ᠡᠨᠧᠷᠭᠢ᠎ᠵᠢᠨ ᠬᠠᠩᠭᠠᠯᠭ᠎ᠠ ᠵᠢ ᠪᠠᠳᠤᠯᠠᠵᠤ ᠲᠦᠭ ᠲᠦᠮᠡᠨ ᠠᠢᠯ ᠡᠷᠦᠬᠡ᠎ᠶ᠋ᠢ ᠲᠤᠯᠠᠭᠠᠴᠠᠭᠤᠯᠤᠨ᠎ᠠ
2026-02-24 10:40:51
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠳᠥᠷᠪᠡᠨ᠎ᠳᠦ᠂ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠲᠤ ᠠᠭᠠᠷ ᠤ᠋ᠨ ᠲᠤᠯᠠᠭᠠᠨ ᠲᠤᠷᠤᠬᠰᠢᠯᠡᠨ ᠬᠦᠢᠲᠡᠨ ᠰᠠᠯᠬᠢ ᠰᠠᠯᠬᠢᠯᠠᠵᠦ ᠴᠠᠰᠤ ᠬᠠᠶᠠᠯᠠᠪᠠ᠃ ᠲᠦᠭ ᠲᠦᠮᠡᠨ ᠠᠢᠯ ᠡᠷᠦᠬᠡ ᠬᠡᠷ ᠬᠤᠳᠠᠯᠠᠭᠠᠷ᠎ᠢᠶᠡᠨ ᠴᠤᠬᠯᠠᠷᠠᠵᠤ ᠮᠣᠷᠢᠨ ᠵᠢᠯ᠎ᠦᠨ ᠰᠠᠷ᠎ᠠ ᠰᠢᠨ᠎ᠠ ᠪᠡᠨ ᠤᠬᠳᠤᠨ ᠪᠠᠯᠭᠡᠯᠡᠬᠦ ᠪᠠᠶᠠᠷ ᠵᠢᠷᠭᠠᠯ᠎ᠢ ᠡᠳ᠋ᠯᠡᠵᠤ ᠪᠠᠢᠬᠤ ᠦᠶ᠎ᠠ ᠳ᠋ᠤ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠱᠧᠩ ᠯᠢ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠠᠬᠤᠶ ᠲᠠᠯᠠᠪᠠᠶ ᠳ᠋ᠤ ᠠᠵᠢᠯᠳᠡᠳ ᠶᠠᠭᠠᠷᠠᠯᠳᠠᠢ ᠠᠵᠢᠯᠯᠠᠨ᠎ᠠ᠃ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠴᠢᠨᠠᠷ ᠰᠠᠢᠲᠠᠶ ᠨᠠᠷᠢᠯᠢᠭ ᠨᠡᠭᠦᠷᠡᠰᠦᠨ᠎ᠦ ᠬᠠᠩᠭᠠᠯᠭ᠎ᠠ᠎ᠶ᠋ᠢᠨ ᠭᠤᠤᠯ ᠬᠦᠴᠦᠨ ᠪᠣᠯᠤᠭ᠍ᠰᠠᠨ᠎ᠤ ᠬᠤᠪᠢ᠎ᠳᠤ᠂ ᠲᠣᠰ ᠺᠣᠮᠫᠠᠨᠢ ᠨᠢ ᠪᠠᠰᠠ ᠱᠢᠯᠢᠩᠬᠣᠲᠠ᠎ᠶ᠋ᠢᠨ ᠬᠣᠶᠠᠷ ᠢᠯᠴᠢ ᠵᠢᠨ ᠴᠠᠬᠢᠯᠭᠠᠨ᠎ᠤ ᠦᠶ᠋ᠯᠡᠳᠪᠦᠷᠢ᠎ᠶ᠋ᠢᠨ ᠪᠦᠰᠡ᠎ᠪᠡᠷ ᠨᠡᠭᠦᠷᠡᠰᠦ ᠳᠠᠮᠵᠢᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠵᠤ ᠦᠶ᠋ᠯᠡᠳᠪᠦᠷᠢ᠎ᠶ᠋ᠢᠨ ᠦᠶ᠋ᠯᠡᠳᠪᠦᠷᠢᠯᠡᠯ ᠪᠣᠯᠤᠨ ᠠᠷᠠᠳ᠎ᠤᠨ ᠠᠮᠢᠳᠤᠷᠠᠯ᠎ᠤᠨ ᠳᠤᠯᠠᠭᠠᠯᠠᠭ᠎ᠠ᠎ᠳᠤ ᠬᠡᠷᠡᠭ᠌ᠯᠡᠬᠦ᠌ ᠨᠡᠭᠦᠷᠡᠰᠦᠨ᠎ᠦ ᠬᠡᠷᠡᠭ᠌ᠴᠡᠭᠡ ᠨᠡᠮᠡᠭ᠌ᠳᠡᠵᠦ᠍᠂ ᠬᠠᠩᠭᠠᠯᠭ᠎ᠠ᠎ᠶ᠋ᠢ ᠪᠠᠲᠤᠯᠠᠬᠤ ᠳᠠᠷᠤᠯᠲᠠ ᠨᠡᠮᠡᠭ᠌ᠳᠡᠭ᠌ᠰᠡᠨ ᠬᠠᠲᠠᠭᠤ ᠱᠢᠯᠭᠠᠯᠲᠠ᠎ᠶ᠋ᠢᠨ ᠡᠮᠦᠨ᠎ᠡ᠂ ᠺᠣᠮᠫᠠᠨᠢ᠎ᠶ᠋ᠢᠨ ᠡᠮᠦᠨ᠎ᠡ ᠹᠷᠣᠨᠲ᠎ᠤᠨ ᠠᠵᠢᠯᠲᠠᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠲᠦᠭ ᠲᠦᠮᠡᠨ ᠠᠢᠯ ᠡᠷᠦᠬᠡ᠎ᠶ᠋ᠢᠨ ᠬᠠᠯᠠᠭᠤᠨ ᠳᠤᠯᠠᠭᠠᠨ᠎ᠢ ᠬᠠᠮᠠᠭᠠᠯᠠᠬᠤ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠡᠬᠢᠯᠡᠭᠦᠯᠪᠡ᠃



ᠡᠨᠡ ᠵᠢᠯ᠎ᠦᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠱᠢᠯᠢ᠎ᠶ᠋ᠢᠨ ᠭᠤᠤᠯ ᠠᠢᠮᠠᠭ ᠲᠤ᠌ ᠬᠡᠳᠦᠢᠪᠡᠷ ᠲᠤᠢᠯ᠎ᠤᠨ ᠬᠦᠢᠳᠡᠨ ᠴᠠᠭ ᠠᠭᠤᠷ ᠢᠯᠡᠷᠡᠭᠰᠡᠨ ᠥᠬᠡᠶ ᠪᠣᠯᠪᠠᠴᠤ᠌ ᠮᠥᠨ ᠬᠦ᠌ ᠬᠠᠬᠢᠷ ᠬᠦᠶ᠋ᠲᠡᠨ ᠠᠭᠤᠷ ᠠᠮᠢᠰᠬᠤᠯ ᠦᠷᠭᠦᠯᠵᠢᠯᠡᠵᠦ᠍᠂ ᠨᠡᠭᠦᠷᠡᠰᠦ ᠮᠠᠯᠲᠠᠬᠤ᠂ ᠲᠡᠭᠡᠭᠡᠪᠦᠷᠢᠯᠡᠬᠦ᠌᠂ ᠬᠡᠮᠬᠡᠯᠬᠦ᠌᠂ ᠱᠢᠭ᠌ᠰᠢᠨ ᠰᠣᠩᠭᠣᠬᠤ᠂ ᠬᠦᠷᠭᠡᠬᠦ᠌᠂ ᠬᠠᠳᠠᠭᠠᠯᠠᠬᠤ᠂ ᠠᠴᠢᠶᠠᠯᠠᠬᠤ ᠪᠥᠬᠥ᠌ ᠶᠠᠪᠤᠴᠠ ᠳ᠋ᠤ ᠠᠮᠤᠷ ᠲᠦᠪᠱᠢᠨ ᠬᠡᠬᠦ ᠡᠨᠡᠬᠦ ᠬᠥᠪᠴᠢ ᠵᠢ ᠴᠠᠭ ᠢᠮᠠᠭ᠍ᠲᠠ ᠴᠢᠩᠭᠠᠯᠠᠬᠤ ᠵᠢ ᠱᠠᠭᠠᠷᠳᠠᠵᠤ ᠪᠠᠢᠪᠠ᠃ ᠴᠠᠭᠠᠨ ᠰᠠᠷ᠎ᠠ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌᠎ᠶ᠋ᠢᠨ ᠲᠥᠯᠥᠭᠡ᠂ ᠲᠣᠰ ᠺᠣᠮᠫᠠᠨᠢ ᠤᠷᠢᠳᠴᠢᠯᠠᠨ ᠤᠬᠠᠭᠠᠯᠠᠨ ᠲᠥᠯᠥᠪᠯᠡᠵᠦ᠍᠂ ᠣᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠵᠤ᠂ ᠴᠠᠭᠠᠨ ᠰᠠᠷ᠎ᠠ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠪᠠᠴᠢᠮ ᠲᠥᠰᠦᠯ᠎ᠢ ᠡᠷᠲᠡ ᠡᠴᠡ ᠡᠬᠢᠯᠡᠭᠦᠯᠵᠠᠢ᠃

ᠺᠣᠮᠫᠠᠨᠢ᠎ᠶ᠋ᠢᠨ ᠦᠢᠯᠡᠳᠪᠦᠷᠢᠯᠡᠯ᠎ᠢ ᠵᠢᠯᠣᠭᠣᠳᠭᠤ ᠲᠥᠪ᠎ᠦᠨ ᠡᠷᠬᠢᠯᠡᠭ᠌ᠴᠢ ᠰᠤ᠌ ᠬᠠᠢ ᠶᠦᠨ᠄ 《ᠪᠢᠳᠡ 45 ᠡᠳᠦᠷ ᠤᠷᠢᠳᠴᠢᠯᠠᠨ ᠬᠡᠮ ᠰᠣᠭᠣᠭ᠎ᠢ ᠪᠦᠬᠦ ᠲᠠᠯ᠎ᠠ ᠪᠡᠷ ᠨᠠᠷᠢᠯᠢᠭ ᠵᠢᠭ᠍ᠰᠠᠭᠠᠨ ᠪᠠᠢᠴᠠᠭᠠᠵᠤ᠂ ᠠᠭᠤᠷᠬᠠᠶ᠎ᠶ᠋ᠢᠨ ᠨᠦᠬᠡ᠎ᠶ᠋ᠢᠨ ᠬᠠᠵᠠᠭᠤ ᠬᠥᠲᠥᠯ᠂ ᠲᠡᠭᠡᠭᠡᠪᠦᠷᠢ᠎ᠶ᠋ᠢᠨ ᠵᠠᠮ᠂ ᠲᠣᠨᠣᠭ ᠲᠥᠬᠥᠭᠡᠷᠦᠮᠵᠢ᠎ᠶ᠋ᠢᠨ ᠤᠭ᠍ᠰᠠᠷᠠᠭ᠎ᠠ ᠲᠣᠨᠣᠭ᠂ ᠬᠥᠮᠥᠷᠭᠡᠯᠡᠨ ᠬᠠᠳᠠᠭᠠᠯᠠᠬᠤ ᠬᠥᠭᠥᠷᠭᠡ ᠵᠢᠴᠢ ᠲᠥᠪᠯᠡᠷᠡᠭᠦᠯᠦᠨ ᠡᠵᠡᠮᠳᠡᠬᠦ᠌ ᠬᠢᠨᠠᠨ ᠱᠢᠨᠵᠢᠬᠦ᠌ ᠱᠢᠰᠲ᠋ᠧᠮ᠎ᠢ ᠭᠤᠤᠯᠳᠠᠯᠭ᠎ᠠ᠎ᠲᠠᠶ ᠪᠠᠢᠴᠠᠭᠠᠵᠤ᠂ 87 ᠬᠡᠮ ᠰᠣᠭᠣᠭ᠎ᠢ ᠴᠡᠭ᠌ᠴᠡᠯᠡᠨ ᠰᠠᠢᠵᠢᠷᠠᠭᠤᠯᠵᠤ᠂ ᠲᠣᠨᠣᠭ ᠲᠥᠬᠥᠭᠡᠷᠦᠮᠵᠢ᠎ᠶ᠋ᠢᠨ ᠡᠯᠡᠭ᠌ᠳᠡᠭ᠌ᠰᠡᠨ ᠤᠭ᠍ᠰᠠᠷᠠᠭ᠎ᠠ ᠲᠣᠨᠣᠭ᠎ᠢ 32 ᠰᠣᠯᠢᠵᠤ᠂ 28 ᠢᠵᠢ ᠭᠣᠮ ᠪᠦᠰᠡᠲᠦ ᠮᠠᠱᠢᠨ᠎ᠤ ᠰᠦᠯᠵᠢᠶᠡᠨ ᠳᠡᠭᠡᠷᠡᠬᠢ ᠬᠢᠨᠠᠨ ᠱᠢᠨᠵᠢᠬᠦ᠌ ᠲᠣᠨᠣᠭ ᠲᠥᠬᠥᠭᠡᠷᠦᠮᠵᠢ᠎ᠶ᠋ᠢ ᠰᠠᠯᠪᠢᠨ ᠬᠠᠮᠠᠭᠠᠯᠠᠵᠤ᠂ ᠡᠯ᠎ᠡ ᠲᠥᠷᠥᠯ᠎ᠦᠨ ᠦᠶ᠋ᠯᠡᠳᠪᠦᠷᠢᠯᠡᠯ᠎ᠦᠨ ᠬᠡᠮ ᠰᠤᠭᠤᠭ ᠭᠠᠷᠬᠤ᠎ᠶ᠋ᠢ ᠪᠥᠬᠥ᠌ ᠲᠠᠯ᠎ᠠ᠎ᠪᠠᠷ ᠰᠡᠷᠭᠡᠢᠯᠡᠵᠦ᠍᠂ ᠴᠠᠭᠠᠨ ᠰᠠᠷ᠎ᠠ᠎ᠶ᠋ᠢᠨ ᠬᠠᠩᠭᠠᠯᠭ᠎ᠠ᠎ᠶ᠋ᠢ ᠪᠠᠲᠤᠯᠠᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠠᠢ》 ᠭᠡᠵᠦ᠍ ᠲᠠᠨᠢᠯᠴᠠᠭᠤᠯᠪᠠ᠃

ᠬᠠᠩᠭᠠᠯᠭ᠎ᠠ᠎ᠶ᠋ᠢ ᠪᠠᠲᠤᠯᠠᠬᠤ ᠠᠵᠢᠯ᠎ᠳᠤ ᠥᠴᠦᠬᠡᠨ ᠴᠦ᠍ ᠠᠯᠳᠠᠬᠳᠠᠯ ᠭᠠᠷᠬᠤ ᠦᠭᠡᠢ ᠪᠠᠢᠬᠤ᠎ᠶ᠋ᠢ ᠪᠡᠶᠡᠯᠡᠬᠦᠯᠬᠦ ᠵᠢᠨ ᠲᠥᠯᠥᠭᠡ᠂ ᠺᠣᠮᠫᠠᠨᠢ ᠵᠢᠨ ᠬᠢᠨ 24 ᠴᠠᠭ᠎ᠢᠶᠠᠷ ᠡᠭᠡᠯᠵᠢᠯᠡᠨ ᠵᠢᠵᠢᠭᠦᠷᠯᠡᠬᠦ᠌ ᠲᠦᠷᠢᠮ᠎ᠢ ᠬᠡᠷᠡᠭ᠌ᠵᠢᠭᠦᠯᠵᠦ᠍᠂ ᠴᠠᠭ ᠢᠮᠠᠭ᠍ᠲᠠ ᠲᠠᠢᠯᠠᠯᠳᠤᠭᠠᠨ᠎ᠳᠦ ᠪᠡᠯᠡᠳᠭᠡᠬᠦ᠌ ᠪᠠᠢᠳᠠᠯ᠎ᠢᠶᠠᠨ ᠪᠠᠲᠤᠯᠠᠪᠠ᠃ ᠡᠭᠦᠨ᠎ᠦ ᠵᠡᠷᠭᠡ ᠪᠡᠷ 300 ᠭᠠᠷᠤᠶ ᠰᠠᠭᠤᠷᠢ (ᠢᠵᠢ) ᠲᠤᠰᠭᠠᠶ ᠮᠡᠷᠭᠡᠵᠢᠯ᠎ᠦᠨ ᠬᠠᠩᠭᠠᠯᠭ᠎ᠠ᠎ᠶ᠋ᠢ ᠪᠠᠲᠤᠯᠠᠬᠤ ᠲᠣᠨᠣᠭ ᠲᠥᠬᠥᠭᠡᠷᠦᠮᠵᠢ ᠵᠢ ᠲᠣᠬᠢᠷᠠᠭᠤᠯᠵᠤ᠂ 120 ᠭᠠᠷᠤᠶ ᠵᠦᠶ᠋ᠯ᠎ᠦᠨ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠢ ᠨᠥᠭᠡᠴᠡᠯᠡᠵᠦ᠍᠂ 《ᠣᠶᠤᠨᠳᠤ ᠬᠢᠨᠠᠨ ᠡᠵᠡᠮᠳᠡᠯ + ᠭᠠᠵᠠᠷ ᠳᠡᠭᠡᠷᠡᠬᠢ ᠲᠣᠭᠣᠷᠢᠨ ᠪᠠᠢᠴᠠᠭᠠᠯᠲᠠ》᠂ 《ᠲᠡᠭ ᠴᠡᠭ᠎ᠦᠨ ᠪᠠᠢᠴᠠᠭᠠᠨ ᠵᠠᠰᠠᠯᠲᠠ + ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠬᠠᠮᠠᠭᠠᠯᠠᠵᠤ ᠪᠠᠲᠤᠯᠠᠬᠤ》 ᠱᠢᠨᠵᠢᠯᠡᠬᠦ᠌ ᠤᠬᠠᠭᠠᠨᠴᠢ ᠵᠠᠭ᠍ᠪᠤᠷ᠎ᠢ ᠱᠢᠨ᠎ᠡ᠎ᠵᠢ ᠡᠭᠦᠳᠦᠨ ᠬᠡᠷᠡᠭ᠌ᠯᠡᠵᠦ᠍᠂ ᠠᠮᠤᠷ ᠲᠦᠪᠱᠢᠨ᠎ᠦ ᠲᠤᠬᠠᠢ ᠪᠠᠢᠴᠠᠭᠠᠨ ᠵᠠᠰᠠᠯᠲᠠ᠎ᠶ᠋ᠢᠨ ᠲᠠᠰ ᠳᠠᠷᠠᠭᠠᠯᠠᠯ᠎ᠢ ᠴᠢᠩᠭ᠎ᠠ ᠬᠡᠷᠡᠭ᠌ᠵᠢᠭᠦᠯᠦᠨ᠂ ᠡᠯ᠎ᠡ ᠠᠵᠢᠯ᠎ᠤᠨ ᠪᠠᠢᠷᠢ᠎ᠶ᠋ᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠲᠣᠳᠣᠷᠬᠠᠢᠯᠠᠵᠤ᠂ ᠲᠦᠭᠦᠬᠡᠶ ᠨᠡᠭᠦᠷᠡᠰᠦ ᠮᠠᠯᠲᠠᠬᠤ ᠪᠠ ᠨᠠᠷᠢᠯᠢᠭ ᠨᠡᠭᠦᠷᠡᠰᠦ ᠦᠶ᠋ᠯᠡᠳᠪᠦᠷᠢᠯᠡᠬᠦ᠌᠂ ᠬᠦᠷᠭᠡᠬᠦ᠌᠂ ᠠᠴᠢᠶᠠᠯᠠᠬᠤ ᠪᠥᠬᠥ᠌ ᠶᠠᠪᠤᠴᠠ᠎ᠶ᠋ᠢᠨ ᠲᠣᠭ᠍ᠲᠠᠭᠤᠨ ᠪᠥᠭᠡᠳ ᠥᠨᠳᠥᠷ ᠪᠦᠲᠦᠮᠵᠢᠲᠡᠶ ᠠᠵᠢᠯᠯᠠᠬᠤ᠎ᠶ᠋ᠢ ᠪᠥᠬᠥ᠌ ᠲᠠᠯ᠎ᠠ᠎ᠪᠠᠷ ᠪᠠᠲᠤᠯᠠᠪᠠ᠃

《ᠬᠡᠷ᠎ᠦᠨ ᠭᠠᠳᠠᠨᠠᠬᠢ 13.8 ᠺᠢᠯᠣᠮᠧᠲ᠋ᠷ᠎ᠦᠨ ᠴᠠᠬᠢᠯᠭᠠᠨ ᠦᠶ᠋ᠯᠡᠳᠪᠦᠷᠢ᠎ᠶ᠋ᠢᠨ ᠨᠡᠭᠦᠷᠡᠰᠦ ᠳᠠᠮᠵᠢᠭᠤᠯᠬᠤ ᠭᠣᠮ ᠪᠦᠰᠡᠳᠤ ᠮᠠᠱᠢᠨ ᠲᠠᠯ᠎ᠠ ᠨᠤᠲᠤᠭ᠎ᠤᠨ ᠳᠣᠪᠣᠴᠠᠭ ᠵᠢᠯᠠᠭ᠎ᠠ᠎ᠶ᠋ᠢ ᠳᠤᠭᠤᠯᠤᠨ᠎ᠠ᠂ ᠠᠭᠠᠷ᠎ᠤᠨ ᠳᠤᠯᠠᠭᠠᠨ ᠲᠤᠢᠯ᠎ᠤᠨ ᠳᠤᠤᠷ᠎ᠠ ᠭᠡᠮᠵᠢᠭᠳᠡᠯ᠎ᠳᠤ ᠭᠦᠷᠦᠭ᠌ᠰᠡᠨ ᠥᠬᠡᠶ ᠴᠦ᠍ ᠲᠥᠬᠥᠭᠡᠷᠦᠮᠵᠢ᠎ᠶ᠋ᠢᠨ ᠡᠯᠡᠭ᠌ᠳᠡᠯ᠂ ᠡᠯᠳᠡᠪ ᠪᠣᠳᠠᠰ ᠬᠤᠯᠢᠯᠳᠤᠨ ᠲᠤᠷᠴᠤ ᠪᠦᠭᠯᠡᠷᠡᠬᠦ ᠵᠡᠷᠭᠡ ᠠᠰᠠᠭᠤᠳᠠᠯ᠎ᠢ ᠴᠠᠭ ᠢᠮᠠᠭ᠍ᠲᠠ ᠰᠡᠷᠡᠮᠵᠢᠯᠡᠵᠦ᠍᠂ ᠡᠳᠦᠷ ᠬᠠᠷᠠᠩᠭᠤᠶ ᠪᠣᠯᠬᠤ᠎ᠡᠴᠡ ᠡᠮᠦᠨ᠎ᠡ ᠪᠥᠬᠥ᠌ ᠶᠠᠪᠤᠴᠠ᠎ᠶ᠋ᠢ ᠵᠢᠭ᠍ᠰᠠᠭᠠᠨ ᠪᠠᠢᠴᠠᠭᠠᠬᠤ ᠬᠡᠷᠡᠭ᠌ᠲᠡᠶ》᠃ ᠭᠣᠮ ᠪᠦᠰᠡᠲᠦ ᠮᠠᠰᠢᠨ ᠤ᠋ ᠲᠣᠭᠣᠷᠢᠨ ᠪᠠᠢᠴᠠᠭᠠᠬᠤ ᠠᠩᠭᠢ᠎ᠶ᠋ᠢᠨ ᠳᠠᠷᠤᠭ᠎ᠠ ᠰᠦᠨ ᠱᠢᠶᠤᠤ ᠪᠥᠸᠧ ᠠᠩᠭᠢ᠎ᠶ᠋ᠢᠨ ᠭᠡᠱᠢᠭᠦᠳ᠎ᠲᠡᠭᠡᠨ ᠢᠩᠬᠢᠵᠤ ᠵᠠᠬᠢᠬᠰᠡᠨ ᠤ᠋ ᠲᠠᠷᠠᠭ᠎ᠠ᠂ ᠣᠯᠠᠨ᠎ᠵᠢᠡᠨ ᠳᠠᠭᠠᠭᠤᠯᠤᠨ ᠴᠠᠰᠤᠨ ᠳᠤᠮᠳᠠᠭᠤᠷ ᠮᠤᠷᠳᠠᠵᠤ ᠭᠠᠷᠪᠠ᠃ ᠬᠦᠢᠲᠡᠨ ᠵᠢᠪᠡᠷ ᠬᠠᠴᠠᠷ᠎ᠢ᠎ᠵᠦᠰᠦᠵᠤ᠂ ᠠᠩᠭᠢ᠎ᠶ᠋ᠢᠨ ᠭᠡᠱᠢᠭᠦᠳ ᠱᠠᠭ᠎ᠠ ᠴᠢᠨᠡᠭᠡ ᠤᠷᠤᠭᠰᠠᠨ ᠴᠠᠰᠤ᠎ᠶ᠋ᠢ ᠭᠢᠰᠭᠢᠯᠡᠨ᠂ ᠤᠯᠠᠭᠠᠨ᠎ᠤ ᠭᠠᠳᠠᠨᠠᠬᠢ ᠳᠤᠯᠠᠭᠠᠨ᠎ᠤ ᠬᠡᠮᠵᠢᠭᠦᠷ ᠵᠢᠡᠨ ᠠᠳᠭᠤᠵᠤ᠂ ᠭᠣᠮ ᠪᠦᠰᠡᠲᠦ ᠮᠠᠱᠢᠨ᠎ᠤ ᠥᠩᠬᠥᠷᠢᠭᠦᠯ ᠲᠦᠩᠰᠡ᠂ ᠲᠤᠯᠬᠤ ᠪᠤᠯᠤ ᠵᠡᠷᠭᠡ ᠵᠠᠩᠭᠢᠯᠠᠭ᠎ᠠ᠎ᠶ᠋ᠢᠨ ᠬᠡᠰᠡᠭ᠎ᠢ ᠨᠢᠭᠡᠳ ᠨᠢᠭᠡ᠎ᠪᠡᠷ ᠵᠢᠭ᠍ᠰᠠᠭᠠᠨ ᠪᠠᠢᠴᠠᠭᠠᠵᠤ᠂  ᠠᠵᠢᠯᠯᠠᠭᠠᠨ᠎ᠤ ᠪᠠᠢᠳᠠᠯ᠎ᠢ ᠪᠠᠢᠴᠠᠭᠠᠵᠤ᠂ ᠨᠠᠷᠢᠯᠢᠭ ᠨᠡᠭᠦᠷᠡᠰᠦ ᠳᠠᠮᠵᠢᠭᠤᠯᠬᠤ 《ᠠᠮᠢ ᠨᠠᠰᠤᠨ᠎ᠤ ᠱᠤᠭᠤᠮ》 ᠢ᠋ ᠨᠠᠷᠢᠨ ᠨᠢᠮᠪᠠᠶ ᠰᠠᠬᠢᠨ ᠬᠠᠮᠠᠭᠠᠯᠠᠨ᠎ᠠ᠃

ᠤᠶᠤᠨᠲᠤ ᠬᠡᠮᠬᠡᠯᠦᠯᠲᠡ᠎ᠶ᠋ᠢᠨ ᠠᠵᠢᠯᠯᠠᠬᠤ ᠲᠠᠰᠤᠭ᠎ᠲᠤ᠂ ᠠᠵᠢᠯᠯᠠᠭ᠍ᠴᠢ ᠸᠠᠩ ᠶᠠᠨ ᠪᠦᠬᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠭᠦᠷᠡᠰᠦᠨ᠎ᠦ ᠶᠠᠰᠤ ᠴᠢᠨᠠᠷ᠎ᠢ ᠦᠨᠳᠦᠰᠦᠯᠡᠨ ᠠᠵᠢᠯᠯᠠᠭᠠᠨ᠎ᠤ ᠪᠣᠯᠵᠣᠯᠲᠤ ᠲᠣᠭ᠎ᠠ᠎ᠳᠤ ᠣᠨᠣᠴᠠᠲᠠᠶ ᠲᠣᠬᠢᠷᠠᠭᠤᠯᠤᠯᠲᠠ ᠬᠢᠵᠦ᠍᠂ 30 ᠮᠢᠨᠦ᠋ᠲ ᠪᠦᠷᠢ᠎ᠳᠦ ᠨᠢᠭᠡ ᠤᠳᠠᠭ᠎ᠠ ᠡᠯ᠎ᠡ ᠵᠦᠶ᠋ᠯ᠎ᠦᠨ ᠲᠣᠭ᠎ᠠ ᠪᠠᠷᠢᠮᠲᠠ᠎ᠶ᠋ᠢ ᠬᠠᠷᠭᠤᠭᠤᠯᠵᠤ᠂ ᠲᠥᠬᠥᠭᠡᠷᠦᠮᠵᠢ᠎ᠶ᠋ᠢᠨ ᠲᠤᠷᠴᠤ ᠪᠦᠭᠯᠡᠷᠡᠬᠦ᠂ ᠪᠣᠯᠵᠣᠯᠲᠤ ᠲᠣᠭ᠎ᠠ ᠵᠥᠷᠢᠶ᠎ᠡ ᠭᠠᠷᠬᠤ᠎ᠡᠴᠡ ᠴᠢᠩᠭ᠎ᠠ ᠰᠡᠷᠭᠡᠢᠯᠡᠨ᠎ᠠ᠃

ᠡᠭᠦᠨ᠎ᠦ ᠵᠡᠷᠭᠡ ᠪᠡᠷ ᠭᠠᠯᠲᠤ ᠲᠡᠷᠭᠡᠨ᠎ᠦ ᠠᠴᠢᠶᠠᠯᠠᠬᠤ ᠴᠠᠮᠬᠠᠭ᠎ᠤᠨ ᠠᠵᠢᠯᠯᠠᠬᠤ ᠲᠠᠰᠤᠭ᠎ᠤᠨ ᠳᠣᠲᠣᠷ᠎ᠠ᠂ ᠠᠵᠢᠯᠯᠠᠭ᠍ᠴᠢ᠎ᠡᠴᠡ ᠮᠦᠨ ᠠᠳᠠᠯᠢ᠎ᠪᠡᠷ ᠤᠶᠤᠨᠲᠤ ᠠᠴᠢᠶᠠᠯᠠᠬᠤ ᠱᠢᠰᠲ᠋ᠧᠮ᠎ᠢ ᠴᠢᠩᠭ᠎ᠠ ᠠᠩᠬᠠᠷᠴᠤ᠌᠂ ᠪᠠᠷᠠᠭ᠎ᠠ ᠲᠡᠭᠡᠭᠡᠪᠦᠷᠢᠯᠡᠬᠦ᠌ ᠸᠠᠭᠣᠨ᠎ᠢ ᠣᠨᠣᠪᠴᠢᠲᠠᠶ ᠵᠣᠯᠭᠠᠭᠤᠯᠵᠤ᠂ ᠠᠴᠢᠶᠠᠯᠠᠬᠤ ᠲᠡᠷᠭᠡ᠎ᠶ᠋ᠢᠨ ᠲᠣᠭ᠎ᠠ ᠬᠡᠮᠵᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠪᠦᠯᠦᠭ ᠪᠦᠷᠢ᠎ᠶ᠋ᠢᠨ ᠨᠠᠷᠢᠯᠢᠭ ᠨᠡᠭᠦᠷᠡᠰᠦᠨ᠎ᠦ ᠶᠠᠰᠤ ᠴᠢᠨᠠᠷ᠎ᠢ ᠨᠠᠷᠢᠨ ᠪᠠᠢᠴᠠᠭᠠᠵᠤ᠂ ᠠᠴᠢᠶᠠᠯᠠᠬᠤ ᠶᠠᠪᠤᠴᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠴᠢᠶᠠᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠨᠠᠷᠢᠯᠢᠭ ᠨᠡᠭᠦᠷᠡᠰᠦ᠎ᠶ᠋ᠢ ᠴᠠᠭ ᠲᠤᠬᠠᠶ᠎ᠳᠤᠨᠢ ᠭᠠᠳᠠᠭ᠍ᠰᠢ ᠲᠡᠭᠡᠭᠡᠪᠦᠷᠢᠯᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠎ᠡ᠃

ᠭᠣᠣᠯ ᠦᠳᠡ᠎ᠶ᠋ᠢᠨ ᠦᠶ᠎ᠡ᠎ᠪᠡᠷ᠂ ᠭᠡᠨᠡᠳᠲᠡ ᠡᠭᠦᠰᠦᠭ᠌ᠰᠡᠨ ᠲᠥᠬᠥᠭᠡᠷᠦᠮᠵᠢ᠎ᠶ᠋ᠢᠨ ᠪᠠᠭ᠎ᠠ ᠭᠡᠮᠲᠦᠯ᠎ᠢ ᠴᠠᠭ ᠲᠤᠬᠠᠢ᠎ᠳᠤᠨᠢ  ᠵᠠᠰᠠᠵᠤ ᠱᠢᠢᠳᠪᠦᠷᠢᠯᠡᠪᠡ᠃ ᠲᠣᠭᠣᠷᠢᠨ ᠪᠠᠢᠴᠠᠭᠠᠬᠤ ᠠᠵᠢᠯᠲᠠᠨ ᠡᠳᠦᠷ ᠲᠤᠲᠤᠮ᠎ᠤᠨ ᠪᠠᠢᠴᠠᠭᠠᠯᠲᠠ ᠳᠤᠮᠳᠠ᠂ M301 ᠭᠣᠮ ᠪᠦᠰᠡᠲᠦ ᠮᠠᠱᠢᠨ᠎ᠤ ᠨᠢᠭᠡ ᠬᠡᠰᠡᠭ ᠲᠡᠬᠢ ᠲᠤᠯᠭᠠᠭᠤᠷᠢ ᠪᠤᠯᠤ᠎ᠵᠢᠨ ᠡᠷᠭᠢᠯᠳᠦᠭᠡ ᠨᠢ ᠬᠡᠪ᠎ᠤᠨ ᠪᠤᠰᠤ ᠪᠠᠢᠬᠤ᠎ᠶ᠋ᠢ ᠢᠯᠡᠷᠡᠬᠦᠯᠵᠡᠢ᠂ ᠲᠡᠳᠡ ᠦᠳᠳᠡᠷ ᠲᠦᠷᠭᠡᠨ ᠮᠠᠭᠠᠳᠯᠠᠬᠤ᠎ᠪᠠᠷ ᠳᠡᠮᠵᠢᠨ ᠤᠭ᠍ᠰᠠᠷᠠᠭ᠎ᠠ ᠲᠣᠨᠣᠭ᠎ᠤᠨ ᠬᠥᠩᠭᠡᠪᠲᠦᠷ ᠡᠯᠡᠭ᠌ᠳᠡᠯ᠎ᠡᠴᠡ ᠪᠣᠯᠤᠬᠰᠡᠨ ᠢ᠋ ᠤᠯᠵᠤ ᠮᠡᠳᠡᠵᠠᠢ᠂ ᠬᠡᠷᠪᠡ ᠴᠠᠭ ᠲᠤᠬᠠᠶ᠎ᠳᠤᠨᠢ ᠱᠢᠶ᠋ᠳᠪᠦᠷᠢᠯᠡᠬᠦ᠌ ᠥᠬᠡᠶ ᠪᠣᠯ ᠨᠡᠭᠦᠷᠡᠰᠦ ᠳᠠᠮᠵᠢᠭᠤᠯᠬᠤ ᠦᠷ᠎ᠡ ᠪᠦᠲᠦᠮᠵᠢ᠎ᠶ᠋ᠢ ᠨᠥᠯᠥᠭᠡᠯᠡᠵᠦ᠍᠂ ᠰᠠᠭᠠᠳ ᠡᠬᠦᠰᠬᠦ ᠬᠡᠪᠴᠢᠶ᠎ᠡ᠎ᠶ᠋ᠢ ᠥᠷᠭᠡᠳᠭᠡᠬᠦ ᠪᠤᠯᠤᠨ᠎ᠠ᠃ ᠲᠣᠭᠣᠷᠢᠨ ᠪᠠᠢᠴᠠᠭᠠᠬᠤ ᠠᠵᠢᠯᠲᠠᠨ ᠲᠡᠷᠡ ᠳᠠᠷᠤᠶ᠎ᠳᠤᠨᠢ ᠡᠨᠡ ᠪᠠᠢᠳᠠᠯ᠎ᠢ ᠲᠥᠪᠯᠡᠷᠡᠭᠦᠯᠦᠨ ᠡᠵᠡᠮᠳᠡᠬᠦ᠌ ᠲᠠᠰᠤᠭ᠎ᠲᠤ ᠮᠡᠳᠡᠭᠦᠯᠪᠡ᠂ ᠠᠵᠢᠯᠯᠠᠭᠠᠨ᠎ᠤ ᠠᠩᠭᠢ᠎ᠶ᠋ᠢᠨ ᠳᠠᠷᠤᠭ᠎ᠠ ᠵᠠᠩ ᠯᠸᠢ ᠲᠡᠷᠡ ᠳᠠᠷᠤᠶ᠎ᠳᠤᠨᠢ ᠮᠠᠱᠢᠨ᠎ᠢ ᠵᠣᠭ᠍ᠰᠣᠭᠠᠬᠤ ᠵᠠᠷᠯᠢᠭ ᠪᠠᠭᠤᠯᠭᠠᠪᠠ᠂ ᠪᠠᠢᠴᠠᠭᠠᠨ ᠵᠠᠰᠠᠬᠤ ᠠᠩᠭᠢ᠎ᠶ᠋ᠢᠨ ᠭᠡᠱᠢᠭᠦᠳ ᠲᠡᠷᠡ ᠲᠤᠤᠷ᠎ᠠ ᠨᠢ ᠪᠠᠭᠠᠵᠢ ᠬᠡᠷᠡᠭ᠌ᠰᠡᠯ᠎ᠢᠶᠡᠨ ᠠᠪᠴᠤ᠌ ᠲᠤᠬᠠᠶ᠎ᠶ᠋ᠢᠨ ᠲᠠᠯᠠᠪᠠᠶ᠎ᠳᠤ ᠬᠦᠷᠴᠦ᠍ ᠢᠷᠡᠬᠡᠳ ᠠᠮᠤᠷ ᠲᠦᠪᠱᠢᠨ᠎ᠢᠶᠡᠷ ᠠᠵᠢᠯᠯᠠᠬᠤ ᠲᠦᠷᠢᠮ᠎ᠢ ᠴᠢᠩᠭ᠎ᠠ ᠵᠢᠷᠤᠮᠯᠠᠨ᠂ ᠡᠮᠬᠢ ᠴᠡᠭ᠌ᠴᠡ᠎ᠲᠡᠶ ᠠᠵᠢᠯᠯᠠᠵᠤ᠂ ᠵᠥᠪᠬᠡᠨ 15 ᠮᠢᠨᠦ᠋ᠲ ᠬᠡᠷᠡᠭ᠌ᠰᠡᠭᠡᠳ ᠪᠤᠯᠤ ᠰᠣᠯᠢᠬᠤ᠂ ᠪᠣᠯᠵᠣᠯᠲᠤ ᠲᠣᠭ᠎ᠠ᠎ᠶ᠋ᠢ ᠬᠠᠷᠭᠤᠭᠤᠯᠬᠤ ᠵᠡᠷᠭᠡ ᠪᠥᠬᠥ᠌ ᠠᠵᠢᠯ᠎ᠢ ᠪᠡᠶᠡᠯᠡᠭᠦᠯᠵᠦ᠍᠂ ᠲᠥᠪᠯᠡᠷᠡᠭᠦᠯᠦᠨ ᠡᠵᠡᠮᠳᠡᠬᠦ᠌ ᠲᠠᠰᠤᠭ ᠲᠡᠷᠡ ᠳᠠᠷᠤᠶ᠎ᠳᠤᠨᠢ ᠲᠥᠬᠥᠭᠡᠷᠦᠮᠵᠢ᠎ᠶ᠋ᠢ ᠳᠠᠬᠢᠨ ᠡᠬᠢᠯᠡᠭᠦᠯᠵᠦ᠍᠂ ᠨᠡᠭᠦᠷᠡᠰᠦ ᠳᠠᠮᠵᠢᠭᠤᠯᠬᠤ ᠶᠠᠪᠤᠴᠠ᠎ᠶ᠋ᠢ ᠲᠣᠭ᠍ᠲᠠᠭᠤᠨ᠎ᠢᠶᠠᠷ ᠵᠣᠯᠭᠠᠭᠤᠯᠵᠤ᠂ ᠬᠠᠷᠱᠢ ᠰᠠᠭᠠᠳ ᠦᠬᠡᠢ᠎ᠠᠵᠢᠯᠯᠠᠬᠤ᠎ᠶ᠋ᠢ ᠦᠨᠡᠨ ᠬᠦ᠌ ᠪᠠᠲᠤᠯᠠᠪᠠ᠃

《ᠡᠯ᠎ᠡ ᠠᠵᠢᠯ᠎ᠤᠨ ᠪᠠᠢᠷᠢ ᠵᠢᠨ ᠠᠵᠢᠯ ᠤ᠋ᠨ ᠬᠤᠪᠢᠶᠠᠷᠢᠯᠠᠯ ᠠᠳᠠᠯᠢ ᠪᠤᠰᠤ ᠪᠣᠯᠪᠠᠴᠤ᠌ ᠬᠠᠷᠢᠭᠤᠴᠠᠯᠭ᠎ᠠ ᠨᠢ ᠠᠳᠠᠯᠢ᠃ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠡᠨᠡ ᠬᠦ᠌ ᠠᠵᠢᠯ᠎ᠢ ᠰᠣᠩᠭᠣᠭ᠍ᠰᠠᠨ ᠪᠤᠯ ᠵᠠᠪᠠᠯ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ ᠪᠢᠳᠡ ᠠᠬᠢᠨ ᠲᠠᠬᠢᠨ ᠨᠠᠷᠢᠨ ᠬᠢᠨᠠᠮᠠᠭᠠᠢ ᠬᠠᠨᠳᠤᠵᠤ᠂ ᠠᠵᠢᠯ ᠤ᠋ᠨ ᠪᠠᠢᠷᠢ ᠪᠡᠨ ᠪᠠᠲᠤ ᠰᠠᠬᠢᠪᠠᠯ᠂ ᠤᠯᠠᠨ ᠲᠦᠮᠡᠨ  ᠬᠠᠯᠠᠭᠤᠨ ᠳᠤᠯᠠᠭᠠᠨ ᠰᠡᠳᠬᠢᠯ ᠬᠠᠨᠤᠮᠵᠢᠳᠠᠢ ᠪᠤᠯᠵᠤ᠂ ᠠᠵᠤ ᠠᠬᠤᠢᠯᠠᠯ ᠴᠤ᠌ ᠰᠠᠨᠠᠭ᠎ᠠ ᠠᠮᠤᠷ ᠪᠠᠢᠵᠤ ᠴᠢᠳᠠᠨ᠎ᠠ》 ᠭᠡᠵᠦ᠍ ᠵᠠᠩ ᠯᠸᠢ ᠡᠮᠦᠨ᠎ᠡ ᠹᠷᠣᠨᠲ᠎ᠤᠨ ᠬᠠᠩᠭᠠᠯᠭ᠎ᠠ᠎ᠶ᠋ᠢ ᠪᠠᠲᠤᠯᠠᠬᠤ ᠠᠵᠢᠯᠳᠡᠳ ᠤ᠋ᠨ ᠰᠡᠳᠭᠢᠯ᠎ᠦᠨ ᠲᠠᠭᠤᠨ ᠢ᠋ ᠲᠠᠮᠵᠢᠭᠤᠯᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号