ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ 《ᠴᠠᠭᠠᠨ ᠰᠠᠷ᠎ᠠ᠎ᠶ᠋ᠢᠨ ᠵᠦᠭᠡᠭᠡᠪᠦᠷᠢ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠲᠦᠪᠯᠡᠷᠡᠬᠦᠯᠦᠨ ᠵᠢᠱ᠌ᠢᠶ᠎ᠡ ᠦᠵᠡᠭᠦᠯᠬᠦ᠌》 ᠠᠵᠢᠯᠯᠠᠭ᠎ᠠ᠎ᠳᠤ ᠬᠦᠴᠦᠨ ᠨᠡᠮᠡᠷᠢᠯᠡᠪᠡ
2026-02-14 15:58:29
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠤᠯᠪᠤᠭ᠎ᠠ ᠡᠴᠡ ᠵᠤᠬᠢᠶᠠᠨ ᠪᠠᠢᠭᠤᠯᠤᠬᠰᠠᠨ᠎ᠵᠠᠯᠠᠭᠤ ᠰᠠᠢᠨ ᠳᠤᠷᠠᠴᠤᠳ ᠬᠥᠬᠡᠬᠣᠲᠠ᠎ᠶ᠋ᠢᠨ ᠭᠠᠯᠲᠤ ᠲᠡᠷᠭᠡᠨ᠎ᠦ ᠵᠡᠭᠦᠨ ᠥᠷᠲᠡᠭᠡ᠎ᠳᠤ ᠬᠦᠷᠴᠦ᠂ 《ᠰᠠᠢᠨ ᠳᠤᠷ᠎ᠠ᠎ᠵᠢᠨ ᠦᠢᠯᠡᠴᠢᠯᠡᠬᠡ ᠤᠮᠠᠷᠠᠲᠤ ᠬᠢᠯᠢ᠎ᠵᠢ ᠬᠡᠷᠡᠯᠳᠦᠬᠦᠯᠬᠦ·ᠡᠪᠦᠯ᠎ᠦᠨ ᠠᠶᠠᠯᠠᠯ》 — ᠦᠪᠦᠷ ᠮᠤᠩᠭᠤᠯ᠎ᠤᠨ ᠴᠠᠭᠠᠨ ᠰᠠᠷ᠎ᠠ᠎ᠶ᠋ᠢᠨ ᠵᠦᠭᠡᠭᠡᠪᠦᠷᠢ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠵᠢ ᠲᠦᠪᠯᠡᠷᠡᠬᠦᠯᠦᠨ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠳᠤ ᠬᠦᠴᠦᠨ ᠨᠡᠮᠡᠷᠢᠯᠡᠪᠡ᠃

ᠲᠣᠰ ᠤᠳᠠᠭᠠᠨ᠎ᠤ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠵᠢ ᠲᠥᠪᠯᠡᠷᠡᠬᠦᠯᠦᠨ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠨᠡᠢᠭᠡᠮ᠎ᠦᠨ ᠠᠵᠢᠯ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠪ ᠬᠠᠮᠲᠦ ᠵᠠᠯᠠᠭᠤᠴᠤᠳ᠎ᠤᠨ ᠡᠪᠯᠡᠯ᠎ᠦᠨ ᠬᠣᠷᠢᠶ᠎ᠠ ᠵᠡᠷᠭᠡ ᠨᠢᠭᠡᠴᠢ ᠬᠠᠮᠲᠤᠷᠠᠨ ᠭᠤᠤᠯᠯᠠᠨ ᠡᠷᠭᠢᠯᠡᠵᠦ᠍᠂ ᠡᠯ᠎ᠡ ᠲᠠᠯ᠎ᠠ᠎ᠶ᠋ᠢᠨ ᠰᠠᠢᠨ ᠳᠤᠷ᠎ᠠ᠎ᠶ᠋ᠢᠨ ᠬᠦᠴᠦᠨ᠎ᠢ ᠨᠢᠭ᠍ᠲᠠᠷᠠᠭᠤᠯᠵᠤ᠂ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ᠂ ᠬᠠᠢᠷ᠎ᠠ ᠬᠠᠯᠠᠮᠵᠢᠯᠠᠯ᠎ᠢ ᠳᠠᠮᠵᠢᠭᠤᠯᠬᠤ᠎ᠪᠠᠷ ᠵᠣᠷᠢᠯᠭ᠎ᠠ᠎ᠪᠠᠨ ᠪᠣᠯᠭᠠᠵᠠᠶ᠃ ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠰᠠᠢᠨ ᠲᠤᠷᠠᠴᠤᠳ᠎ᠠᠴᠠ ᠴᠠᠭᠠᠨ ᠰᠠᠷ᠎ᠠ᠎ᠶ᠋ᠢᠨ ᠵᠦᠭᠡᠭᠡᠪᠦᠷᠢ᠎ᠶ᠋ᠢᠨ ᠠᠶᠠᠨᠴᠢᠳ᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢᠨ ᠲᠦᠷᠢᠮ》 ᠢ᠋ ᠲᠠᠷᠬᠠᠭᠠᠵᠤ᠂ ᠰᠠᠭᠠᠳ ᠥᠬᠡᠶ ᠣᠷᠴᠢᠨ ᠲᠣᠭᠣᠷᠢᠨ᠎ᠤ ᠮᠡᠳᠡᠯᠭᠡ᠎ᠶ᠋ᠢ ᠲᠦᠭᠡᠮᠡᠯᠵᠢᠭᠦᠯᠦᠨ᠂ ᠬᠠᠮᠢᠶ᠎ᠠ ᠪᠦᠬᠦᠢ ᠬᠠᠤᠯᠢ᠎ᠪᠠᠷ ᠵᠠᠰᠠᠬᠤ ᠰᠣᠶᠣᠯ᠎ᠢ ᠤᠯᠠᠮᠵᠢᠯᠠᠨ ᠳᠡᠯᠭᠡᠷᠡᠭᠦᠯᠵᠦ᠍᠂ ᠵᠡᠮᠳᠡᠭ᠌ᠴᠦᠳ᠎ᠦᠨ ᠰᠠᠭᠠᠳ ᠥᠬᠡᠶ᠎ᠪᠡᠷ ᠶᠠᠪᠤᠵᠤ ᠰᠠᠭᠤᠬᠤ᠎ᠳᠤ ᠬᠠᠪᠰᠤᠷᠤᠯᠭ᠎ᠠ ᠬᠠᠩᠭᠠᠪᠠ; ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠤᠯᠪᠤᠭ᠎ᠠ᠎ᠨᠢ ᠪᠥᠬᠥ᠌ ᠣᠷᠣᠨ᠎ᠤ 59 ᠪᠦᠬᠦᠯᠢ ᠨᠠᠰᠤᠨ᠎ᠠᠴᠠ ᠳᠣᠷᠣᠭ᠍ᠰᠢᠬᠢ ᠦᠨᠡᠮᠯᠡᠯ ᠲᠠᠢ ᠵᠡᠮᠳᠡᠭ᠌ᠴᠦᠳ᠎ᠲᠦ ᠰᠠᠨᠠᠭᠠᠨ᠎ᠳᠤ ᠥᠬᠡᠶ ᠱᠢᠷᠬᠠᠲᠤᠯ᠎ᠤᠨ ᠳᠠᠭᠠᠳᠭᠠᠯ ᠪᠠ ᠡᠳ᠋ ᠬᠥᠷᠥᠩᠭᠡ᠎ᠶ᠋ᠢᠨ ᠳᠠᠭᠠᠳᠭᠠᠯ ᠬᠤᠳᠠᠯᠳᠤᠨ ᠠᠪᠴᠦ ᠦᠬᠭᠦ ᠵᠢᠴᠢ ᠥᠪᠥᠷ ᠮᠣᠩᠭᠣᠯ᠎ᠤᠨ ᠣᠨᠴᠠᠭᠠᠢ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠵᠡᠷᠭᠡ ᠮᠡᠳᠡᠭᠡ ᠵᠠᠩᠭᠢ᠎ᠶ᠋ᠢ ᠤᠬᠠᠭᠤᠯᠬᠤ᠎ᠶ᠋ᠢᠨ ᠬᠠᠮᠲᠤ᠂ ᠵᠡᠮᠳᠡᠭ᠌ᠴᠦᠳ᠎ᠦᠨ ᠵᠤᠬᠢᠶᠠᠨ ᠪᠦᠲᠦᠭᠡᠭᠰᠡᠨ ᠰᠣᠶᠣᠯ᠎ᠤᠨ ᠡᠭᠦᠳᠦᠯᠲᠡ᠎ᠶ᠋ᠢᠨ ᠦᠶ᠋ᠯᠡᠳᠬᠦᠨ᠂ ᠤᠯᠠᠮᠵᠢᠯᠠᠯᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠭᠳᠡᠬᠦᠨ ᠵᠡᠷᠭᠡ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠵᠢᠷᠤᠮ᠎ᠤᠨ ᠬᠤᠳᠠᠯᠳᠤᠭ᠎ᠠ ᠵᠢᠨ ᠬᠡᠯᠪᠡᠷᠢ ᠪᠡᠷ ᠬᠤᠳᠠᠯᠳᠤᠬᠤ᠎ᠪᠠᠷ ᠳᠠᠮᠵᠢᠨ᠂ ᠮᠠᠨ᠎ᠤ ᠣᠷᠣᠨ᠎ᠤ ᠵᠡᠮᠳᠡᠭ᠌ᠴᠦᠳ᠎ᠦᠨ ᠦᠶ᠋ᠯᠡᠳᠬᠦᠨ᠎ᠢ ᠤᠯᠠᠮ ᠨᠢᠭᠡ ᠠᠯᠬᠤᠮ ᠤᠬᠠᠭᠤᠯᠤᠨ ᠳᠡᠯᠭᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号