ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠎ᠶᠢ ᠰᠠᠢᠲᠤᠷ ᠨᠠᠢᠲᠠᠪᠤᠷᠢᠵᠢᠭᠤᠯᠤᠶ᠎ᠠ
2026-01-02 11:44:04
ᠵᠣᠬᠢᠶᠠᠭ᠍ᠴᠢ᠄
ᠲᠤᠰ ᠰᠤᠨᠢᠨ ᠤ᠋ ᠰᠢᠬᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠤᠶᠠᠷᠳᠠ ᠥᠭᠦᠯᠡᠬᠦ᠌ ᠨᠢ


《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠮᠦᠨ᠂ ᠡᠷᠬᠡᠪᠰᠢ ᠦᠷᠭᠦᠯᠵᠢᠯᠡᠨ ᠬᠦᠴᠦᠯᠡᠵᠦ᠍᠂ ᠤᠷᠳᠤ ᠬᠤᠭᠤᠴᠠᠭ᠎ᠠ ᠪᠡᠷ ᠵᠢᠳᠬᠦᠨ ᠴᠢᠷᠮᠠᠢᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠡᠴᠡ᠂ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠨᠠᠩ ᠶᠡᠬᠡ ᠱᠢᠨ᠎ᠡ ᠵᠢᠳᠬᠦᠯ ᠴᠢᠷᠮᠠᠢᠯᠭ᠎ᠠ᠎ᠶ᠋ᠢ ᠲᠠᠰᠤᠷᠠᠯᠲᠠ ᠥᠬᠡᠶ ᠢᠯᠡᠷᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠪᠣᠯᠤᠨ᠎ᠠ᠃ ᠨᠤᠮᠢᠨ ᠤᠰᠤ ᠬᠦᠭᠡᠮᠳᠦᠭ ᠠᠭᠤᠯᠠ ᠪᠣᠯ ᠠᠯᠳᠠᠨ ᠠᠭᠤᠯᠠ ᠮᠦᠨᠭᠭᠦᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠴᠥᠬᠥᠷᠡᠰᠢ ᠦᠭᠡᠢ ᠪᠠᠲᠤ ᠴᠣᠭ᠍ᠴᠠᠯᠠᠬᠤ ᠬᠡᠷᠡᠭ᠌ᠲᠡᠢ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠤᠤᠰ ᠡᠵᠡᠮᠳᠡᠯ᠎ᠦᠨ ᠲᠦᠷᠢᠮ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ᠂ ᠣᠷᠴᠢᠨ ᠲᠣᠭᠣᠷᠢᠨ᠎ᠳᠤ ᠨᠥᠬᠥᠷᠰᠡᠭ᠂ ᠦᠵᠡᠰᠭᠦᠯᠡᠩᠲᠦ ᠰᠠᠢᠬᠠᠨ ᠬᠥᠭ᠌ᠵᠢᠭ᠌ᠰᠡᠨ ᠥᠪᠥᠷ ᠮᠣᠩᠭᠣᠯ᠎ᠢ ᠪᠥᠲᠥᠭᠡᠨ ᠪᠠᠢᠭᠤᠯᠬᠤ ᠭᠡᠷᠡᠭᠳᠠᠢ᠃

ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠰᠠᠭᠤᠷᠢ ᠮᠥᠨ᠂ ᠲᠣᠭ᠍ᠲᠠᠭᠤᠨ ᠪᠠᠢᠬᠤ ᠪᠣᠯ ᠬᠦᠴᠦᠷᠬᠡᠭ᠌ᠵᠢᠨ ᠮᠠᠨᠳᠤᠬᠤ᠎ᠶ᠋ᠢᠨ ᠤᠷᠢᠲᠠᠯ ᠮᠥᠨ᠃ ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ》 ᠢ᠋ ᠰᠤᠨᠳᠠᠯᠠᠵᠤ᠂ ᠨᠠᠢᠰᠯᠠᠯ ᠲᠠᠢ ᠣᠢᠷᠠᠯᠴᠠᠭ᠎ᠠ ᠪᠠᠢᠵᠤ᠂ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠤ ᠴᠢᠬᠤᠯᠠ ᠪᠠᠢᠷᠢ ᠰᠠᠭᠤᠷᠢ᠂ ᠬᠦᠨᠳᠦ ᠶᠡᠬᠡ ᠬᠠᠷᠢᠭᠤᠴᠠᠯᠭ᠎ᠠ᠎ᠲᠠᠶ ᠶᠤᠮ᠂ ᠡᠷᠬᠡᠪᠰᠢ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠦᠬᠦ᠌ ᠬᠦᠴᠦᠨ᠎ᠢᠶᠡᠷ ᠵᠢᠡᠨ ᠪᠠᠲᠤ ᠴᠣᠭ᠍ᠴᠠᠯᠠᠬᠤ ᠬᠡᠷᠡᠭ᠌ᠲᠡᠢ᠃ 《ᠴᠠᠭ ᠢᠮᠠᠭ᠍ᠲᠠ ᠰᠠᠨᠠᠭ᠎ᠠ ᠲᠠᠯᠪᠢᠬᠤ》 ᠬᠠᠷᠢᠭᠤᠴᠠᠯᠭᠠᠲᠤ ᠰᠡᠳᠭᠢᠯᠭᠡ ᠪᠣᠯᠤᠨ 《 ᠶᠠᠪᠤᠳᠠᠯ ᠪᠦᠬᠦᠨ᠎ᠢ ᠴᠢᠩᠭ᠎ᠠ ᠠᠳᠭᠤᠵᠤ ᠰᠤᠯᠠ ᠲᠠᠯᠪᠢᠬᠤ ᠦᠭᠡᠢ ᠪᠠᠢᠬᠤ》 ᠬᠡᠷᠡᠭ᠌ᠵᠢᠭᠦᠯᠬᠦ᠌ ᠬᠦᠴᠦᠨ᠎ᠢ ᠴᠢᠩᠭᠠᠳᠭᠠᠵᠤ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠳ᠋ᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠢᠯᠢ ᠬᠢᠵᠠᠭᠠᠷ᠎ᠢ ᠬᠥᠭ᠌ᠵᠢᠭᠦᠯᠵᠦ᠍ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ᠎ᠬᠢᠯᠢ ᠬᠢᠵᠠᠭᠠᠷ ᠢ᠋ ᠪᠠᠬᠢᠵᠢᠬᠦᠯᠬᠦ ᠵᠢ ᠭᠦᠨᠵᠡᠭᠡᠢᠷᠡᠭᠦᠯᠵᠦ᠍᠂ ᠡᠬᠡ ᠤᠯᠤᠰ᠎ᠤᠨ 《ᠤᠮᠠᠷᠠᠲᠤ᠎ᠶ᠋ᠢᠨ ᠶᠡᠬᠡ ᠬᠠᠭᠠᠯᠭ᠎ᠠ》 ᠵᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠳᠠ ᠵᠢᠨ ᠭᠣᠣᠯ》᠎ᠤ᠋ᠨ ᠦᠢᠯᠡᠳᠤᠯ ᠵᠢᠡᠨ ᠰᠠᠢᠳᠤᠷ ᠪᠠᠳᠠᠷᠠᠭᠤᠯᠬᠤ ᠬᠡᠷᠡᠭ᠌ᠲᠡᠢ᠃ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠦᠢᠯᠡᠳᠪᠦᠷᠢᠯᠡᠯ ᠪᠣᠯ ᠬᠥᠭ᠌ᠵᠢᠯᠲᠡ᠎ᠶ᠋ᠢᠨ ᠲᠤᠯᠭᠠᠭᠤᠷᠢ ᠮᠥᠨ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠣᠯᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠥᠪᠥᠷ ᠮᠣᠩᠭᠣᠯ ᠪᠣᠯ ᠡᠨᠧᠷᠭᠢ᠎ᠶ᠋ᠢᠨ ᠡᠷᠳᠡᠨᠢᠰ ᠤ᠋ᠨ ᠰᠠᠩ ᠮᠥᠨ᠂ 《ᠬᠤᠨᠢ ᠨᠡᠭᠦᠷᠡᠰᠦ ᠬᠤᠪᠤᠷ ᠰᠢᠷᠤᠢ ᠪᠠᠢᠭᠠᠯᠢ ᠵᠢᠨ ᠱᠢᠲᠠᠮᠠᠬᠠᠢ ᠬᠡᠢ》 ᠲᠠᠢ ᠪᠥᠭᠡᠳ 《ᠠᠪᠤᠭᠠᠳ ᠲᠠᠭᠤᠰᠤᠰᠢ ᠦᠭᠡᠢ ᠰᠠᠯᠬᠢ ᠬᠡᠷᠡᠯ ᠤ᠋ᠨ ᠡᠨ᠋ᠸᠷᠬᠢ》 ᠲᠠᠢ;

ᠥᠪᠥᠷ ᠮᠣᠩᠭᠣᠯ ᠪᠣᠯ ᠪᠠᠰᠠ ᠴᠤ᠌ ᠡᠨᠧᠷᠭᠢ᠎ᠶ᠋ᠢᠨ ᠬᠥᠭ᠌ᠵᠢᠯᠲᠡ᠎ᠶ᠋ᠢᠨ ᠱᠢᠮᠡᠳᠦ ᠬᠥᠷᠥᠰᠥ᠍ ᠮᠥᠨ᠂ 《ᠨᠡᠭᠦᠷᠡᠰᠦ ᠵᠢ ᠠᠯᠳᠠ ᠪᠤᠯᠭᠠᠵᠤ》 ᠳᠡᠢᠯᠬᠦ᠌ ᠪᠥᠭᠡᠳ ᠰᠠᠯᠬᠢ ᠭᠡᠷᠡᠯ᠎ᠤᠨ 《ᠡᠷᠳᠡᠨᠢᠰ》 ᠲᠠᠢ᠃ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠬᠦ᠌ ᠬᠦᠴᠦᠨ᠎ᠢᠶᠡᠷ᠎ᠢᠶᠡᠨ ᠪᠦᠳᠦᠭᠡᠨ ᠪᠠᠢᠭᠤᠯᠬᠤ ᠬᠡᠷᠡᠭ᠌ᠲᠡᠢ᠃ ᠤᠯᠠᠮᠵᠢᠯᠠᠯᠲᠤ ᠡᠨᠧᠷᠭᠢ᠎ᠶ᠋ᠢ ᠴᠡᠪᠡᠷ ᠥᠨᠳᠥᠷ ᠪᠦᠲᠦᠮᠵᠢᠲᠡᠢ᠎ᠪᠡᠷ ᠠᠱᠢᠭ᠍ᠯᠠᠬᠤ᠎ᠶ᠋ᠢ ᠴᠢᠩᠭᠠᠳᠭᠠᠵᠤ᠂ ᠱᠢᠨ᠎ᠡ ᠡᠨᠧᠷᠭᠢ᠎ᠶ᠋ᠢ ᠨᠡᠭᠡᠭᠡᠨ ᠬᠦᠭᠵᠢᠬᠦᠯᠬᠦ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ᠃

ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ᠋ ᠦᠶ᠋ᠯᠡᠳᠪᠦᠷᠢᠯᠡᠯ ᠪᠣᠯ ᠬᠥᠭ᠌ᠵᠢᠯᠲᠡ᠎ᠶ᠋ᠢᠨ ᠰᠠᠭᠤᠷᠢ ᠪᠣᠯᠤᠨ᠎ᠠ᠂ ᠡᠨᠡ ᠬᠦ᠌ ᠰᠠᠭᠤᠷᠢᠨ᠎ᠢ ᠰᠠᠢᠲᠤᠷ ᠪᠠᠢᠭᠤᠯᠪᠠᠯ᠂ ᠤᠯᠤᠰ᠎ᠲᠤ ᠢᠯᠡᠭᠦᠬᠡᠨ ᠬᠤᠪᠢ ᠨᠡᠮᠡᠷᠢ ᠦᠵᠡᠭᠦᠯᠬᠦ᠌ ᠮᠥᠷᠲᠡᠭᠡᠨ ᠪᠠᠰᠠ ᠮᠠᠯᠴᠢᠨ ᠲᠠᠷᠢᠶᠠᠴᠢᠳ᠎ᠢ ᠳᠠᠢᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠵᠤ ᠴᠢᠳᠠᠨ᠎ᠠ᠃ ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠵᠤ᠂ ᠮᠦ᠍ ᠨᠢᠭᠡᠴᠢ ᠵᠢᠨ ᠤᠨᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠨᠠᠷᠢᠯᠢᠭ ᠡᠳ᠋ᠱᠢᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠲᠥᠷᠥᠯ ᠲᠡᠮᠳᠡᠭ᠎ᠦᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠲᠣᠮᠣ ᠣᠷᠣᠨ᠎ᠡᠴᠡ ᠮᠠᠯ ᠠᠵᠤ ᠠᠬᠤᠶ ᠲᠠᠷᠢᠶᠠᠯᠠᠩ᠎ᠤᠨ ᠬᠦᠴᠦᠷᠬᠡᠭ ᠣᠷᠣᠨ ᠳᠠᠢᠰᠢ ᠯᠠᠪᠳᠠᠭᠤᠨ ᠪᠠᠲᠤᠲᠠᠶ ᠤᠷᠤᠭ᠍ᠰᠢᠯᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠨᠠᠩ ᠣᠯᠠᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ᠃

ᠭᠠᠳᠠᠭᠠᠳᠤ ᠨᠡᠭᠡᠭᠡᠯᠲᠡ ᠪᠣᠯ ᠬᠥᠭ᠌ᠵᠢᠯᠲᠡ᠎ᠶ᠋ᠢᠨ ᠬᠥᠳᠡᠯᠭᠡᠭ᠌ᠦ ᠬᠦᠴᠦᠨ ᠮᠥᠨ᠂ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠬᠤ ᠪᠣᠯ ᠤᠯᠤᠰ ᠲᠥᠷᠦ᠍᠎ᠶ᠋ᠢᠨ ᠬᠠᠷᠢᠭᠤᠴᠠᠯᠭ᠎ᠠ ᠪᠣᠯᠬᠤ ᠮᠥᠷᠲᠡᠭᠡᠨ ᠪᠠᠰᠠ ᠴᠤ᠌ ᠬᠥᠭ᠌ᠵᠢᠯᠲᠡ᠎ᠶ᠋ᠢᠨ ᠠᠵᠠ ᠲᠣᠬᠢᠶᠠᠯ ᠪᠣᠯᠤᠨ᠎ᠠ᠃ ᠳᠤᠮᠳᠠᠳᠤ ᠤᠯᠤᠰ (ᠥᠪᠥᠷ ᠮᠣᠩᠭᠣᠯ) ᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠵᠤ᠂ ᠦᠷᠭᠦᠯᠵᠢᠯᠡᠨ ᠴᠡᠭ᠎ᠢᠶᠡᠨ ᠬᠦᠴᠦᠷᠬᠡᠭ᠌ᠵᠢᠭᠦᠯᠵᠦ᠍᠂ ᠬᠡᠪᠴᠢᠶ᠎ᠡ᠎ᠪᠡᠨ ᠥᠷᠭᠡᠳᠭᠡᠵᠦ᠍᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ ᠬᠢᠯᠢ ᠰᠤᠨᠳᠠᠯᠠᠭ᠍ᠰᠠᠨ ᠰᠠᠭᠤᠷᠢ ᠲᠥᠬᠥᠭᠡᠷᠦᠮᠵᠢ ᠪᠣᠯᠤᠨ ᠣᠳᠣᠬᠢᠴᠢᠯᠠᠭ᠍ᠰᠠᠨ ᠤᠶᠤᠨᠲᠤ ᠬᠢᠯᠢ᠎ᠶᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠯᠢ᠎ᠶ᠋ᠢᠨ ᠪᠣᠭᠣᠮᠲᠠ ᠪᠣᠯᠤᠨ ᠳᠣᠲᠣᠷ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠭᠠᠳᠠᠭ᠍ᠰᠢᠯ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠭᠠᠳᠠᠭᠠᠳᠤ᠎ᠶ᠋ᠢᠨ ᠠᠷᠠᠯᠵᠢᠶᠠᠴᠢᠨ᠎ᠤ ᠪᠠᠯᠠ ᠣᠷᠣᠭᠤᠯᠤᠯᠲᠠ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠦᠶ᠋ᠯᠡᠴᠢᠯᠡᠭᠡᠨ᠎ᠦ ᠠᠷᠠᠯᠵᠢᠶᠠᠨ᠎ᠤ ᠬᠥᠭ᠌ᠵᠢᠯᠲᠡ᠎ᠶ᠋ᠢ ᠵᠣᠷᠢᠭ᠍ᠵᠢᠭᠤᠯᠤᠨ ᠳᠡᠮᠵᠢᠵᠦ᠍᠂ ᠣᠯᠠᠨ ᠬᠦᠷᠢᠶᠡᠨ᠎ᠳᠡᠬᠢ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠵᠤ᠂ ᠣᠯᠠᠨ ᠤᠯᠤᠰ᠎ᠤᠨ 《ᠨᠠᠢᠵᠠ᠎ᠶ᠋ᠢᠨ ᠲᠣᠭᠣᠷᠢᠭ》 ᠢ᠋ ᠤᠯᠠᠮ ᠨᠢᠭᠡ ᠠᠯᠬᠤᠮ ᠥᠷᠭᠡᠳᠭᠡᠬᠦ᠌ ᠬᠡᠷᠡᠭ᠌ᠲᠡᠶ᠃

ᠰᠠᠢᠳᠤᠷ ᠲᠦᠯᠦᠪᠵᠢᠭᠦᠯᠪᠡᠰᠦ ᠬᠠᠷᠠᠯᠲᠠ᠎ᠪᠠᠨ ᠪᠡᠶᠡᠯᠡᠭᠦᠯᠦᠨ ᠬᠤᠯᠠ ᠠᠶᠠᠯᠠᠵᠤ᠂ ᠪᠣᠳᠠᠲᠠᠢ ᠠᠵᠢᠯᠯᠠᠪᠠᠰᠤ ᠠᠮᠵᠢᠯᠲᠠ᠎ᠳᠤ ᠬᠦᠷᠦᠮᠤᠢ᠃ ᠠᠤᠭ᠎ᠠ ᠵᠢᠷᠤᠭ ᠲᠥᠰᠦᠪ᠎ᠢ ᠨᠢᠭᠡᠨᠲᠡ ᠵᠢᠷᠤᠭ᠍ᠯᠠᠵᠤ᠂ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠨᠢᠭᠡᠨᠲᠡ ᠬᠠᠩᠭᠢᠨᠠᠭᠤᠯᠪᠠ᠂  ᠣᠷᠣᠨ ᠳᠠᠶᠠᠭᠠᠷ᠎ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠦ᠍᠂ ᠥᠷᠯᠥᠭᠡ ᠦᠳᠡᠰᠢ᠎ᠶ᠋ᠢ ᠲᠡᠮᠡᠴᠡᠨ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ᠎ᠱᠢᠨ᠎ᠡ ᠬᠠᠷᠢᠭᠤᠴᠠᠯᠭ᠎ᠠ ᠡᠭᠦᠷᠭᠡᠯᠡᠯ ᠵᠢᠡᠷ ᠪᠣᠳᠠᠲᠠᠢ ᠦᠷ᠎ᠡ ᠪᠦᠲᠦᠮᠵᠢ ᠭᠠᠷᠭᠠᠵᠤ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号