ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠦᠰᠦᠭ ᠪᠢᠴᠢᠭ ᠢ᠋ ᠮᠠᠯᠵᠢᠬᠤ ᠣᠷᠣᠨ᠎ᠤ ᠠᠮᠢᠳᠤᠷᠠᠯ᠎ᠳᠤ ᠠᠭᠤᠰᠭᠠᠨ᠎ᠠ
2026-02-10 10:00:59
ᠵᠣᠬᠢᠶᠠᠭ᠍ᠴᠢ᠄
ᠪᠥᠸᠧ᠎ᠶ᠋ᠢᠨ ᠹᠸᠩ
ᠣᠩᠱᠢᠭ᠍ᠰᠠᠨ ᠣᠳᠠᠭ᠎ᠠ᠄
★★★☆☆

《ᠡᠵᠢ ᠡ᠂ ᠡᠨᠡ ᠦᠯᠢᠭᠡᠷ ᠦᠨᠡᠬᠡᠷ ᠰᠣᠨᠢᠷᠬᠠᠯᠲᠠᠢ!》 1 ᠰᠠᠷ᠎ᠠ᠎ᠶ᠋ᠢᠨ 12 ᠤ᠋ᠨ ᠡᠳᠦᠷ᠎ᠦᠨ ᠣᠷᠣᠶ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠰᠠᠭᠤᠭᠠᠯᠢ ᠠᠷᠠᠳ ᠲᠠᠭᠤᠯᠠ᠎ᠶ᠋ᠢᠨ ᠲᠠᠪᠤᠳᠤᠭᠠᠷ ᠣᠨ᠎ᠤ ᠬᠡᠤᠬᠡᠨ ᠨᠢ ᠡᠵᠢ᠎ᠲᠡᠶ᠎ᠪᠡᠨ ᠬᠠᠮᠲᠤ ᠬᠢᠴᠢᠶᠡᠯ ᠤ᠋ᠨ ᠨᠤᠮ ᠵᠢᠡᠨ ᠪᠠᠶᠠᠷᠳᠠᠢᠬᠠᠨ ᠤᠩᠱᠢᠵᠤ ᠰᠠᠭᠤᠨ᠎ᠠ᠃ 《ᠥᠩᠭᠡᠷᠡᠭ᠌ᠰᠡᠨ᠎ᠳᠦ ᠮᠢᠨᠤ ᠬᠡᠤᠬᠡᠨ ᠭᠡᠷ᠎ᠲᠡᠬᠡᠨ ᠶᠡᠷᠦ ᠨᠢ ᠨᠤᠲᠤᠭ᠎ᠤᠨ ᠠᠶᠠᠯᠭᠤ᠎ᠪᠠᠷ ᠶᠠᠷᠢᠳᠠᠭ᠂ ᠤᠳᠤ ᠮᠠᠨ᠎ᠤ ᠪᠦᠬᠦ᠌ ᠭᠡᠷ᠎ᠢᠶᠡᠷ᠎ᠢᠶᠡᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠶᠠᠷᠢᠳᠠᠭ ᠪᠣᠯᠵᠠᠢ》 ᠭᠡᠵᠦ ᠳᠠᠭᠤᠯᠠ ᠢᠨᠢᠶᠡᠮᠰᠦᠭ᠌ᠯᠡᠨ ᠬᠡᠯᠡᠨ᠎ᠠ᠃

ᠡᠢᠮᠦᠷᠬᠦᠦ ᠦᠵᠡᠭ᠌ᠳᠡᠯ ᠨᠢ ᠤᠷᠠᠳ᠎ᠤᠨ ᠬᠣᠢᠲᠤ ᠬᠣᠱᠢᠭᠤᠨ᠎ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠳᠤ ᠨᠢᠭᠡᠨᠲᠡ ᠬᠡᠪ᠎ᠦᠨ ᠪᠠᠢᠳᠠᠯ ᠪᠣᠯᠵᠠᠢ᠃ ᠲᠤᠰ ᠰᠤᠷᠭᠠᠭᠤᠯᠢ᠎ᠶ᠋ᠢᠨ ᠰᠤᠷᠤᠭ᠍ᠴᠢᠳ᠎ᠤᠨ ᠣᠯᠠᠩᠬᠢ ᠨᠢ ᠮᠠᠯᠵᠢᠬᠤ ᠣᠷᠣᠨ᠎ᠠᠴᠠ ᠢᠷᠡᠵᠤ᠂ ᠭᠡᠷ ᠵᠠᠭᠤᠷ᠎ᠠ ᠪᠠᠨ ᠨᠤᠳᠤᠭ ᠤ᠋ᠨ ᠠᠶᠠᠯᠭᠤ ᠪᠡᠷ ᠶᠠᠷᠢᠯᠴᠠᠳᠠᠭ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠤᠨ ᠭᠦᠨᠵᠡᠭᠡᠢᠷᠡᠨ ᠠᠭᠢᠬᠤ᠎ᠶ᠋ᠢ ᠳᠠᠭᠠᠯᠳᠤᠨ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠬᠡᠷᠡᠭ᠌ᠯᠡᠭᠡᠨ᠎ᠦ ᠴᠢᠳᠠᠪᠤᠷᠢ ᠢᠯᠡᠳᠲᠡ ᠲᠡᠭᠡᠭᠰᠢᠯᠡᠵᠦ᠂ ᠬᠡᠷ᠎ᠦᠨ ᠠᠬᠠᠮᠠᠳ ᠴᠤ᠌ ᠡᠭᠦᠨ᠎ᠳᠦ ᠢᠳᠡᠪᠬᠢᠲᠡᠶ ᠣᠷᠣᠯᠴᠠᠵᠤ ᠪᠠᠢᠨ᠎ᠠ᠃

ᠥᠷᠯᠥᠭᠡ᠎ᠶ᠋ᠢᠨ ᠤᠩᠱᠢᠯᠭ᠎ᠠ ᠵᠢᠨ ᠴᠠᠭ ᠲᠸ᠋᠂ ᠢᠷᠠᠭᠤ ᠴᠡᠭᠡᠯᠭᠡᠨ ᠨᠤᠮ ᠤᠡᠭᠰᠢᠬᠤ ᠲᠠᠭᠤᠨ ᠰᠤᠷᠭᠠᠭᠤᠯᠢ ᠵᠢᠨ ᠬᠦᠷᠢᠶᠠᠨ ᠳ᠋ᠤ ᠴᠤᠤᠷᠢᠶᠠᠲᠤᠨ᠎ᠠ᠃ ᠬᠡᠯᠡ ᠪᠢᠴᠢᠭ᠎ᠦᠨ ᠪᠠᠭ᠍ᠰᠢ ᠡᠴᠡ ᠰᠤᠷᠤᠭ᠍ᠴᠢᠳ᠎ᠤᠨ ᠠᠪᠢᠶ᠎ᠠ ᠪᠠ ᠤᠷᠠᠨ ᠤᠩᠱᠢᠯᠭ᠎ᠠ᠎ᠶ᠋ᠢᠨ ᠤᠷ᠎ᠠ ᠮᠡᠷᠭᠡᠵᠢᠯ᠎ᠢ ᠨᠠᠷᠢᠨ ᠨᠢᠮᠪᠠᠢ ᠵᠢᠯᠣᠭᠣᠳᠭᠤ᠎ᠪᠠᠷ ᠪᠠᠷᠠᠬᠤ ᠦᠭᠡᠢ ᠪᠠᠰᠠ ᠠᠬᠤᠢ ᠪᠠᠢᠳᠠᠯ ᠤ᠋ᠨ ᠶᠠᠷᠢᠯᠴᠠᠭ᠎ᠠ᠂ ᠦᠯᠢᠭᠡᠷ᠎ᠶᠠᠷᠢᠬᠤ ᠵᠡᠷᠭᠡ ᠠᠷᠭ᠎ᠠ ᠬᠡᠯᠪᠡᠷᠢ᠎ᠪᠡᠷ ᠵᠢᠭᠠᠨ ᠰᠤᠷᠭᠠᠯᠲᠠ᠎ᠶ᠋ᠢ ᠠᠮᠢᠳᠤᠯᠢᠭ᠍ᠵᠢᠭᠤᠯᠤᠨ᠎ᠠ᠃ 《ᠬᠡᠦᠬᠡᠳ᠎ᠦᠳ ᠡᠬᠢᠨ᠎ᠳᠡᠭᠡᠨ ᠬᠡᠯᠡᠬᠦ᠌ ᠵᠣᠷᠢᠭ ᠦᠭᠡᠢ ᠪᠠᠢᠭ᠍ᠰᠠᠨ᠎ᠠᠴᠠ᠎ᠪᠠᠨ ᠤᠳᠤ ᠤᠷᠤᠰᠤᠮ᠎ᠠ ᠰᠠᠢᠬᠠᠨ ᠬᠢᠴᠢᠶᠡᠯ ᠤᠩᠱᠢᠵᠤ ᠴᠢᠳᠠᠬᠤ ᠪᠣᠯᠤᠭ᠍ᠰᠠᠨ ᠪᠥᠭᠡᠳ ᠤᠯᠤᠰ᠎ᠤᠨ ᠨᠡᠢᠳᠡᠮ᠎ᠬᠡᠷᠡᠭᠯᠡᠬᠦ ᠦᠬᠡ ᠬᠡᠯᠡ᠎ᠪᠡᠷ ᠦᠵᠡᠵᠦ᠍ ᠰᠣᠨᠣᠰᠤᠭ᠍ᠰᠠᠨ᠎ᠢᠶᠠᠨ ᠬᠤᠪᠢᠶᠠᠯᠴᠠᠲᠠᠬ ᠪᠤᠯᠵᠠᠢ》 ᠭᠡᠵᠦ᠍ ᠲᠠᠪᠤᠳᠤᠭᠠᠷ ᠣᠨ᠎ᠤ ᠬᠡᠯᠡ ᠪᠢᠴᠢᠭ᠎ᠦᠨ ᠪᠠᠭ᠍ᠰᠢ ᠲᠤᠶᠠᠭ᠎ᠠ ᠲᠠᠨᠢᠯᠴᠠᠭᠤᠯᠪᠠ᠃

ᠲᠤᠰ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠵᠢ ᠭᠣᠣᠯᠳᠠᠯᠭ᠎ᠠ᠎ᠲᠠᠶ ᠠᠵᠢᠯ ᠪᠣᠯᠭᠠᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠪᠠᠭ᠍ᠰᠢ᠎ᠨᠠᠷ᠎ᠢ ᠵᠣᠬᠢᠶᠠᠨ ᠪᠠᠢᠭᠤᠯᠵᠤ ᠬᠠᠮᠲᠤ᠎ᠪᠠᠷ ᠬᠢᠴᠢᠶᠡᠯ ᠪᠡᠯᠡᠳᠭᠡᠬᠦ᠌ ᠪᠠ ᠵᠢᠭᠠᠨ ᠰᠤᠷᠭᠠᠯᠲᠠ ᠵᠢ ᠰᠤᠳᠤᠯᠤᠨ ᠶᠠᠷᠢᠯᠴᠠᠵᠤ᠂ ᠵᠠᠯᠠᠭᠤ ᠪᠠᠭ᠍ᠰᠢ᠎ᠨᠠᠷ᠎ᠤᠨ ᠵᠢᠭᠠᠨ ᠰᠤᠷᠭᠠᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠰᠠᠢᠨ ᠰᠠᠢᠬᠠᠨ ᠰᠤᠳᠤᠯᠤᠨ ᠰᠤᠷᠤᠯᠴᠠᠬᠤ ᠤᠷᠴᠢᠨ ᠠᠬᠤᠢ ᠵᠢ ᠪᠤᠢ ᠪᠤᠯᠭᠠᠵᠠᠢ᠃ 《ᠪᠢᠳᠡ ᠭᠠᠷᠠᠭ ᠪᠦᠷᠢ ᠲᠤᠰᠭᠠᠶ ᠪᠣᠯᠪᠠᠰᠤᠷᠠᠯ᠎ᠳᠤ ᠣᠷᠣᠯᠴᠠᠵᠤ᠂ ᠠᠪᠢᠶᠠᠨ᠎ᠦ ᠰᠠᠭᠤᠷᠢ᠎ᠠᠴᠠ ᠬᠢᠴᠢᠶᠡᠯ᠎ᠦᠨ ᠲᠠᠩᠬᠢᠮ᠎ᠤᠨ ᠶᠠᠷᠢᠵᠤ ᠢᠯᠡᠳᠭᠡᠬᠦ᠌ ᠬᠦᠷᠲᠡᠯ᠎ᠡ ᠴᠥᠮ ᠱᠢᠰᠲ᠋ᠧᠮ᠎ᠲᠡᠶ ᠰᠤᠷᠤᠯᠴᠠᠵᠦ ᠪᠠᠢᠨ᠎ᠠ》 ᠭᠡᠵᠦ᠍ ᠵᠠᠯᠠᠭᠤ ᠪᠠᠭ᠍ᠰᠢ ᠸᠠᠩ ᠵᠢᠩ ᠶᠠ ᠰᠤᠷᠪᠤᠯᠵᠢᠯᠠᠭ᠍ᠴᠢ᠎ᠳᠤ ᠬᠡᠯᠡᠨ᠎ᠠ᠃

ᠣᠢᠯᠠᠭᠠᠭ᠍ᠰᠠᠨ᠎ᠢᠶᠠᠷ᠂ ᠲᠤᠰ ᠰᠤᠷᠭᠠᠭᠤᠯᠢ 《ᠭᠡᠷ ᠤ᠋ᠨ ᠠᠬᠠᠮᠠᠳ ᠬᠡᠦᠬᠡᠳ ᠲᠠᠢ ᠪᠠᠨ ᠬᠠᠮᠲᠤ᠎ᠪᠠᠷ ᠤᠡᠭᠰᠢᠬᠤ》 ᠠᠵᠢᠯᠯᠠᠭ᠎ᠠ ᠥᠷᠨᠢᠭᠦᠯᠦᠭ᠌ᠰᠡᠨ᠎ᠦ ᠳᠠᠷᠠᠭ᠎ᠠ᠂ ᠬᠡᠷ᠎ᠦᠨ ᠠᠬᠠᠮᠠᠳ᠎ᠨᠠᠷ ᠴᠥᠮ ᠢᠳᠡᠪᠬᠢᠲᠡᠶ ᠤᠷᠤᠯᠴᠠᠵᠠᠢ᠃ 《ᠡᠬᠢᠨ᠎ᠳᠡᠭᠡᠨ ᠵᠥᠪ ᠠᠪᠢᠶᠠᠯᠠᠵᠤ ᠴᠢᠳᠠᠬᠤ ᠥᠬᠡᠶ᠎ᠡᠴᠡ᠎ᠪᠡᠨ ᠵᠤᠪᠠᠵᠤ ᠪᠠᠢᠵᠠᠶ᠂ ᠰᠡᠭᠦᠯᠡᠷ ᠨᠢ ᠰᠤᠷᠭᠠᠭᠤᠯᠢ ᠡᠴᠨ ᠰᠤᠷᠤᠯᠴᠠᠯᠭ᠎ᠠ᠎ᠶ᠋ᠢᠨ ᠮᠠᠲ᠋ᠧᠷᠢᠶᠠᠯ ᠬᠠᠩᠭᠠᠵᠤ᠂ ᠪᠠᠭ᠍ᠰᠢ ᠨᠠᠷ ᠪᠠᠰᠠ ᠵᠢᠯᠣᠭᠣᠳᠣᠯᠭ᠎ᠠ ᠬᠢᠵᠠᠢ᠃ ᠤᠳᠤ ᠪᠢ ᠬᠡᠦᠬᠡᠳ ᠵᠢᠡᠨ ᠨᠠᠩ ᠰᠠᠢᠨ ᠵᠢᠯᠣᠭᠣᠳᠴᠤ᠌᠂ ᠪᠠᠭ᠍ᠰᠢ᠎ᠲᠠᠶ ᠬᠠᠷᠢᠯᠴᠠᠬᠤ ᠳ᠋ᠤ ᠨᠠᠩ ᠤᠷᠤᠭ᠍ᠰᠢᠲᠠᠶ ᠪᠣᠯᠵᠠᠶ》 ᠭᠡᠵᠦ᠍ ᠰᠤᠷᠤᠭ᠍ᠴᠢ᠎ᠶ᠋ᠢᠨ ᠭᠡᠷ᠎ᠦᠨ ᠠᠬᠠᠮᠠᠳ ᠲᠠᠨ᠎ᠠ ᠬᠡᠯᠡᠪᠡ᠃

ᠤᠷᠠᠳ᠎ᠤᠨ ᠬᠣᠢᠲᠤ ᠬᠣᠱᠢᠭᠤᠨ᠎ᠤ ᠬᠣᠶᠠᠳᠤᠭᠠᠷ ᠬᠡᠦᠬᠡᠳ᠎ᠦᠨ ᠴᠡᠴᠡᠷᠯᠢᠭ᠎ᠲᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠢ᠋ ᠳᠡᠯᠭᠡᠷᠡᠭᠦᠯᠬᠦ᠌ ᠠᠵᠢᠯ ᠴᠤ᠌ ᠮᠠᠰᠢ ᠠᠮᠢᠳᠤᠯᠢᠭ ᠶᠠᠪᠤᠬᠳᠠᠵᠤ ᠪᠤᠢ᠃ ᠬᠤᠸᠠᠩ ᠬᠤᠢ ᠴᠢᠨ ᠪᠠᠭ᠍ᠰᠢ ᠲᠣᠭ᠍ᠯᠠᠭᠠᠮ᠎ᠬᠢᠬᠦ ᠵᠢᠨ ᠲᠠᠭᠠᠤ ᠬᠡᠯᠡᠨ᠎ᠦ ᠰᠤᠷᠤᠯᠴᠠᠯᠭ᠎ᠠ᠎ᠶ᠋ᠢ ᠴᠢᠬᠤᠯᠠᠴᠢᠯᠠᠵᠤ᠂ ᠤᠯᠤᠰ᠎ᠠᠴᠠ ᠲᠠᠷᠬᠠᠭᠠᠭ᠍ᠰᠠᠨ ᠰᠤᠷᠬᠤ ᠨᠠᠰᠤᠨ᠎ᠠᠴᠠ ᠡᠮᠦᠨᠡᠬᠢ ᠵᠢᠭᠠᠨ ᠰᠤᠷᠭᠠᠯᠳᠠ ᠵᠢᠨ ᠣᠶᠤᠨᠴᠢ ᠲᠤᠰᠠᠯᠠᠬᠤ ᠱᠢᠰᠲ᠋ᠧᠮ᠎ᠢ ᠠᠱᠢᠭ᠍ᠯᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠬᠡ ᠬᠡᠯᠡᠨ ᠤ᠋ ᠺᠠᠷᠲ᠋ᠣᠨ ᠵᠢᠷᠤᠭ᠂ ᠬᠡᠦᠬᠡᠳ᠎ᠦᠨ ᠳᠠᠭᠤᠤ ᠪᠠ ᠱᠢᠯᠦᠭ ᠳᠠᠭᠤᠯᠠᠯ᠎ᠢ ᠨᠡᠪᠲᠡᠷᠡᠭᠦᠯᠵᠦ᠍᠂ ᠬᠡᠦᠬᠡᠳ᠎ᠦᠨ ᠰᠤᠷᠤᠯᠴᠠᠬᠤ ᠳᠤᠷ᠎ᠠ ᠰᠣᠨᠢᠷᠬᠠᠯ᠎ᠢ ᠬᠥᠭ᠌ᠵᠢᠭᠡᠪᠡ᠃ 《ᠥᠷᠯᠥᠭᠡ ᠪᠦᠷᠢ᠎ᠶ᠋ᠢᠨ 〈ᠭᠤᠷᠪᠠᠨ ᠮᠢᠨᠦᠢ᠍ᠲ ᠤ᠋ᠨ ᠶᠠᠷᠢᠯᠴᠠᠭ᠎ᠠ〉 ᠳ᠋ᠤ᠂ ᠬᠡᠦᠬᠡᠳ᠎ᠦᠳ ᠤᠷᠢᠳ ᠵᠢᠡᠷ ᠵᠢᠭᠠᠨ ᠰᠤᠷᠭᠠᠬᠤ ᠱᠢᠰᠲ᠋ᠧᠮ᠎ᠦᠨ ᠦᠯᠢᠬᠡᠷ ᠵᠢᠱ᠌ᠢᠢ᠎ᠡ᠎ᠶ᠋ᠢ ᠦᠵᠡᠵᠦ᠍᠂ ᠲᠠᠷᠠᠭ᠎ᠠ ᠨᠢ ᠤᠯᠤᠰ᠎ᠤᠨ ᠨᠡᠢᠲᠡᠯᠢᠭ ᠬᠡᠯᠡ᠎ᠪᠡᠷ ᠦᠯᠢᠭᠡᠷ ᠶᠠᠷᠢᠨ᠎ᠠ᠃ ᠠᠡᠭᠬ᠎ᠠ ᠡᠬᠢᠨ᠎ᠦ ᠬᠡᠳᠦᠨ ᠦᠭᠡ᠎ᠡᠴᠡ ᠤᠳᠤ ᠵᠢᠨ ᠪᠦᠲᠦᠨ ᠬᠡᠰᠡᠭ ᠬᠦᠷᠲᠡᠯ᠎ᠡ ᠬᠡᠦᠬᠡᠳ᠎ᠦᠨ ᠢᠯᠡᠳᠭᠡᠬᠦ ᠴᠢᠳᠠᠪᠤᠷᠢ ᠮᠡᠳᠡᠭᠳᠡᠮ᠎ᠠ ᠲᠡᠭᠡᠭᠰᠢᠯᠡᠵᠡᠢ》 ᠭᠡᠵᠦ ᠬᠤᠸᠠᠩ ᠬᠤᠢ ᠴᠢᠨ ᠲᠠᠨᠢᠯᠴᠠᠭᠤᠯᠪᠠ᠃

ᠬᠡᠦᠬᠡᠳ᠎ᠦᠨ ᠴᠡᠴᠡᠷᠯᠢᠭ᠎ᠨᠢ ᠬᠡᠷ ᠪᠦᠯᠢ ᠪᠤᠯᠤᠨ ᠴᠡᠴᠡᠷᠯᠢᠭ᠎ᠤᠨ ᠬᠠᠮᠵᠢᠯᠴᠠᠬᠤ ᠬᠥᠭᠥᠷᠭᠡ᠎ᠶ᠋ᠢ ᠬᠦᠴᠦᠯᠡᠨ ᠪᠠᠢᠭᠤᠯᠵᠤ᠂ 《ᠭᠡᠷ ᠤ᠋ᠨ ᠠᠬᠠᠮᠠᠳ ᠬᠡᠦᠬᠡᠳ ᠲᠠᠢ ᠪᠠᠨ ᠬᠠᠮᠲᠤ᠎ᠪᠠᠷ ᠤᠩᠱᠢᠬᠤ》 ᠮᠠᠲ᠋ᠧᠷᠢᠶᠠᠯ᠎ᠢ ᠬᠤᠪᠢᠶᠠᠯᠴᠠᠬᠤ ᠂ ᠡᠳᠦᠷ ᠪᠦᠷᠢ ᠵᠢᠨ ᠤᠩᠰᠢᠯᠭ᠎ᠠ ᠵᠢᠨ ᠠᠵᠢᠯᠯᠠᠭ᠎ᠠ ᠥᠷᠨᠢᠭᠦᠯᠬᠦ᠌᠂ ᠬᠡᠷ᠎ᠦᠨ ᠠᠬᠠᠮᠠᠳ᠎ᠢ ᠤᠷᠢᠵᠤ ᠬᠢᠴᠢᠶᠡᠯ᠎ᠦᠨ ᠲᠠᠩᠬᠢᠮ᠎ᠳᠤ ᠥᠯᠢᠭᠡᠷ ᠶᠠᠷᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠬᠡᠤᠬᠡᠳ ᠲᠸ᠋ ᠰᠠᠢᠨ ᠰᠠᠢᠬᠠᠨ ᠦᠭᠡ ᠬᠡᠯᠡᠨ᠎ᠦ ᠣᠷᠴᠢᠨ ᠨᠥᠬᠥᠴᠡᠯ᠎ᠢ ᠪᠣᠶ ᠪᠣᠯᠭᠠᠵᠦ ᠦᠭᠪᠡ᠃  

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠨᠢ ᠵᠢᠭᠠᠨ ᠰᠤᠷᠭᠠᠯᠲᠠ᠎ᠶ᠋ᠢᠨ ᠡᠭᠦᠷᠭᠡ ᠪᠣᠯᠬᠤ᠎ᠪᠠᠷ ᠪᠠᠷᠠᠬᠤ ᠦᠭᠡᠢ ᠪᠠᠰᠠ ᠬᠡᠦᠬᠡᠳ᠎ᠦᠳ᠎ᠦᠨ ᠬᠤᠢᠰᠢᠳᠠ ᠵᠢᠨ ᠨᠡᠢᠭᠡᠮ᠎ᠳᠦ ᠨᠡᠩ ᠰᠠᠢ᠌ᠨ ᠠᠭᠤᠰᠤᠯᠴᠠᠬᠤ᠎ᠳᠤ ᠰᠠᠭᠤᠷᠢ ᠲᠠᠯᠪᠢᠵᠤ ᠥᠭ᠌ᠬᠦ ᠶᠠᠪᠤᠳᠠᠯ ᠪᠣᠯᠤᠨ᠎ᠠ᠃ ᠠᠮᠢᠳᠤᠷᠠᠯ ᠳ᠋ᠤ ᠤᠢᠷᠠᠳᠤᠵᠤ᠂ ᠲᠣᠭ᠍ᠯᠠᠭᠠᠮ ᠳ᠋ᠤ ᠠᠭᠤᠰᠤᠯᠴᠠᠭᠤᠯᠬᠤ ᠠᠷᠭ᠎ᠠ ᠬᠡᠯᠪᠡᠷᠢ᠎ᠪᠡᠷ ᠳᠠᠮᠵᠢᠨ᠂ ᠬᠡᠦᠬᠡᠳ᠎ᠦᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠵᠢ ᠳᠡᠭᠡᠭ᠌ᠰᠢᠯᠡᠭᠦᠯᠵᠦ᠍᠂ ᠪᠠᠭ᠎ᠠ ᠠᠩᠭᠢ᠎ᠶ᠋ᠢᠨ ᠬᠡᠦᠬᠡᠳ ᠳᠥᠭᠥᠮ ᠮᠡᠨᠳᠦᠴᠢᠯᠡᠯ᠎ᠡᠴᠡ ᠪᠦᠷᠢᠨ ᠪᠦᠲᠦᠨ ᠢᠯᠡᠳᠭᠡᠬᠦ᠌ ᠪᠣᠯᠵᠤ᠂ ᠶᠡᠬᠡ ᠠᠩᠭᠢ᠎ᠶ᠋ᠢᠨ ᠬᠡᠦᠬᠡᠳ ᠨᠢᠭᠡᠨᠲᠡ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ᠎ᠪᠡᠷ ᠤᠷᠤᠰᠤᠮ᠎ᠠ ᠰᠠᠢᠬᠠᠨ ᠦᠯᠢᠭᠡᠷ ᠶᠠᠷᠢᠵᠤ ᠴᠢᠳᠠᠬᠤ ᠪᠣᠯᠵᠠᠶ》 ᠭᠡᠵᠦ᠍ ᠴᠡᠴᠡᠷᠯᠢᠭ᠎ᠦᠨ ᠳᠠᠷᠤᠭ᠎ᠠ ᠪᠠᠶ ᠢᠦᠶ ᠹᠸᠩ ᠢᠯᠡᠷᠬᠡᠢᠯᠡᠪᠡ᠃

ᠡᠳᠦᠭᠡ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢᠭᠡᠨᠲᠡ ᠰᠤᠷᠭᠠᠭᠤᠯᠢ᠎ᠶ᠋ᠢᠨ ᠬᠦᠷᠢᠶᠡᠨ᠎ᠦ ᠠᠮᠢᠳᠤᠷᠠᠯ᠎ᠤᠨ ᠡᠯ᠎ᠡ ᠲᠠᠯ᠎ᠠ᠎ᠳᠤ ᠠᠭᠤᠰᠤᠯᠴᠠᠪᠠ᠃ ᠰᠤᠷᠤᠭ᠍ᠴᠢᠳ ᠢᠲᠡᠭᠡᠯ ᠲᠡᠭᠦᠯᠳᠡᠷ ᠶᠠᠷᠢᠶ᠎ᠠ ᠢᠯᠡᠳᠭᠡᠯ ᠬᠢᠵᠤ᠂ ᠭᠡᠷ᠎ᠦᠨ ᠠᠬᠠᠮᠠᠳ ᠬᠥᠳᠡᠯᠭᠡᠭᠡᠨ᠎ᠦ ᠳᠤᠮᠳᠠ ᠠᠭᠤᠵᠢᠷᠠᠲᠠᠯ᠎ᠠ ᠶᠠᠷᠢᠯᠴᠠᠨ᠎ᠠ᠃ 《ᠪᠢᠳᠡ ᠡᠨᠡ ᠬᠦ᠌ ᠠᠵᠢᠯ᠎ᠢ ᠦᠷᠭᠦᠯᠵᠢᠯᠡᠨ ᠠᠬᠢᠭᠤᠯᠵᠤ᠂ ᠢᠷᠠᠭᠤ ᠰᠠᠢᠬᠠᠨ ᠦᠭᠡ ᠬᠡᠯᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠦ ᠳᠣᠲᠣᠨ᠎ᠠ ᠭᠠᠳᠠᠨ᠎ᠠ ᠲᠥᠬᠡᠮᠡᠯᠵᠢᠬᠥᠯᠥᠨ᠎ᠡ》 ᠭᠡᠵᠦ ᠤᠷᠠᠳ᠎ᠤᠨ ᠬᠣᠢᠲᠤ ᠬᠣᠱᠢᠭᠤᠨ᠎ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠶ᠋ᠢᠨ ᠵᠠᠬᠢᠷᠤᠯ ᠯᠢᠦ ᠱᠢᠤ ᠴᠢᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号