— ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠲᠢᠩᠬᠢᠮ ᠤ᠋ᠨ ᠳᠠᠷᠤᠭ᠎ᠠ ᠭᠦᠸᠧ ᠵᠧᠸ᠋ ᠮᠢᠩ ᠢ᠋ ᠰᠤᠷᠪᠤᠯᠵᠢᠯᠠᠭᠰᠠᠨ ᠨᠢ
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠤᠳᠠᠭᠠᠵᠢᠨ ᠪᠥᠬᠥᠳᠡ ᠬᠤᠷᠠᠯ ᠵᠢᠴᠢ ᠪᠥᠬᠥ᠌ ᠣᠷᠣᠨ ᠤ᠋ ᠠᠵᠤ ᠠᠬᠤᠶ ᠢ᠋ᠢᠨ ᠠᠵᠢᠯ ᠤ᠋ᠨ ᠬᠤᠷᠠᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠵᠢᠯ ᠪᠠ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠳᠡ ᠢ᠋ᠢᠨ ᠲᠠᠰᠢᠷᠠᠮ ᠳ᠋ᠤ᠌ ᠬᠤᠷᠠᠯᠳᠤᠭ᠍ᠰᠠᠨ ᠨᠢᠭᠡ ᠤᠳᠠᠭᠠᠨ ᠤ᠋ ᠮᠠᠰᠢ ᠴᠢᠬᠤᠯᠠ ᠬᠤᠷᠠᠯ ᠪᠣᠯᠤᠨ᠎ᠠ᠃ ᠪᠥᠬᠥᠳᠡ ᠬᠤᠷᠠᠯᠠᠴᠠ 《1571》 ᠠᠵᠢᠯ ᠤ᠋ᠨ ᠪᠠᠢᠷᠢᠯᠠᠭᠤᠯᠤᠯᠲᠠ ᠢ᠋ᠢ ᠳᠤᠷᠠᠳᠤᠭ᠍ᠰᠠᠨᠨᠢ ᠣᠳᠣᠬᠠᠨ ᠤ᠋ ᠪᠠ ᠬᠣᠢᠱᠢᠳᠠ ᠢ᠋ᠢᠨ ᠬᠡᠰᠡᠭ ᠬᠤᠭᠤᠴᠠᠭᠠᠨ ᠤ᠋ ᠪᠥᠬᠥ᠌ ᠣᠷᠣᠨ ᠤ᠋ ᠡᠯ᠎ᠡ ᠵᠦᠶ᠋ᠯ ᠤ᠋ᠨ ᠠᠵᠢᠯ ᠦᠶ᠋ᠯᠡᠰ ᠤ᠋ᠨ ᠬᠥᠭ᠌ᠵᠢᠯᠲᠡ ᠢ᠋ᠢᠨ ᠶᠡᠷᠦᠩᠬᠡᠶ ᠭᠠᠷᠳᠠᠴᠠ ᠪᠠᠢᠵᠤ᠂ 2026 ᠣᠨ ᠵᠢᠴᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠢ᠋ᠢᠨ ᠬᠤᠭᠤᠴᠠᠭᠠᠨ ᠤ᠋ ᠥᠪᠥᠷ ᠮᠣᠩᠭᠣᠯ ᠤ᠋ᠨ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡᠵᠢᠨ ᠠᠸ᠋ᠭᠠ ᠲᠥᠰᠦᠪ ᠢ᠋ ᠵᠢᠷᠤᠭ᠍ᠯᠠᠪᠠ᠃ ᠬᠤᠳᠠᠯᠳᠤᠭᠠᠨ ᠤ᠋ ᠶᠠᠪᠤᠳᠠᠯ ᠤ᠋ᠨ ᠠᠵᠢᠯᠨᠢ ᠬᠣᠲᠠ ᠬᠥᠳᠡᠭᠡ ᠢ᠋ᠢ ᠬᠣᠯᠪᠣᠵᠤ᠂ ᠳᠣᠲᠣᠭᠠᠳᠤ ᠭᠠᠳᠠᠭᠠᠳᠤ ᠢ᠋ᠢ ᠨᠡᠪᠳᠡᠷᠡᠯᠴᠡᠬᠦᠯᠵᠤ᠂ ᠦᠶ᠋ᠯᠡᠳᠪᠦᠷᠢᠯᠡᠯ ᠪᠣᠷᠣᠯᠠᠭᠤᠯᠭ᠎ᠠ ᠢ᠋ᠢ ᠵᠣᠯᠭᠠᠭᠤᠯᠵᠤ᠂ ᠲᠦᠭ ᠲᠦᠮᠡᠨ ᠠᠢᠯ ᠡᠷᠦᠬᠡ ᠲᠠᠢ ᠬᠣᠯᠪᠣᠭ᠍ᠳᠠᠵᠤ᠂ ᠠᠵᠤ ᠠᠬᠤᠶ ᠢ᠋ᠢᠨ ᠠᠵᠢᠯ ᠤ᠋ᠨ ᠴᠢᠬᠤᠯᠠ ᠪᠦᠷᠢᠯᠳᠦᠬᠦᠨ ᠬᠡᠰᠡᠭ ᠪᠤᠯᠳᠠᠭ᠃ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠲᠢᠩᠬᠢᠮ ᠤ᠋ᠨ ᠳᠠᠷᠤᠭ᠎ᠠ ᠭᠦᠸᠧ ᠵᠧᠸ᠋ ᠮᠢᠩ ᠢ᠋ ᠰᠤᠷᠪᠤᠯᠵᠢᠯᠠᠪᠠ᠃
ᠭᠦᠸᠧ ᠵᠧᠸ᠋ ᠮᠢᠩ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠤᠳᠠᠭᠠᠵᠢᠨ ᠪᠥᠬᠥᠳᠡ ᠬᠤᠷᠠᠯ ᠤ᠋ᠨ ᠠᠯᠪᠠᠨ ᠮᠡᠳᠡᠭᠡᠳᠦ᠂ 《ᠳᠤᠮᠳᠠᠳᠤ ᠤᠯᠤᠰ 〈ᠥᠪᠥᠷ ᠮᠣᠩᠭᠣᠯ〉 ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠢ᠋ ᠡᠭᠦᠳᠦᠨ ᠪᠠᠢᠭᠤᠯᠬᠤ ᠪᠡᠷ ᠬᠥᠲᠥᠯᠦᠮᠵᠢ ᠪᠣᠯᠭᠠᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢ ᠴᠤᠭᠴᠠᠯᠠᠨ᠂ ᠦᠷᠭᠦᠯᠵᠢᠯᠡᠨ ᠴᠡᠭ ᠢ᠋ ᠴᠢᠨᠭᠭᠠᠳᠬᠠᠵᠤ᠂ ᠬᠡᠪᠴᠢᠶ᠎ᠡ ᠢ᠋ᠢ ᠥᠷᠭᠡᠳᠭᠡᠨ᠂ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠬᠢᠯᠢ ᠰᠤᠨᠳᠠᠯᠠᠭᠰᠠᠨ ᠰᠠᠭᠤᠷᠢ ᠲᠥᠬᠥᠭᠡᠷᠦᠮᠵᠢ ᠪᠠ ᠣᠳᠣᠬᠢᠴᠢᠯᠠᠭ᠍ᠰᠠᠨ ᠣᠶᠤᠨᠴᠢ ᠬᠢᠯᠢ ᠢ᠋ᠢᠨ ᠪᠣᠭᠣᠮᠲᠠ ᠢ᠋ᠢᠨ ᠪᠥᠲᠥᠭᠡᠨ ᠪᠠᠢᠭᠤᠯᠤᠯᠲᠠ ᠢ᠋ᠢ ᠴᠢᠩᠭᠠᠳᠭᠠᠨ᠂ ᠬᠢᠯᠢ ᠢ᠋ᠢᠨ ᠪᠣᠭᠣᠮᠲᠠ ᠪᠠ ᠳᠣᠲᠣᠷ᠎ᠠ ᠭᠠᠵᠠᠷ ᠤ᠋ᠨ ᠬᠤᠯᠪᠤᠯᠴᠠᠨ ᠬᠥᠭ᠌ᠵᠢᠬᠦ᠌ ᠢ᠋ᠢ ᠠᠬᠢᠭᠤᠯᠵᠤ᠂ ᠭᠠᠳᠠᠭᠠᠳᠤ ᠳ᠋ᠸ᠋ ᠬᠠᠨᠳᠤᠭᠤᠯᠤᠭᠰᠠᠨ ᠠᠵᠤ ᠦᠶ᠋ᠯᠡᠰ ᠢ᠋ ᠶᠡᠬᠡᠪᠡᠷ ᠬᠥᠭ᠌ᠵᠢᠭᠦᠯᠤᠨ᠂ ᠭᠠᠳᠠᠭᠠᠳᠤ ᠢ᠋ᠢᠨ ᠠᠷᠠᠯᠵᠢᠶᠠᠴᠢᠨ ᠤ᠋ ᠪᠠᠯᠠ ᠣᠷᠣᠭᠤᠯᠤᠯᠲᠠ ᠢ᠋ᠢᠨ ᠦᠶ᠋ᠯᠡᠴᠢᠯᠡᠭᠡ ᠪᠠᠲᠤᠯᠠᠭ᠎ᠠ ᠢ᠋ᠢᠨ ᠱᠢᠰᠲ᠋ᠧᠮ ᠢ᠋ ᠪᠦᠷᠢᠨᠱᠢᠭᠦᠯᠵᠦ᠍᠂ ᠠᠷᠠᠯᠵᠢᠶᠠᠨ ᠤ᠋ ᠬᠥᠭ᠌ᠵᠢᠯᠲᠡ ᠢ᠋ᠢ ᠲᠠᠮᠵᠢᠵᠦ ᠦᠢᠯᠡᠴᠢᠯᠡᠬᠦ ᠵᠢ ᠵᠣᠷᠢᠭ᠍ᠵᠢᠭᠤᠯᠵᠦ᠍᠂ ᠣᠯᠠᠨ ᠬᠦᠷᠢᠶᠡᠨᠳ᠋ᠤ᠌ ᠬᠠᠮᠲᠤᠷᠠᠯᠴᠠᠵᠤ ᠬᠠᠮᠲᠤ ᠪᠡᠷ ᠠᠱᠢᠭ ᠭᠥᠷᠳᠡᠬᠦ᠌ ᠢ᠋ᠢ ᠠᠬᠢᠭᠤᠯᠤᠨ᠂ ᠣᠯᠠᠨ ᠤᠯᠤᠰ ᠤ᠋ᠨ 〈ᠨᠠᠢᠵᠠ ᠢ᠋ᠢᠨ ᠲᠣᠭᠣᠷᠢᠭ〉 ᠢ᠋ ᠤᠯᠠᠮ ᠦᠷᠬᠡᠳᠬᠡᠬᠦ ᠬᠡᠷᠡᠭᠳᠡᠢ》᠃ 《ᠳᠣᠲᠣᠭᠠᠳᠤ ᠬᠡᠷᠡᠭ᠌ᠴᠡᠭᠡᠪᠡᠷ ᠤᠳᠤᠷᠢᠳᠤᠮᠵᠢ ᠪᠣᠯᠭᠠᠬᠤ ᠢ᠋ᠢ ᠨᠠᠩ ᠴᠢᠬᠤᠯᠠᠴᠢᠯᠠᠵᠤ᠂ ᠬᠡᠷᠡᠭ᠌ᠯᠡᠭᠡ ᠢ᠋ᠢ ᠠᠬᠢᠭᠤᠯᠬᠤ ᠪᠠ ᠪᠠᠯᠠ ᠣᠷᠣᠭᠤᠯᠤᠯᠲᠠ ᠢ᠋ᠢ ᠥᠷᠭᠡᠳᠭᠡᠬᠦ᠌ ᠢ᠋ᠢ ᠨᠢᠭᠡᠳᠦᠯᠲᠡᠶ ᠲᠥᠯᠥᠪᠵᠢᠭᠦᠯᠵᠦ᠍᠂ ᠬᠡᠷᠡᠭ᠌ᠯᠡᠭᠡ ᠢ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ ᠢ᠋ᠢ ᠭᠦᠨᠵᠡᠭᠡᠶ ᠬᠡᠷᠡᠭ᠌ᠵᠢᠭᠦᠯᠵᠦ᠍᠂ ᠬᠡᠷᠡᠭᠯᠡᠬᠡ ᠵᠢᠨ ᠱᠢᠨ᠎ᠡ ᠨᠡᠮᠡᠭ᠌ᠳᠡᠯ ᠤ᠋ᠨ ᠴᠡᠭ ᠢ᠋ ᠲᠦᠷᠭᠡᠯᠠᠨ ᠪᠣᠢᠵᠢᠭᠤᠯᠵᠤ᠂ ᠪᠣᠳᠠᠰᠤᠨ ᠪᠡᠯᠡ ᠤᠷᠤᠭᠤᠯᠤᠯᠳᠠ ᠪᠠ ᠬᠥᠮᠦᠨᠦ ᠪᠠᠯᠠ ᠣᠷᠣᠭᠤᠯᠤᠯᠳᠠ ᠢ᠋ᠢ ᠨᠢᠭ᠍ᠲᠠ ᠤᠶᠠᠯᠳᠤᠭᠤᠯᠬᠤ ᠢ᠋ᠢ ᠪᠠᠷᠢᠮᠲᠠᠯᠠᠨ᠂ ᠵᠠᠬ᠎ᠠ ᠳᠡᠯᠭᠡᠭᠦᠷ ᠢ᠋ᠢᠡᠷ ᠤᠳᠤᠷᠢᠳᠤᠮᠵᠢ ᠪᠣᠯᠭᠠᠭ᠍ᠰᠠᠨ ᠪᠦᠲᠦᠮᠵᠢᠲᠡᠶ ᠪᠠᠯᠠ ᠣᠷᠣᠭᠤᠯᠤᠯᠲᠠ ᠢ᠋ᠢ ᠨᠡᠮᠡᠭ᠌ᠳᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ ᠢᠯᠠᠩᠭᠤᠶ᠎ᠠ ᠱᠢᠨᠡᠪᠡᠷ ᠪᠠᠢᠭᠤᠯᠤᠭ᠍ᠰᠠᠨ ᠲᠥᠷᠥᠯ ᠵᠦᠶ᠋ᠯ ᠢ᠋ ᠲᠦᠷᠬᠡᠯᠡᠨ ᠨᠠᠢᠳᠠᠪᠤᠷᠢᠵᠢᠭᠤᠯᠵᠤ᠂ ᠲᠦᠷᠬᠡᠯᠡᠨ ᠡᠬᠢᠯᠡᠬᠦᠯᠵᠤ ᠲᠦᠷᠬᠡᠯᠡᠨ ᠪᠠᠢᠭᠤᠯᠬᠤ ᠢ᠋ᠢ ᠠᠬᠢᠭᠤᠯᠵᠤ᠂ ᠳᠣᠲᠣᠭᠠᠳᠤ ᠬᠡᠷᠡᠭ᠌ᠴᠡᠭᠡ ᠢ᠋ᠢᠨ ᠨᠡᠮᠡᠭ᠌ᠳᠡᠯ ᠤ᠋ᠨ ᠱᠢᠨ᠎ᠡ ᠣᠷᠣᠨ ᠵᠠᠶ ᠢ᠋ᠢ ᠲᠠᠰᠤᠷᠠᠯᠲᠠ ᠥᠬᠡᠶ ᠥᠷᠭᠡᠳᠭᠡᠵᠦ᠍᠂ ᠪᠥᠬᠥ᠌ ᠤᠯᠤᠰ ᠤ᠋ᠨ ᠨᠢᠭᠡᠳᠦᠯᠲᠡᠶ ᠲᠣᠮᠣ ᠵᠠᠬ᠎ᠠ ᠳᠡᠯᠭᠡᠭᠦᠷᠲᠡᠶ ᠭᠦᠨᠵᠡᠭᠡᠶ ᠵᠤᠯᠭᠠᠭᠤᠯᠬᠤ ᠬᠡᠷᠡᠭᠳᠡᠢ》 ᠬᠡᠵᠤ ᠴᠢᠬᠤᠯᠠᠴᠢᠯᠡᠪᠡ᠃ 2026 ᠣᠨ ᠵᠢᠴᠢ 《 ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨᠳᠤ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮᠰᠢ ᠵᠢᠨ ᠫᠢᠩ ᠤ᠋ᠨ ᠱᠢᠨ᠎ᠡ ᠴᠠᠭ ᠦᠶ᠎ᠡ ᠢ᠋ᠢᠨ ᠳᠤᠮᠳᠠᠳᠤ ᠤᠯᠤᠰ ᠤ᠋ᠨ ᠣᠨᠴᠠᠯᠢᠭᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠢ᠋ᠢᠨ ᠵᠣᠷᠢᠭ ᠰᠠᠨᠠᠭ᠎ᠠ ᠪᠡᠷ ᠶᠡᠷᠦᠩᠬᠡᠶ ᠬᠥᠲᠥᠯᠪᠦᠷᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ 《1571》 ᠠᠵᠢᠯ ᠤ᠋ᠨ ᠪᠠᠢᠷᠢᠯᠠᠭᠤᠯᠤᠯᠲᠠ ᠢ᠋ᠢ ᠲᠡᠷᠡ ᠶᠣᠰᠣᠭᠠᠷᠨᠢ ᠰᠠᠢᠲᠤᠷ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠳᠡ ᠢ᠋ᠢ ᠪᠠᠲᠤᠯᠠᠵᠤ᠂ ᠳᠤᠮᠳᠠᠳᠤ ᠤᠯᠤᠰ ᠤ᠋ᠨ ᠮᠠᠶᠢᠭᠤᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠢ᠋ᠢ ᠴᠢᠷᠮᠠᠢᠨ ᠪᠢᠴᠢᠭ᠌ᠯᠡᠬᠦ᠌ᠳᠦ ᠬᠤᠳᠠᠯᠳᠤᠭᠠᠨ ᠤ᠋ ᠶᠠᠪᠤᠳᠠᠯ ᠤ᠋ᠨ ᠬᠦᠴᠦᠨ ᠴᠢᠳᠠᠯ ᠢ᠋ᠢᠡᠨ ᠨᠡᠮᠡᠷᠢᠯᠡᠨ᠎ᠡ᠃
ᠨᠢᠭᠡᠳᠦ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ ᠠᠵᠢᠯ ᠤ᠋ᠨ ᠴᠢᠨᠠᠷ ᠲᠡᠭᠡᠭᠰᠢᠯᠡᠵᠦ ᠪᠦᠲᠦᠮᠵᠢ ᠤᠯᠬᠤ ᠢ᠋ᠢ ᠦᠷᠭᠦᠯᠵᠢᠯᠡᠨ ᠠᠬᠢᠭᠤᠯᠤᠨ᠎ᠠ᠃ 2025 ᠣᠨ ᠤ᠋ ᠲᠦᠷᠦᠬᠦᠦ 11 ᠰᠠᠷᠠᠳᠤ ᠥᠪᠡᠷᠲᠡᠭᠡᠨ ᠵᠠᠰᠠᠬᠤ ᠣᠷᠣᠨᠠᠴᠠ ᠤᠯᠤᠰ ᠤ᠋ᠨ ᠳᠣᠲᠣᠭᠠᠳᠤ (ᠣᠷᠣᠨ ᠤ᠋ ᠭᠠᠳᠠᠨ᠎ᠠ ) ᠢ᠋ᠢᠨ ᠪᠣᠳᠠᠲᠠᠢᠵᠢᠭᠤᠯᠤᠭ᠍ᠰᠠᠨ ᠪᠠᠯᠠ ᠮᠥᠩᠭᠥ ᠢ᠋ᠢ 5417 ᠳ᠋ᠦᠩᠱᠢᠭᠤᠷ ᠲᠥᠭᠥᠷᠢᠭ ᠣᠷᠣᠭᠤᠯᠤᠨ ᠠᠪᠴᠢᠷᠠᠵᠤ᠂ ᠣᠨ ᠤ᠋ ᠬᠠᠷᠠᠯᠲᠠᠪᠠᠨ ᠳᠠᠪᠠᠭᠤᠯᠤᠨ ᠪᠡᠶᠡᠯᠡᠭᠦᠯᠪᠡ᠃ ᠱᠢᠨᠡᠪᠡᠷ ᠭᠡᠷ᠎ᠡ ᠲᠣᠭ᠍ᠲᠠᠭ᠍ᠰᠠᠨ ᠶᠡᠷᠦᠩᠬᠡᠶ ᠪᠠᠯᠠ ᠣᠷᠣᠭᠤᠯᠤᠯᠲᠠᠨᠢ 500 ᠲᠦᠮᠡᠨ ᠲᠥᠭᠥᠷᠢᠭ ᠢ᠋ ᠲᠠᠪᠠᠭᠰᠠᠨ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ ᠲᠥᠷᠥᠯ ᠵᠦᠶ᠋ᠯ 1399 ᠪᠤᠢ᠂ ᠡᠭᠦᠨᠳᠦ ᠢ ᠠᠨ ᠲᠢᠶᠠᠨ ᠱᠢᠶᠠ ᠵᠣᠬᠢᠶᠠᠮᠠᠯ ᠣᠶᠤᠨᠴᠢ ᠠᠵᠤ ᠦᠶ᠋ᠯᠡᠰ ᠤ᠋ᠨ ᠬᠦᠷᠢᠶᠡᠯᠡᠩ᠂ ᠵᠥᠩ ᠲᠢᠶᠠᠨ ᠾᠧ ᠴᠤᠸᠠᠩ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠢ᠋ᠢ ᠪᠠᠭᠤᠷᠠᠭᠤᠯᠤᠨ ᠲᠠᠰ ᠳᠡᠪᠱᠢᠭᠦᠯᠬᠦ᠌ ᠥᠭᠡᠷᠡᠴᠢᠯᠡᠯᠲᠡ ᠢ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠵᠡᠷᠭᠡ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ ᠪᠠᠭᠳᠠᠵᠤ ᠪᠤᠢ᠃ ᠵᠠᠯᠭᠠᠭᠠᠳ 《ᠤᠯᠠᠮᠵᠢᠯᠠᠯᠲᠤ ᠠᠵᠤ ᠦᠶ᠋ᠯᠡᠰ ᠢ᠋ ᠪᠡᠬᠢᠵᠢᠭᠦᠯᠦᠨ ᠰᠠᠢᠵᠢᠷᠠᠭᠤᠯᠵᠤ᠂ ᠱᠢᠨᠡᠪᠡᠷ ᠮᠠᠨᠳᠤᠭᠰᠠᠨ ᠠᠵᠤ ᠦᠢᠯᠡᠰ ᠢ᠋ ᠪᠤᠵᠠᠭᠠᠢᠷᠠᠭᠤᠯᠵᠤ᠂ ᠢᠷᠡᠭᠡᠳᠦᠢ ᠢ᠋ᠢᠨ ᠠᠵᠤ ᠦᠢᠯᠡᠰ ᠢ᠋ ᠤᠷᠢᠳᠴᠢᠯᠠᠨ ᠪᠠᠢᠷᠢᠯᠠᠭᠤᠯᠬᠤ》 ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠴᠢᠭ᠌ᠯᠡᠯ ᠢ᠋ ᠦᠷᠬᠦᠯᠵᠢᠯᠡᠨ ᠪᠠᠷᠢᠮᠳᠠᠯᠠᠵᠤ᠂ ᠠᠵᠤ ᠦᠢᠯᠡᠰ ᠤ᠋ᠨ ᠬᠡᠯᠬᠢᠶ᠎ᠡ ᠢ᠋ᠢᠨ ᠰᠦᠪᠡᠭ᠌ᠴᠢ ᠢ᠋ᠢ ᠢᠳᠡᠪᠬᠢᠲᠡᠶ ᠠᠭᠤᠳᠠᠯᠤᠨ᠂ ᠠᠵᠤ ᠦᠶ᠋ᠯᠡᠰ ᠤ᠋ᠨ ᠬᠡᠯᠬᠢᠶ᠎ᠡ ᠢ᠋ᠢᠨ ᠲᠦᠷᠦᠭᠦᠯᠡᠨ ᠬᠢᠬᠦ᠌ ᠰᠠᠯᠠᠭ᠎ᠠ ᠮᠥᠴᠢᠷᠲᠡᠶ ᠬᠠᠮᠵᠢᠯᠴᠠᠨ ᠠᠷᠪᠠᠨ ᠶᠡᠬᠡ ᠠᠵᠤ ᠦᠶ᠋ᠯᠡᠰ ᠤ᠋ᠨ ᠪᠦᠯᠦᠭᠵᠢᠯ ᠤ᠋ᠨ 34 ᠠᠵᠤ ᠦᠶ᠋ᠯᠡᠰ ᠤ᠋ᠨ ᠡᠵᠡᠩᠨᠡᠯᠲᠡ ᠢ᠋ᠢᠨ ᠪᠠᠢᠳᠠᠯ ᠤ᠋ᠨ ᠡᠬᠢᠨ ᠤ᠋ ᠤᠢᠯᠡᠳᠬᠦᠨ ᠪᠠ ᠡᠴᠤᠰ ᠤ᠋ᠨ ᠤᠢᠯᠡᠳᠬᠦᠨ ᠤ᠋ ᠠᠵᠤ ᠠᠬᠤᠢᠯᠠᠯ ᠤ᠋ᠨ ᠨᠡᠷᠡᠰ ᠢ᠋ ᠡᠮᠬᠢᠳᠬᠡᠵᠤ᠂ ᠪᠦᠬᠦ᠌ ᠪᠥᠮᠪᠥᠷᠴᠡᠭ ᠤ᠋ᠨ ᠠᠷᠠᠯᠵᠢᠶᠠᠴᠢᠨ ᠤᠷᠢᠬᠤ ᠶᠡᠬᠡ ᠬᠤᠷᠠᠯ᠂ ᠳᠥᠷᠪᠡᠳᠦᠭᠡᠷ ᠬᠤᠭᠤᠴᠠᠭᠠᠨ ᠤ᠋ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ᠂ ᠥᠪᠥᠷ ᠮᠣᠩᠭᠣᠯᠳᠤ ᠪᠠᠯᠠ ᠣᠷᠣᠭᠤᠯᠬᠤ ᠵᠡᠷᠭᠡ ᠨᠠᠷᠢᠯᠢᠭ ᠣᠨᠣᠴᠠᠲᠠᠶ ᠠᠷᠠᠯᠵᠢᠶᠠᠴᠢᠨ ᠤᠷᠢᠬᠤ ᠱᠢᠷᠢᠰ ᠠᠵᠢᠯᠯᠠᠭ᠎ᠠ ᠢ᠋ᠢ ᠡᠷᠬᠢᠯᠡᠨ ᠶᠠᠪᠤᠭᠳᠠᠭᠤᠯᠵᠤ᠂ ᠠᠷᠠᠯᠵᠢᠶᠠᠴᠢᠨ ᠤᠷᠢᠬᠤ ᠠᠷᠭ᠎ᠠ ᠮᠠᠶᠢᠭᠵᠢᠡᠨ ᠦᠷᠭᠦᠯᠵᠢᠯᠡᠨ ᠱᠢᠨᠡᠴᠢᠯᠠᠵᠤ᠂ ᠪᠦᠬᠦ᠌ ᠶᠠᠪᠤᠴᠠ ᠢ᠋ᠢᠨ ᠦᠢᠯᠡᠴᠢᠯᠡᠭᠡ ᠢ᠋ᠢ ᠴᠢᠩᠭᠠᠳᠭᠠᠨ᠂ ᠲᠥᠷᠥᠯ ᠵᠦᠶ᠋ᠯ ᠤ᠋ᠨ ᠪᠤᠳᠠᠳᠤ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠬᠦ᠌ᠪᠡᠷ ᠭᠤᠤᠯ ᠪᠣᠯᠭᠠᠨ᠂ ᠪᠡᠯᠡ ᠣᠷᠣᠭᠤᠯᠬᠤ 《ᠶᠠᠰᠤ ᠴᠢᠨᠠᠷ》 ᠤ᠋ᠨ ᠪᠦᠲᠦᠮᠵᠢᠲᠡᠶ ᠳᠡᠭᠡᠭ᠌ᠰᠢᠯᠡᠯᠲᠡ ᠪᠠ 《ᠲᠣᠭ᠎ᠠ ᠬᠡᠮᠵᠢᠶ᠎ᠡ》 ᠢ᠋ᠢᠨ ᠵᠣᠬᠢᠰᠲᠠᠶ ᠨᠡᠮᠡᠭ᠌ᠳᠡᠯ ᠢ᠋ ᠴᠢᠷᠮᠠᠢᠨ ᠪᠡᠶᠡᠯᠡᠭᠦᠯᠦᠨ᠎ᠡ᠃
ᠬᠣᠶᠠᠷ ᠲᠦ᠍ ᠭᠠᠳᠠᠭᠠᠳᠤ ᠠᠷᠠᠯᠵᠢᠶᠠᠨ ᠤ᠋ ᠬᠥᠭ᠌ᠵᠢᠯᠲᠡ ᠱᠢᠨ᠎ᠡ ᠳᠡᠭᠡᠭ᠌ᠰᠢᠯᠡᠯᠲᠡ ᠲᠠᠢ ᠪᠣᠯᠬᠤ ᠵᠢ ᠬᠦᠴᠦᠯᠡᠨ ᠠᠬᠢᠭᠤᠯᠤᠨ᠎ᠠ᠃ 2025 ᠣᠨ ᠤ᠋ ᠲᠦᠷᠦᠬᠦᠤ 11 ᠰᠠᠷ᠎ᠠ ᠳ᠋ᠤ ᠮᠠᠨ ᠤ᠋ ᠣᠷᠣᠨ ᠤ᠋ ᠭᠠᠳᠠᠭᠠᠳᠤ ᠠᠷᠠᠯᠵᠢᠶᠠᠨ ᠤ᠋ ᠣᠷᠣᠭᠤᠯᠤᠯᠲᠠ ᠭᠠᠷᠭᠠᠯᠲᠠ ᠵᠢᠯ ᠤ᠋ᠨ ᠳᠣᠲᠣᠷ᠎ᠠ ᠰᠥᠭᠡᠷᠭᠦ᠌ ᠪᠠᠢᠭ᠍ᠰᠠᠨ ᠡᠴᠡ ᠪᠠᠨ ᠡᠶᠡᠷᠭᠦ᠌ ᠪᠣᠯᠵᠣ᠂ ᠭᠠᠳᠠᠭᠠᠳᠤ ᠠᠷᠠᠯᠵᠢᠶᠠᠨ ᠤ᠋ ᠣᠷᠣᠭᠤᠯᠤᠯᠲᠠ ᠭᠠᠷᠭᠠᠯᠲᠠ ᠶ᠋ᠢᠨ ᠶᠡᠷᠦᠩᠬᠡᠶ ᠥᠷᠲᠡᠭ 1963.3 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 4.2% ᠢ᠋ᠶ᠋ᠡᠷ ᠨᠡᠮᠡᠭ᠌ᠳᠡᠪᠡ᠃ ᠭᠠᠷ ᠳᠠᠮᠵᠢᠭ᠍ᠰᠠᠨ ᠮᠠᠱᠢᠨ ᠲᠡᠷᠭᠡᠨ ᠤ᠋ ᠭᠠᠳᠠᠭᠠᠳᠤ ᠭᠠᠷᠭᠠᠯᠲᠠ ᠲᠠᠪᠠᠯᠳᠠᠵᠢᠨ ᠴᠢᠨᠠᠷᠲᠠᠢ ᠨᠡᠮᠡᠭ᠌ᠳᠡᠯ ᠢ᠋ ᠪᠡᠶᠡᠯᠡᠭᠦᠯᠵᠦ᠍᠂ ᠭᠠᠳᠠᠭᠠᠳᠤ ᠳ᠋ᠤ ᠭᠠᠷᠭᠠᠬᠰᠠᠨ ᠮᠠᠱᠢᠨ ᠲᠡᠷᠭᠡ ᠶ᠋ᠢᠨ ᠲᠤᠭ᠎ᠠ 14026᠂ ᠭᠠᠳᠠᠭᠠᠳᠤ ᠭᠠᠷᠭᠠᠯᠲᠠ ᠶ᠋ᠢᠨ ᠵᠤᠭᠤᠰ ᠤ᠋ᠨ ᠲᠣᠭ᠎ᠠ 16.05 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠲᠣᠰ ᠲᠣᠰ 82.25%᠂ 84.55% ᠪᠡᠷ ᠨᠡᠮᠡᠭ᠌ᠳᠡᠪᠡ᠃ ᠱᠢᠨ᠎ᠡ ᠵᠢᠯ ᠳ᠋ᠤ ᠭᠠᠳᠠᠭᠠᠳᠤ ᠠᠷᠠᠯᠵᠢᠶᠠᠨ ᠤ᠋ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠢᠩᠬᠢᠮ ᠤ᠋ᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ ᠤ᠋ᠨ ᠲᠣᠭ᠍ᠲᠠᠴᠠ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠳᠠᠭᠠᠳᠤ ᠠᠷᠠᠯᠵᠢᠶᠠᠨ ᠤ᠋ ᠬᠥᠭ᠌ᠵᠢᠯᠲᠡ ᠳᠤᠮᠳᠠᠬᠢ ᠱᠢᠨ᠎ᠡ ᠪᠠᠢᠳᠠᠯ᠂ ᠱᠢᠨ᠎ᠡ ᠠᠰᠠᠭᠤᠳᠠᠯ ᠢ᠋ ᠴᠠᠭ ᠲᠤᠬᠠᠶ ᠳ᠋ᠤᠨᠢ ᠰᠤᠳᠤᠯᠤᠨ ᠱᠢᠶ᠋ᠳᠪᠦᠷᠢᠯᠡᠨᠡ᠃ AEO ᠶ᠋ᠢᠨ ᠭᠡᠷᠡᠴᠢᠯᠡᠭᠡ ᠬᠢᠬᠦ᠌᠂ ᠭᠠᠳᠠᠭᠠᠳᠤ ᠡᠴᠡ ᠣᠷᠣᠭᠤᠯᠬᠤ ᠳ᠋ᠤ ᠵᠢᠭᠡᠯᠡᠯᠭᠡ ᠶ᠋ᠢᠨ ᠬᠦᠦ ᠮᠦᠨᠭᠭᠦ ᠶ᠋ᠢᠨ ᠨᠦᠭᠦᠪᠦᠷᠢ ᠥᠭ᠌ᠬᠦ ᠵᠡᠷᠭᠡ ᠭᠠᠳᠠᠭᠠᠳᠤ ᠠᠷᠠᠯᠵᠢᠶ᠎ᠠ ᠵᠢ ᠲᠣᠭ᠍ᠲᠠᠪᠤᠷᠢᠵᠢᠭᠤᠯᠬᠤ ᠲᠥᠷᠥ ᠶ᠋ᠢᠨ ᠪᠣᠳᠣᠯᠭ᠎ᠠ ᠵᠢ ᠢᠳᠡᠪᠬᠢᠲᠡᠶ ᠨᠠᠢᠳᠠᠪᠤᠷᠢᠵᠢᠭᠤᠯᠵᠤ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠵᠡᠷᠭᠡ ᠭᠠᠳᠠᠭᠠᠳᠤ ᠨᠡᠭᠡᠭᠡᠯᠲᠡ ᠶ᠋ᠢᠨ ᠲᠠᠪᠴᠠᠩ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠭᠠᠢᠯᠢ ᠪᠠᠲᠤᠯᠠᠵᠤ ᠡᠳ᠋ᠱᠢᠭᠦᠯᠬᠦ᠌᠂ ᠭᠠᠢᠯᠢ ᠪᠠᠲᠤᠯᠠᠵᠤ ᠰᠡᠯᠪᠢᠨ ᠵᠠᠰᠠᠬᠤ ᠵᠡᠷᠭᠡ ᠣᠷᠣᠨ ᠤ᠋ ᠳᠣᠲᠣᠷᠠᠬᠢ ᠱᠢᠨ᠎ᠡ ᠡᠵᠡᠩᠨᠡᠯᠲᠡ ᠶ᠋ᠢᠨ ᠬᠡᠯᠪᠡᠷᠢ ᠵᠢ ᠥᠷᠭᠡᠳᠭᠡᠵᠦ᠍᠂ ᠮᠠᠨ ᠤ᠋ ᠣᠷᠣᠨ ᠤ᠋ ᠭᠠᠳᠠᠭᠠᠳᠤ ᠠᠷᠠᠯᠵᠢᠶᠠᠨ ᠤ᠋ ᠲᠣᠭ᠎ᠠ ᠬᠡᠮᠵᠢᠶ᠎ᠡ ᠵᠢ ᠥᠷᠭᠡᠳᠭᠡᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠳ᠋ᠤ ᠬᠦᠴᠦᠨ ᠨᠡᠮᠡᠷᠢᠯᠡᠨ᠎ᠡ᠃ ᠡᠷᠢᠶᠡᠨ ᠬᠣᠲᠠ᠂ ᠮᠠᠨᠵᠤᠤᠷ ᠤ᠋ᠨ ᠮᠣᠩᠭᠣᠯ ᠣᠷᠣᠰ ᠲᠠᠢ ᠨᠡᠪᠲᠡᠷᠡᠯᠴᠡᠵᠦ᠂ ᠧᠦ᠋ᠷᠣᠫᠠ ᠲᠢᠪ ᠲᠡᠢᠰᠢ ᠬᠠᠷᠢᠯᠴᠠᠭ᠎ᠠ ᠦᠷᠭᠡᠳᠭᠡᠭᠰᠡᠨ ᠪᠣᠭᠣᠮᠲᠠ ᠶ᠋ᠢᠨ ᠳᠠᠪᠠᠭᠤᠯᠢᠭ ᠢ᠋ ᠪᠠᠳᠠᠷᠠᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠨᠡᠷᠡᠲᠦ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠳ᠋ᠤ ᠪᠣᠭᠣᠮᠲᠠ ᠪᠡᠷ ᠥᠩᠭᠡᠷᠡᠬᠦ᠌᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ᠋ ᠭᠦᠶ᠋ᠯᠭᠡᠭᠡ ᠵᠡᠷᠭᠡ ᠦᠶ᠋ᠯᠡᠴᠢᠯᠡᠭᠡ ᠬᠠᠩᠭᠠᠵᠤ᠂ ᠬᠢᠯᠢ ᠶ᠋ᠢᠨ ᠪᠣᠭᠣᠮᠲᠠ ᠶ᠋ᠢᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠬᠥᠭ᠌ᠵᠢᠯᠲᠡ ᠵᠢ ᠳᠠᠢᠴᠢᠯᠠᠨ᠂ ᠪᠥᠬᠥ᠌ ᠵᠢᠯ ᠤ᠋ᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠬᠡᠪᠴᠢᠶ᠎ᠡ ᠵᠢ 50 ᠳ᠋ᠦᠩᠱᠢᠭᠤᠷ ᠲᠥᠭᠥᠷᠢᠭ ᠡᠴᠡ ᠳᠠᠪᠠᠭᠤᠯᠬᠤ ᠪᠡᠷ ᠴᠢᠷᠮᠠᠢᠨ᠎ᠠ᠃ ᠡᠷᠢᠶᠡᠨ ᠬᠣᠲᠠ ᠶ᠋ᠢᠨ ᠬᠠᠷᠢᠯᠴᠠᠨ ᠠᠷᠠᠯᠵᠢᠶᠠᠯᠠᠬᠤ ᠲᠣᠭᠣᠷᠢᠭ ᠤ᠋ᠨ ᠭᠠᠳᠠᠭᠠᠳᠤ ᠳ᠋ᠤ ᠭᠠᠷᠭᠠᠬᠤ ᠲᠤᠬᠠᠢᠯᠠᠭ᠍ᠰᠠᠨ ᠠᠵᠢᠯ ᠢ᠋ᠶ᠋ᠡᠨ ᠦᠷᠭᠦᠯᠵᠢᠯᠡᠨ ᠥᠷᠭᠡᠳᠭᠡᠬᠦ᠌ ᠵᠢ ᠠᠬᠢᠭᠤᠯᠵᠤ᠂ ᠢ ᠡᠸ᠋᠂ ᠸᠸᠨᠵᠸᠦ ᠵᠡᠷᠭᠡ ᠭᠠᠵᠠᠷ ᠤ᠋ᠨ ᠠᠷᠠᠯᠵᠢᠶ᠎ᠠ ᠬᠤᠳᠠᠯᠳᠤᠭᠠᠨ ᠤ᠋ ᠠᠵᠤ ᠠᠬᠤᠢᠯᠠᠯ ᠢ᠋ ᠢᠳᠡᠪᠬᠢᠲᠡᠶ ᠣᠷᠣᠭᠤᠯᠤᠨ ᠠᠪᠴᠢᠷᠠᠵᠤ᠂ ᠨᠠᠩ ᠣᠯᠠᠨ ᠤᠯᠤᠰ ᠤ᠋ᠨ ᠦᠶ᠋ᠯᠡᠳᠬᠦᠨ ᠢ᠋ ᠣᠷᠣᠰ ᠮᠣᠩᠭᠣᠯ ᠳ᠋ᠤ ᠭᠠᠷᠭᠠᠵᠤ᠂ ᠬᠤᠤᠰ ᠴᠢᠭ᠌ᠯᠡᠯᠲᠦ ᠠᠷᠠᠯᠵᠢᠶ᠎ᠠ ᠵᠢ ᠳᠠᠢᠴᠢᠯᠠᠨ ᠬᠡᠪᠴᠢᠶᠡᠵᠢᠯ ᠲᠠᠢ ᠪᠣᠯᠭᠠᠨ᠎ᠠ᠃ 《ᠥᠪᠥᠷ ᠮᠣᠩᠭᠣᠯ ᠤ᠋ᠨ ᠬᠤᠳᠠᠯᠳᠤᠭᠠᠴᠢᠳ ᠤ᠋ᠨ ᠲᠣᠷᠭᠠᠨ ᠵᠠᠮ ᠤ᠋ᠨ ᠠᠶᠠᠯᠠᠯ》 ᠤ᠋ᠨ ᠱᠢᠷᠢᠰ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠍᠂ 《ᠨᠢᠭᠡ ᠪᠦᠰᠡ ᠨᠢᠭᠡ ᠵᠠᠮ》 ᠢ᠋ ᠬᠠᠮᠲᠤᠪᠠᠷ ᠪᠥᠲᠥᠭᠡᠨ ᠪᠠᠢᠭᠤᠯᠬᠤ ᠤᠯᠤᠰ ᠤ᠋ᠨ ᠵᠠᠬ᠎ᠠ ᠳᠡᠯᠭᠡᠭᠦᠷ ᠢ᠋ ᠦᠷᠭᠦᠯᠵᠢᠯᠡᠨ ᠥᠷᠭᠡᠳᠭᠡᠨ᠎ᠡ᠃
ᠭᠤᠷᠪᠠ ᠳ᠋ᠤ ᠬᠡᠷᠡᠭ᠌ᠯᠡᠭᠡ ᠵᠢ ᠨᠠᠡᠭ ᠡᠷᠴᠢᠮ ᠲᠠᠢ ᠬᠦᠭᠵᠢᠭᠡᠵᠤ ᠱᠢᠨ᠎ᠡ ᠭᠢᠯᠠᠰ ᠴᠡᠭ ᠲᠠᠢ ᠪᠤᠯᠭᠠᠨ᠎ᠠ᠃ 2025 ᠣᠨ ᠳ᠋ᠤ ᠪᠥᠬᠥ᠌ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠬᠦᠷᠢᠶᠡᠨ ᠳ᠋ᠤ ᠬᠠᠭᠤᠴᠢᠨ ᠢ᠋ᠶ᠋ᠡᠷ ᠰᠢᠨ᠎ᠡ ᠵᠢ ᠰᠤᠯᠢᠬᠰᠠᠨ ᠬᠡᠮᠵᠢᠶ᠎ᠡ ᠨᠡᠢᠲᠡ 422.8 ᠲᠦᠮᠡᠨ ᠰᠠᠭᠤᠷᠢ / ᠢᠵᠢ ᠬᠦᠷᠴᠦ᠂ 640 ᠳ᠋ᠦᠩᠱᠢᠭᠤᠷ ᠲᠥᠭᠥᠷᠢᠭ ᠤ᠋ᠨ ᠬᠡᠷᠡᠭ᠌ᠯᠡᠭᠡ ᠵᠢ ᠳᠠᠢᠴᠢᠯᠠᠪᠠ᠃ ᠡᠭᠦᠨ ᠤ᠋ ᠬᠠᠮᠲᠤ ᠡᠯᠪᠡᠭ ᠪᠠᠶᠠᠯᠢᠭ ᠠᠭᠤᠯᠭ᠎ᠠ ᠲᠠᠢ ᠬᠡᠷᠡᠭ᠌ᠯᠡᠭᠡ ᠵᠢ ᠠᠬᠢᠭᠤᠯᠬᠤ ᠱᠢᠷᠢᠰ ᠠᠵᠢᠯᠯᠠᠭ᠎ᠠ ᠵᠢ 5000 ᠭᠠᠷᠤᠶ ᠲᠠᠯᠠᠪᠤᠷ ᠥᠷᠨᠢᠭᠦᠯᠵᠦ᠍᠂ ᠪᠣᠷᠣᠯᠠᠭᠤᠯᠤᠯᠲᠠ ᠶ᠋ᠢᠨ ᠬᠡᠮᠵᠢᠶ᠎ᠡ ᠶ᠋ᠢᠨ 420 ᠳ᠋ᠦᠩᠱᠢᠭᠤᠷ ᠲᠥᠭᠥᠷᠢᠭ ᠢ᠋ ᠳᠠᠪᠠᠪᠠ᠃ 2026 ᠣᠨ ᠳ᠋ᠤ 《ᠶᠡᠷᠦᠩᠬᠡᠶ ᠬᠡᠮᠵᠢᠶ᠎ᠡ ᠵᠢ ᠬᠢᠵᠠᠭᠠᠷᠯᠠᠬᠤ᠂ ᠴᠠᠭ ᠪᠠ ᠳᠠᠷᠠᠭᠠᠯᠠᠯ ᠢ᠋ ᠲᠡᠩᠴᠡᠭᠦᠷᠢᠲᠡᠶ ᠪᠠᠢᠯᠭᠠᠬᠤ᠂ ᠬᠥᠳᠡᠯᠦᠩᠭᠦᠶ ᠲᠣᠬᠢᠷᠠᠭᠤᠯᠤᠯᠲᠠ ᠬᠢᠬᠦ᠌》 ᠵᠠᠷᠴᠢᠮ ᠶᠣᠰᠣᠭᠠᠷ᠂ ᠬᠤᠳᠠᠯᠳᠤᠭᠠᠨ ᠤ᠋ ᠶᠠᠪᠤᠳᠠᠯ ᠤ᠋ᠨ ᠬᠦᠷᠢᠶᠡᠨ ᠳ᠋ᠡᠬᠢ ᠬᠡᠷᠡᠭ᠌ᠯᠡᠭᠡ ᠶ᠋ᠢᠨ ᠵᠦᠶ᠋ᠯ ᠤ᠋ᠨ ᠬᠠᠭᠤᠴᠢᠨ ᠢ᠋ᠶ᠋ᠡᠷ ᠱᠢᠨ᠎ᠡ ᠵᠢ ᠰᠣᠯᠢᠬᠤ ᠠᠵᠢᠯ ᠢ᠋ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠵᠦ᠍᠂ ᠬᠡᠷᠡᠭ᠌ᠯᠡᠭᠡ ᠶ᠋ᠢᠨ ᠵᠦᠶ᠋ᠯ ᠤ᠋ᠨ ᠵᠠᠬ᠎ᠠ ᠳᠡᠯᠭᠡᠭᠦᠷ ᠤ᠋ᠨ ᠬᠡᠷᠡᠭ᠌ᠯᠡᠭᠡ ᠶ᠋ᠢᠨ ᠨᠦᠬᠡᠴᠡ ᠬᠦᠴᠦᠨ ᠪᠠ ᠠᠮᠢᠵᠢᠷᠠᠯ ᠤ᠋ᠨ ᠬᠦᠴᠦᠨ ᠢ᠋ ᠲᠠᠰᠤᠷᠠᠯᠲᠠ ᠥᠬᠡᠶ ᠬᠥᠭ᠌ᠵᠢᠭᠡᠨᠡ᠃ ᠪᠠᠶᠠᠷ ᠳᠤᠷᠠᠰᠭᠠᠯ ᠠᠮᠠᠷᠠᠯᠲᠠ ᠶ᠋ᠢᠨ ᠡᠳᠦᠷ ᠤ᠋ᠨ ᠬᠡᠷᠡᠭ᠌ᠯᠡᠭᠡ ᠶ᠋ᠢᠨ ᠨᠦᠬᠡᠴᠡ ᠬᠦᠴᠦᠨ ᠢ᠋ ᠪᠠᠳᠠᠷᠠᠭᠤᠯᠬᠤ ᠴᠤᠩᠬᠤᠪᠴᠢ ᠶ᠋ᠢᠨ ᠬᠤᠭᠤᠴᠠᠭ᠎ᠠ ᠵᠢ ᠴᠢᠩᠭ᠎ᠠ ᠠᠳᠭᠤᠵᠤ᠂ ᠮᠠᠱᠢᠨ ᠲᠡᠷᠭᠡ᠂ ᠬᠡᠷ ᠤ᠋ᠨ ᠴᠠᠬᠢᠯᠭᠠᠨ ᠬᠡᠷᠡᠭ᠌ᠰᠡᠯ ᠵᠢᠴᠢ ᠲᠣᠭᠠᠴᠢᠯᠠᠭ᠍ᠰᠠᠨ ᠴᠢᠮᠡᠭᠡ ᠬᠣᠯᠪᠣᠭ᠎ᠠ᠂ ᠪᠦᠷᠢᠨ ᠪᠠᠷᠠᠭ᠎ᠠ ᠵᠢ ᠵᠢᠵᠢᠭ᠌ᠯᠡᠨ ᠪᠣᠷᠣᠯᠠᠭᠤᠯᠬᠤ᠂ ᠢᠳᠡᠭᠡᠨ ᠤᠮᠳᠠᠭᠠᠨ ᠠᠮᠲᠠᠲᠤ ᠢᠳᠡᠭᠡᠨ᠂ ᠪᠣᠯᠪᠠᠰᠤᠷᠠᠭᠤᠯᠤᠭ᠍ᠰᠠᠨ ᠲᠣᠰᠣ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠡᠯ᠎ᠡ ᠲᠥᠷᠥᠯ ᠤ᠋ᠨ ᠡᠯᠪᠡᠭ ᠪᠠᠶᠠᠯᠢᠭ ᠠᠭᠤᠯᠭ᠎ᠠ ᠲᠠᠢ ᠬᠡᠷᠡᠭ᠌ᠯᠡᠭᠡ ᠵᠢ ᠠᠬᠢᠭᠤᠯᠬᠤ ᠠᠵᠢᠯᠯᠠᠭ᠎ᠠ ᠡᠷᠭᠢᠯᠡᠬᠦ᠌ ᠵᠢ ᠢᠳᠡᠪᠬᠢᠲᠡᠶ ᠲᠥᠯᠥᠪᠵᠢᠭᠦᠯᠦᠨ ᠵᠣᠬᠢᠶᠠᠨ ᠪᠠᠢᠭᠤᠯᠤᠨ᠎ᠠ᠃ ᠬᠢᠯᠢ ᠡᠴᠡ ᠭᠠᠷᠬᠤ ᠳ᠋ᠤ ᠭᠠᠢᠯᠢ ᠪᠤᠴᠠᠭᠠᠬᠤ ᠳᠡᠯᠭᠡᠭᠦᠷ ᠢ᠋ ᠨᠡᠮᠡᠭ᠌ᠳᠡᠭᠦᠯᠦᠨ ᠥᠷᠭᠡᠳᠭᠡᠬᠦ᠌ ᠵᠢ ᠠᠬᠢᠭᠤᠯᠵᠤ᠂ ᠭᠤᠤᠯᠳᠠᠯᠭ᠎ᠠ ᠲᠠᠢ ᠬᠤᠳᠠᠯᠳᠤᠭᠠᠨ ᠤ᠋ ᠲᠣᠭᠣᠷᠢᠭ᠂ ᠨᠠᠷᠠᠲᠤ ᠦᠵᠡᠮᠵᠢ ᠶ᠋ᠢᠨ ᠣᠷᠣᠨ ᠵᠡᠷᠭᠡ ᠣᠷᠣᠨ ᠪᠦᠰᠡ ᠳ᠋ᠤ ᠭᠠᠢᠯᠢ ᠪᠤᠴᠠᠭᠠᠬᠤ ᠳᠡᠯᠭᠡᠭᠦᠷ ᠢ᠋ ᠨᠡᠮᠡᠭ᠌ᠳᠡᠭᠦᠯᠦᠨ᠂ ᠲᠠᠸᠠᠷ ᠤ᠋ᠨ ᠲᠥᠷᠥᠯ ᠵᠦᠶ᠋ᠯ ᠤ᠋ᠨ ᠬᠠᠩᠭᠠᠯᠭ᠎ᠠ ᠵᠢ ᠪᠠᠶᠠᠯᠢᠭ᠍ᠵᠢᠭᠤᠯᠵᠤ᠂ ᠬᠢᠯᠢ ᠳ᠋ᠤ ᠣᠷᠣᠬᠤ ᠬᠡᠷᠡᠭ᠌ᠯᠡᠭᠡ ᠵᠢ ᠥᠷᠭᠡᠳᠭᠡᠨ᠎ᠡ᠃
ᠳᠥᠷᠪᠡ ᠳ᠋ᠤ ᠤᠶᠤᠨᠲᠤ ᠬᠢᠯᠢ ᠵᠢᠨ ᠪᠣᠭᠣᠮᠲᠠ ᠶ᠋ᠢᠨ ᠪᠦᠳᠦᠭᠡᠨ ᠪᠠᠢᠭᠤᠯᠤᠯᠲᠠ ᠵᠢ ᠭᠦᠨᠵᠡᠭᠡᠢᠷᠡᠭᠦᠯᠵᠦ᠍ ᠱᠢᠨ᠎ᠡ ᠬᠥᠭ᠌ᠵᠢᠯᠲᠡ ᠲᠠᠢ ᠪᠣᠯᠭᠠᠨ᠎ᠠ᠃ ᠣᠳᠣᠬᠠᠨ ᠳ᠋ᠤ ᠥᠪᠥᠷ ᠮᠣᠩᠭᠣᠯ ᠤ᠋ᠨ ᠤᠶᠤᠨᠲᠤ ᠬᠢᠯᠢ ᠵᠢᠨ ᠪᠣᠭᠣᠮᠲᠠ ᠶ᠋ᠢᠨ ᠪᠦᠳᠦᠭᠡᠨ ᠪᠠᠢᠭᠤᠯᠤᠯᠲᠠ ᠳ᠋ᠤ ᠵᠢᠯᠣᠭᠣᠴᠢ ᠥᠬᠡᠶ ᠤᠶᠤᠨᠲᠤ ᠬᠢᠯᠢ ᠠᠯᠤᠰᠯᠠᠭ᠍ᠰᠠᠨ ᠲᠡᠭᠡᠭᠡᠪᠦᠷᠢ ᠶ᠋ᠢᠨ ᠵᠠᠭ᠍ᠪᠤᠷ᠂ ᠬᠥᠮᠦᠨ ᠪᠠ ᠲᠡᠷᠭᠡ ᠵᠢ ᠬᠢᠨᠠᠨ ᠱᠢᠯᠭᠠᠬᠤ ᠣᠶᠤᠨᠴᠢᠯᠠᠭ᠍ᠰᠠᠨ ᠪᠠᠢᠴᠠᠭᠠᠯᠲᠠ ᠶ᠋ᠢᠨ ᠱᠢᠰᠲ᠋ᠧᠮ᠂ 《ᠲᠣᠭᠠᠴᠢᠯᠠᠭ᠍ᠰᠠᠨ ᠣᠶᠤᠨᠴᠢᠯᠠᠭ᠍ᠰᠠᠨ ᠨᠢᠭᠡ ᠥᠷᠲᠡᠭᠡᠴᠢᠯᠡᠭᠰᠡᠨ ᠮᠠᠶᠢᠭᠤᠨ ᠲᠦᠷᠭᠡᠨ ᠨᠡᠪᠲᠡᠷᠡᠬᠦ᠌ ᠵᠠᠮ》 ᠢ᠋ ᠪᠦᠬᠦ ᠤᠯᠤᠰ ᠲᠦ᠍ ᠡᠩ ᠲᠡᠷᠢᠬᠦᠨᠳᠤ ᠬᠡᠷᠡᠭ᠌ᠵᠢᠭᠦᠯᠵᠦ᠂ ᠮᠠᠨ ᠤ᠋ ᠣᠷᠣᠨ ᠤ᠋ ᠤᠶᠤᠨᠲᠤ ᠬᠢᠯᠢ ᠵᠢᠨ ᠪᠣᠭᠣᠮᠲᠠ ᠶ᠋ᠢᠨ ᠪᠥᠲᠥᠭᠡᠨ ᠪᠠᠢᠭᠤᠯᠤᠯᠲᠠ ᠶ᠋ᠢᠨ ᠲᠦᠪᠱᠢᠨ ᠨᠢᠭᠡᠨᠲᠡ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠲᠤᠳᠤᠷᠠᠭᠰᠠᠨ ᠢ᠋ ᠬᠠᠷᠠᠭᠤᠯᠪᠠ᠃ ᠵᠠᠯᠭᠠᠭᠠᠳ 《ᠨᠢᠭᠡ ᠲᠤᠷᠱᠢᠯᠲᠠ ᠶ᠋ᠢᠨ ᠴᠡᠭ᠂ ᠭᠤᠷᠪᠠᠨ ᠥᠷᠭᠡᠳᠭᠡᠯ᠂ ᠨᠢᠭᠡ ᠲᠠᠪᠴᠠᠩ》 ᠤ᠋ᠨ ᠪᠥᠲᠥᠭᠡᠨ ᠪᠠᠢᠭᠤᠯᠤᠯᠲᠠ ᠪᠡᠷ ᠭᠠᠷᠳᠠᠴᠠ ᠪᠣᠯᠭᠠᠵᠤ᠂ ᠤᠶᠤᠨᠲᠤ ᠬᠢᠯᠢ ᠵᠢᠨ ᠪᠣᠭᠣᠮᠲᠠ ᠶ᠋ᠢᠨ ᠪᠥᠲᠥᠭᠡᠨ ᠪᠠᠢᠭᠤᠯᠤᠯᠲᠠ ᠶ᠋ᠢᠨ ᠲᠠᠰ ᠳᠡᠪᠱᠢᠬᠦ᠌ ᠵᠢ ᠠᠬᠢᠭᠤᠯᠤᠨ᠎ᠠ᠃ ᠤᠯᠤᠰ ᠤ᠋ᠨ ᠨᠡᠭᠦᠳᠡᠯ ᠠᠷᠠᠳ ᠤ᠋ᠨ ᠲᠣᠪᠴᠢᠶ᠎ᠠ ᠡᠴᠡ ᠵᠥᠪᠱᠢᠶᠡᠷᠡᠭ᠌ᠰᠡᠨ ᠭᠠᠭ᠍ᠴᠠᠮᠤᠳᠤ ᠪᠣᠭᠣᠮᠲᠠ ᠶ᠋ᠢᠨ 《ᠲᠣᠭᠠᠴᠢᠯᠠᠭ᠍ᠰᠠᠨ ᠣᠶᠤᠨᠴᠢᠯᠠᠭ᠍ᠰᠠᠨ ᠨᠢᠭᠡ ᠥᠷᠲᠡᠭᠡᠴᠢᠯᠡᠭᠰᠡᠨ ᠮᠠᠶᠢᠭᠤᠨ ᠲᠦᠷᠭᠡᠨ ᠨᠡᠪᠲᠡᠷᠡᠬᠦ᠌ ᠵᠠᠮ》 ᠤ᠋ᠨ ᠥᠭᠡᠷᠡᠴᠢᠯᠡᠯᠲᠡ ᠶ᠋ᠢᠨ ᠲᠤᠷᠱᠢᠯᠲᠠ ᠶ᠋ᠢᠨ ᠴᠡᠭ ᠢ᠋ ᠭᠤᠤᠯᠳᠠᠯᠭ᠎ᠠ ᠲᠠᠢ ᠠᠬᠢᠭᠤᠯᠵᠤ ᠂ ᠬᠢᠯᠢ ᠪᠡᠷ ᠣᠷᠣᠵᠤ ᠭᠠᠷᠬᠤ ᠵᠢᠯᠣᠭᠣᠴᠢ ᠶ᠋ᠢᠨ ᠵᠢᠰᠦ ᠵᠢ ᠢᠯᠭᠠᠨ ᠲᠠᠨᠢᠬᠤ᠂ ᠬᠤᠷᠤᠭᠤᠨ ᠣᠷᠣᠮ ᠢ᠋ ᠨᠢ ᠰᠢᠨᠭᠭᠡᠭᠡᠨ ᠤᠷᠤᠭᠤᠯᠵᠤ ᠪᠣᠭᠣᠮᠲᠠ ᠪᠡᠷ ᠥᠩᠭᠡᠷᠡᠭᠦᠯᠬᠦ᠌ ᠵᠢ ᠪᠡᠶᠡᠯᠡᠭᠦᠯᠵᠦ᠍᠂ ᠪᠥᠬᠥ᠌ ᠤᠯᠤᠰ ᠲᠦ᠍ ᠭᠠᠳᠠᠭᠠᠳᠤ ᠶ᠋ᠢᠨ ᠵᠢᠯᠣᠭᠣᠴᠢ ᠶ᠋ᠢᠨ ᠪᠣᠭᠣᠮᠲᠠ ᠪᠡᠷ ᠲᠦᠷᠭᠡᠨ ᠥᠩᠭᠡᠷᠡᠬᠦ᠌ ᠵᠠᠭ᠍ᠪᠤᠷ ᠢ᠋ ᠬᠠᠢᠨ ᠰᠦᠪᠡᠭ᠌ᠴᠢᠯᠡᠨᠡ; AGV᠂ 5G ᠵᠢᠯᠣᠭᠣᠴᠢ ᠥᠬᠡᠶ ᠬᠦᠨᠳᠦ ᠠᠴᠢᠶᠠᠨ ᠮᠠᠰᠢᠨ ᠪᠠ ᠬᠢᠯᠢ ᠶ᠋ᠢᠨ ᠪᠠᠢᠴᠠᠭᠠᠯᠲᠠ ᠶ᠋ᠢᠨ ᠬᠥᠮᠦᠨ ᠪᠠ ᠲᠡᠷᠭᠡ ᠵᠢ ᠬᠢᠨᠠᠨ ᠱᠢᠯᠭᠠᠬᠤ ᠱᠢᠰᠲ᠋ᠧᠮ ᠵᠡᠷᠭᠡ ᠱᠢᠨ᠎ᠡ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠬᠡᠷᠡᠭᠵᠢᠭᠦᠯᠦᠨ ᠳᠡᠯᠭᠡᠷᠡᠭᠦᠯᠵᠦ᠍᠂ ᠣᠶᠤᠨᠴᠢᠯᠠᠭ᠍ᠰᠠᠨ ᠬᠢᠯᠢ ᠠᠯᠤᠰᠯᠠᠭ᠍ᠰᠠᠨ ᠲᠡᠭᠡᠭᠡᠪᠦᠷᠢ ᠪᠠ ᠪᠠᠢᠴᠠᠭᠠᠨ ᠱᠢᠯᠭᠠᠬᠤ ᠪᠦᠷᠬᠦᠴᠡ ᠵᠢ ᠥᠷᠭᠡᠳᠭᠡᠨ᠎ᠡ; ᠥᠪᠡᠷᠲᠡᠭᠡᠨ ᠵᠠᠰᠠᠬᠤ ᠣᠷᠣᠨ ᠤ᠋ ᠦᠵᠡᠭ᠌ᠳᠡᠮᠡᠯ ᠵᠢᠯᠣᠭᠣᠳᠭᠤ ᠲᠠᠪᠴᠠᠩ ᠢ᠋ ᠲᠦᠷᠭᠡᠳᠭᠡᠨ ᠪᠠᠢᠭᠤᠯᠵᠤ᠂ ᠪᠣᠭᠣᠮᠲᠠ ᠶ᠋ᠢᠨ ᠬᠠᠪᠲᠠᠭᠠᠢᠷᠠᠭᠤᠯᠤᠨ ᠵᠢᠯᠣᠭᠣᠳᠭᠤ ᠪᠠ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ ᠵᠢ ᠳᠡᠭᠡᠭ᠌ᠰᠢᠯᠡᠭᠦᠯᠦᠨᠡ ᠭᠡᠪᠠ᠃
《 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ 〈1571〉 ᠠᠵᠢᠯ ᠤ᠋ᠨ ᠪᠠᠢᠷᠢᠯᠠᠭᠤᠯᠤᠯᠲᠠ ᠶ᠋ᠢᠨ ᠲᠣᠭᠣᠷᠢᠨ ᠳ᠋ᠤ᠂ ᠪᠥᠬᠥ᠌ ᠲᠠᠯ᠎ᠠ ᠳ᠋ᠤ ᠦᠶ᠋ᠯᠡᠴᠢᠯᠡᠬᠦ᠌ ᠳ᠋ᠤ ᠰᠠᠭᠤᠷᠢᠯᠠᠨ᠂ ᠭᠠᠷᠳᠠᠬᠤ ᠴᠡᠭ ᠢ᠋ ᠤᠨᠤᠴᠠᠲᠠᠢ ᠡᠷᠢᠵᠦ᠍᠂ ᠬᠦᠴᠦᠯᠡᠬᠦ᠌ ᠴᠡᠭ ᠲᠦ᠍ ᠠᠩᠬᠠᠷᠤᠯ ᠢ᠋ᠶ᠋ᠡᠨ ᠲᠥᠪᠯᠡᠷᠡᠭᠦᠯᠦᠨ᠂ ᠬᠤᠳᠠᠯᠳᠤᠭᠠᠨ ᠤ᠋ ᠶᠠᠪᠤᠳᠠᠯ ᠤ᠋ᠨ ᠬᠦᠷᠢᠶᠡᠨ ᠳ᠋ᠡᠬᠢ ᠭᠤᠤᠯᠳᠠᠯᠭ᠎ᠠ ᠲᠠᠢ ᠡᠭᠦᠷᠭᠡ ᠵᠢ ᠭᠦᠨᠵᠡᠭᠡᠶ ᠠᠬᠢᠭᠤᠯᠵᠤ᠂ ᠪᠥᠬᠥ᠌ ᠣᠷᠣᠨ ᠤ᠋ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠬᠦ᠌ ᠶᠡᠬᠡ ᠲᠠᠯ᠎ᠠ ᠳ᠋ᠤ ᠨᠠᠩ ᠣᠯᠠᠨ ᠬᠤᠳᠠᠯᠳᠤᠭᠠᠨ ᠤ᠋ ᠶᠠᠪᠤᠳᠠᠯ ᠤ᠋ᠨ ᠬᠦᠴᠦᠨ ᠴᠢᠳᠠᠯ ᠢ᠋ᠶ᠋ᠡᠨ ᠡᠷᠭᠦᠨ᠎ᠡ》 ᠭᠡᠵᠦ᠍ ᠭᠦᠸᠧ ᠵᠧᠸ᠋ ᠮᠢᠩ ᠭᠡᠯᠡᠪᠠ᠃