ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠨ ᠠᠭᠤᠤ ᠦᠢᠯᠡᠰ᠎ᠢ ᠵᠠᠯᠭᠠᠮᠵᠢᠯᠠᠵᠤ ᠴᠢᠩ ᠰᠡᠳᠬᠢᠯ᠎ᠢ ᠡᠪᠤᠷᠯᠠᠨ ᠰᠢᠨ᠎ᠡ ᠠᠶᠠᠨ᠎ᠢᠶᠡᠨ ᠡᠬᠢᠯᠡᠬᠦᠯᠦᠨ᠎ᠡ
2026-01-04 10:09:29
ᠵᠣᠬᠢᠶᠠᠭ᠍ᠴᠢ᠄
ᠯᠢᠦ ᡁᠢ ᠱᠢᠶᠠᠨ ᠯᠢ ᠶᠦᠩ ᠲᠤᠤ ᠪᠠᠶ ᠯᠢᠶᠠᠨ ᠭᠤᠤ ᠬᠣᠶ ᠺᠠᠩ ᠯᠢ ᠨᠠ ᠮᠧᠶ ᠭᠠᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠳᠦ ᠴᠢᠩᠭ᠎ᠠ ᠲᠤᠰᠭᠠᠯ ᠭᠠᠷᠪᠠ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠲᠦᠷᠦᠭᠦᠬᠡᠨ ᠬᠥᠬᠡᠬᠣᠲᠠ᠎ᠳᠤ ᠬᠤᠷᠠᠯᠳᠤᠪᠠ᠃ ᠬᠤᠷᠠᠯ ᠡᠴᠡ ᠥᠪᠥᠷ ᠮᠣᠩᠭᠣᠯ᠎ᠤᠨ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠢ ᠪᠠᠳᠤ ᠡᠵᠡᠮᠳᠡᠵᠦ᠂ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ᠂ ᠪᠦᠬᠦ᠌ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠳᠦ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠬᠤᠷᠠᠯ ᠨᠢ ᠬᠥᠮᠦᠰ᠎ᠢ ᠶᠡᠬᠡᠳᠡ ᠤᠷᠮᠠᠱᠢᠭᠤᠯᠤᠨ ᠵᠣᠷᠢᠭ᠍ᠵᠢᠭᠤᠯᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶᠢᠨ ᠦᠪᠦᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠮᠥᠩᠭᠥᠨ ᠭᠦᠶ᠋ᠯᠭᠡᠭᠡᠨ᠎ᠦ ᠠᠵᠢᠯ᠎ᠤᠨ ᠬᠣᠷᠢᠶ᠎ᠠ᠎ᠶ᠋ᠢᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠱᠦᠵᠢ ᠮᠠ ᠪᠦᠦ ᠭᠦᠸᠧ᠄ 《ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠪᠢᠳᠡ ᠬᠠᠷᠢᠭᠤᠴᠠᠯᠭ᠎ᠠ ᠬᠦᠨᠳᠦ ᠭᠡᠳᠡᠭ᠎ᠢ ᠭᠦᠨ ᠮᠡᠳᠡᠷᠡᠵᠦ᠍ ᠪᠠᠢᠨ᠎ᠠ᠂ ᠳᠠᠷᠠᠭ᠎ᠠ ᠠᠯᠬᠤᠮ᠎ᠳᠤ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠪᠣᠯᠤᠨ ᠪᠦᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠶᠣᠰᠣᠭᠠᠷ᠂ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠤᠷᠱᠢᠯᠭ᠎ᠠ ᠪᠣᠯᠤᠨ ᠠᠮᠵᠢᠯᠲᠠ ᠪᠦᠲᠦᠮᠵᠢ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ 〈1571〉 ᠠᠵᠢᠯ᠎ᠤᠨ ᠪᠠᠢᠷᠢᠯᠠᠭᠤᠯᠤᠯᠲᠠ᠎ᠪᠠᠷ ᠠᠵᠢᠯᠯᠠᠭᠠᠨ᠎ᠤ ᠶᠡᠷᠦᠩᠬᠡᠶ ᠬᠥᠲᠥᠯᠪᠦᠷᠢ ᠪᠣᠯᠭᠠᠵᠤ᠂ ᠨᠠᠮ᠎ᠤᠨ ᠮᠥᠩᠭᠥᠨ ᠭᠦᠢᠯᠭᠡᠭᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ᠂ ᠭᠤᠤᠯᠳᠠᠭᠤ ᠱᠢᠨ᠎ᠡ ᠡᠨᠧᠷᠭᠢ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠦᠢᠯᠡᠳᠬᠦ᠂ ᠡᠪᠡᠰᠦᠨ᠎ᠦ ᠦᠶ᠋ᠯᠡᠰ ᠰᠦ᠎ᠶᠢᠨ ᠦᠶ᠋ᠯᠡᠰ ᠵᠡᠷᠭᠡ ᠣᠨᠴᠠᠯᠢᠭ᠍ᠲᠤ ᠳᠠᠪᠠᠭᠤᠯᠢᠭ ᠬᠦᠷᠢᠶ᠎ᠡ᠎ᠶᠢᠨ ᠳᠤᠭᠤᠷᠢᠨ᠎ᠳᠦ᠂ ᠵᠠᠰᠠᠭ᠎ᠤᠨ ᠣᠷᠳᠣᠨ ᠮᠥᠩᠭᠥᠨ ᠭᠦᠢᠯᠭᠡᠭᠡ ᠠᠵᠤ ᠠᠬᠤᠢᠯᠠᠯ᠎ᠢ ᠵᠣᠯᠭᠠᠭᠤᠯᠬᠤ᠎ᠶ᠋ᠢ ᠪᠠᠢᠩᠭᠤᠵᠢᠭᠤᠯᠤᠨ ᠥᠷᠨᠢᠭᠦᠯᠵᠦ᠂ ᠠᠵᠤ ᠠᠬᠤᠢᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠦ ᠭᠠᠷᠭᠠᠬᠤ 〈ᠳᠡᠭᠷᠢ᠎ᠶᠢᠨ ᠬᠦᠯᠦᠭ ᠲᠥᠯᠥᠪᠯᠡᠭᠡ〉 ᠪᠠ 〈ᠮᠢᠩᠭ᠎ᠠ ᠵᠠᠭᠤ᠎ᠶᠢᠨ ᠢᠨᠵᠧᠨᠧᠷᠢᠩ〉 ᠢ᠋ ᠭᠦᠨᠵᠡᠭᠡᠶ ᠬᠡᠷᠡᠭ᠌ᠵᠢᠭᠦᠯᠦᠨ᠂ ᠨᠠᠩ ᠣᠯᠠᠨ ᠴᠢᠨᠠᠷ ᠰᠠᠢᠲᠠᠶ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠥᠷᠥᠩᠭᠡ᠎ᠶ᠋ᠢᠨ ᠵᠠᠬ᠎ᠠ ᠳᠡᠯᠭᠡᠭᠦᠷ᠎ᠲᠦ ᠭᠠᠷᠭᠠᠵᠤ᠂ ᠱᠢᠭᠤᠳ ᠪᠡᠯᠡ ᠬᠤᠷᠠᠮᠳᠤᠭᠤᠯᠭ᠎ᠠ᠎ᠶᠢᠨ ᠡᠵᠡᠯᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠂ ᠮᠥᠩᠭᠥᠨ ᠭᠦᠢᠯᠭᠡᠭᠡᠨ᠎ᠦ ᠡᠬᠢ ᠪᠠᠶᠠᠯᠢᠭ᠎ᠢ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠳᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠠᠪᠤᠳᠤᠭᠠᠷ ᠳᠠᠪᠤᠨ ᠵᠢᠯ〉 ᠢ᠋ ᠰᠠᠢᠳᠤᠷ ᠡᠬᠢᠯᠡᠬᠦᠯᠵᠦ᠂ ᠠᠩᠬᠠᠨ᠎ᠤ ᠠᠯᠬᠤᠭ᠎ᠠ ᠵᠢ ᠰᠠᠢᠳᠤᠷ ᠠᠯᠬᠤᠬᠤ᠎ᠳᠤ ᠪᠠᠲᠤ ᠪᠡᠬᠢ ᠮᠥᠩᠭᠥᠨ ᠭᠦᠶ᠋ᠯᠭᠡᠭᠡᠨ᠎ᠦ ᠲᠤᠯᠭᠠᠭᠤᠷᠢᠯᠠᠯ ᠬᠠᠩᠭᠠᠨ᠎ᠠ》 ᠭᠡᠪᠡ᠃

《ᠪᠢᠳᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠬᠠᠷᠠᠯᠲᠠ ᠲᠠᠢ ᠤᠶᠠᠯᠳᠤᠭᠤᠯᠤᠨ᠂ 〈ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠱᠢᠪᠲᠤᠯᠤᠯᠲᠠ + ᠦᠷ᠎ᠡ ᠪᠦᠲᠦᠭᠡᠯ᠎ᠢ ᠣᠨᠳᠣᠣᠱᠢᠭᠤᠯᠬᠤ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠥᠨ ᠭᠦᠢᠯᠭᠡᠭᠡᠨ + ᠴᠢᠳᠠᠪᠤᠷᠢᠲᠠᠨ᠎ᠤ ᠲᠤᠯᠭᠠᠭᠤᠷᠢᠯᠠᠯ〉 ᠤ᠋ᠨ ᠪᠦᠬᠦ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠲᠦᠷᠭᠡᠳᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠪᠡᠰᠦᠨ᠎ᠦ ᠦᠶ᠋ᠯᠡᠰ ᠰᠦ᠎ᠶᠢᠨ ᠦᠶ᠋ᠯᠡᠰ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠤᠨᠴᠠᠯᠢᠬ᠍ᠳᠤ ᠬᠦᠷᠢᠶᠡᠨ᠎ᠦ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠥᠷᠨᠢᠭᠦᠯᠵᠦ᠍᠂ ᠤᠢᠷ᠎ᠠ ᠤᠭᠳᠠᠷᠭᠤᠢ᠎ᠶᠢᠨ ᠠᠵᠤ ᠠᠬᠤᠶ᠂ ᠠᠮᠢᠳᠤ ᠪᠣᠳᠠᠰ᠎ᠤᠨ ᠦᠶ᠋ᠯᠡᠳᠭᠡᠯ᠂ ᠵᠣᠬᠢᠶᠠᠮᠠᠯ ᠣᠶᠤᠨ ᠴᠢᠳᠠᠪᠤᠷᠢ + ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠤᠳᠤᠷᠢᠳᠤᠮᠵᠢ᠎ᠶ᠋ᠢᠨ ᠴᠢᠨᠠᠷᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠠᠢᠷᠢᠱᠢᠭᠤᠯᠵᠤ᠂ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢ ᠪᠤᠵᠠᠭᠠᠢᠷᠠᠭᠤᠯᠵᠤ᠂ ᠱᠢᠨ᠎ᠡ᠎ᠪᠡᠷ ᠮᠠᠨᠳᠤᠭ᠍ᠰᠠᠨ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠤᠨ᠎ᠠ᠃ ᠱᠢᠨ᠎ᠡ᠎ᠶ᠋ᠢ ᠡᠭᠦᠳᠬᠦ᠌ ᠲᠠᠪᠴᠠᠩ᠎ᠤᠨ 〈ᠴᠠᠭᠠᠨ ᠳᠠᠩᠰᠠ〉᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠲᠣᠭ᠍ᠲᠠᠭᠤᠨ᠎ᠢᠶᠠᠷ ᠳᠡᠮᠵᠢᠬᠦ᠌᠂ ᠬᠥᠳᠡᠯᠦᠩᠭᠦᠶ᠎ᠪᠡᠷ ᠦᠨᠡᠯᠡᠨ ᠵᠢᠱ᠌ᠢᠬᠦ᠌ ᠪᠠ 〈ᠬᠦᠰᠢᠶ᠎ᠡ ᠳᠡᠮᠳᠡᠭ〉 ᠤ᠋ᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠡᠬᠢ ᠪᠠᠶᠠᠯᠢᠭ᠎ᠢ ᠨᠡᠢᠳᠭᠡᠬᠦ ᠪᠠ ᠱᠢᠨ᠎ᠡ᠎ᠶ᠋ᠢ ᠡᠭᠦᠳᠬᠦ᠌ ᠬᠥᠳᠡᠯᠭᠡᠭᠦᠷ᠎ᠦᠨ ᠦᠶ᠋ᠯᠡᠳᠦᠯ᠎ᠢ ᠰᠠᠢᠲᠤᠷ ᠪᠠᠳᠠᠷᠠᠭᠤᠯᠤᠨ᠎ᠠ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠡᠷᠡᠭ᠌ᠯᠡᠭᠡ ᠪᠡᠷ ᠤᠳᠤᠷᠢᠳᠤᠮᠵᠢ ᠪᠤᠯᠭᠠᠬᠤ ᠰᠠᠭᠤᠷᠢ ᠰᠤᠳᠤᠯᠭᠠᠨ᠎ᠢ ᠳᠡᠮᠵᠢᠬᠦ᠌ ᠡᠷᠴᠢᠮ᠎ᠢ ᠴᠢᠩᠭᠠᠷᠠᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠱᠠᠲᠤᠯᠠᠨ ᠬᠥᠮᠦᠵᠢᠭᠦᠯᠬᠦ᠌ ᠲᠣᠭ᠍ᠲᠠᠴᠠ᠎ᠶ᠋ᠢ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢ᠎ᠶ᠋ᠢ ᠪᠡᠬᠢᠵᠢᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠸᠸᠨ ᠲᠤᠤ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠭᠣᠸ᠋ ᠱᠢ ᠴᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠪᠣᠯ ᠣᠷᠭᠠᠨᠢᠭ᠋ ᠪᠦᠬᠦᠯᠢ ᠴᠣᠭᠴᠠ ᠪᠠᠢᠵᠤ᠂ ᠬᠠᠷᠠᠯᠲᠠ᠎ᠳᠤ ᠳᠡᠭᠡᠳᠦ ᠬᠡᠮᠵᠢᠶ᠎ᠡ᠎ᠪᠡᠷ ᠠᠩᠬᠠᠷᠤᠯ᠎ᠢᠶᠠᠨ ᠲᠥᠪᠯᠡᠷᠡᠭᠦᠯᠵᠦ᠂ ᠢᠷᠡᠭᠡᠳᠦᠢ᠎ᠶᠢᠨ ᠬᠥᠭᠵᠢᠯᠲᠡ ᠢᠯᠠᠩᠭᠤᠶ᠎ᠠ 2026 ᠣᠨ᠎ᠤ ᠠᠵᠤ ᠠᠬᠤᠢ᠎ᠶᠢᠨ ᠠᠵᠢᠯ᠎ᠳᠤ ᠲᠣᠳᠣᠷᠬᠠᠢ ᠵᠢᠷᠤᠭ ᠲᠥᠰᠥᠪ᠎ᠢ ᠵᠢᠷᠤᠭᠯᠠᠪᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠲᠡᠷᠡ ᠳᠠᠷᠤᠢ ᠳ᠋ᠤᠨᠢ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲᠧᠮ᠎ᠦᠨ 《1571》 ᠶ᠋ᠢᠨ ᠠᠵᠢᠯ᠎ᠤᠨ ᠪᠠᠢᠷᠢᠯᠠᠭᠤᠯᠤᠯᠲᠠ᠎ᠶᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠦᠨ ᠬᠥᠭᠵᠢᠯᠲᠡ᠎ᠶᠢᠨ ᠶᠡᠷᠦᠩᠬᠡᠢ ᠭᠠᠷᠳᠡᠴᠡ ᠪᠣᠯᠭᠠᠵᠤ᠂ ᠠᠷᠭ᠎ᠠ ᠬᠡᠮᠵᠢᠶ᠎ᠡ᠎ᠪᠡᠨ ᠤᠯᠠᠮ ᠨᠠᠷᠢᠯᠢᠭ᠍ᠵᠢᠭᠤᠯᠤᠨ᠂ ᠨᠠᠢᠳᠠᠪᠤᠷᠢᠵᠢᠭᠤᠯᠤᠯᠲᠠ᠎ᠪᠠᠨ ᠴᠢᠨᠭᠭᠠᠳᠬᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ ᠶᠡᠷᠦᠩᠬᠡᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭᠠᠨ᠎ᠤ ᠲᠣᠣᠷ᠎ᠢ ᠪᠠᠢᠭᠤᠯᠵᠤ᠂ ᠨᠢᠭᠡ ᠴᠣᠭᠴᠠᠵᠢᠭᠤᠯᠤᠨ ᠠᠭᠤᠰᠤᠯᠴᠠᠭᠤᠯᠬᠤ᠂ ᠠᠮᠤᠷ ᠲᠦᠪᠰᠢᠨᠴᠢᠯᠡᠯᠳᠡ ᠵᠢ ᠳᠡᠭᠡᠭᠰᠢᠯᠡᠭᠦᠯᠬᠦ᠂ ᠲᠣᠭᠠᠵᠢᠭᠤᠯᠤᠯᠳᠠ ᠤᠶᠤᠨᠵᠢᠭᠤᠯᠤᠯᠳᠠ ᠵᠢ ᠲᠡᠰ ᠳᠡᠪᠰᠢᠭᠦᠯᠬᠦ᠂ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠬᠦᠴᠦᠯᠡᠨ ᠠᠬᠢᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠵᠠᠮ ᠬᠠᠷᠢᠯᠴᠠᠭᠠᠨ᠎ᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠲᠡᠭᠡᠭᠡᠪᠦᠷᠢ᠎ᠶᠢᠨ ᠦᠢᠯᠡᠴᠢᠯᠡᠭᠡᠨ᠎ᠦ ᠪᠠᠲᠤᠯᠠᠭ᠎ᠠ ᠵᠢᠨ ᠴᠢᠳᠠᠪᠤᠷᠢ᠎ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠰᠠᠢᠲᠤᠷ ᠪᠢᠴᠢᠭᠯᠡᠬᠦ᠎ᠳᠦ ᠨᠡᠩ ᠴᠢᠩᠭ᠎ᠠ ᠬᠦᠴᠦᠲᠡᠢ ᠵᠠᠮ ᠲᠡᠭᠡᠭᠡᠪᠦᠷᠢ᠎ᠶᠢᠨ ᠲᠤᠯᠭᠠᠭᠤᠷᠢᠯᠠᠯ ᠎ᠢ ᠬᠠᠩᠭᠠᠨ᠎ᠠ ᠭᠡᠵᠤ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠡᠳ᠋ ᠳᠠᠷᠤᠭ᠎ᠠ ᠯᠢ ᠸᠧᠢ᠄ 《ᠬᠤᠷᠠᠯ᠎ᠡᠴᠡ ᠰᠢᠨ᠎ᠡ ᠴᠠᠭ ᠦᠶ᠎ᠡ ᠎ᠶᠢᠨ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠲᠣᠳᠣᠷᠬᠠᠢ ᠠᠷᠭ᠎ᠠ ᠵᠠᠮ᠎ᠢ ᠵᠢᠭᠠᠵᠤ ᠥᠭᠪᠡ᠃ ᠪᠢᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠪᠠᠢᠩᠭᠤ ᠵᠢᠨ ᠤᠷᠳᠤ ᠬᠤᠭᠤᠴᠠᠭᠠᠨ᠎ᠤ ᠪᠦᠲᠦᠮᠵᠢᠲᠡᠢ ᠤᠬᠠᠭᠤᠯᠭ᠎ᠠ ᠬᠥᠮᠦᠵᠢᠯ᠎ᠦᠨ ᠲᠣᠭᠲᠡᠴᠡ᠎ᠶᠢ ᠦᠷᠭᠦᠯᠵᠢᠯᠡᠨ ᠪᠠᠢᠭᠤᠯᠤᠨ᠎ᠠ᠃ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠎ᠢ ᠪᠠᠶ᠋ᠢᠭᠤᠯᠬᠤ᠎ᠶᠢᠨ ᠲᠣᠭᠣᠷᠢᠨ᠎ᠳᠤ᠂ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠤ᠂ ᠣᠨᠴᠠᠯᠢᠭᠳᠤ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠨᠡᠢᠴᠡᠭᠰᠡᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠦᠴᠦᠯᠡᠨ ᠪᠤᠢᠵᠢᠭᠤᠯᠤᠨ᠎ᠠ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠳᠠᠭᠠᠭᠤᠯᠤᠭᠴᠢ ᠠᠵᠤ ᠠᠬᠤᠢᠯᠠᠯ᠎ᠤᠨ ᠭᠦᠨᠵᠡᠭᠡᠢ ᠬᠠᠮᠵᠢᠯᠴᠠᠭ᠎ᠠ᠎ᠶᠢ ᠠᠬᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠤ᠂ ᠰᠤᠷᠭᠠᠭᠤᠯᠢ ᠪᠠ ᠠᠵᠤ ᠠᠬᠤᠢᠯᠠᠯ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠡᠴᠡ᠎ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠲᠠᠰ ᠳᠡᠪᠰᠢᠬᠦ ᠴᠢᠳᠠᠪᠤᠷᠢ᠎ᠶᠢ ᠳᠡᠭᠡᠭᠰᠢᠯᠡᠭᠦᠯᠵᠤ᠂ ᠥᠪᠥᠷ ᠮᠣᠩᠭᠣᠯ᠎ᠤᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠶᠢ ᠲᠦᠷᠭᠡᠳᠬᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠪᠡᠬᠢ ᠰᠤᠷᠭᠠᠨ ᠬᠥᠮᠦᠵᠢᠯ᠎ᠦᠨ ᠬᠦᠴᠦᠨ ᠴᠢᠳᠠᠯ᠎ᠢ ᠨᠡᠮᠡᠷᠢᠯᠡᠨ᠎ᠡ》 ᠭᠡᠪᠡ᠃

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠵᠢᠶᠸ᠂ ᠲᠤᠰ ᠤᠳᠠᠭ᠎ᠠ᠎ᠶᠢᠨ ᠬᠤᠷᠠᠯ᠎ᠡᠴᠡ ᠡᠨᠧᠷᠭᠢ᠎ᠶᠢᠨ ᠠᠵᠢᠯ᠎ᠳᠤ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤᠷᠠᠳᠪᠠ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ ᠪᠦᠬᠦ ᠬᠦᠴᠦᠨ᠎ᠢᠶᠡᠷ᠎ᠢᠶᠡᠨ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠤᠯᠠᠮᠵᠢᠯᠠᠯᠲᠤ ᠡᠨᠧᠷᠭᠢ᠎ᠶᠢᠨ ᠰᠠᠭᠤᠷᠢ᠎ᠶᠢ ᠪᠠᠲᠤᠯᠠᠬᠤ᠎ᠶᠢ ᠦᠷᠭᠦᠯᠵᠢᠯᠡᠨ ᠪᠡᠬᠢᠵᠢᠭᠦᠯᠵᠦ᠂ ᠢᠯᠠᠯᠲᠠ᠎ᠶᠢᠨ ᠡᠷᠴᠢᠨ ᠳᠡᠭᠡᠷ᠎ᠡ ᠡᠨᠧᠷᠭᠢ ᠣᠨᠴᠠᠭᠠᠢᠯᠠᠨ ᠰᠢᠨ᠎ᠡ ᠡᠨᠧᠷᠭᠢ᠎ᠶᠢᠨ ᠨᠡᠭᠡᠭᠡᠨ ᠠᠰᠢᠭ᠍ᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠦᠨ᠎ᠡ; ᠡᠨᠧᠷᠭᠢ᠎ᠶᠢᠨ ᠪᠠᠢᠭᠤᠯᠤᠯ ᠲᠣᠭᠲᠡᠴᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠠᠬᠢᠭᠤᠯᠵᠤ᠂ ᠡᠨᠧᠷᠭᠢ᠎ᠶᠢᠨ ᠬᠦᠷᠢᠶᠡᠨ᠎ᠳᠡᠬᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠤᠢᠵᠢᠭᠤᠯᠤᠨ᠎ᠠ; ᠡᠨᠧᠷᠭᠢ᠎ᠶᠢᠨ ᠬᠦᠷᠢᠶᠡᠨ᠎ᠤ ᠭᠠᠳᠠᠭᠠᠳᠤ ᠯᠤᠭ᠎ᠠ᠎ᠶᠢᠨ ᠬᠠᠮᠲᠤᠷᠠᠯᠴᠠᠭ᠎ᠠ᠎ᠶᠢ ᠤᠯᠠᠨ ᠲᠠᠯ᠎ᠠ᠎ᠡᠴᠡ ᠭᠦᠨᠵᠡᠭᠡᠢᠷᠡᠭᠦᠯᠵᠦ᠂ ᠡᠨᠧᠷᠭᠢ᠎ᠶᠢᠨ ᠠᠮᠤᠷ ᠲᠦᠪᠰᠢᠨ ᠬᠥᠭᠵᠢᠯᠲᠡ᠎ᠶᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠎ᠢ ᠨᠡᠩ ᠡᠷᠴᠢᠮᠲᠡᠢ ᠪᠦᠲᠦᠭᠡᠨ ᠪᠠᠶ᠋ᠢᠭᠤᠯᠬᠤ᠎ᠪᠠᠷ ᠬᠦᠴᠦᠯᠡᠨ ᠴᠢᠷᠮᠠᠢᠨ᠎ᠠ ᠭᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠄ 《ᠬᠤᠷᠠᠯ ᠨᠢ ᠠᠷᠠᠳ᠎ᠤᠨ ᠠᠮᠢᠳᠤᠷᠠᠯ᠎ᠤᠨ ᠠᠩᠬᠠᠷᠤᠯ᠎ᠲᠠᠢ ᠨᠢᠭ᠍ᠲᠠ ᠤᠶᠠᠯᠳᠤᠭᠤᠯᠵᠤ᠂ ᠪᠢᠳᠡᠨ᠎ᠳᠦ ᠬᠠᠷᠠᠯᠲᠠ ᠵᠠᠮ ᠱᠤᠭᠤᠮ᠎ᠢ ᠲᠣᠳᠣᠷᠬᠠᠢ ᠪᠣᠯᠭᠠᠨ᠂ ᠡᠷᠡᠮᠡᠭᠡᠢᠯᠡᠨ ᠤᠷᠤᠭᠰᠢᠯᠠᠬᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠃ ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠢᠰᠲᠧᠮ᠎ᠦᠨ ᠬᠢᠨ ᠬᠤᠷᠠᠯ᠎ᠤᠨ ᠵᠣᠷᠢᠭ᠋ ᠰᠠᠨᠠᠭ᠎ᠠ᠎ᠶᠢ ᠦᠳᠲᠡᠷ ᠲᠦᠷᠭᠡᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠠᠷᠠᠳ᠎ᠢᠶᠠᠷ᠎ᠢᠶᠠᠨ ᠳᠠᠭᠠᠳᠬᠠᠯ᠎ᠳᠤ ᠣᠷᠣᠯᠴᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠤᠯᠠᠨ ᠲᠡᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠢᠰᠲ᠋ᠸᠮ᠎ᠢ ᠪᠦᠷᠢᠨᠰᠢᠭᠦᠯᠵᠦ᠂ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠢᠭᠡᠳᠦᠯᠲᠡᠢ ᠲᠦᠯᠦᠪᠵᠢᠭᠦᠯᠬᠦ ᠵᠢ ᠯᠠᠪᠳᠠᠭᠤᠨ ᠠᠬᠢᠭᠤᠯᠤᠨ᠎ᠠ; ᠰᠠᠭᠤᠷᠢ ᠮᠥᠩᠭᠥᠨ᠎ᠦ ᠠᠮᠤᠷ ᠲᠦᠪᠰᠢᠨ ᠡᠷᠭᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠤᠯᠠᠨ ᠲᠦᠮᠡᠨ᠎ᠦ 〈ᠡᠪᠡᠳᠴᠢᠨ ᠦᠵᠡᠭᠦᠯᠬᠦ ᠵᠣᠭᠣᠰ〉᠂ 〈ᠠᠮᠢ ᠠᠪᠤᠷᠠᠬᠤ ᠵᠣᠭᠣᠰ〉 ᠢ᠋ ᠰᠠᠢᠲᠤᠷ ᠰᠠᠬᠢᠨ ᠬᠠᠮᠠᠭᠠᠯᠠᠨ᠎ᠡ; 〈ᠡᠮᠴᠢᠯᠡᠭᠡ ᠡᠮᠴᠢᠯᠡᠭᠡᠨ᠎ᠤ ᠳᠠᠭᠠᠳᠬᠠᠯ ᠡᠮ ᠡᠮᠨᠡᠯᠭᠡ〉 ᠵᠢ ᠵᠤᠬᠢᠴᠠᠭᠤᠯᠤᠨ ᠬᠦᠭᠵᠢᠬᠦᠯᠬᠦ᠎ᠳᠦ ᠠᠨᠭᠬᠠᠷᠤᠯ᠎ᠢᠶᠡᠨ ᠲᠦᠪᠯᠡᠷᠡᠭᠦᠯᠵᠤ᠂ ᠡᠮᠴᠢᠯᠡᠭᠡᠨ᠎ᠤ ᠳᠠᠭᠠᠳᠬᠠᠯ᠎ᠤᠨ ᠲᠣᠭᠠᠴᠠᠭ᠎ᠠ ᠬᠢᠵᠦ ᠲᠠᠰᠤᠯᠤᠨ ᠪᠤᠳᠤᠬᠤ ᠲᠣᠭᠲᠡᠴᠡ᠎ᠶᠢ ᠰᠢᠯᠢᠳᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠪᠠᠢᠯᠳᠤᠬᠤ ᠪᠣᠳᠣᠯᠭ᠎ᠠ᠎ᠶᠢᠨ ᠬᠤᠳᠠᠯᠳᠤᠨ ᠠᠪᠬᠤ ᠦᠢᠯᠡᠳᠦᠯ᠎ᠢ ᠪᠠᠳᠠᠷᠠᠭᠤᠯᠵᠤ᠂ ᠡᠮ ᠡᠮᠨᠡᠯᠭᠡ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢ ᠳᠡᠮᠵᠢᠨ᠎ᠡ; ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠡᠬᠢ 〈ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ ᠪᠦᠲᠦᠭᠡᠬᠦ〉 ᠭᠣᠣᠯᠳᠠᠯᠭ᠎ᠠ᠎ᠲᠠᠢ ᠵᠦᠢᠯᠡᠰ ᠎ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠠᠢ ᠠᠵᠢᠯᠯᠠᠬᠤ ᠠᠷᠭ᠎ᠠ ᠬᠡᠮᠵᠢᠶ᠎ᠡ ᠎ᠪᠡᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠬᠣᠷᠢᠭ᠎ᠠ ᠱᠤᠭᠤᠮ᠎ᠢ ᠪᠡᠬᠢᠵᠢᠭᠦᠯᠦᠨ᠎ᠡ》 ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号