ ᠣᠷᠣᠨ ᠤ᠋ ᠴᠢᠯᠠᠭᠤᠨ ᠲᠣᠰᠣᠨ ᠤ᠋ ᠬᠡᠷᠡᠭ᠌ᠴᠡᠭᠡ ᠵᠢ ᠥᠨᠳᠥᠷ ᠪᠦᠲᠦᠮᠵᠢᠲᠡᠶ ᠪᠡᠷ ᠪᠠᠲᠤᠯᠠᠪᠠ᠃

《ᠪᠢᠳᠡ ᠲᠡᠮᠦᠷ ᠵᠠᠮ ᠤ᠋ᠨ ᠰᠠᠪᠠᠯᠠᠬᠤ ᠲᠡᠷᠭᠡᠨ᠎ᠦ ᠲᠡᠭᠡᠭᠡᠪᠦᠷᠢ ᠶ᠋ᠢᠨ ᠲᠥᠯᠥᠪᠯᠡᠭᠡ ᠵᠢ ᠤᠨᠤᠴᠠᠲᠠᠢ ᠲᠣᠬᠢᠷᠠᠭᠤᠯᠵᠤ᠂ ᠡᠳᠦᠷ ᠪᠦᠷᠢ ᠳᠤᠮᠳᠠᠴᠢ ᠪᠡᠷ 100 ᠭᠠᠷᠤᠶ ᠬᠡᠰᠡᠭ ᠲᠡᠷᠭᠡ ᠠᠴᠢᠶᠠᠯᠠᠵᠤ᠂ ᠲᠣᠰᠣᠨ ᠤ᠋ ᠦᠢᠯᠡᠳᠬᠦᠨ ᠢ᠋ ᠠᠮᠤᠷ ᠲᠦᠪᠱᠢᠨ ᠪᠥᠭᠡᠳ ᠥᠨᠳᠥᠷ ᠪᠦᠲᠦᠮᠵᠢᠲᠡᠶ ᠪᠡᠷ ᠬᠡᠷᠡᠭ᠌ᠯᠡᠭ᠌ᠴᠢ ᠳ᠋ᠤ ᠬᠦᠷᠭᠡᠬᠦ᠌ ᠵᠢ ᠪᠠᠲᠤᠯᠠᠪᠠ》 ᠭᠡᠵᠦ᠍ ᠠᠴᠢᠶ᠎ᠠ ᠲᠡᠭᠡᠭᠡᠪᠦᠷᠢ ᠶ᠋ᠢᠨ ᠬᠡᠯᠲᠡᠰ ᠤ᠋ᠨ ᠲᠡᠮᠦᠷ ᠵᠠᠮ ᠤ᠋ᠨ ᠲᠡᠭᠡᠭᠡᠪᠦᠷᠢ ᠶ᠋ᠢᠨ ᠵᠢᠵᠢᠭᠦᠷᠯᠡᠭ᠌ᠴᠢ ᠡᠸᠤ ᠴᠢ ᠯᠢᠨ ᠬᠡᠯᠡᠨ᠎ᠠ᠃ ᠱᠢᠨ᠎ᠡ ᠤᠨ ᠡᠴᠡ ᠨᠠᠭᠠᠰᠢ ᠺᠣᠮᠫᠠᠨᠢ ᠶ᠋ᠢᠨ ᠲᠣᠰᠣᠨ ᠤ᠋ ᠦᠢᠯᠡᠳᠬᠦᠨ ᠢ᠋ ᠴᠠᠭ ᠲᠤᠬᠠᠢ ᠳ᠋ᠤᠨᠢ ᠬᠠᠨᠭᠭᠠᠬᠰᠠᠨ ᠨᠤᠷᠮ᠎ᠠ 100% ᠎ᠳ᠋ᠤ ᠬᠦᠷᠴᠦ᠍ ᠂ ᠵᠠᠬ᠎ᠠ ᠳᠡᠯᠭᠡᠭᠦᠷ ᠤ᠋ᠨ ᠡᠵᠡᠯᠡᠬᠦ᠌ ᠨᠣᠷᠮ᠎ᠠ ᠲᠣᠭ᠍ᠲᠠᠭᠤᠨ ᠢ᠋ᠶ᠋ᠡᠷ ᠳᠡᠭᠡᠭ᠌ᠰᠢᠯᠡᠪᠡ᠃

《ᠪᠢᠳᠡ ᠪᠣᠳᠠᠲᠠᠢ ᠠᠵᠢᠯᠯᠠᠵᠤ ᠪᠦᠬᠦ᠌ ᠬᠦᠴᠦᠨ ᠢ᠋ᠶ᠋ᠡᠷ ᠢ᠋ᠶ᠋ᠡᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠠᠢ᠌ᠨ ᠰᠠᠢᠬᠠᠨ ᠡᠬᠢᠯᠡᠯᠲᠡ ᠵᠢ ᠪᠡᠶᠡᠯᠡᠭᠦᠯᠬᠦ ᠪᠡᠷ ᠴᠢᠷᠮᠠᠢᠨ᠎ᠠ!》 《ᠪᠦᠬᠦ᠌ ᠺᠠᠳ᠋ᠷ ᠠᠵᠢᠯᠳᠠᠨ ᠣᠷᠭᠢᠯᠤᠮ᠎ᠠ ᠬᠠᠯᠠᠭᠤᠨ ᠰᠡᠳᠭᠢᠯᠭᠡ ᠡᠪᠤᠷᠯᠡᠨ᠂ ᠡᠷᠴᠢ ᠲᠡᠭᠦᠯᠳᠡᠷ ᠲᠡᠮᠡᠴᠡᠯ ᠤ᠋ᠨ ᠵᠣᠷᠢᠭ᠎ᠵᠢᠡᠨ ᠬᠦᠪᠴᠢᠯᠡᠵᠤ ᠪᠣᠯᠤᠨ ᠪᠣᠳᠠᠲᠠᠢ ᠵᠢ ᠡᠷᠬᠢᠮᠯᠡᠬᠦ᠌ ᠰᠤᠷᠲᠠᠯ᠎ᠢ ᠪᠠᠷᠢᠮᠳᠠᠯᠠᠨ᠂ ᠦᠢᠯᠡᠳᠪᠦᠷᠢᠯᠡᠯ ᠡᠵᠡᠩᠨᠡᠯᠲᠡ ᠵᠢ ᠪᠦᠬᠦ᠌ ᠬᠦᠴᠦᠨ ᠢ᠋ᠶ᠋ᠡᠷ ᠢ᠋ᠶ᠋ᠡᠨ ᠠᠳᠭᠤᠵᠤ᠂ ᠤᠯᠤᠰ ᠤ᠋ᠨ ᠡᠨᠧᠷᠭᠢ ᠶ᠋ᠢᠨ ᠠᠮᠤᠷ ᠲᠦᠪᠱᠢᠨ ᠢ᠋ ᠪᠠᠲᠤᠯᠠᠬᠤ ᠬᠠᠷᠢᠭᠤᠴᠠᠯᠭ᠎ᠠ ᠵᠢ ᠡᠷᠡᠰ ᠭᠤᠢᠪᠢᠰᠢ ᠦᠭᠡᠢ ᠡᠭᠦᠷᠭᠡᠯᠡᠨ᠂ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭ᠌ᠵᠢᠯᠲᠡ ᠳ᠋ᠤ ᠦᠢᠯᠡᠴᠢᠯᠡᠬᠦ᠌ ᠱᠢᠨ᠎ᠡ ᠠᠶᠠᠨ ᠳ᠋ᠤ ᠨᠡᠩ ᠶᠡᠬᠡ ᠬᠦᠴᠦᠨ ᠴᠢᠳᠠᠯ ᠢ᠋ᠶ᠋ᠡᠨ ᠡᠷᠭᠦᠨ᠎ᠡ》 ᠭᠡᠵᠦ᠍ ᠸᠠᠩ ᠱᠢᠶᠤᠤ ᠯᠦ᠍ ᠭᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号