ᠳᠣᠯᠣᠭᠠᠨ ᠵᠦᠢᠯ ᠎ᠦᠨ ᠭᠣᠣᠯᠳᠠᠯᠭ᠎ᠠ᠎ᠲᠠᠶ ᠠᠵᠢᠯ ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠭᠤᠶ᠎ᠠ
2026-01-03 11:59:01
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ  ᠤᠳᠠᠭ᠎ᠠ ᠵᠢᠨ ᠪᠦᠭᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠶ᠎ᠶ᠋ᠢᠨ ᠠᠵᠢᠯ ᠎ᠤᠨ ᠬᠤᠷᠠᠯ ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠭᠤᠷᠪᠠᠨᠲᠠ ᠥᠭᠦᠯᠡᠬᠦ᠌ ᠨᠢ


ᠡᠭᠦᠷᠭᠡ ᠬᠠᠷᠢᠭᠤᠴᠠᠯᠭ᠎ᠠ ᠲᠤᠳᠤᠷᠬᠠᠢ ᠪᠤᠯᠵᠤ ᠡᠷᠡᠮᠡᠬᠡᠢᠯᠡᠨ ᠤᠷᠤᠭ᠍ᠰᠢᠯᠠᠬᠤ ᠵᠢ ᠵᠤᠷᠢᠭᠵᠢᠭᠤᠯᠤᠨ᠂ ᠵᠢᠷᠤᠭ ᠲᠦᠰᠦᠪ ᠨᠢᠭᠡᠨᠲᠡ ᠲᠤᠭᠳᠠᠵᠦ ᠱᠢᠨ᠎ᠡ ᠠᠶᠠᠨ᠎ᠡᠬᠢᠯᠡᠵᠤ ᠪᠤᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠡᠴᠡ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》  ᠠᠵᠢᠯ ᠎ᠤᠨ ᠪᠠᠢᠷᠢᠯᠠᠭᠤᠯᠤᠯᠲᠠ᠎ᠶ᠋ᠢ ᠲᠣᠳᠣᠷᠬᠠᠶ ᠳᠤᠷᠠᠳᠴᠤ᠌᠂ ᠲᠤᠯᠤᠭᠠᠨ ᠵᠦᠶ᠋ᠯ ᠎ᠤᠨ  ᠭᠤᠤᠯᠳᠠᠯᠭ᠎ᠠ ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠎ᠶ᠋ᠢ ᠴᠢᠨᠠᠷ ᠰᠠᠢᠲᠠᠶ ᠪᠠᠷ  ᠬᠥᠭ᠌ᠵᠢᠬᠦᠯᠬᠦ ᠴᠢᠳᠠᠪᠦᠷᠢ ᠪᠠ ᠲᠠᠰ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠴᠢᠬᠤᠯᠠ ᠭᠠᠷᠳᠠᠴᠠ ᠪᠣᠯᠭᠠᠪᠠ᠂ ᠣᠷᠣᠨ ᠳᠠᠶᠠᠭᠠᠷ᠎ᠢᠶᠡᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠎ᠢ ᠲᠡᠷᠡ ᠶᠣᠰᠣᠭᠠᠷ᠎ᠨᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ᠃

ᠠᠯᠢᠪᠠ ᠶᠠᠪᠤᠳᠠᠯ ᠎ᠳᠤ ᠭᠤᠤᠯᠳᠠᠯᠭ᠎ᠠ᠎ᠬᠡᠵᠦ ᠪᠠᠢᠳᠠᠭ᠂ ᠭᠤᠤᠯᠳᠠᠯᠭ᠎ᠠ ᠵᠢ ᠨᠢ ᠠᠳᠬᠤᠪᠠᠯ ᠶᠠᠪᠤᠳᠠᠯ ᠢᠯᠠᠭᠤᠮ ᠪᠦᠲᠦᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ ᠨᠡᠭᠡᠭᠡᠬᠦ᠌᠎ᠶ᠋ᠢ ᠲᠦᠷᠭᠡᠳᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠲᠤᠯᠤᠭᠠᠨ ᠵᠦᠶ᠋ᠯ ᠎ᠦᠨ ᠭᠤᠤᠯᠳᠠᠯᠭ᠎ᠠ᠎ᠲᠠᠶ ᠠᠵᠢᠯ᠎ᠨᠢ ᠠᠵᠤ ᠦᠶ᠋ᠯᠡᠰ᠎ᠦᠨ ᠱᠢᠰᠲ᠋ᠧᠮ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠥᠭᠡᠷᠡᠴᠢᠯᠡᠯᠲᠡ᠎ᠶ᠋ᠢᠨ ᠪᠣᠭᠣᠮᠲᠠ ᠱᠢᠪᠲᠤᠯᠬᠤ᠂ ᠣᠷᠣᠨ ᠪᠦᠰᠡ᠎ᠶ᠋ᠢᠨ ᠵᠣᠬᠢᠴᠠᠭᠤᠯᠭ᠎ᠠ᠂ ᠰᠣᠶᠣᠯ ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠬᠦᠷᠢᠶ᠎ᠡ ᠎ᠶ᠋ᠢ ᠬᠠᠮᠤᠷᠴᠤ᠌᠂ ᠥᠪᠥᠷ ᠮᠣᠩᠭᠣᠯ ᠎ᠤᠨ ᠣᠨᠴᠠᠯᠢᠭ ᠪᠠ ᠳᠠᠪᠠᠭᠤᠯᠢᠭ᠎ᠲᠤ ᠰᠠᠭᠤᠷᠢᠯᠠᠭᠰᠠᠨ᠎ᠢᠶᠡᠷ ᠪᠠᠷᠠᠬᠤ ᠥᠬᠡᠶ ᠪᠠᠰᠠ ᠤᠯᠤᠰ ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠨᠠᠷᠢᠯᠢᠭ ᠣᠨᠣᠪᠴᠢᠲᠠᠶ᠎ᠵᠣᠯᠭᠠᠯᠴᠠᠵᠤ᠂ ᠣᠳᠣᠬᠠᠨ᠎ᠤ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠲᠤᠯᠭᠠᠮ ᠡᠭᠦᠷᠭᠡ᠎ᠳᠦ ᠠᠩᠬᠠᠷᠤᠯ᠎ᠢᠶᠠᠨ ᠬᠠᠨᠳᠤᠭᠤᠯᠤᠭᠰᠠᠨ᠎ᠢᠶᠡᠷ ᠪᠠᠷᠠᠬᠤ ᠥᠬᠡᠶ ᠪᠠᠰᠠ ᠠᠯᠤᠰ ᠬᠡᠲᠦ᠍᠎ᠶ᠋ᠢᠨ ᠠᠵᠤ ᠦᠶ᠋ᠯᠡᠰ᠎ᠦᠨ ᠲᠠᠰ ᠳᠡᠪᠱᠢᠬᠦ᠌᠂ ᠵᠣᠬᠢᠴᠠᠩᠭᠤᠶ᠎ᠪᠠᠷ ᠬᠥᠭ᠌ᠵᠢᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠤᠬᠠᠭᠠᠯᠠᠨ ᠲᠦᠯᠦᠪᠯᠡᠵᠦ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠥᠬᠡᠶ ᠰᠤᠩᠭᠤᠯᠲᠠ ᠪᠤᠯᠤᠭᠰᠠᠨ ᠪᠠᠢᠨ᠎ᠠ᠃ ᠭᠠᠭ᠍ᠴᠠ ᠬᠦ᠌ ᠡᠨᠡ ᠬᠦ᠌ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠪᠠᠯ ᠰᠠᠶᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ 《ᠵᠢᠯᠣᠭᠣ》 ᠶ᠋ᠢ ᠡᠵᠡᠮᠳᠡᠵᠦ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ᠂ ᠡᠷᠡᠯᠬᠡᠭ᠌ᠯᠡᠨ ᠤᠷᠤᠭ᠍ᠰᠢᠯᠠᠵᠤ ᠲᠡᠷᠢᠭᠦᠨ᠎ᠤ ᠬᠢ ᠪᠤᠯᠬᠤ ᠪᠡᠷ ᠬᠦᠴᠦᠯᠡᠨ ᠲᠡᠮᠡᠴᠡᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃

ᠤᠭᠤᠰᠤᠷ ᠵᠢᠡᠨ ᠲᠠᠳᠠᠨ ᠲᠤᠤᠷ ᠵᠢᠡᠨ ᠲᠡᠯᠭᠡᠵᠦ ᠪᠦᠬᠦ᠌ ᠲᠠᠯ᠎ᠠ᠎ᠶ᠋ᠢ ᠨᠢᠭᠡᠲᠦᠯᠲᠡᠢ ᠲᠦᠯᠦᠪᠵᠢᠭᠦᠯᠤᠨ᠂ ᠬᠠᠮᠵᠢᠯᠴᠠᠨ ᠬᠦᠴᠦᠯᠡᠵᠦ᠍ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠨ᠎ᠠ᠃ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠨᠢ ᠬᠠᠷᠢᠯᠴᠠᠨ ᠬᠣᠯᠪᠣᠯᠳᠤᠵᠤ᠂ ᠬᠠᠷᠢᠯᠴᠠᠨ ᠲᠤᠯᠭᠠᠭᠤᠷᠢᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠢᠷᠤᠭᠤ ᠲᠤᠯᠭᠠᠭᠤᠷᠢ᠎ᠪᠤᠯᠪᠠ᠃ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ᠎ᠳᠤ᠂ ᠬᠠᠷᠠᠯᠲᠠ ᠡᠭᠦᠷᠭᠡ᠎ᠪᠡᠨ ᠪᠠᠲᠤ ᠡᠵᠡᠮᠳᠡᠵᠦ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠎ᠪᠡᠨ ᠨᠠᠷᠢᠯᠢᠬ᠍ᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠎ᠪᠠᠨ ᠴᠢᠩᠭᠠᠳᠭᠠᠵᠤ᠂ ᠭᠤᠤᠯᠳᠠᠯᠭ᠎ᠠ᠎ᠲᠠᠶ ᠱᠢᠪᠲᠤᠯᠤᠯᠲᠠ᠎ᠪᠠᠷ ᠪᠦᠬᠦᠯᠢ ᠴᠣᠭ᠍ᠴᠠ᠎ᠶ᠋ᠢᠨ ᠳᠠᠪᠠᠯᠲᠠ ᠎ᠶ᠋ᠢ ᠳᠠᠢᠴᠢᠯᠠᠬᠤ ᠬᠡᠷᠡᠭ᠌ᠲᠡᠶ᠃ ᠪᠣᠳᠠᠲᠤ ᠴᠣᠭᠴᠠ᠎ᠶᠢᠨ ᠠᠵᠤ ᠠᠬᠤᠢ᠎ᠶᠢ ᠪᠤᠵᠠᠭᠠᠢᠷᠠᠭᠤᠯᠬᠤ ᠎ᠳᠤ ᠰᠠᠭᠤᠷᠢᠯᠠᠵᠤ᠂ ᠤᠯᠠᠮᠵᠢᠯᠠᠯᠲᠤ ᠠᠵᠤ ᠦᠢᠯᠡᠰ ᠎ᠦᠨ ᠬᠡᠯᠬᠢᠶ᠎ᠡ᠎ᠶᠢ ᠤᠷᠲᠤᠳᠬᠠᠵᠤ ᠬᠡᠯᠬᠢᠶ᠎ᠡ ᠎ᠶᠢ ᠨᠥᠬᠥᠪᠦᠷᠢᠯᠡᠵᠦ ᠬᠡᠯᠬᠢᠶ᠎ᠡ᠎ᠶᠢ ᠬᠦᠴᠦᠷᠬᠡᠭᠵᠢᠭᠦᠯᠬᠦ᠎ᠶᠢ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠬᠤ ᠎ᠶᠢ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭᠵᠢᠯᠲᠡ᠎ᠶᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋ ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠪᠠᠶ᠋ᠢᠭᠤᠯᠬᠤ ᠬᠡᠷᠡᠭᠲᠡᠢ; ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠎ᠶᠢ ᠶᠡᠬᠡ ᠪᠡᠷ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠦᠨ᠂ ᠬᠡᠷᠡᠭᠯᠡᠭᠡ ᠪᠡᠷ ᠬᠥᠳᠡᠯᠭᠡᠭᠦᠷ ᠪᠣᠯᠭᠠᠬᠤ ᠬᠡᠯᠪᠡᠷᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭᠵᠢᠬᠦ᠎ᠶᠢ ᠲᠦᠷᠭᠡᠳᠬᠡᠬᠦ ᠬᠡᠷᠡᠭᠲᠡᠢ; ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠨᠡᠩ ᠴᠢᠬᠤᠯᠠᠴᠢᠯᠠᠵᠤ᠂ ᠬᠡᠷᠡᠭᠯᠡᠭᠡ᠎ᠶᠢ ᠠᠬᠢᠭᠤᠯᠬᠤ ᠪᠠ ᠪᠡᠯᠡ ᠣᠷᠣᠭᠤᠯᠤᠯᠲᠠ᠎ᠶᠢ ᠥᠷᠭᠡᠳᠬᠡᠬᠦ᠎ᠶᠢ ᠨᠢᠭᠡᠳᠦᠯᠲᠡᠢ ᠲᠥᠯᠥᠪᠵᠢᠭᠦᠯᠵᠦ᠂ ᠬᠡᠷᠡᠭᠯᠡᠭᠡ᠎ᠵᠢᠨ ᠰᠢᠨ᠎ᠡ ᠨᠡᠮᠡᠭᠳᠡᠯ ᠎ᠦᠨ ᠴᠡᠭ ᠎ᠢ ᠲᠦᠷᠭᠡᠳᠭᠡᠨ ᠪᠣᠢᠵᠢᠭᠤᠯᠵᠤ᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭᠰᠠᠨ ᠪᠦᠲᠦᠮᠵᠢᠲᠡᠢ ᠪᠡᠯᠡ ᠣᠷᠣᠭᠤᠯᠤᠯᠲᠠ᠎ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ᠎ᠶᠢᠨ ᠨᠡᠮᠡᠭᠳᠡᠯ᠎ᠦᠨ ᠰᠢᠨ᠎ᠡ ᠣᠷᠣᠨ ᠵᠠᠢ᠎ᠶᠢ ᠲᠠᠰᠤᠷᠠᠯᠳᠠ ᠦᠭᠡᠢ ᠥᠷᠭᠡᠳᠬᠡᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠬᠤ ᠬᠡᠷᠡᠭᠲᠡᠢ; ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ ᠪᠣᠭᠣᠮᠲᠠ ᠰᠢᠪᠲᠤᠯᠤᠨ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠶᠡᠬᠡ ᠪᠡᠷ ᠠᠬᠢᠭᠤᠯᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠣᠨ》 ᠤ᠋ ᠠᠵᠢᠯᠯᠠᠭ᠎ᠠ᠎ᠶᠢ ᠥᠷᠨᠢᠭᠦᠯᠦᠨ᠂ ᠥᠨᠳᠥᠷ ᠬᠢᠷᠢ ᠲᠦᠪᠰᠢᠨ ᠪᠦᠬᠦᠢ ᠨᠡᠢᠭᠡᠮ ᠵᠢᠷᠤᠮ ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠬᠤ ᠬᠡᠷᠡᠭᠲᠡᠢ;     

ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠬᠣᠲᠠ ᠬᠥᠳᠡᠭᠡ᠎ᠶᠢᠨ ᠠᠭᠤᠰᠤᠯᠴᠠᠯ ᠪᠠ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶᠢᠨ ᠵᠣᠬᠢᠴᠠᠩᠭᠤᠢ ᠬᠥᠭᠵᠢᠯᠲᠡ᠎ᠶᠢ ᠤᠯᠠᠮ ᠠᠬᠢᠭᠤᠯᠵᠤ᠂ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠣᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠣᠬᠢᠴᠠᠩᠭᠤᠢ ᠬᠥᠭᠵᠢᠯᠲᠡ᠎ᠶᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ; ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠵᠢᠡᠨ ᠨᠢᠭ᠍ᠲᠠᠷᠠᠭᠤᠯᠤᠨ ᠰᠦᠭ ᠰᠦᠨᠡᠰᠦ ᠪᠠᠨ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠴᠢᠨᠠᠷ ᠰᠠᠢᠲᠠᠢ ᠰᠣᠶᠣᠯ ᠎ᠤᠨ ᠦᠢᠯᠡᠳᠭᠦᠨ᠎ᠦ ᠬᠠᠩᠭᠠᠯᠭ᠎ᠠ᠎ᠶᠢ ᠥᠷᠭᠡᠳᠬᠡᠵᠦ᠂ ᠰᠣᠶᠣᠯ᠎ᠤᠨ ᠣᠯᠠᠨ ᠤᠯᠤᠰ᠎ᠲᠠᠬᠢ ᠳᠠᠮᠵᠢᠭᠤᠯᠭ᠎ᠠ᠎ᠶᠢᠨ ᠰᠢᠨ᠎ᠡ᠎ᠶᠢ ᠡᠭᠦᠳᠴᠦ᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠬᠤ ᠬᠡᠷᠡᠭᠲᠡᠢ; ᠠᠷᠠᠳ᠎ᠤᠨ ᠠᠮᠢᠳᠤᠷᠠᠯ᠎ᠵᠢᠡᠷ ᠶᠡᠬᠡ ᠶᠠᠪᠤᠳᠠᠯ  ᠪᠤᠯᠭᠠᠬᠤ᠎ᠶᠢ ᠢᠮᠠᠭᠲᠠ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ ᠳ᠋ᠤ ᠠᠨᠭᠬᠠᠷᠤᠯ᠎ᠵᠢᠡᠨ ᠲᠦᠪᠯᠡᠷᠡᠭᠦᠯᠦᠨ ᠰᠢᠢᠳᠪᠦᠷᠢᠯᠡᠵᠦ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠠᠵᠢᠯ ᠎ᠤᠨ ᠪᠠᠢᠷᠢ᠎ᠶᠢ ᠲᠣᠭᠲᠠᠪᠤᠷᠢᠵᠢᠭᠤᠯᠵᠤ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ ᠎ᠢ ᠳᠡᠭᠡᠭᠰᠢᠯᠡᠭᠦᠯᠬᠦ ᠵᠡᠷᠭᠡ《ᠠᠷᠠᠳ᠎ᠤᠨ ᠠᠮᠢᠳᠤᠷᠠᠯ ᠎ᠤᠨ ᠠᠷᠪᠠᠨ ᠶᠡᠬᠡ ᠢᠨᠵᠧᠨᠧᠷᠢᠩ》 ᠢ᠋ ᠵᠣᠬᠢᠶᠠᠨ ᠪᠠᠢᠭᠤᠯᠤᠨ ᠬᠡᠷᠡᠭᠵᠢᠭᠦᠯᠵᠦ᠂ ᠠᠷᠠᠳ᠎ᠤᠨ ᠠᠮᠢᠳᠤᠷᠠᠯ ᠎ᠢ ᠪᠠᠲᠤᠯᠠᠨ ᠰᠠᠢᠵᠢᠷᠠᠭᠤᠯᠬᠤ ᠡᠷᠴᠢᠮ ᠎ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃

《1571》 ᠠᠵᠢᠯ ᠎ᠤᠨ ᠪᠠᠢᠷᠢᠯᠠᠭᠤᠯᠤᠯᠲᠠ᠎ᠶᠢᠨ ᠠᠤᠭ᠎ᠠ ᠲᠥᠰᠥᠪ ᠨᠢᠭᠡᠨᠲᠡ ᠳᠡᠯᠭᠡᠭᠳᠡᠯ᠎ᠡ᠂ ᠲᠤᠯᠤᠭᠠᠨ ᠵᠦᠢᠯ ᠎ᠦᠨ ᠭᠣᠣᠯᠳᠠᠯᠭ᠎ᠠ᠎ᠲᠠᠢ ᠠᠵᠢᠯ᠎ᠤᠨ ᠠᠷᠭ᠎ᠠ ᠵᠠᠮ ᠲᠣᠳᠣᠷᠬᠠᠢ ᠪᠣᠯᠪᠠ᠃ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ ᠎ᠢ ᠪᠦᠬᠦ ᠬᠦᠴᠦ᠎ᠪᠡᠷ᠎ᠢᠶᠡᠨ ᠰᠠᠢᠲᠤᠷ ᠠᠳᠬᠤᠬᠤ ᠳ᠋ᠤ ᠪᠣᠳᠠᠲᠠᠢ ᠨᠢ ᠡᠷᠬᠢᠮ᠂ ᠠᠵᠢᠯᠯᠠᠬᠤ ᠨᠢ ᠭᠣᠣᠯᠳᠠᠯᠭ᠎ᠠ᠎ᠪᠠᠢᠵᠤ᠂ ᠣᠷᠣᠨ ᠳᠠᠶᠠᠭᠠᠷ ᠴᠠᠭ ᠢᠮᠠᠭᠲᠠ ᠰᠡᠳᠭᠢᠯ ᠠᠯᠭᠠᠰᠠᠬᠤ ᠬᠠᠷᠢᠭᠤᠴᠠᠯᠭᠠᠲᠤ ᠰᠡᠳᠬᠢᠯᠭᠡ᠎ᠪᠡᠨ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠬᠤ᠎ᠪᠠᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号