— 2026 ᠣᠨ᠎ᠤ ᠠᠩᠬᠠᠨ᠎ᠤ ᠠᠵᠢᠯᠯᠠᠬᠤ ᠡᠳᠦᠷᠲᠡᠬᠢ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠮᠦᠨ᠎ᠡ ᠹᠷᠣᠨᠲ᠎ᠤᠨ ᠭᠢᠯᠠᠰ ᠬᠤᠷᠤᠮ
ᠪᠤᠯᠤᠩ ᠨᠡᠭᠡᠭᠡᠬᠦ᠌ ᠦᠭᠡ
ᠴᠠᠭ᠎ᠤᠨ ᠪᠠᠢᠳᠠᠯ ᠤᠯᠠᠷᠢᠨ ᠬᠤᠪᠢᠰᠴᠤ᠂ ᠣᠨ ᠰᠠᠷ᠎ᠠ ᠤᠷᠤᠰᠬᠤ ᠤᠰᠤᠨ ᠮᠡᠳᠦ᠃ 2026 ᠣᠨ᠎ᠳᠤ ᠠᠯᠬᠤᠨ ᠤᠷᠤᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠦᠷᠯᠢᠭ ᠦᠵᠡᠮᠵᠢᠲᠦ ᠵᠢᠷᠤᠭ ᠠᠯᠭᠤᠷ ᠠᠭᠠᠵᠢᠮ ᠳᠡᠯᠭᠡᠭ᠌ᠳᠡᠯᠡ᠃ ᠱᠢᠨ᠎ᠡ ᠵᠢᠯ᠎ᠤᠨ ᠡᠬᠢ ᠪᠠᠷ ᠥᠷᠭᠡᠨ ᠠᠭᠤᠳᠠᠮ ᠥᠪᠥᠷ ᠮᠣᠩᠭᠣᠯ᠎ᠤᠨ ᠡᠬᠡ ᠭᠠᠵᠠᠷ᠎ᠲᠤ ᠪᠠᠴᠢᠮ ᠶᠠᠭᠠᠷᠠᠯᠲᠠᠢ ᠪᠦᠳᠦᠭᠡᠨ ᠪᠠᠢᠭᠤᠯᠤᠯᠲᠠ᠎ᠶ᠋ᠢᠨ ᠪᠠᠢᠳᠠᠯ᠂ ᠬᠦᠷ ᠬᠥᠭ᠌ᠵᠢᠶᠡᠨᠲᠡᠶ ᠠᠮᠢᠳᠤᠷᠠᠯ᠎ᠤᠨ ᠦᠵᠡᠮᠵᠢ ᠵᠢᠷᠤᠭ ᠭᠠᠵᠠᠷ ᠪᠣᠯᠭᠠᠨ᠎ᠳᠤ ᠬᠠᠷᠠᠭ᠍ᠳᠠᠨ᠎ᠠ᠃
ᠡᠬᠢᠯᠡᠯᠲᠡ ᠨᠢ ᠪᠦᠬᠦ᠌ ᠲᠠᠯ᠎ᠠ᠎ᠳᠤ ᠬᠣᠯᠪᠣᠭ᠍ᠳᠠᠵᠤ᠂ ᠬᠠᠨᠳᠤᠰᠢ᠎ᠵᠢ ᠲᠣᠭ᠍ᠲᠠᠭᠠᠳᠠᠭ᠃ ᠱᠢᠨ᠎ᠡ ᠠᠶᠠᠨ᠎ᠳᠤ ᠮᠤᠷᠳᠠᠬᠤ ᠳ᠋ᠠᠭᠠᠨ᠂ ᠬᠡᠷᠬᠢᠨ ᠱᠢᠨ᠎ᠡ᠎ᠶ᠋ᠢ ᠡᠭᠦᠳᠬᠦ᠌ ᠪᠠᠷ ᠬᠥᠳᠡᠯᠭᠡᠬᠦ ᠬᠦᠴᠦ ᠪᠠᠨ ᠪᠣᠯᠭᠠᠬᠰᠠᠨ ᠬᠥᠳᠡᠯᠭᠡᠭᠦᠷ᠎ᠢ ᠨᠡᠩ ᠴᠢᠳᠠᠯ᠎ᠲᠡᠶ ᠪᠣᠯᠭᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠲᠡᠪᠢᠰᠭᠡᠷ ᠦᠩᠭᠡ᠎ᠶ᠋ᠢ ᠨᠡᠩ ᠢᠯᠡ ᠲᠣᠳᠣ ᠪᠣᠯᠭᠠᠵᠤ᠂ ᠥᠭᠡᠷᠡᠴᠢᠯᠡᠯᠲᠡ ᠨᠡᠭᠡᠭᠡᠯᠳᠠ᠎ᠶ᠋ᠢᠨ ᠠᠯᠬᠤᠭ᠎ᠠ᠎ᠶ᠋ᠢ ᠨᠡᠩ ᠲᠤᠷᠪᠢᠯᠢᠭ ᠪᠣᠯᠭᠠᠬᠤ ᠪᠤᠢ᠂ ᠥᠪᠥᠷ ᠮᠣᠩᠭᠣᠯ ᠶᠠᠭ ᠬᠦᠰᠡᠯ ᠵᠢᠡᠷ ᠪᠢᠷ᠂ᠲᠡᠮᠡᠴᠡᠯ᠎ᠢᠶᠡᠷ ᠪᠡᠬᠡ ᠪᠣᠯᠭᠠᠵᠤ᠂ ᠱᠢᠨ᠎ᠡ ᠭᠠᠷᠤᠭ᠎ᠠ ᠡᠴᠡ ᠥᠪᠡᠷ᠎ᠦᠨ᠎ᠢᠶᠡᠨ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠪᠡᠨ ᠪᠢᠴᠢᠭ᠌ᠯᠡᠵᠦ᠍ ᠪᠤᠢ᠃ ᠡᠨᠡ ᠡᠳᠦᠷ᠎ᠡᠴᠡ ᠡᠬᠢᠯᠡᠨ ᠲᠤᠰ ᠪᠤᠯᠤᠩ᠎ᠢ ᠨᠡᠭᠡᠭᠡᠵᠦ᠂ ᠰᠦᠷ ᠳᠠᠯᠠᠢᠴᠠᠲᠠᠢ ᠠᠶᠠᠨ᠎ᠢ ᠲᠡᠮᠳᠡᠭ᠌ᠯᠡᠵᠦ᠍᠂ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢ ᠮᠠᠭ᠍ᠲᠠᠨ ᠳᠠᠭᠤᠯᠠᠬᠤ ᠪᠤᠯᠤᠨ᠎ᠠ᠂ ᠠᠩᠬᠠᠷᠤᠯ᠎ᠢᠶᠡᠨ ᠬᠠᠨᠳᠤᠭᠤᠯᠤᠮᠤ᠃
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ 1 ᠰᠠᠷ᠎ᠠ᠎ᠶ᠋ᠢᠨ 4 ᠤ᠋ ᠱᠢᠨ᠎ᠡ ᠤᠨᠦ ᠠᠩᠬᠠᠨ᠎ᠤ ᠠᠵᠢᠯᠯᠠᠬᠤ ᠡᠳᠦᠷ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠮᠦᠨ᠎ᠡ ᠹᠷᠣᠨᠲ᠎ᠤ᠋ᠨ ᠭᠠᠵᠠᠷ ᠪᠤᠯᠭᠠᠨ᠎ᠳᠤ ᠬᠦᠷ ᠬᠦᠭᠵᠢᠶᠡᠨ ᠪᠢᠯᠬᠠᠨ᠎ᠠ᠃
ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠺᠠᠳ᠋ᠷ ᠤᠯᠠᠨ ᠲᠦᠮᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠷᠠᠯᠲᠠ᠎ᠪᠠᠨ ᠪᠠᠲᠤ ᠡᠵᠡᠮᠳᠡᠵᠦ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃
0 ᠴᠠᠭ ᠲᠸ᠋᠂ ᠳ᠋ᠦᠩ ᠶᠠᠩᠭᠤᠸᠠᠩ ᠤᠯᠠᠭᠠᠨᠴᠠᠪ᠎ᠤᠨ ᠰᠠᠭᠤᠷᠢᠨ᠎ᠳᠤ
5 ᠵᠢᠯ ᠳᠠᠷᠠᠭᠠᠯᠠᠨ 70% ᠶ᠋ᠢᠨ ᠨᠡᠢᠯᠡᠮᠡᠯ ᠨᠡᠮᠡᠭ᠌ᠳᠡᠯ᠎ᠢ ᠪᠠᠲᠤᠯᠠᠪᠠ
1 ᠰᠠᠷ᠎ᠠ᠎ᠶ᠋ᠢᠨ 4᠎ᠤ᠋ ᠡᠳᠦᠷ᠎ᠦᠨ 0 ᠴᠠᠭ᠎ᠲᠤ᠂ ᠳ᠋ᠦᠩ ᠶᠠᠩᠭᠤᠸᠠᠩ ᠤᠯᠠᠭᠠᠨᠴᠠᠪ᠎ᠤᠨ ᠰᠠᠭᠤᠷᠢᠨ ᠤ᠋ ᠬᠢᠮᠢ ᠵᠢᠨ ᠬᠢᠮᠡᠯ ᠢᠯᠲᠠᠰᠤ ᠵᠢᠨ ᠦᠶ᠋ᠯᠡᠳᠪᠦᠷᠢᠯᠡᠯ᠎ᠦᠨ ᠲᠠᠰᠤᠭ ᠲᠤ᠌᠂ ᠮᠠᠰᠢᠨ ᠮᠧᠬᠠᠨᠢᠭᠦᠨᠳᠦᠷ ᠬᠤᠷᠳᠤᠴᠠ᠎ᠪᠠᠷ ᠠᠵᠢᠯᠯᠠᠵᠤ᠂ ᠣᠶᠤᠨᠴᠢ ᠦᠶ᠋ᠯᠡᠳᠪᠦᠷᠢᠯᠡᠯ᠎ᠦᠨ ᠱᠤᠭᠤᠮᠤᠳᠨᠢ ᠲᠡᠷᠢ ᠲᠡᠭ᠌ᠰᠢ ᠵᠢᠭᠰᠠᠵᠤ᠂ ᠮᠥᠩᠭᠥᠨ ᠥᠩᠭᠡ᠎ᠲᠠᠢ ᠬᠢᠮᠢ ᠵᠢᠨ ᠬᠢᠮᠡᠯ ᠢᠯᠲᠠᠰᠤ ᠵᠢ ᠬᠥᠮᠥᠷᠭᠡᠲᠡᠢᠰᠢ ᠬᠦᠷᠭᠡᠨ᠎ᠠ ᠁
《ᠪᠢᠳᠡ ᠭᠤᠤᠯᠳᠠᠭᠤ ᠬᠢᠮᠢ ᠵᠢᠨ ᠬᠢᠮᠡᠯ ᠢᠯᠲᠠᠰᠤ ᠵᠢ ᠰᠤᠳᠤᠯᠤᠨ ᠨᠡᠭᠡᠭᠡᠵᠦ᠍ ᠪᠣᠷᠣᠯᠠᠭᠤᠯᠵᠤ ᠪᠠᠢᠨ᠎ᠠ᠂ ᠲᠣᠰ ᠦᠶ᠋ᠯᠡᠳᠬᠦᠨ ᠪᠣᠯ ᠱᠢᠨ᠎ᠡ ᠬᠡᠯᠪᠡᠷᠢ᠎ᠶ᠋ᠢᠨ ᠡᠯᠧᠺᠲ᠋ᠷᠣᠨ ᠴᠢᠳᠠᠮᠵᠢ᠎ᠶ᠋ᠢᠨ ᠲᠤᠰᠭᠠᠶ ᠬᠡᠷᠡᠭ᠌ᠯᠡᠬᠦ᠌ ᠮᠠᠲ᠋ᠧᠷᠢᠶᠠᠯ ᠪᠣᠯᠤᠨ᠎ᠠ》 ᠭᠡᠵᠦ ᠲᠣᠰ ᠰᠠᠭᠤᠷᠢᠨ᠎ᠤ ᠠᠯᠪᠠᠨ ᠬᠡᠷ᠎ᠦᠨ ᠬᠠᠷᠢᠭᠤᠴᠠᠯᠭᠠᠲᠠᠨ ᠵᠠᠩ ᠢᠦᠶ ᠬᠡᠯᠡᠪᠠ᠃
2 ᠴᠠᠭ ᠲᠸ᠋᠂ ᠤᠷᠳᠤᠰ ᠬᠤᠳᠠ᠎ᠶ᠋ᠢᠨ ᠲᠠᠯᠠᠳ ᠬᠣᠱᠢᠭᠤᠨ᠎ᠤ ᠥᠪᠥᠷ ᠮᠣᠩᠭᠣᠯ᠎ᠤᠨ ᠮᠸᠩ ᠲᠠᠢ ᠪᠦᠯᠦᠭ᠌ᠯᠡᠯ ᠬᠢᠵᠠᠭᠠᠷᠲᠤ ᠺᠣᠮᠫᠠᠨᠢ ᠳ᠋ᠤ
ᠢᠯᠴᠢ᠎ᠶ᠋ᠢᠨ ᠴᠠᠬᠢᠯᠭᠠᠨ ᠪᠣᠯᠤᠨ ᠱᠢᠨ᠎ᠡ ᠡᠨᠧᠷᠭᠢ 《ᠬᠠᠮᠲᠤ ᠣᠷᠣᠱᠢᠵᠤ ᠬᠠᠮᠲᠤ ᠬᠦᠭᠵᠢᠨ᠎ᠡ》
ᠥᠷ᠎ᠦᠨ 2 ᠴᠠᠭ᠎ᠲᠤ᠂ ᠥᠪᠥᠷ ᠮᠣᠩᠭᠣᠯ᠎ᠤᠨ ᠮᠧᠩ᠎ᠲᠠᠢ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠢᠯᠴᠢ᠎ᠶ᠋ᠢᠨ ᠴᠠᠬᠢᠯᠭᠠᠨ᠎ᠢ ᠠᠮᠢᠳᠤᠯᠢᠭ᠎ᠢᠶᠡᠷ ᠥᠭᠡᠷᠡᠴᠢᠯᠡᠵᠤ ᠰᠢᠩᠭᠡᠭᠡᠨ ᠠᠪᠬᠤ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠦᠶ᠋ᠯᠡᠳᠪᠦᠷᠢ᠎ᠶ᠋ᠢᠨ ᠲᠣᠭᠣᠷᠢᠭ ᠲᠤ᠌᠂ ᠠᠵᠢᠯᠲᠠᠳ ᠡᠴᠡ ᠶᠠᠭ 68 ᠰᠠᠯᠬᠢᠨ ᠬᠦᠴᠦᠨ᠎ᠢᠶᠡᠷ ᠴᠠᠬᠢᠯᠭᠠᠨ᠎ᠭᠠᠷᠭᠠᠬᠤ ᠮᠠᠱᠢᠨ ᠴᠣᠭ᠍ᠴᠠᠯᠠᠪᠤᠷᠢ᠂ 220kV ᠳᠠᠷᠤᠯᠲᠠ ᠳᠡᠭᠡᠭ᠌ᠰᠢᠯᠡᠭᠦᠯᠬᠦ᠌ ᠥᠷᠲᠡᠭᠡ ᠵᠡᠷᠭᠡ ᠭᠤᠤᠯ ᠲᠥᠬᠥᠭᠡᠷᠦᠮᠵᠢ᠎ᠶ᠋ᠢ ᠲᠣᠭᠣᠷᠢᠨ ᠪᠠᠢᠴᠠᠭᠠᠵᠤ ᠪᠠᠢᠯ᠎ᠠ᠃
《2024 ᠣᠨ᠎ᠤ 6 ᠰᠠᠷ᠎ᠠ᠎ᠳᠤ ᠵᠦᠪᠰᠢᠶᠡᠷᠡᠯ ᠤᠯᠤᠭᠰᠠᠨ ᠡᠴᠡ 2025 ᠣᠨ᠎ᠤ 12 ᠰᠠᠷ᠎ᠠ᠎ᠳᠤ ᠠᠱᠢᠭ᠍ᠯᠠᠯᠲᠠ᠎ᠳᠤ ᠤᠷᠤᠭᠰᠠᠨ ᠬᠦᠷᠲᠡᠯ᠎ᠡ᠂ ᠪᠢᠳᠡ ᠮᠠᠰᠢ ᠤᠯᠠᠨ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠪᠡ》 ᠭᠡᠵᠦ ᠲᠣᠰ ᠺᠣᠮᠫᠠᠨᠢ᠎ᠶ᠋ᠢᠨ ᠴᠠᠬᠢᠯᠭᠠᠨ ᠭᠠᠷᠭᠠᠬᠤ ᠠᠵᠢᠯᠯᠠᠭᠠᠨ᠎ᠤ ᠬᠡᠯᠲᠡᠰ᠎ᠦᠨ ᠳᠠᠭᠠᠭᠠᠮᠠᠯ ᠸᠠᠩ ᠷᠦᠢ ᠹᠸᠩ ᠲᠠᠨᠢᠯᠴᠠᠭᠤᠯᠪᠠ᠃
4 ᠴᠠᠭ ᠲᠤ᠌᠂ ᠪᠤᠭᠤᠲᠤ ᠬᠣᠲᠠ᠎ᠶᠢᠨ ᠪᠥᠸᠧ ᠬᠠᠨ ᠰᠢᠨ᠎ᠡ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠲᠥᠷᠥᠯ ᠵᠦᠢᠯ᠎ᠦᠨ ᠲᠤᠬᠠᠢ᠎ᠶᠢᠨ ᠲᠠᠯᠠᠪᠠᠶ ᠳ᠋ᠤ
《ᠲᠣᠮᠣ᠌ ᠬᠡᠯᠪᠡᠷᠢ᠎ᠶᠢᠨ ᠴᠡᠨᠡᠭ ᠬᠠᠳᠠᠭᠠᠯᠠᠭᠴᠢ》 ᠠᠵᠤ ᠠᠬᠤᠢᠯᠠᠯ᠎ᠤᠨ ᠦᠢᠯᠡᠳᠪᠦᠷᠢᠯᠡᠯ ᠪᠠ ᠰᠠᠭᠤᠭᠠᠯᠢ ᠠᠷᠠᠳ᠎ᠤᠨ ᠬᠡᠷᠡᠭᠯᠡᠬᠦ ᠴᠠᠬᠢᠯᠭᠠᠨ᠎ᠳᠦ ᠲᠤᠰᠠᠯᠠᠨ᠎ᠠ
ᠦᠷ᠎ᠤᠨ 4 ᠴᠠᠭ᠎ᠲᠤ᠂ ᠪᠤᠭᠤᠲᠤ ᠬᠤᠳᠠ᠎ᠶᠢᠨ ᠪᠥᠸᠧ ᠬᠠᠨ ᠰᠢᠨ᠎ᠡ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ 40 ᠲᠦᠮᠡᠨ ᠺᠢᠯᠣᠸᠠᠲ /240 ᠲᠦᠮᠡᠨ ᠺᠢᠯᠣᠸᠠᠲ ᠴᠠᠭ᠎ᠤᠨ ᠴᠠᠬᠢᠯᠭᠠᠨ ᠲᠣᠣᠷ᠎ᠤᠨ ᠬᠠᠵᠠᠭᠤ᠎ᠶᠢᠨ ᠲᠤᠰᠠᠭᠠᠷ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ᠂ ᠲᠥᠬᠦᠭᠡᠷᠦᠮᠵᠢ᠎ᠶᠢᠨ ᠠᠵᠢᠯᠯᠠᠭᠠᠨ᠎ᠤ ᠲᠠᠰᠤᠭ᠎ᠲᠤ ᠵᠢᠭᠠᠯᠲᠠ ᠵᠢᠨ ᠳ᠋ᠧᠩ ᠭᠢᠯᠠᠯᠵᠠᠵᠤ᠂ ᠳᠡᠯᠭᠡᠴᠡ ᠳᠡᠭᠡᠷ᠎ᠡ ᠴᠠᠬᠢᠯᠭᠠᠨ ᠲᠣᠣᠷ᠎ᠤᠨ ᠠᠴᠢᠶᠠᠯᠠᠯ᠎ᠤᠨ ᠮᠤᠷᠤᠢ ᠱᠤᠭᠤᠮ ᠲᠣᠭᠲᠠᠭᠤᠨ᠎ᠢᠶᠠᠷ ᠳᠡᠭᠡᠭᠰᠢᠯᠡᠨ᠎ᠡ᠃
ᠠᠵᠢᠯᠲᠠᠨ ᠵᠣᠣ ᠬᠣᠶ ᠵᠢᠶᠦ᠋ᠨ ᠨᠢᠭᠡ ᠲᠠᠯ᠎ᠠ᠎ᠪᠠᠷ ᠬᠢᠨᠠᠨ ᠡᠵᠡᠮᠳᠡᠯ᠎ᠤᠨ ᠳᠡᠯᠭᠡᠴᠡ᠎ᠶᠢ ᠨᠢᠮᠪᠠᠢ ᠬᠠᠷᠠᠵᠤ᠂ ᠨᠥᠭᠥᠭᠡ ᠲᠠᠯ᠎ᠠ᠎ᠪᠠᠷ ᠲᠣᠬᠢᠷᠠᠭᠤᠯᠭ᠎ᠠ ᠡᠵᠡᠮᠳᠡᠯ᠎ᠦᠨ ᠠᠵᠢᠯ᠎ᠢ ᠦᠳᠲᠡᠷ ᠲᠦᠷᠭᠡᠨ ᠡᠬᠢᠯᠡᠭᠦᠯᠪᠡ᠃ ᠵᠣᠣ ᠬᠣᠶ ᠵᠢᠶᠦ᠋ᠨ᠄《ᠮᠠᠨ᠎ᠤ ᠡᠨᠡ ᠬᠦ᠌ ᠰᠢᠰᠲᠧᠮ ᠪᠣᠯ ᠶᠠᠭ ᠨᠢᠭᠡᠨ 〈ᠲᠣᠮᠣ᠌ ᠬᠡᠯᠪᠡᠷᠢ᠎ᠶᠢᠨ ᠴᠡᠨᠡᠭ ᠬᠠᠳᠠᠭᠠᠯᠠᠭᠴᠢ〉 ᠰᠢᠬ ᠪᠠᠢᠵᠤ᠂ ᠵᠠᠩᠭᠢᠯᠠᠭ᠎ᠠ᠎ᠶᠢᠨ ᠦᠶ᠎ᠡ᠎ᠳᠦ ᠴᠠᠬᠢᠯᠭᠠᠨ᠎ᠦ ᠳᠤᠲᠠᠭᠳᠠᠯ᠎ᠢ ᠨᠥᠬᠥᠪᠦᠷᠢᠯᠡᠵᠦ᠂ ᠠᠵᠤ ᠠᠬᠤᠢᠯᠠᠯ᠎ᠤᠨ ᠦᠢᠯᠡᠳᠪᠦᠷᠢᠯᠡᠯ ᠪᠠ ᠰᠠᠭᠤᠭᠠᠯᠢ ᠠᠷᠠᠳ᠎ᠤᠨ ᠬᠡᠷᠡᠭᠯᠡᠬᠦ ᠴᠠᠬᠢᠯᠭᠠᠨ᠎ᠢ ᠲᠠᠰᠤᠯᠳᠠᠭᠤᠯᠬᠤ ᠦᠭᠡᠢ ᠪᠠᠢᠬᠤ᠎ᠶᠢ ᠪᠠᠲᠤᠯᠠᠵᠤ ᠴᠢᠳᠠᠨ᠎ᠠ》 ᠭᠡᠪᠡ᠃
6 ᠴᠠᠭ ᠲᠤ᠌᠂ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠥᠪᠥᠷ ᠮᠣᠩᠭᠣᠯ᠎ᠤᠨ ᠯᠢᠩ ᠱᠧᠩ ᠥᠨᠳᠡᠭᠡᠨ ᠰᠢᠪᠲᠦᠷᠲᠦ ᠬᠦᠴᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ ᠳ᠋ᠤ
ᠪᠦᠬᠦ ᠲᠠᠯ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠬᠢᠴᠠ 90%᠎ᠳᠦ ᠬᠦᠷᠪᠡ
ᠥᠷ᠎ᠤᠨ 6 ᠴᠠᠭ᠎ᠲᠤ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠤ ᠪᠠᠢᠭ᠎ᠠ ᠥᠪᠥᠷ ᠮᠣᠩᠭᠣᠯ᠎ᠤᠨ ᠯᠢᠩ ᠱᠧᠩ ᠥᠨᠳᠡᠭᠡᠨ ᠰᠢᠪᠲᠦᠷᠲᠦ ᠬᠦᠴᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠵᠢᠯ᠎ᠳᠦ 20 ᠲᠦᠮᠡᠨ ᠲᠣᠨ ᠥᠨᠳᠡᠭᠡᠨ ᠰᠢᠪᠲᠦᠷᠲᠦ ᠬᠦᠴᠢᠯ ᠦᠢᠯᠡᠳᠪᠦᠷᠢᠯᠡᠬᠦ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ᠎ᠳᠤ ᠬᠦᠷᠬᠦ᠎ᠳᠦ᠂ ᠠᠵᠢᠯᠴᠢᠳ ᠶᠠᠭ ᠰᠠᠢᠬᠠᠨ ᠦᠢᠯᠡᠳᠭᠦᠨ᠎ᠦ ᠬᠥᠮᠥᠷᠭᠡ᠎ᠶᠢᠨ ᠭᠣᠣᠯ ᠴᠣᠭᠴᠠ᠎ᠶᠢᠨ ᠪᠦᠲᠦᠴᠡ᠎ᠶᠢ ᠴᠢᠳᠬᠤᠬᠤ᠂ ᠲᠤᠨᠤᠭ ᠲᠥᠬᠦᠭᠡᠷᠦᠮᠵᠢ᠎ᠶᠢ ᠤᠭᠰᠠᠷᠠᠨ ᠲᠤᠷᠰᠢᠬᠤ ᠵᠡᠷᠭᠡ ᠠᠵᠢᠯ᠎ᠢ ᠡᠮᠬᠢ ᠵᠢᠷᠤᠮ᠎ᠲᠠᠢ᠎ᠪᠠᠷ ᠬᠢᠵᠦ ᠪᠠᠢᠯ᠎ᠠ᠃
《ᠲᠦᠷᠦᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 40 ᠳ᠋ᠦᠩᠰᠢᠭᠤᠷ ᠲᠥᠭᠥᠷᠢᠭ᠎ᠲᠦ ᠬᠦᠷᠴᠦ᠂ ᠣᠳᠣᠬᠠᠨ᠎ᠳᠤ ᠪᠦᠬᠦᠯᠢ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢᠨ ᠠᠬᠢᠴᠠ ᠨᠢᠭᠡᠨᠲᠡ 90%᠎ᠳᠦ ᠬᠦᠷᠴᠡᠢ》 ᠭᠡᠵᠦ ᠲᠤᠰ ᠺᠣᠮᠫᠠᠨᠢ᠎ᠶᠢᠨ ᠲᠦᠷᠦᠯ ᠵᠦᠢᠯ᠎ᠦᠨ ᠬᠠᠷᠢᠭᠤᠴᠠᠯᠭᠠᠲᠠᠨ ᠯᠢᠨ ᠭᠦᠸᠧ ᠲᠤᠤ ᠢᠯᠡᠳᠬᠡᠪᠡ᠃
9 ᠴᠠᠭ ᠲᠤ᠌᠂ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠶᠡᠬᠡ ᠰᠦᠮ᠎ᠡ ᠪᠠᠯᠭᠠᠰᠤᠨ᠎ᠤ ᠬᠥᠩ ᠵᠦ᠍ ᠯᠢᠩ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋ ᠲᠸ᠋
ᠲᠤᠷᠰᠢᠯᠭ᠎ᠠ᠎ᠳᠤ ᠲᠦᠰᠢᠭᠯᠡᠵᠦ ᠪᠠᠢᠭᠰᠠᠨ ᠡᠴᠡ ᠪᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠳᠦ ᠲᠦᠰᠢᠭᠯᠡᠬᠦ ᠪᠤᠯᠵᠠᠢ
9 ᠴᠠᠭ ᠪᠣᠯᠬᠤ ᠡᠴᠡ ᠡᠮᠦᠨ᠎ᠡ᠂ ᠤᠯᠠᠭᠠᠨᠬᠠᠳᠠ ᠬᠤᠳᠠ᠎ᠶᠢᠨ ᠰᠦᠩᠱᠠᠨ ᠲᠣᠭᠣᠷᠢᠭ᠋᠎ᠤᠨ ᠶᠡᠬᠡ ᠰᠦᠮ᠎ᠡ ᠪᠠᠯᠭᠠᠰᠤ᠎ᠶᠢᠨ ᠬᠠᠨ ᠵᠢᠶᠠ ᠶᠢᠩᠽᠢ ᠲᠣᠰᠬᠣᠨ᠎ᠤ ᠲᠠᠷᠢᠮᠠᠯ᠎ᠤᠨ ᠡᠷᠦᠭᠡ ᠵᠠᠩ ᠴᠢᠩ ᠱᠧᠩ ᠭᠠᠷ ᠤᠲᠠᠰᠤ ᠪᠡᠷ ᠵᠢᠡᠨᠬᠦᠯᠡᠮᠵᠢᠶᠢᠨ ᠳᠡᠭᠡᠷᠡᠬᠢ ᠡᠪᠬᠡᠮᠡᠯ ᠣᠷᠬᠢᠭᠤᠯ ᠵᠢᠡᠨ ᠰᠡᠬᠦᠯ᠎ᠡ᠃ ᠲᠥᠪᠡᠳ ᠬᠠᠰᠢ ᠵᠡᠯ᠎ᠡ ᠳᠦᠭᠦᠷᠡᠩ ᠰᠠᠭᠤᠵᠦ ᠂ ᠵᠠᠩ ᠴᠢᠩ ᠱᠧᠩ ᠲᠥᠪᠡᠳ ᠬᠠᠰᠢ᠎ᠶᠢᠨ ᠴᠡᠴᠡᠭᠲᠦ ᠲᠣᠭᠣᠰᠣ᠌ ᠬᠦᠷᠲᠡᠭᠡᠨ᠎ᠡ᠃
ᠵᠠᠩ ᠴᠢᠩ ᠱᠧᠩ᠄《ᠣᠶᠤᠨᠲᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠮᠠᠰᠢᠨ ᠨᠢ ᠲᠠᠷᠢᠮᠠᠯ᠎ᠤᠨ ᠬᠡᠷᠡᠭᠴᠡᠭᠡ ᠵᠢ ᠦᠨᠳᠦᠰᠦᠯᠡᠨ ᠨᠠᠷᠢᠯᠢᠭ᠋ ᠣᠨᠣᠴᠠᠲᠠᠢᠠᠵᠢᠯᠯᠠᠵᠤ᠂ ᠴᠢᠬᠢ᠎ᠶᠢᠨ ᠤᠷᠭᠤᠯᠲᠠ ᠨᠢ ᠵᠢᠭᠳᠡ᠂ ᠡᠪᠡᠳᠴᠢᠨ᠎ᠦ ᠬᠣᠣᠷ ᠬᠥᠨᠥᠭᠡᠯ ᠪᠠᠭ᠎ᠠ ᠪᠠᠢᠳᠠᠭ᠃ ᠬᠦᠭᠰᠢᠨ ᠪᠢᠳᠡ ᠬᠣᠶᠠᠭᠤᠯᠠ 3 ᠬᠦᠯᠡᠮᠵᠢ᠎ᠶᠢ ᠲᠦᠪᠡᠭ ᠦᠭᠡᠢ ᠠᠷᠠᠴᠢᠯᠠᠵᠤ᠂ 1 ᠬᠦᠯᠡᠮᠵᠢ ᠡᠴᠡ ᠵᠢᠯ᠎ᠳᠦ 7 ᠲᠦᠮᠡᠨ ᠲᠥᠭᠥᠷᠢᠭ᠎ᠤᠨ ᠤᠷᠤᠯᠭ᠎ᠠ ᠤᠯᠵᠤ ᠪᠠᠢᠨ᠎ᠠ》 ᠭᠡᠪᠡ᠃
10 ᠴᠠᠭ ᠲᠤ᠌᠂ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠪᠠᠶᠠᠨᠮᠣᠳᠣ᠌ ᠰᠤᠮᠤᠨ ᠳ᠋ᠤ
ᠠᠰᠢᠭ ᠤᠷᠤᠯᠭ᠎ᠠ ᠵᠢᠯ ᠡᠴᠡ ᠵᠢᠯ ᠨᠡᠮᠡᠭᠳᠡᠨ᠎ᠡ
2026 ᠣᠨ ᠤ᠋ ᠠᠵᠢᠯ ᠡᠬᠢᠯᠡᠮᠡᠭᠴᠡ᠂ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠪᠠᠶᠠᠨᠮᠤᠳᠤ ᠰᠤᠮᠤ ᠨᠢᠭᠡᠨ ᠰᠠᠢᠨ ᠴᠢᠮᠡᠭᠡ ᠳᠤᠰᠴᠠᠢ — ᠨᠢᠳᠤᠨᠤᠨ ᠬᠠᠪᠤᠷ 1100 ᠮᠥ᠍ 《ᠬᠠᠭᠤᠷᠠᠶ ᠳᠠᠷᠢᠶ᠎ᠠ ᠵᠢ ᠤᠰᠤᠨ ᠳᠠᠷᠢᠶ᠎ᠠ ᠪᠣᠯᠭᠠᠨ ᠥᠭᠡᠷᠡᠴᠢᠯᠡᠬᠰᠡᠨ》 ᠲᠠᠷᠢᠶᠠᠨ ᠭᠠᠵᠠᠷ᠎ᠤᠨ ᠤᠰᠤᠨ ᠲᠤᠲᠤᠷᠭ᠎ᠠ᠎ᠶᠢᠨ ᠤᠨᠠᠯᠳᠠ ᠨᠢ ᠮᠥ᠍ ᠪᠦᠷᠢ᠎ᠳᠡᠭᠡᠨ 1200 ᠵᠢᠩ᠎ᠳᠦ ᠭᠦᠷᠦᠭ᠌ᠰᠡᠨ᠎ᠢᠶᠡᠷ ᠪᠠᠷᠠᠬᠤ ᠥᠬᠡᠶ ᠪᠠᠰᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ ᠵᠠᠬᠢᠶᠠᠯᠠᠭ᠎ᠠ᠎ᠪᠠᠷ ᠳᠡᠮᠵᠢᠨ 2 ᠲᠦᠮᠡᠨ ᠵᠢᠩ ᠠᠮᠢ ᠠᠬᠤᠶ᠎ᠶ᠋ᠢᠨ ᠲᠤᠲᠤᠷᠭ᠎ᠠ᠎ᠶ᠋ᠢ ᠪᠡᠭᠡᠵᠢᠩ ᠳ᠋ᠦ ᠬᠤᠳᠠᠯᠳᠤᠵᠤ᠂ ᠵᠢᠩ᠎ᠳᠡᠭᠡᠨ 6.5 ᠲᠥᠭᠥᠷᠢᠭ ᠬᠦᠷᠴᠡᠶ!
《ᠮᠠᠨ᠎ᠤ ᠰᠤᠮᠤᠨ᠎ᠤ ᠰᠠᠢ᠌ᠨ ᠴᠢᠮᠡᠭᠡ ᠡᠭᠦᠨ᠎ᠢᠶᠡᠷ ᠵᠣᠭ᠍ᠰᠣᠬᠤ ᠦᠭᠡᠢ ᠰᠢᠦ᠂ ᠲᠠ ᠡᠨᠡ ᠬᠤᠵᠢᠷᠯᠢᠭ ᠲᠤᠭᠤᠷᠢᠮ᠎ᠳᠡᠬᠢ ᠠᠯᠠᠭᠠᠨ᠎ᠠ ᠵᠢᠭᠠᠰᠤ᠎ᠶ᠋ᠢ ᠦᠵᠡᠬᠡᠷᠡᠢ!》 ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠳᠤ ᠳᠦᠷ ᠴᠠᠭ ᠳᠡᠳ᠋ ᠬᠤᠰᠢᠭᠤᠨ ᠳᠠᠷᠤᠭ᠎ᠠ᠎ᠶᠢᠨ ᠲᠤᠱᠢᠶᠠᠯ ᠡᠭᠦᠷᠭᠡᠯᠡᠵᠦ᠍ ᠪᠠᠢᠭ᠎ᠠ ᠲᠤᠤ ᠵᠧᠩ ᠯᠢᠶᠠᠩ᠄ 《ᠡᠨᠡ ᠵᠢᠯ᠎ᠦᠨ 9 ᠰᠠᠷ᠎ᠠ᠎ᠳᠦ᠂ ᠮᠥ᠍ ᠪᠦᠷᠢ᠎ᠶᠢᠨ ᠥᠷᠲᠡᠭ ᠪᠠᠷᠤᠭ 2 ᠲᠦᠮᠡᠨ ᠲᠥᠭᠥᠷᠢᠭ᠎ᠢ ᠳᠠᠪᠠᠬᠤ ᠪᠣᠯᠤᠨ᠎ᠠ!》 ᠭᠡᠪᠡ᠃
12 ᠴᠠᠭ ᠲᠤ᠌᠂ ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠤᠨ ᠮᠦᠰᠦ ᠴᠠᠰᠤᠨ᠎ᠤ ᠴᠡᠩᠭᠡᠯ᠎ᠤᠨ ᠬᠦᠷᠢᠶᠡᠯᠡᠩ᠎ᠳᠦ
ᠭᠣᠣᠯ ᠰᠡᠳᠦᠪᠲᠦ ᠮᠥᠰᠥ᠍ ᠴᠠᠰᠤᠨ᠎ᠤ ᠴᠡᠩᠭᠡᠯ᠎ᠦᠨ ᠬᠦᠷᠢᠶᠡᠯᠡᠩ ᠲᠠ ᠨᠠᠷ᠎ᠢ ᠪᠠᠶᠠᠷᠯᠠᠨ ᠤᠭᠳᠤᠨ᠎ᠠ
12 ᠴᠠᠭ᠎ᠲᠤ᠂ ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠲᠤ ᠨᠠᠷᠠ ᠳᠤᠯᠠᠢᠵᠤ᠂ ᠴᠠᠰᠤᠳᠤ ᠶᠢᠷᠳᠢᠨᠴᠤ᠎ᠶᠢᠨ ᠭᠣᠣᠯ ᠰᠡᠳᠦᠪᠲᠦ ᠮᠥᠰᠥ᠍ ᠴᠠᠰᠤᠨ᠎ᠤ ᠴᠡᠩᠭᠡᠯ᠎ᠦᠨ ᠬᠦᠷᠢᠶᠡᠯᠡᠩ᠎ᠳᠦ ᠵᠢᠭᠤᠯᠴᠢᠯᠠᠭᠰᠡᠳ ᠴᠤᠪᠤᠷᠠᠵᠤ᠂ ᠠᠵᠢᠯᠲᠠᠳ ᠮᠠᠰᠢ ᠶᠠᠭᠠᠷᠠᠯᠳᠠᠢ ᠪᠠᠢᠯ᠎ᠠ᠃
ᠬᠠᠢᠯᠠᠷ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠳ᠋ᠧᠩ ᠬᠤᠤ ᠹᠠᠨ᠂ ᠣᠲᠣ ᠪᠣᠯ ᠶᠠᠭ ᠪᠠᠶᠠᠷ ᠳᠤᠷᠠᠰᠭᠠᠯ + ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠬᠠᠮᠤᠭ᠎ᠤᠨ ᠬᠥᠭ᠌ᠵᠢᠶᠡᠨᠲᠡᠶ ᠦᠶ᠎ᠡ ᠮᠥᠨ᠂ ᠴᠡᠩᠬᠡᠯ᠎ᠤᠨ ᠬᠦᠷᠢᠶᠡᠯᠡᠩ ᠨᠠᠶ᠋ᠮᠠᠨ ᠵᠦᠭ ᠡᠴᠡ ᠢᠷᠡᠭ᠌ᠰᠡᠨ ᠵᠣᠴᠢᠳ᠎ᠢ ᠬᠠᠯᠠᠭᠤᠨ᠎ᠢᠶᠠᠷ ᠤᠭ᠍ᠲᠤᠵᠤ ᠪᠠᠢᠨ᠎ᠠ ᠭᠡᠵᠡᠶ᠃
14 ᠴᠠᠭ ᠲᠤ᠌᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ᠎ᠲᠠᠶ ᠶᠠᠩ ᠭᠸᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠦ ᠲᠥᠷᠥᠯ ᠵᠦᠶ᠋ᠯ᠎ᠦᠨ ᠠᠬᠤᠶ ᠲᠠᠯᠠᠪᠠᠶ ᠳ᠋ᠤ
ᠬᠠᠮᠢᠶᠠᠷᠤᠯᠲᠠ᠎ᠶ᠋ᠢᠨ ᠠᠵᠢᠯᠲᠠᠳ ᠦᠷᠭᠦᠯᠵᠢᠯᠡᠨ ᠠᠵᠢᠯᠯᠠᠵᠠᠭᠠᠨ᠎ᠠ
ᠤᠯᠤᠰ᠎ᠤᠨ 《ᠤᠰᠤ ᠲᠠᠲᠠᠵᠤ ᠡᠨᠧᠷᠭᠢ ᠬᠠᠳᠠᠭᠠᠯᠠᠬᠤ ᠳᠤᠮᠳᠠ ᠣᠷᠳᠣ ᠬᠤᠭᠤᠴᠠᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ (2021—2035 ᠣᠨ)》᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》᠎ᠳ᠋ᠤ᠌ ᠭᠤᠤᠯᠳᠠᠯᠭ᠎ᠠ᠎ᠲᠠᠶ ᠬᠡᠷᠡᠭ᠌ᠵᠢᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠣᠰ ᠴᠠᠬᠢᠯᠭᠠᠨ ᠥᠷᠲᠡᠭᠡ᠎ᠶᠢᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ ᠨᠢ 120 ᠲᠦᠮᠡᠨ ᠺᠢᠯᠦᠸᠠᠲ ᠪᠠᠢᠵᠤ᠂ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ ᠨᠢ ᠵᠢᠱ᠌ᠢᠯᠳᠡ ᠪᠡᠷ 24.12 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠭᠤᠤᠯᠳᠠᠭᠤ ᠴᠠᠬᠢᠯᠭᠠᠨ ᠲᠤᠤᠷ᠎ᠤᠨ ᠣᠷᠭᠢᠯ᠎ᠢ ᠲᠣᠬᠢᠷᠠᠭᠤᠯᠬᠤ᠂ ᠳᠤᠳᠠᠭᠰᠠᠨ ᠬᠡᠮᠵᠢᠶ᠎ᠡ ᠵᠢ ᠨᠦᠬᠦᠪᠦᠷᠢᠯᠡᠬᠦ᠂ ᠡᠨᠧᠷᠭᠢ ᠨᠦᠬᠡᠴᠡᠯᠡᠬᠦ᠂ ᠳᠠᠪᠲᠠᠮᠵᠢ ᠲᠣᠬᠢᠷᠠᠭᠤᠯᠬᠤ᠂ ᠪᠠᠴᠢᠮ ᠡᠨᠳᠡᠯ᠎ᠳᠦ ᠪᠡᠯᠡᠳᠭᠡᠯ ᠬᠠᠩᠭᠠᠬᠤ ᠵᠡᠷᠭᠡ ᠡᠭᠦᠷᠭᠡ᠎ᠶ᠋ᠢ ᠡᠭᠦᠷᠭᠡᠯᠡᠨ᠎ᠡ᠃
16 ᠴᠠᠭ ᠲᠤ᠌᠂ ᠬᠥᠬᠡᠬᠣᠲᠠ᠎ᠶ᠋ᠢᠨ ᠬᠢᠲᠠᠳ ᠮᠤᠩᠭᠤᠯ ᠡᠮᠨᠡᠯᠭᠡ᠎ᠶ᠋ᠢᠨ ᠬᠣᠷᠢᠶ᠎ᠠ ᠳ᠋ᠤ
ᠡᠮᠴᠢᠯᠡᠬᠦ ᠰᠤᠪᠢᠯᠠᠬᠤ ᠠᠵᠢᠯ ᠡᠮᠬᠢ ᠵᠢᠷᠤᠮ ᠲᠠᠢ ᠶᠠᠪᠤᠭᠳᠠᠨ᠎ᠠ
16 ᠴᠠᠭ᠎ᠤᠨ ᠦᠶ᠎ᠡ᠎ᠪᠡᠷ᠂ ᠬᠥᠬᠡᠬᠣᠲᠠ᠎ᠶ᠋ᠢᠨ ᠬᠢᠲᠠᠳ ᠮᠤᠩᠭᠤᠯ ᠡᠮᠨᠡᠯᠭᠡ᠎ᠶ᠋ᠢᠨ ᠬᠤᠷᠢᠶ᠎ᠠ᠎ᠶᠢᠨ ᠡᠮᠴᠢᠯᠡᠭᠡ ᠰᠤᠪᠢᠯᠠᠯᠳᠠ ᠵᠢᠨ ᠲᠦᠪ᠎ᠤᠨ ᠵᠡᠭᠦᠦ ᠳᠦᠭᠡᠨᠡᠯᠭᠡ ᠢᠯᠢᠵᠦ ᠪᠠᠷᠢᠬᠤ ᠰᠠᠯᠠᠭ᠎ᠠ᠎ᠳᠤ ᠰᠤᠷᠪᠤᠯᠵᠢᠯᠠᠭ᠍ᠴᠢ ᠴᠥᠭᠡᠨ ᠪᠤᠰᠤ ᠬᠤᠳᠠ᠎ᠶ᠋ᠢᠨ ᠠᠷᠠᠳ ᠨᠢᠷᠤᠭᠤ ᠰᠡᠭᠡᠷ᠂ ᠬᠦᠵᠦᠭᠦᠦ ᠰᠡᠭᠡᠷ᠎ᠦᠨ ᠡᠪᠡᠳᠴᠢᠨ᠎ᠢᠶᠡᠨ ᠵᠠᠰᠠᠭᠤᠯᠬᠤ ᠪᠡᠷ ᠬᠦᠷᠦᠯᠴᠡᠨ ᠢᠷᠡᠭᠰᠡᠨ᠎ᠢ ᠣᠯᠵᠤ ᠬᠠᠷᠠᠪᠠ᠃
《ᠡᠮᠴᠢᠯᠡᠭᠡ ᠰᠤᠪᠢᠯᠠᠯᠲᠠ᠎ᠶᠢᠨ ᠲᠥᠪ᠎ᠲᠦ ᠡᠮᠴᠢᠯᠡᠭᠡᠨ᠎ᠦ ᠲᠣᠭᠣᠷᠢᠭ᠋ ᠪᠣᠯᠣᠨ ᠨᠠᠰᠤᠵᠢᠯ᠎ᠤᠨ ᠠᠰᠠᠷᠠᠮᠵᠢ᠎ᠶᠢᠨ ᠲᠣᠭᠣᠷᠢᠭ᠋ ᠭᠠᠷᠭᠠᠵᠤ᠂ ᠡᠮᠴᠢᠯᠡᠭᠡᠨ᠎ᠦ ᠲᠣᠭᠣᠷᠢᠭ᠋᠎ᠲᠤ ᠲᠡᠷᠢᠭᠦᠨ᠎ᠦ ᠡᠮᠴᠢᠯᠡᠭᠡᠨ᠎ᠦ ᠲᠥᠬᠦᠭᠡᠷᠦᠮᠵᠢ ᠲᠣᠬᠢᠷᠠᠭᠤᠯᠵᠤ᠂ ᠨᠠᠰᠤᠵᠢᠯ᠎ᠤᠨ ᠠᠰᠠᠷᠠᠮᠵᠢ᠎ᠶᠢᠨ ᠲᠣᠭᠣᠷᠢᠭ᠋ ᠨᠢ ᠥᠨᠳᠥᠷ ᠶᠠᠰᠤ ᠴᠢᠨᠠᠷ ᠪᠦᠬᠦᠢ ᠠᠮᠢᠳᠤᠷᠠᠯ᠎ᠤᠨ ᠬᠠᠷᠠᠭᠠᠯᠵᠠᠯᠳᠤ ᠠᠩᠬᠠᠷᠤᠯ᠎ᠢᠶᠠᠨ ᠲᠥᠪᠯᠡᠷᠡᠭᠦᠯᠳᠡᠭ》 ᠭᠡᠵᠦ ᠲᠤᠰ ᠡᠮᠨᠡᠯᠭᠡ᠎ᠶᠢᠨ ᠬᠣᠷᠢᠶ᠎ᠡ ᠵᠢᠨ ᠨᠠᠮ᠎ᠤᠨ ᠬᠣᠷᠢᠶ᠎ᠡ ᠵᠢᠨ ᠳᠡᠳ᠋ ᠱᠦᠵᠢ ᠬᠤᠤ ᠯᠢᠩ ᠹᠠᠩ ᠲᠠᠨᠢᠯᠴᠠᠭᠤᠯᠪᠠ᠃
18 ᠴᠠᠭ ᠲᠤ᠌᠂ ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ᠎ᠤ ᠰᠢᠨ ᠮᠸᠩ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠲᠥᠷᠥᠯ ᠵᠦᠢᠯ᠎ᠦᠨ ᠲᠤᠬᠠᠢ᠎ᠶᠢᠨ ᠲᠠᠯᠠᠪᠠᠶ ᠳ᠋ᠤ
ᠲᠥᠰᠥᠯ᠎ᠦᠨ ᠠᠬᠢᠴᠠ ᠤᠷᠤᠭᠰᠢᠲᠠᠢ ᠪᠠᠢᠵᠤ ᠤᠳᠠᠯ ᠦᠭᠡᠢ ᠠᠰᠢᠭ᠍ᠯᠠᠯᠲᠠ᠎ᠳᠤ ᠣᠷᠣᠨ᠎ᠡ
16 ᠴᠠᠭ᠎ᠲᠤ᠂ ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ᠎ᠤ ᠰᠢᠨ ᠮᠸᠩ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ᠂ ᠪᠠᠷᠢᠯᠭ᠎ᠠ᠎ᠶᠢᠨ ᠠᠵᠢᠯᠲᠠᠳ ᠪᠣᠯᠣᠨ ᠮᠡᠷᠭᠡᠵᠢᠯ᠎ᠦᠨ ᠪᠦᠯᠬᠦᠮ᠎ᠦᠨ ᠬᠢᠨ ᠡᠴᠦᠰ᠎ᠦᠨ ᠰᠢᠪᠲᠤᠯᠤᠯᠲᠠ ᠬᠢᠵᠦ ᠪᠠᠢᠯ᠎ᠠ᠃
ᠲᠥᠷᠥᠯ ᠵᠦᠢᠯ᠎ᠦᠨ ᠵᠠᠰᠠᠭ ᠵᠠᠬᠢᠷᠭᠠᠨ᠎ᠤ ᠶᠡᠷᠦᠩᠬᠡᠢ ᠬᠢᠨᠠᠭ᠍ᠴᠢ ᠰᠢᠶᠦᠢ᠍ᠩ ᠵᠢᠨ᠄ 《ᠣᠳᠣᠬᠠᠨ᠎ᠳᠤ ᠶᠠᠭ ᠲᠣᠨᠣᠭ ᠲᠥᠬᠦᠭᠡᠷᠦᠮᠵᠢ᠎ᠶᠢ ᠬᠣᠯᠪᠣᠯᠳᠤᠭᠤᠯᠤᠨ ᠲᠤᠷᠰᠢᠨ ᠲᠣᠬᠢᠷᠠᠭᠤᠯᠬᠤ᠂ ᠳᠠᠮᠵᠢᠭᠤᠯᠬᠤ ᠬᠣᠭᠣᠯᠠᠢ᠎ᠶᠢᠨ ᠵᠠᠯᠭᠠᠯᠲᠠ᠎ᠶᠢᠨ ᠤᠨᠤᠪᠴᠢ ᠵᠢᠨ ᠬᠡᠮᠵᠢᠶ᠎ᠡ ᠵᠡᠷᠭᠡ ᠪᠡᠷᠬᠡ ᠠᠰᠠᠭᠤᠳᠠᠯ᠎ᠢ ᠰᠢᠢᠳᠪᠦᠷᠢᠯᠡᠵᠦ ᠪᠠᠢᠨ᠎ᠠ᠂ ᠪᠢᠳᠡ ᠲᠣᠭᠲᠠᠭᠰᠠᠨ ᠬᠤᠭᠤᠴᠠᠭᠠᠨ᠎ᠳᠠᠭᠠᠨ ᠠᠰᠢᠭ᠍ᠯᠠᠯᠲᠠ᠎ᠳᠤ ᠣᠷᠣᠭᠤᠯᠬᠤ᠎ᠳᠤ ᠢᠲᠡᠭᠡᠯ᠎ᠲᠠᠢ ᠪᠠᠢᠨ᠎ᠠ》 ᠭᠡᠪᠡ᠃
20 ᠴᠠᠭ ᠲᠤ᠌᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠦᠬᠠᠢ᠎ᠶᠢᠨ ᠡᠨᠧᠷᠭᠢ᠎ᠶᠢᠨ ᠺᠣᠮᠫᠠᠨᠢ᠎ᠶᠢᠨ ᠬᠤᠸᠠᠩ ᠪᠠᠢ ᠼᠢ ᠨᠡᠭᠦᠷᠡᠰᠦᠨ ᠠᠭᠤᠷᠬᠠᠢ ᠳ᠋ᠤ
ᠰᠢᠨ᠎ᠡ ᠵᠢᠯ᠎ᠦᠨ ᠦᠢᠯᠡᠳᠪᠦᠷᠢᠯᠡᠯ ᠰᠠᠢᠨ ᠡᠬᠢᠯᠡᠯᠲᠡ ᠲᠠᠢ ᠪᠤᠯᠪᠠ
20 ᠴᠠᠭ ᠲᠦ᠍᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠦᠬᠠᠢ᠎ᠶᠢᠨ ᠡᠨᠧᠷᠭᠢ᠎ᠶᠢᠨ ᠺᠣᠮᠫᠠᠨᠢ᠎ᠶᠢᠨ ᠬᠤᠸᠠᠩ ᠪᠠᠢ ᠼᠢ ᠨᠡᠭᠦᠷᠡᠰᠦᠨ ᠠᠭᠤᠷᠬᠠᠢ᠎ᠶᠢᠨ ᠭᠦᠨ᠎ᠳᠦ ᠣᠶᠤᠨᠴᠢᠯᠠᠭᠰᠠᠨ ᠶᠡᠷᠦᠩᠬᠡᠢᠯᠡᠭᠰᠡᠨ ᠮᠠᠯᠲᠠᠬᠤ ᠠᠵᠢᠯ ᠡᠮᠬᠢ ᠵᠢᠷᠤᠮ ᠲᠠᠢ ᠶᠠᠪᠤᠭᠳᠠᠭᠰᠠᠭᠠᠷ ᠪᠠᠢᠯ᠎ᠠ᠃ ᠰᠢᠩᠭᠡᠨ ᠳᠠᠷᠤᠴᠠ᠎ᠶᠢᠨ ᠲᠤᠯᠬᠤ ᠵᠢᠶᠠᠰᠠ ᠵᠢ ᠲᠡᠷᠢ ᠲᠡᠭᠰᠢ ᠵᠢᠭ᠍ᠰᠠᠭᠠᠵᠤ᠂ ᠨᠡᠭᠦᠷᠡᠰᠦ ᠮᠠᠯᠲᠠᠬᠤ ᠮᠠᠰᠢᠨ ᠦᠪᠡᠷ᠎ᠢᠶᠡᠨ ᠠᠵᠢᠯᠯᠠᠵᠤ᠂ ᠡᠯ᠎ᠡ ᠵᠦᠢᠯ᠎ᠦᠨ ᠲᠤᠬᠢᠶ᠎ᠡ ᠳᠠᠮᠵᠢᠭᠤᠯᠤᠭᠴᠢ ᠨᠡᠭᠦᠷᠡᠰᠦᠨ ᠳᠠᠪᠬᠤᠷᠭ᠎ᠠ᠎ᠶᠢᠨ ᠬᠤᠪᠢᠷᠠᠯᠲᠠ᠎ᠶᠢ ᠨᠠᠷᠢᠯᠢᠭ᠋ ᠣᠨᠣᠴᠠᠲᠠᠢ᠎ᠪᠠᠷ ᠰᠡᠷᠡᠵᠦ ᠮᠡᠳᠡᠨ᠎ᠠ᠃
《ᠤᠳᠤ ᠨᠡᠭᠦᠷᠡᠰᠦ ᠮᠠᠯᠲᠠᠬᠤ᠎ᠳᠦ ᠤᠤᠯ᠎ᠤᠨ ᠬᠢ ᠰᠢᠭ᠋ ᠶᠡᠬᠡ ᠬᠡᠮᠵᠢᠶᠡᠨ᠎ᠤ ᠬᠦᠮᠦᠨᠤ᠋ ᠬᠦᠴᠦᠨ᠎ᠳᠦ ᠲᠦᠰᠢᠭᠯᠡᠬᠦ ᠪᠢᠰᠢ ᠬᠠᠷᠢᠨ ᠤᠶᠤᠨᠴᠢᠯᠠᠬ᠍ᠰᠠᠨ ᠱᠢᠰᠲ᠋ᠧᠮ᠎ᠢ ᠠᠰᠢᠬᠯᠠᠬᠤ ᠪᠣᠯᠵᠠᠢ》 ᠭᠡᠵᠦ᠍ ᠵᠢᠯᠣᠭᠣᠳᠭᠤ ᠲᠥᠪ᠎ᠤᠨ ᠬᠢᠨᠠᠨ ᠡᠵᠡᠮᠳᠡᠬᠦ ᠠᠵᠢᠯᠴᠢᠨ ᠶᠠᠷᠢᠪᠠ᠃
22 ᠴᠠᠭ ᠲᠤ᠌᠂ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ ᠳ᠋ᠤ
ᠬᠦᠴᠦ ᠪᠠᠨ ᠰᠢᠪᠬᠠᠨ ᠬᠠᠪᠤᠷ᠎ᠤᠨ ᠲᠠᠷᠢᠶᠠᠯᠠᠭ᠎ᠠ᠎ᠶ᠋ᠢ ᠪᠠᠲᠤᠯᠠᠨ᠎ᠠ
22 ᠴᠠᠭ᠎ᠲᠤ᠂ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ᠎ᠳᠡᠬᠢ ᠬᠢᠩᠭᠠᠨ ᠠᠢᠮᠠᠭ᠎ᠤᠨ ᠪᠥᠸᠧ ᠶᠤᠸᠠᠨ ᠬᠢᠮᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠱᠢᠭᠡᠰᠦᠯᠢᠭ ᠡᠳ᠋ ᠪᠣᠭᠣᠳᠠᠯᠯᠠᠬᠤ ᠦᠶ᠋ᠯᠡᠳᠪᠦᠷᠢ᠎ᠶ᠋ᠢᠨ ᠲᠠᠰᠤᠭ᠎ᠲᠦ ᠠᠵᠢᠯᠴᠢᠳ ᠦᠢᠯᠡᠳᠬᠦᠨ᠎ᠢ ᠲᠡᠷᠭᠡᠨ᠎ᠳᠦ ᠠᠴᠢᠶᠠᠯᠠᠵᠤ ᠪᠠᠢᠯ᠎ᠠ᠃
ᠣᠳᠣᠬᠠᠨ᠎ᠳᠤ᠂ ᠺᠣᠮᠫᠠᠨᠢ ᠶᠠᠭ ᠠᠶᠤᠯᠭᠦᠶ ᠦᠶ᠋ᠯᠡᠳᠪᠦᠷᠢᠯᠡᠯ᠎ᠦᠨ ᠪᠠᠢᠴᠠᠭᠠᠯᠲᠠ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍ ᠪᠠᠢᠬᠤ ᠪᠥᠭᠡᠳ ᠪᠠᠶᠠᠷ᠎ᠤᠨ ᠡᠳᠦᠷ ᠠᠵᠢᠯ᠎ᠢᠶᠡᠨ ᠵᠣᠭ᠍ᠰᠣᠬᠰᠠᠨ ᠥᠬᠡᠶ ᠬᠦᠴᠦ ᠪᠠᠨ ᠰᠢᠪᠬᠠᠨ ᠦᠢᠯᠡᠳᠪᠦᠷᠢᠯᠡᠵᠦ᠂ ᠬᠠᠪᠤᠷ᠎ᠤᠨ ᠲᠠᠷᠢᠶᠠᠯᠠᠭ᠎ᠠ᠎ᠳᠤ ᠬᠡᠷᠡᠭ᠌ᠯᠡᠬᠦ᠌ ᠪᠣᠷᠲᠣᠭᠣᠷ᠎ᠢ ᠴᠠᠭ ᠲᠤᠬᠠᠶ᠎ᠳᠤᠨᠢ ᠲᠠᠷᠢᠶᠠᠨ ᠭᠠᠵᠠᠷ᠎ᠲᠤ ᠬᠦᠢᠴᠡᠳ ᠬᠦᠷᠭᠡᠵᠦ᠍᠂ ᠱᠢᠨ᠎ᠡ ᠨᠢᠭᠡ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠯᠲᠠ ᠤᠯᠬᠤ᠎ᠳᠤ ᠪᠠᠲᠤ ᠰᠠᠭᠤᠷᠢ ᠲᠠᠯᠪᠢᠵᠤ ᠪᠠᠢᠨ᠎ᠠ᠃
ᠲᠣᠰ ᠺᠣᠮᠫᠠᠨᠢ ᠰᠠᠶᠢᠬᠠᠨ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠠᠮᠲᠤ》 ᠪᠠᠷ ᠦᠨᠡᠯᠡᠭ᠌ᠳᠡᠵᠦ᠍᠂ ᠪᠥᠬᠥ᠌ ᠣᠷᠣᠨ᠎ᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠲᠥᠷᠥᠯ᠎ᠦᠨ ᠪᠣᠬᠢᠷᠲᠤᠯ ᠥᠬᠡᠶ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠡᠪ ᠳᠠᠭᠤᠷᠢᠶᠠᠯ ᠦᠵᠡᠭᠦᠯᠪᠡ᠃
(ᠰᠤᠷᠪᠤᠯᠵᠢᠯᠠᠭ᠍ᠴᠢ ᠬᠠᠢ ᠵᠢᠶᠥ᠋ᠨ ᠪᠤᠶᠠᠠᠠᠨᠡᠷᠢᠯ ᠰᠦᠩ ᠠ ᠨᠠᠨ ᠯᠢᠦ ᠬᠣᠩ ᠵᠠᠩ ᠯᠢ ᠱᠢᠤᠸᠠᠢ ᠶᠣᠣ ᠵᠢᠶᠠ ᠱᠢᠤᠸᠠᠢ ᠯᠢᠶᠠᠩ ᠯᠢᠶᠠᠩ ᠱᠢᠤᠸᠠᠢ ᠯᠠᠢ ᠸᠠᠩ ᠶᠠ ᠵᠢᠩ ᠪᠠᠶᠠᠰᠭᠤᠯᠠᠩ ᠬᠤᠤ ᠪᠢᠶᠤᠤ ᠭᠤᠤ ᠮᠢᠨ ᠨᠠ ᠴᠧᠨ ᠴᠦᠨ ᠶᠠᠨ ᠶᠡᠷᠦᠩᠬᠡᠢᠯᠡᠨ ᠮᠡᠳᠡᠭᠡᠯᠡᠪᠡ)